ᠤᠢᠢᠷ᠎ᠠ ᠳᠤ᠂ ᠡᠷᠦᠭᠡ ᠠᠮᠠ ᠶᠢᠨ ᠳᠠᠩᠰᠠ ᠶᠢᠨ ᠦᠭᠡᠷᠡᠴᠢᠯᠡᠯᠳᠡ ᠶᠢᠨ ᠡᠷᠴᠢᠮᠳᠠᠢ ᠶᠠᠪᠤᠬᠳᠠᠬᠤ ᠶᠢ | ᠳᠠᠭᠠᠯᠳᠤᠨ ᠲᠠᠷᠢᠶᠠᠯᠠᠩ ᠤᠨ ᠡᠷᠦᠭᠡ ᠠᠮᠠ ᠶᠢᠨ ᠳᠠᠩᠰᠠ ᠶᠢ ᠦᠬᠡᠶᠢᠰᠬᠡᠬᠦ ᠲᠤᠬᠠᠢ ᠤᠢᠢᠯᠠᠭᠠᠵᠤ ᠮᠡᠳᠡᠭᠦ ᠪᠠᠷ | ᠠᠰᠠᠭᠤᠵᠤ ᠯᠠᠪᠯᠠᠳᠠᠭ ᠳᠠᠷᠢᠶᠠᠴᠢᠳ ᠴᠤ ᠤᠯᠠᠰᠢᠷᠡᠪᠡ᠃ ᠲᠡᠭᠡᠪᠡᠯ᠂ ᠳᠠᠷᠢᠶᠠᠯᠠᠩ ᠤᠨ ᠡᠷᠦᠭᠡ ᠠᠮᠠ ᠶᠠᠮᠠᠷᠰᠢᠤ ᠰᠠᠶᠢᠨ | ᠳᠠᠯ᠎ᠠ ᠲᠠᠢ ᠪᠤᠢ︖ ᠶᠠᠭᠠᠬᠢᠭᠠᠳ ᠦᠬᠡᠶᠢᠰᠬᠡᠬᠦ ᠭᠡᠵᠦ ᠪᠠᠶᠢᠬᠤ ᠪᠤᠢ︖ ᠡᠬᠦᠨ ᠢ ᠳᠤᠷᠠᠳᠬᠤᠳᠤ ᠭᠠᠵᠠᠷ | ᠰᠢᠷᠤᠢ ᠶᠢᠨ ᠦᠮᠴᠢᠯᠡᠯ ᠤᠨ ᠡᠷᠭᠡ ᠶᠢ ᠳᠤᠳᠤᠯᠠᠬᠤ ᠶᠢ ᠳᠤᠷᠠᠳᠬᠤ ᠦᠭᠡᠢ ᠪᠠᠶᠢᠬᠤ ᠶᠢᠨ ᠠᠷᠭ᠎ᠠ ᠦᠭᠡᠢ᠂ ᠤᠴᠢᠷ ᠨᠢ | ᠶᠠᠬ ᠡᠨᠡᠬᠦ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠳᠤᠳᠤᠯᠠᠬᠤ ᠠᠬᠢᠴᠠ ᠨᠢ ᠬᠦᠳᠡᠭᠡ ᠳᠤᠰᠬᠤᠨ ᠤ ᠭᠠᠵᠠᠷ | ᠰᠢᠷᠤᠢ ᠶᠢᠨ ᠦᠨ᠎ᠡ ᠦᠷᠲᠡᠭ ᠢ ᠶᠡᠭᠡᠪᠡᠷ ᠲᠡᠭᠡᠭᠰᠢᠯᠡᠬᠦᠯᠵᠦ᠂ ᠳᠠᠷᠢᠶᠠᠯᠠᠩ ᠤᠨ ᠡᠷᠦᠭᠡ ᠠᠮᠠ ᠶᠢᠨ ᠳᠠᠩᠰᠠ ᠴᠤ | ᠭᠠᠵᠠᠷ ᠰᠢᠷᠤᠢ ᠶᠢ ᠳᠠᠭᠠᠯᠳᠤᠨ ᠦᠨ᠎ᠡ ᠬᠦᠷᠬᠦ ᠨᠢ ᠵᠠᠶᠢᠯᠠᠰᠢ ᠦᠭᠡᠢ᠃ | ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠳᠤᠳᠤᠯᠠᠬᠤ ᠨᠢ ᠭᠠᠵᠠᠷ ᠰᠢᠷᠤᠢ ᠳᠠᠷᠢᠶᠠᠴᠢᠳ ᠤᠨ ︽ | ᠳᠤᠭᠳᠠᠮᠠᠯ ᠬᠦᠷᠦᠩᠭᠡ︾ ᠪᠤᠯᠵᠤ᠂ ᠳᠠᠷᠢᠶᠠᠴᠢᠳ ᠡᠬᠦᠨ ᠠᠴᠠ ᠬᠤᠶᠢᠰᠢ ᠭᠠᠵᠠᠷ ᠰᠢᠷᠤᠢ ᠶᠢᠨ ᠦᠨᠡᠨᠬᠦ ᠡᠵᠡᠨ ᠨᠢ | ᠪᠤᠯᠤᠯ᠎ᠠ ᠭᠡᠰᠡᠨ ᠦᠭᠡ᠃ ᠡᠬᠦᠨ ᠤ ᠬᠠᠮᠳᠤ ᠳᠠᠷᠢᠶᠠᠴᠢᠳ ᠤᠨ ᠬᠦᠷᠦᠩᠭᠡ ᠴᠤ ᠨᠡᠩ ᠬᠦᠴᠦᠨ ᠲᠠᠢ ᠬᠠᠤᠯᠢ | ᠴᠠᠭᠠᠵᠠ ᠶᠢᠨ ᠬᠠᠮᠠᠭᠠᠯᠠᠯᠳᠠ ᠬᠦᠷᠳᠡᠵᠦ᠂ ᠵᠠᠰᠠᠭ ᠤᠨ ᠤᠷᠳᠤᠨ ᠠᠴᠠ ᠭᠠᠵᠠᠷ ᠢ ᠨᠢ ᠳᠠᠳᠠᠪᠤᠷᠢᠯᠠᠭᠰᠠᠨ ᠴᠤ | ᠳᠠᠷᠢᠶᠠᠴᠢᠳ ᠤᠨ ᠵᠦᠪᠰᠢᠶᠡᠷᠡᠯ ᠢ ᠤᠯᠬᠤ ᠭᠡᠷᠡᠭᠳᠡᠢ︔ ᠭᠠᠵᠠᠷ ᠰᠢᠷᠤᠢ ᠶᠢᠨ ᠡᠵᠡᠩᠨᠡᠯᠳᠠ ᠶᠢᠨ ᠡᠷᠬᠡ ᠶᠢ | ᠰᠢᠯᠵᠢᠭᠦᠯᠭᠦ ᠳᠡᠭᠡᠨ ᠴᠤ ᠨᠡᠩ ᠰᠠᠨᠠᠭ᠎ᠠ ᠠᠮᠤᠷ ᠪᠤᠯᠵᠤ᠂ ᠦᠮᠴᠢᠯᠡᠯ ᠤᠨ ᠡᠷᠭᠡ ᠪᠠᠨ ᠳᠤᠳᠤᠯᠠᠭᠤᠯᠤᠭᠰᠠᠨ | ᠭᠠᠵᠠᠷ ᠢᠶᠠᠷ ᠢᠶᠠᠨ ᠪᠠᠰᠠ ᠬᠦᠷᠦᠩᠭᠡ ᠪᠤᠯᠭᠠᠨ ᠪᠠᠷᠢᠴᠠᠭᠠᠯᠠᠨ ᠵᠢᠭᠡᠯᠡᠯᠭᠡ ᠠᠪᠴᠤ ᠪᠤᠯᠬᠤ ᠳᠤᠯᠠ ᠳᠠᠷᠢᠶᠠᠴᠢᠳ ᠤᠨ | ᠦᠢᠯᠡᠳᠪᠦᠷᠢᠯᠡᠯ ᠤᠨ ᠭᠡᠪᠴᠢᠶᠠᠵᠢᠶᠠᠯ ᠢᠶᠠᠨ ᠦᠷᠭᠡᠳᠭᠡᠭᠦ ᠳᠤ ᠪᠡᠯᠡ ᠮᠦᠩᠬᠦ ᠬᠦᠷᠦᠯᠴᠡᠬᠦ ᠦᠭᠡᠢ ᠠᠰᠠᠭᠤᠳᠠᠯ ᠢ | ᠰᠢᠢᠳᠪᠦᠷᠢᠯᠡᠬᠦ ᠳᠤ ᠠᠰᠢᠭᠳᠠᠢ᠃ ᠡᠶᠢᠮᠦ ᠠᠴᠠ ᠳᠠᠷᠢᠶᠠᠴᠢᠳ ᠲᠤ ᠠᠰᠢᠬ ᠲᠠᠢ ᠲᠠᠯ ᠠ ᠤᠯᠠᠨ ᠪᠤᠢ᠃ | | ᠨᠢᠭᠡ᠂ ᠳᠠᠭᠠᠭᠠᠴᠢᠯᠠᠭᠰᠠᠨ ᠭᠠᠵᠠᠷ ᠪᠠ ᠬᠡᠷ ᠪᠠᠶᠢᠰᠢᠩ ᠤᠨ ᠰᠠᠭᠤᠷᠢ ᠶᠢᠨ ᠭᠠᠵᠠᠷ | ᠳᠠᠷᠢᠶᠠᠴᠢᠳ ᠳᠠᠭᠠᠭᠠᠴᠢᠯᠠᠭᠰᠠᠨ ᠭᠠᠵᠠᠷ ᠲᠠᠭᠠᠨ ᠳᠠᠷᠢᠵᠤ ᠤᠷᠭᠤᠭᠤᠯᠤᠨ ᠡᠯ᠎ᠡ ᠵᠦᠢᠯ ᠤᠨ ᠨᠦᠬᠦᠪᠦᠷᠢ | ᠤᠯᠬᠤ ᠮᠦᠷᠲᠡᠭᠡᠨ ᠬᠡᠷ ᠪᠠᠶᠢᠰᠢᠩ ᠤᠨ ᠰᠠᠭᠤᠷᠢ ᠶᠢᠨ ᠭᠠᠵᠠᠷ ᠲᠡᠭᠡᠷ᠎ᠡ ᠪᠠᠨ ᠭᠡᠷ ᠪᠠᠷᠢᠵᠤ ᠪᠤᠯᠤᠨ᠎ᠠ᠃ ᠤᠳᠤ | ᠨᠡᠯᠢᠶᠡᠳ ᠤᠯᠠᠨ ᠬᠦᠳᠡᠭᠡ ᠶᠢᠨ ᠬᠦᠮᠦᠨ ᠭᠤᠶᠤ ᠭᠡᠭᠡᠨᠴᠢᠷ ᠠᠰᠠᠷ᠂ ᠵᠤᠰᠠᠯᠠᠩ ᠪᠠᠷᠢᠵᠤ᠂ ᠭᠡᠭᠦ ᠳᠡᠭᠡᠨ ᠵᠦᠪᠭᠡᠨ | ᠬᠦᠳᠡᠭᠡ ᠳᠤᠰᠬᠤᠨ ᠤ ᠡᠷᠦᠭᠡ ᠠᠮᠠ ᠶᠢᠨ ᠳᠠᠩᠰᠠ ᠲᠠᠢ ᠬᠦᠮᠦᠨ ᠯᠡ ᠦᠪᠡᠰᠦᠪᠠᠨ ᠭᠡᠷ ᠪᠠᠷᠢᠵᠤ ᠪᠤᠯᠤᠨ᠎ᠠ᠂ | ᠬᠤᠳᠠ ᠶᠢᠨ ᠡᠷᠦᠭᠡ ᠠᠮᠠ ᠶᠢᠨ ᠳᠠᠩᠰᠠ ᠲᠠᠢ ᠬᠦᠮᠦᠨ ᠬᠦᠳᠡᠭᠡ ᠳᠤᠰᠬᠤᠨ ᠠᠴᠠ ᠭᠠᠵᠠᠷ ᠬᠤᠳᠠᠯᠳᠤᠨ ᠠᠪᠤᠭᠠᠳ | ᠪᠠᠷᠢᠵᠤ ᠪᠤᠯᠬᠤ ᠦᠭᠡᠢ ᠪᠠᠶᠢᠳᠠᠭ᠃ ᠵᠠᠩᠬᠢᠯᠠᠭ᠎ᠠ ᠨᠢ ᠦᠪᠡᠰᠦᠪᠡᠨ ᠭᠡᠷ ᠪᠠᠷᠢᠬᠤ ᠨᠢ ᠳᠠᠮᠠᠢ ᠵᠤᠭᠤᠰ ᠵᠠᠷᠤᠴᠠᠭᠤᠯᠬᠤ | ᠦᠭᠡᠢ᠂ ᠡᠩ ᠤᠨ ᠪᠠᠶᠢᠳᠠᠯ ᠳᠤ ᠬᠤᠳᠠ ᠳᠤ ᠠᠰᠠᠷ ᠠᠪᠬᠤ ᠳᠤ ᠠᠩᠬ᠎ᠠ ᠵᠠᠷᠤᠴᠠᠭᠤᠯᠬᠤ ᠮᠦᠩᠬᠦ ᠪᠠᠷ ᠬᠦᠳᠡᠭᠡ | ᠳᠤᠰᠬᠤᠨ ᠳᠤ ᠰᠠᠶᠢᠬᠠᠨ ᠨᠢᠭᠡ ᠭᠡᠷ ᠪᠠᠷᠢᠵᠤ ᠳᠠᠶᠢᠯᠦᠨ᠎ᠡ᠃ ᠭᠡᠷᠪᠡ ᠲᠡᠨ ᠤ ᠭᠠᠵᠠᠷ ᠰᠢᠷᠤᠢ ᠴᠢᠨᠢ ᠬᠤᠳᠠ ᠶᠢᠨ | ᠤᠢᠢᠷ᠎ᠠ ᠲᠡᠬᠦᠷᠭᠡ ᠪᠤᠶᠤ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ ᠶᠢᠨ ᠴᠢᠬᠤᠯᠠ ᠭᠠᠵᠠᠷ ᠪᠠᠶᠢᠪᠠᠯ ᠭᠠᠵᠠᠷ | ᠰᠢᠷᠤᠢ ᠶᠢᠨ ᠦᠷᠲᠡᠭ ᠨᠡᠮᠡᠭᠳᠡᠬᠦ ᠶᠢ ᠬᠦᠯᠢᠶᠡᠭᠡᠳ ᠰᠠᠭᠤᠪᠠᠯ ᠤᠳᠠᠯ ᠦᠭᠡᠢ ᠶᠡᠭᠡ ᠬᠦᠷᠦᠩᠬᠡ ᠲᠠᠢ ᠴᠤ ᠪᠤᠯᠴᠢᠬᠠᠬᠤ | ᠮᠠᠭᠠᠳ᠃ | | ᠬᠤᠶᠠᠷ᠂ ᠭᠠᠵᠠᠷ ᠰᠢᠷᠤᠢ ᠳᠠᠳᠠᠪᠤᠷᠢᠯᠠᠬᠰᠠᠨ ᠲᠦᠯᠦᠪᠦᠷᠢ | ᠬᠦᠳᠡᠭᠡ ᠳᠤᠰᠬᠤᠨ ᠳᠤ ᠡᠷᠦᠭᠡ ᠠᠮᠠ ᠶᠢᠨ ᠳᠠᠩᠰᠠ ᠲᠠᠢ ᠪᠤᠯ ᠳᠠᠷᠢᠶᠠᠴᠢᠳ ᠤᠨ | ᠬᠠᠮᠳᠤ ᠵᠢᠨᠦᠮᠴᠢᠯᠡᠯ ᠤᠨ ᠭᠠᠵᠠᠷ ᠰᠢᠷᠤᠢ ᠶᠢ ᠳᠠᠳᠠᠪᠤᠷᠢᠯᠠᠬᠤ ᠪᠤᠶᠤ ᠳᠠᠳᠠᠪᠤᠷᠢᠯᠠᠨ ᠭᠡᠷᠡᠭᠯᠡᠪᠡᠯ ᠤᠯᠤᠰ ᠠᠴᠠ | ᠳᠤᠭᠳᠠᠭᠠᠯ ᠶᠤᠰᠤᠭᠠᠷ ᠳᠠᠷᠢᠶᠠᠴᠢᠳ ᠲᠤ ᠭᠠᠵᠠᠷ ᠰᠢᠷᠤᠢ ᠶᠢ ᠳᠠᠳᠠᠪᠤᠷᠢᠯᠠᠭᠰᠠᠨ ᠲᠦᠯᠦᠪᠦᠷᠢ ᠤᠯᠭᠤᠨ᠎ᠠ᠃ | | ᠭᠤᠷᠪᠠ᠂ ᠬᠠᠮᠳᠤ ᠶᠢᠨ ᠡᠷᠭᠡ ᠠᠰᠢᠬ ᠢ ᠬᠤᠪᠢᠶᠠᠯᠴᠠᠬᠤ ᠡᠷᠭᠡ ᠲᠠᠢ | ᠵᠠᠷᠢᠮ ᠭᠠᠵᠠᠷ ᠤᠷᠤᠠ ᠬᠠᠮᠳᠤ ᠶᠢᠨ ᠠᠰᠢᠭ ᠤᠯᠵᠠᠪᠤᠷᠢ ᠪᠠᠨ ᠬᠤᠪᠢᠶᠠᠯᠴᠠᠳᠠᠭ᠂ ᠳᠠᠷᠤᠢ ᠭᠠᠵᠠᠷ ᠰᠢᠷᠤᠢ | ᠵᠡᠷᠭᠡ ᠬᠠᠮᠳᠤ ᠶᠢᠨ ᠠᠵᠤ ᠠᠬᠤᠢ ᠶᠢᠨ ᠠᠰᠢᠬ ᠤᠯᠵᠠᠪᠤᠷᠢ ᠪᠠᠨ ᠬᠤᠪᠢᠶᠠᠯᠴᠠᠵᠤ ᠪᠤᠢ᠂ ᠳᠤᠰᠬᠤᠨ ᠤ ᠬᠢ ᠮᠦᠷᠲᠡᠭᠡᠨ | ᠬᠦᠳᠡᠭᠡ ᠳᠤᠰᠬᠤᠨ ᠤ ᠡᠷᠦᠭᠡ ᠠᠮᠠ ᠶᠢᠨ ᠳᠠᠩᠰᠠ ᠲᠠᠢ ᠯᠠ ᠪᠤᠯ ᠡᠷᠡᠭᠳᠡᠢ ᠡᠮᠡᠭᠳᠡᠢ ᠬᠦᠭᠰᠢᠨ ᠵᠠᠯᠠᠭᠤ ᠭᠡᠰᠡᠨ | ᠦᠭᠡᠢ ᠴᠦᠮ ᠠᠰᠢᠭ ᠤᠯᠵᠠᠪᠤᠷᠢ ᠬᠤᠪᠢᠶᠠᠯᠴᠠᠵᠤ ᠪᠤᠯᠤᠨ᠎ᠠ᠂ ᠭᠡᠷᠪᠡ ᠡᠷᠦᠭᠡ ᠠᠮᠠ ᠶᠢᠨ ᠳᠠᠩᠰᠠ ᠪᠠᠨ | ᠰᠢᠯᠵᠢᠬᠦᠯᠦᠭᠰᠡᠨ ᠪᠤᠯ ᠬᠤᠪᠢᠶᠠᠯᠴᠠᠬᠤ ᠡᠷᠭᠡ ᠪᠠᠨ ᠠᠯᠳᠠᠬᠤ ᠪᠤᠯᠤᠨ᠎ᠠ᠃ | | ᠲᠦᠷᠪᠡ᠂ ᠢᠨᠲ᠋ᠧᠷ ᠰᠦᠯᠵᠢᠶ᠎ᠡ ᠶᠢᠨ ᠲᠦᠭᠡᠮᠡᠯᠵᠢᠯᠳᠠ ᠨᠢ ᠬᠦᠳᠡᠭᠡ ᠳᠤᠰᠬᠤᠨ ᠤ ᠠᠵᠤ ᠠᠬᠤᠢ ᠶᠢᠨ ᠬᠦᠭᠵᠢᠯᠳᠡ ᠶᠢ | ᠠᠬᠢᠭᠤᠯᠪᠠ | ᠢᠨᠲ᠋ᠧᠷ ᠰᠦᠯᠵᠢᠶ᠎ᠡ ᠬᠦᠳᠡᠭᠡ ᠳᠤᠰᠬᠤᠨ ᠳᠤ ᠲᠦᠭᠡᠮᠡᠯᠵᠢᠬᠦ ᠶᠢ ᠳᠠᠭᠠᠯᠳᠤᠨ᠂ ᠳᠠᠷᠢᠶᠠᠴᠢᠳ | ᠭᠡᠷ ᠲᠡᠭᠡᠨᠰᠠᠭᠤᠭᠠᠳ ᠮᠠᠯ ᠤᠨ ᠠᠰᠢᠭ ᠰᠢᠮ ᠠ ᠳᠠᠷᠢᠶᠠᠯᠠᠩ ᠤᠨ ᠪᠦᠳᠦᠭᠡᠭᠳᠡᠬᠦᠨ ᠢᠶᠠᠨ ᠢᠨᠲ᠋ᠧᠷ ᠰᠦᠯᠵᠢᠶ᠎ᠠ ᠪᠠᠷ | ᠪᠤᠷᠤᠯᠠᠭᠤᠯᠳᠠᠭ ᠪᠤᠯᠪᠡ᠃ ᠤᠶᠤᠳᠠᠳ ᠬᠦᠳᠡᠭᠡ ᠳᠤᠰᠬᠤᠨ ᠳᠠᠭᠠᠨ ᠬᠠᠷᠢᠭᠠᠳ ᠦᠢᠯᠡᠰ ᠪᠤᠰᠬᠠᠬᠤ ᠨᠢ ᠵᠦᠡᠭᠳᠡᠭᠡᠨ ᠤ | ᠶᠠᠪᠤᠳᠠᠯ ᠪᠤᠯᠵᠤ᠂ ᠰᠢᠨ᠎ᠡ ᠮᠠᠶ᠋ᠢᠬ ᠤᠨ ᠴᠢᠳᠠᠪᠤᠷᠢᠳᠠᠨ ᠤᠷᠤᠵᠤ ᠢᠷᠡᠭᠰᠡᠨ ᠠᠴᠠ ᠬᠦᠳᠡᠭᠡ ᠳᠤᠰᠬᠤᠨ ᠤ ᠠᠵᠤ | ᠠᠬᠤᠢ ᠶᠢᠨ ᠬᠦᠭᠵᠢᠯᠳᠠ ᠶᠢ ᠠᠬᠢᠭᠤᠯᠵᠤ ᠪᠤᠢ᠃ | | ᠳᠠᠪᠤ᠂ ᠬᠦᠳᠡᠭᠡ ᠳᠤᠰᠬᠤᠨ ᠤ ᠡᠷᠦᠭᠡ ᠠᠮᠠ ᠶᠢᠨ ᠳᠠᠩᠰᠠ ᠨᠠᠰᠤᠵᠢᠯ ᠤᠨ ᠳᠠᠭᠠᠳᠬᠠᠯ ᠲᠠᠢ ᠬᠤᠯᠪᠤᠬᠳᠠᠨ᠎ᠠ | ᠬᠦᠳᠡᠭᠡ ᠳᠤᠰᠬᠤᠨ ᠤ ᠡᠷᠦᠭᠡ ᠠᠮᠠ ᠶᠢᠨ ᠳᠠᠩᠰᠠ ᠲᠠᠢ ᠬᠦᠮᠦᠰ ᠴᠤ ᠨᠠᠰᠤᠵᠢᠯ ᠤᠨ ᠳᠠᠭᠠᠳᠬᠠᠯ ᠲᠠᠢ | ᠪᠤᠯᠵᠤ᠂ ᠪᠦᠬᠦᠯᠢ 60 ᠨᠠᠰᠤ ᠬᠦᠷᠪᠡᠯ ᠰᠦᠢᠳᠭᠡᠯ ᠳᠤᠰᠢᠶᠠᠬᠤ ᠦᠭᠡᠢ ᠪᠠᠷ 70 ᠲᠦᠬᠦᠷᠢᠭ ᠤᠨ ᠨᠠᠰᠤᠵᠢᠯ ᠤᠨ | ᠠᠰᠠᠷᠠᠮᠵᠢ ᠶᠢᠨ ᠮᠦᠩᠬᠦ ᠤᠯᠬᠤ ᠪᠤᠯᠪᠠ᠃ ᠭᠡᠷᠪᠡ ᠰᠦᠢᠳᠭᠡᠯ ᠳᠤᠰᠢᠶᠠᠬᠰᠠᠨ ᠪᠤᠯ ᠵᠠᠰᠠᠭ ᠤᠨ ᠤᠷᠳᠤᠨ ᠪᠠ | ᠳᠤᠰᠬᠤᠨ ᠠᠴᠠ ᠳᠠᠭᠠᠳᠬᠠᠯ ᠳᠤ ᠤᠷᠤᠭᠰᠠᠳ ᠲᠤ ᠨᠦᠬᠦᠪᠦᠷᠢ ᠤᠯᠭᠤᠨ᠂ ᠬᠤᠪᠢ ᠬᠦᠮᠦᠨ ᠨᠢᠭᠡ ᠭᠡᠰᠡᠭ ᠢ ᠨᠢ | ᠳᠤᠰᠢᠶᠠᠪᠠᠯ ᠨᠠᠰᠤᠵᠢᠬᠰᠠᠨ ᠤ ᠳᠠᠷᠠᠭ᠎ᠠ ᠮᠢᠩᠭ᠎ᠠ ᠭᠠᠷᠤᠢ ᠲᠦᠭᠦᠷᠢᠭ ᠤᠨ ᠨᠠᠰᠤᠵᠢᠯ ᠤᠨ ᠠᠰᠠᠷᠠᠮᠵᠢ ᠶᠢᠨ ᠮᠦᠩᠬᠦ | ᠬᠦᠷᠲᠡᠬᠦ ᠪᠤᠯᠤᠨ᠎ᠠ᠃ | | ᠵᠢᠷᠭᠤᠭ᠎ᠠ᠂ ᠬᠦᠳᠡᠭᠡ ᠳᠤᠰᠬᠤᠨ ᠤ ᠡᠷᠦᠭᠡ ᠠᠮᠠ ᠶᠢᠨ ᠳᠠᠩᠰᠠ ᠶᠢ ᠰᠢᠯᠵᠢᠬᠦᠯᠬᠦ ᠠᠰᠠᠭᠤᠳᠠᠯ | ᠬᠦᠳᠡᠭᠡ ᠳᠤᠰᠬᠤᠨ ᠤ ᠡᠷᠦᠭᠡ ᠠᠮᠠ ᠶᠢᠨ ᠳᠠᠩᠰᠠ ᠶᠢ ᠬᠤᠳᠠ ᠶᠢᠨ ᠡᠷᠦᠭᠡ ᠠᠮᠠ ᠶᠢᠨ ᠳᠠᠩᠰᠠ ᠪᠤᠯᠭᠠᠵᠤ | ᠪᠤᠯᠤᠨ᠎ᠠ᠂ ᠭᠡᠬᠦ ᠳᠡᠭᠡᠨ ᠤᠳᠤ ᠶᠢᠨ ᠬᠦᠳᠡᠭᠡ ᠳᠤᠰᠬᠤᠨ ᠤ ᠠᠰᠠᠷᠠᠮᠵᠢ ᠶᠢᠨ ᠲᠦᠷᠦ ᠶᠢᠨ ᠪᠤᠳᠤᠯᠭ᠎ᠠ ᠤᠯᠠᠮ | ᠠᠷᠪᠢᠨᠪᠤᠯᠵᠤ᠂ ᠴᠦᠭᠡᠨ ᠪᠤᠰᠤ ᠬᠤᠳᠠ ᠶᠢᠨ ᠬᠦᠮᠦᠰ ᠴᠤ ᠬᠦᠳᠡᠭᠡ ᠳᠤᠰᠬᠤᠨ ᠳᠤ ᠡᠷᠦᠭᠡ ᠠᠮᠠ ᠶᠢᠨ | ᠳᠠᠩᠰᠠ ᠪᠠᠨ ᠰᠢᠯᠵᠢᠬᠦᠯᠦᠨ ᠠᠪᠠᠴᠢᠬᠤ ᠰᠠᠨᠠᠭ᠎ᠠ ᠲᠠᠢ ᠪᠤᠯᠪᠠᠴᠤ ᠲᠦᠷᠦ ᠶᠢᠨ ᠪᠤᠳᠤᠯᠭ᠎ᠠ ᠵᠦᠪᠰᠢᠶᠡᠷᠡᠬᠦ ᠦᠭᠡᠢ᠃ | | ᠳᠤᠯᠤᠭ᠎ᠠ᠂ ᠳᠠᠷᠢᠶᠠᠴᠢᠳ ᠪᠤᠬᠢᠷᠳᠤᠯ ᠦᠭᠡᠢ ᠠᠮᠢ ᠠᠬᠤᠢ ᠶᠢᠨ ᠠᠵᠤ ᠦᠢᠯᠡᠰ ᠢ ᠬᠦᠭᠵᠢᠬᠦᠯᠪᠡᠯ ᠡᠭᠡᠭᠡ ᠠᠳᠠᠯᠢᠬᠠᠨ | ᠮᠦᠩᠬᠦ ᠵᠤᠭᠤᠰ ᠤᠯᠤᠨ᠎ᠠ | ᠤᠳᠤ ᠶᠢᠨ ᠬᠦᠮᠦᠰ ᠪᠤᠬᠢᠷᠳᠤᠯ ᠦᠭᠡᠢ ᠭᠡᠷᠡᠭᠯᠡᠭᠡ ᠶᠢ ᠤᠯᠠᠮ ᠠᠴᠠ ᠬᠦᠭᠡᠭᠡᠴᠡᠯᠳᠦᠬᠦ ᠪᠤᠯᠵᠤ᠂ ᠬᠦᠳᠡᠭᠡ | ᠳᠤᠰᠬᠤᠨ ᠤ ᠰᠢᠨ᠎ᠡ ᠰᠤᠷᠭᠤᠭ ᠠᠭᠤᠷ ᠠᠮᠢᠰᠬᠤᠯ ᠪᠠ ᠭᠤᠶᠤ ᠦᠵᠡᠰᠬᠦᠯᠡᠩ ᠪᠤᠬᠢᠷᠳᠤᠯ ᠦᠭᠡᠢ ᠬᠦᠭᠡᠮᠳᠦᠭ | ᠨᠤᠭᠤᠭᠠᠨ ᠠᠭᠤᠯᠠ ᠤᠰᠤ ᠶᠢ ᠬᠦᠰᠡᠮᠵᠢᠯᠡᠬᠦ ᠪᠤᠯᠤᠭᠰᠠᠨ ᠮᠦᠷᠲᠡᠭᠡᠨ ᠬᠦᠳᠡᠭᠡ ᠶᠢᠨ ᠤᠷᠭᠠᠨᠢᠬ ᠢᠳᠡᠰᠢᠨ | ᠨᠤᠭᠤᠭ᠎ᠠ ᠶᠢ ᠴᠤ ᠮᠠᠰᠢ ᠬᠦᠷᠢᠶᠡᠯᠡᠳᠡᠭ᠂ ᠡᠶᠢᠮᠦ ᠠᠴᠠ ᠬᠤᠳᠠᠯᠳᠤᠭᠠᠨ ᠤ ᠠᠵᠠ ᠳᠤᠬᠢᠶᠠᠯ ᠢ ᠠᠵᠢᠵᠤ ᠮᠡᠳᠡᠭᠰᠡᠨ | ᠳᠠᠷᠢᠶᠠᠴᠢᠳ ᠡᠨᠡᠬᠦ ᠳᠤᠬᠢᠶᠠᠯ ᠢ ᠠᠰᠢᠬᠯᠠᠨ ᠠᠮᠢ ᠠᠬᠤᠢ ᠶᠢᠨ ᠳᠠᠷᠢᠶᠠᠯᠠᠩ ᠢ ᠬᠦᠭᠵᠢᠬᠦᠯᠦᠬᠡᠳ ᠵᠤᠭᠤᠰ ᠮᠦᠩᠬᠦ | ᠤᠯᠵᠤ ᠠᠮᠢᠳᠤᠷᠠᠯ ᠢᠶᠠᠨ ᠰᠠᠶᠢᠵᠢᠷᠠᠭᠤᠯᠵᠤ ᠪᠠᠶᠢᠨ᠎ᠠ᠃ | | ᠲᠡᠭᠡᠪᠡᠯ᠂ ᠲᠠᠷᠢᠶᠠᠯᠠᠩ ᠤᠨ ᠡᠷᠦᠭᠡ ᠠᠮᠠ ᠶᠢᠨ ᠳᠠᠩᠰᠠ ᠶᠢ ᠶᠠᠭᠤᠨ ᠳᠤ ᠦᠭᠡᠶᠢᠰᠭᠡᠭᠦ ᠪᠤᠢ︖ | 1᠂ ᠲᠠᠷᠢᠶᠠᠯᠠᠩ ᠤᠨ ᠡᠷᠦᠭᠡ ᠠᠮᠠ ᠶᠢᠨ ᠳᠠᠩᠰᠠ ᠶᠢ ᠦᠭᠡᠶᠢᠰᠭᠡᠭᠦ ᠶᠢᠨ ᠵᠢᠩᠬᠢᠨᠢ ᠠᠴᠢ ᠬᠤᠯᠪᠤᠭᠳᠠᠯ ᠨᠢ | ᠬᠤᠳᠠ ᠬᠦᠳᠡᠭᠡ ᠳᠤ ᠡᠷᠦᠭᠡ ᠠᠮᠠ ᠶᠢ ᠨᠢᠭᠡᠳᠦᠯᠳᠡᠢ ᠳᠠᠩᠰᠠᠯᠠᠬᠤ ᠲᠦᠷᠢᠮ ᠢ ᠪᠠᠶᠢᠭᠤᠯᠬᠤ ᠳᠤ ᠪᠤᠢ᠃ | ᠳᠠᠷᠢᠶᠠᠯᠠᠩ ᠤᠨ ᠡᠷᠦᠭᠡ ᠠᠮᠠ ᠶᠢᠨ ᠳᠠᠩᠰᠠ ᠬᠢᠭᠡᠳ ᠳᠠᠷᠢᠶᠠᠯᠠᠩ ᠤᠨ ᠪᠤᠰᠤ ᠡᠷᠦᠭᠡ ᠠᠮᠠ ᠶᠢᠨ ᠳᠠᠩᠰᠠ ᠶᠢᠨ | ᠰᠢᠨᠵᠢ ᠴᠢᠨᠠᠷ ᠤᠨ ᠢᠯᠭᠠᠭ᠎ᠠ ᠠᠴᠠ ᠪᠤᠯᠤᠭᠰᠠᠨ ᠡᠷᠦᠭᠡ ᠠᠮᠠ ᠶᠢᠨ ᠬᠦᠭᠡ ᠲᠡᠪᠳᠡᠷ ᠵᠡᠷᠭᠡ ᠡᠷᠦᠭᠡ ᠠᠮᠠ ᠶᠢᠨ | ᠳᠠᠩᠰᠠ ᠶᠢᠨ ᠲᠦᠷᠦᠯ ᠵᠦᠢᠯ ᠢ ᠤᠰᠠᠳᠬᠠᠨ᠂ ᠰᠠᠭᠤᠭᠠᠯᠢ ᠠᠷᠠᠳ ᠤᠨ ᠡᠷᠦᠭᠡ ᠠᠮᠠ ᠶᠢᠨ ᠳᠠᠩᠰᠠ ᠪᠠᠷ ᠨᠢᠭᠡᠳᠦᠯᠳᠡᠢ | ᠳᠠᠩᠰᠠᠯᠠᠬᠤ ᠨᠢ ᠡᠷᠦᠭᠡ ᠠᠮᠠ ᠶᠢᠨ ᠳᠠᠩᠰᠠ ᠶᠢᠨ ᠲᠦᠷᠢᠮ ᠤᠨ ᠬᠦᠮᠦᠨ ᠠᠮᠠ ᠶᠢ ᠳᠠᠩᠰᠠᠯᠠᠬᠤ ᠬᠠᠮᠢᠶᠠᠷᠤᠯᠳᠠ ᠶᠢᠨ | ᠴᠢᠳᠠᠪᠬᠢ ᠶᠢ ᠬᠠᠷᠠᠭᠤᠯᠬᠤ ᠶᠢᠨ ᠲᠦᠯᠦᠭᠡ ᠶᠤᠮ᠃ | 2᠂ ᠳᠠᠷᠢᠶᠠᠯᠠᠩ ᠤᠨ ᠡᠷᠦᠭᠡ ᠠᠮᠠ ᠶᠢᠨ ᠳᠠᠩᠰᠠ ᠬᠢᠭᠡᠳ ᠳᠠᠷᠢᠶᠠᠯᠠᠩ ᠤᠨ ᠪᠤᠰᠤ ᠡᠷᠦᠭᠡ ᠠᠮᠠ ᠶᠢᠨ | ᠳᠠᠩᠰᠠ ᠶᠢᠨ ᠰᠢᠨᠵᠢ ᠴᠢᠨᠠᠷ ᠤᠨ ᠢᠯᠭᠠᠭ᠎ᠠ ᠶᠢᠨ ᠵᠠᠩᠬᠢᠯᠠᠭ᠎ᠠ ᠨᠢ ᠨᠡᠷ᠎ᠡ ᠨᠢ ᠬᠤᠪᠢᠷᠠᠭᠰᠠᠨ ᠳᠤ ᠪᠠᠶᠢᠬᠤ ᠪᠢᠰᠢ᠂ | ᠳᠠᠷᠢᠶᠠᠯᠠᠩ ᠤᠨ ᠡᠷᠦᠭᠡ ᠠᠮᠠ ᠶᠢᠨ ᠳᠠᠩᠰᠠ ᠬᠢᠭᠡᠳ ᠳᠠᠷᠢᠶᠠᠯᠠᠩ ᠤᠨ ᠪᠤᠰᠤ ᠡᠷᠦᠭᠡ ᠠᠮᠠ ᠶᠢᠨ ᠳᠠᠩᠰᠠᠶᠢ | ᠨᠢᠭᠡᠳᠦᠬᠦᠯᠦᠭᠡᠳ ᠰᠠᠭᠤᠭᠠᠯᠢ ᠠᠷᠠᠳ ᠤᠨ ᠡᠷᠦᠭᠡ ᠠᠮᠠ ᠶᠢᠨ ᠳᠠᠩᠰᠠ ᠪᠤᠯᠭᠠᠬᠤ ᠡᠶᠢᠮᠦ ᠯᠡ ᠲᠦᠬᠦᠮᠭᠡᠨ ᠤᠴᠢᠷ | ᠴᠤ ᠪᠢᠰᠢ᠂ ᠬᠠᠷᠢᠨ ᠲᠡᠬᠦᠨ ᠤ ᠠᠷᠤ ᠳᠠᠬᠢ ᠨᠡᠶᠢᠭᠡᠮ ᠤᠨ ᠠᠰᠠᠷᠠᠮᠵᠢ ᠶᠢᠨ ᠵᠦᠷᠢᠶ᠎ᠡ ᠪᠠ ᠤᠯᠠᠨ ᠨᠡᠶᠢᠳᠡ ᠶᠢᠨ | ᠦᠢᠯᠡᠴᠢᠯᠡᠭᠡᠨ ᠤ ᠲᠡᠭᠰᠢ ᠪᠤᠰᠤ ᠵᠡᠷᠭᠡ ᠵᠦᠷᠢᠶ᠎ᠠ ᠶᠢ ᠠᠷᠢᠯᠭᠠᠨ᠂ ᠬᠤᠳᠠ ᠬᠦᠳᠡᠭᠡ ᠶᠢᠨ ᠪᠦᠬᠦ᠋ᠢᠯᠡ ᠰᠠᠭᠤᠭᠠᠯᠢ | ᠠᠷᠠᠳ ᠲᠤ ᠠᠳᠠᠯᠢ ᠲᠡᠭᠰᠢ ᠨᠡᠶᠢᠭᠡᠮ ᠤᠨ ᠠᠰᠠᠷᠠᠮᠵᠢ ᠶᠢᠨ ᠬᠠᠷᠠᠭᠠᠯᠵᠠᠯ ᠪᠠ ᠤᠯᠠᠨ ᠨᠡᠶᠢᠳᠡ ᠶᠢᠨ ᠦᠢᠯᠡᠴᠢᠯᠡᠭᠡ ᠶᠢ | ᠬᠦᠷᠲᠡᠭᠡᠨ᠂ ︽ᠠᠳᠠᠯᠢ ᠡᠷᠦᠭᠡ ᠠᠮᠠ ᠠᠳᠠᠯᠢ ᠡᠷᠭᠡ ᠲᠠᠢ︾ ᠶᠢ ᠪᠡᠶᠡᠯᠡᠬᠦᠯᠬᠦ ᠶᠢᠨ ᠲᠦᠯᠦᠭᠡ ᠶᠤᠮ᠃ | ︵︽ᠦᠪᠦᠷ ᠮᠤᠩᠭᠤᠯ ᠤᠨ ᠠᠮᠢᠳᠤᠷᠠᠯ ᠭᠠᠷᠠᠭ ᠤᠨ ᠰᠤᠨᠢᠨ︾ ᠠᠴᠠ ᠰᠢᠯᠵᠢᠭᠦᠯᠦᠨ ᠠᠪᠤᠪᠡ︶ |