ᠴᠢᠩᠱᠠᠨ ᠲᠤᠭᠤᠷᠢᠭ ᠤᠨ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2015/5/26
     2014 ᠤᠨ ᠳᠤ᠂ ᠪᠤᠭᠤᠳᠤ ᠬᠤᠳᠠ ᠶᠢᠨ ᠴᠢᠩᠱᠠᠨ ᠲᠤᠭᠤᠷᠢᠭ ᠤᠨ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ︵ᠲᠤᠤᠷ᠎ᠠ ᠵᠠᠬ᠎ᠠ ᠲᠡᠯᠭᠡᠭᠦᠷ ᠤᠨ ᠬᠢᠨᠠᠯᠳᠠ‌ᠬᠠᠮᠢᠶᠠᠷᠤᠯᠳᠠ ᠶᠢᠨ ᠲᠤᠪᠴᠢᠶ᠎ᠠ ᠭᠡᠵᠦ ᠲᠦᠭᠦᠮᠴᠢᠯᠡᠪᠡ︶ ᠪᠠᠶᠢᠭᠤᠯᠤᠭᠳᠠᠵᠠᠢ᠃ ᠲᠡᠷᠡ ᠨᠢ ᠤᠤᠯ ᠤᠨ ᠪᠤᠭᠤᠳᠤ ᠬᠤᠳᠠ ᠶᠢᠨ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠲᠤᠪᠴᠢᠶᠠᠨ ᠤ ᠴᠢᠩᠱᠠᠨ ᠤ ᠬᠤᠪᠢᠶᠠᠷᠢ ᠲᠤᠪᠴᠢᠶ᠎ᠠ᠂ ᠪᠤᠭᠤᠳᠤ ᠬᠤᠳᠠ  ᠶᠢᠨ ᠶᠠᠰᠤ ᠴᠢᠨᠠᠷ ᠮᠡᠷᠭᠡᠵᠢᠯ ᠳᠤ ᠬᠢᠨᠠᠯᠳᠠ ᠲᠠᠯᠪᠢᠬᠤ ᠲᠤᠪᠴᠢᠶᠠᠨ ᠤ ᠴᠢᠩᠱᠠᠨ ᠤ ᠬᠤᠪᠢᠶᠠᠷᠢ ᠲᠤᠪᠴᠢᠶ᠎ᠠ ᠪᠡ ᠴᠢᠩᠱᠠᠨ ᠲᠤᠭᠤᠷᠢᠭ ‍ᠤᠨ‌ᠢᠳᠡᠭᠡᠨ ᠡᠮ ᠤᠨ ᠵᠦᠢᠯᠡᠰ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠵᠡᠷᠭᠡ ᠶᠢ ᠨᠢᠭᠡᠳᠭᠡᠨ ᠪᠠᠶᠢᠭᠤᠯᠵᠠᠢ᠃ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠵᠢᠩᠬᠢᠨᠢ ᠰᠠᠯᠠᠭᠠᠨ ᠲᠡᠰ  ᠤᠨ ᠪᠠᠶᠢᠭᠤᠯᠤᠮᠵᠢ ᠪᠤᠯᠤᠨ᠎ᠠ᠃ ᠢᠳᠡᠭᠡᠨ ᠤ ᠦᠢᠯᠡᠳᠪᠦᠷᠢᠯᠡᠯ ᠡᠵᠡᠩᠨᠡᠯᠳᠡ ᠶᠢᠨ ᠵᠠᠰᠠᠭ ᠵᠠᠭᠢᠷᠭᠠᠨ ᠤ ᠬᠢᠨᠠᠨ ᠵᠦᠪᠰᠢᠶᠡᠷᠡᠯ᠂ ᠢᠳᠡᠭᠡᠨ ᠡᠮ ᠤᠨ ᠵᠦᠯᠡᠰ ᠤᠨ ᠶᠠᠰᠤ ᠴᠢᠨᠠᠷ ᠤᠨ ᠠᠮᠦᠷ ᠲᠦᠪᠰᠢᠨ ᠬᠢᠭᠡᠳ ᠬᠦᠢᠯᠭᠡᠭᠡᠨ ᠤ ᠬᠦᠷᠢᠶᠡᠨ ᠤ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢ ᠬᠠᠷᠢᠭᠤᠴᠠᠨ᠎ᠠ᠃ ᠪᠦᠬᠦ ᠲᠤᠭᠤᠷᠢᠭ ᠤᠨ ᠶᠠᠰᠤ ᠴᠢᠨᠠᠷ  ᠤᠨ ᠬᠠᠮᠢᠶᠠᠷᠤᠯᠳᠠ᠂ ᠪᠠᠷᠢᠮᠵᠢᠶᠠᠯᠠᠯᠳᠠ᠂ ᠬᠡᠮᠵᠢᠬᠦ ᠬᠢᠭᠡᠳ ᠤᠨᠴᠠ ᠲᠦᠷᠦᠯ ᠤᠨ ᠲᠤᠨᠤᠭᠯᠠᠯ ᠤᠨ ᠠᠶᠤᠯ ᠦᠭᠡᠢ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ︔ ᠢᠳᠡᠭᠡᠨ ᠡᠮ ᠤᠨ ᠵᠦᠢᠯᠡᠰ ᠤᠨ ᠬᠢᠨᠠᠯᠳᠠ ᠬᠠᠮᠢᠶᠠᠷᠤᠯᠳᠠ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠭᠡᠷᠭᠠᠨ ᠤ ᠬᠠᠮᠢᠶᠠᠷᠤᠯᠳᠠ ᠪᠡ ᠶᠠᠰᠤ ᠴᠢᠨᠠᠷ ᠤᠨ ᠮᠡᠷᠭᠡᠵᠢᠯ ᠤᠨ ᠬᠢᠨᠠᠯᠳᠠ ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ ᠲᠤᠭᠳᠠᠭᠠᠯ᠂ ᠲᠦᠷᠢᠮ ᠠᠴᠠ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠵᠤ᠂ ᠲᠤᠭᠤᠷᠢᠭ ᠤᠨ ᠵᠠᠰᠠᠭ ᠤᠨ ᠤᠷᠳᠤᠨ ᠤ ᠢᠳᠡᠭᠡᠨ ᠡᠮ  ᠤᠨ ᠵᠦᠢᠯ ᠤᠨ ᠠᠮᠤᠷ ᠲᠦᠪᠰᠢᠨ ᠤ ᠵᠦᠪᠯᠡᠯ ᠤᠨ ᠡᠳᠦᠷ ᠳᠤᠲᠤᠮ ᠤᠨ ᠠᠵᠢᠯ ᠢ ᠡᠭᠦᠷᠭᠡᠯᠡᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号