ᠴᠢᠩᠱᠠᠨ ᠲᠣᠭᠤᠷᠢᠭ ᠤᠨ ᠲᠣᠶᠢᠮᠣ ᠪᠠᠶᠢᠳᠠᠯ
ᠨᠡᠶᠢᠲᠡᠯᠡᠭᠰᠡᠨ ᠴᠠᠭ᠄
2018/4/25
     ᠴᠢᠩᠱᠠᠨ ᠲᠣᠭᠤᠷᠢᠭ ᠪᠣᠯ 1956 ᠣᠨ ᠳᠤ ᠪᠠᠶᠢᠭᠤᠯᠣᠭᠳᠠᠵᠣ᠂ ᠭᠥᠮᠥᠨ ᠠᠮᠨ ᠶᠢᠨ ᠶᠡᠷᠥᠩᠭᠡᠢ ᠲᠤᠭ᠎ᠠ ᠨᠢ 51.9 ᠲᠥᠮᠨ᠂ ᠲᠡᠭᠦᠨ ᠳᠤ ᠭᠥᠳᠡᠭᠡ ᠲᠣᠰᠬᠤᠨ ᠳᠤ 8920 ᠭᠥᠮᠣᠨ ᠠᠮᠨ ᠲᠠᠢ ᠪᠠᠶᠢᠳᠠᠭ᠃ ᠵᠠᠰᠠᠭ ᠵᠠᠬᠢᠷᠭᠠᠨ ᠎ ᠤ ᠣᠷᠣᠨ ᠪᠥᠰᠨ ᠶᠢᠨ ᠲᠠᠯᠠᠪᠠᠢ ᠨᠢ 280 ᠲᠡᠭᠰᠢ ᠲᠥᠷᠪᠡᠯᠵᠢᠨ ᠺᠢᠯᠥᠮᠧᠲ᠋ᠧᠷ ᠪᠠᠶᠢᠳᠠᠭ᠃ ᠪᠥᠬᠦ ᠲᠣᠭᠤᠷᠢᠭ ᠤᠨ ᠬᠠᠷᠢᠶᠠᠨ ᠳᠤ 8 ᠵᠠᠭᠡᠯᠢ ᠭᠤᠳᠣᠮᠵᠢ᠂ 2 ᠪᠠᠯᠭᠠᠰᠣ᠂ 53 ᠨᠡᠶᠢᠭᠡᠮ ᠲᠣᠭᠤᠷᠢᠭ ᠵᠢᠴᠢ 21 ᠵᠠᠰᠠᠭ ᠵᠠᠬᠢᠷᠭᠠᠨ ᠤ ᠲᠣᠰᠬᠤᠨ ᠲᠠᠢ᠃      ᠴᠢᠩᠱᠠᠨ ᠲᠣᠭᠤᠷᠢᠭ ᠪᠣᠯ ᠨᠡᠶᠢᠳᠡᠯᠢᠭ ᠠᠵᠣ ᠥᠢᠯᠡᠳᠪᠥᠷᠢ ᠶᠢᠨ ᠲᠣᠭᠤᠷᠢᠭ᠃ ᠴᠢᠩᠱᠠᠨ ᠲᠣᠭᠤᠷᠢᠭ ᠨᠢ ᠠᠵᠣ ᠥᠢᠯᠡᠳᠪᠥᠷᠢ ᠶᠢ ᠲᠥᠰᠢᠭᠯᠡᠵᠣ ᠪᠠᠶᠢᠭᠤᠯᠣᠭᠳᠠᠭᠰᠠᠨ ᠪᠥᠭᠡᠳ ᠠᠵᠣ ᠥᠢᠯᠡᠳᠪᠥᠷᠢ ᠳᠤ ᠲᠥᠰᠢᠭᠯᠡᠨ ᠥᠷᠨᠢᠨ ᠭᠥᠭᠵᠢᠭᠰᠡᠨ ᠪᠠᠶᠢᠨ᠎ᠠ᠃ ︽ᠨᠢᠬᠡᠳᠣᠭᠡᠷ ᠲᠠᠪᠣᠨ ᠵᠢᠯ ᠤᠨ ᠲᠥᠯᠥᠪᠵᠢᠬᠦᠯᠬᠡ︾  ᠎ ᠶᠢᠨ ᠬᠤᠭᠤᠴᠠᠭᠠᠨ ᠳᠤ᠂ ᠡᠮᠣᠨ᠎ᠡ ᠵᠥᠪᠯᠡᠯᠳᠣ ᠬᠤᠯᠪᠣᠭᠠᠳᠣ ᠣᠯᠣᠰ ᠤᠨ ᠲᠣᠰᠠᠯᠠᠨ ᠪᠠᠶᠢᠭᠤᠯᠣᠭᠰᠠᠨ 156 ᠲᠥᠷᠥᠯ ᠵᠥᠢᠯ ᠤᠨ ᠲᠣᠳᠣᠷ᠎ᠠ ᠪᠥᠬᠦ ᠬᠤᠳᠠ ᠳᠤ 5 ᠲᠥᠷᠥᠯ ᠵᠥᠢᠯ ᠪᠠᠶᠢᠵᠣ᠂ ᠡᠭᠦᠨ ᠳᠤ ᠴᠢᠩᠱᠠᠨ ᠲᠣᠭᠤᠷᠢᠭ ᠳᠤ 3 ᠲᠥᠷᠥᠯ ᠵᠥᠢᠯ ᠪᠠᠶᠢᠳᠠᠭ᠃ 1958 ᠣᠨ ᠳᠤ ᠴᠥᠮ᠎ᠡ ᠶᠢᠨ ᠠᠵᠣ ᠥᠢᠯᠡᠳᠪᠥᠷᠢ 202᠂ ᠪᠣᠭᠤᠳᠣ ᠶᠢᠨ ᠭᠥᠪᠥᠩ ᠨᠡᠭᠡᠮᠡᠯ ᠤᠨ ᠥᠢᠯᠡᠣᠪᠣᠷᠢ ᠎ ᠶᠢ ᠲᠠᠬᠢᠨ ᠲᠣᠬᠢᠷᠠᠭᠤᠯᠵᠣ ᠪᠠᠶᠢᠭᠤᠯᠪᠠ᠃ ᠬᠡᠳᠣᠨ ᠠᠷᠪᠠᠨ ᠵᠢᠯ ᠤᠨ ᠬᠤᠷᠠᠮᠳᠣᠭᠤᠯᠭ᠎ᠠ ᠪᠠ ᠭᠥᠭᠵᠢᠯᠳᠠ ᠪᠠᠷ ᠲᠠᠮᠵᠢᠨ᠂ ᠨᠡᠯᠢᠶᠡᠳ ᠪᠥᠷᠢᠨ ᠲᠡᠭᠦᠯᠳᠡᠷ ᠠᠵᠣ ᠥᠢᠯᠡᠳᠪᠥᠷᠢ ᠶᠢᠨ ᠰᠢᠰᠲ᠋ᠧᠮ ᠢ ᠪᠥᠷᠢᠯᠳᠥᠭᠦᠯᠵᠤ᠂ ᠲᠣᠨᠤᠭ ᠲᠥᠬᠦᠭᠡᠷᠣᠮᠵᠢ ᠥᠢᠯᠡᠳᠬᠦ ᠥᠢᠯᠡᠰ ᠢᠶᠠᠷ ᠭᠤᠣᠯ ᠪᠣᠯᠭᠠᠭᠰᠠᠨ ᠠᠵᠣ ᠥᠢᠯᠡᠰ ᠤᠨ ᠰᠠᠭᠤᠷᠢ ᠶᠢ ᠪᠠᠶᠢᠭᠤᠯᠣᠭᠰᠠᠨ ᠪᠠᠶᠢᠨ᠎ᠠ᠃ ᠣᠳᠣᠬᠠᠨ ᠳᠤ ᠪᠥᠬᠦ ᠲᠣᠭᠤᠷᠢᠭ ᠳᠤ ᠡᠯ᠎ᠡ ᠲᠥᠷᠥᠯ ᠤᠨ ᠠᠵᠣ ᠥᠢᠯᠡᠳᠪᠥᠷᠢ ᠠᠵᠣ ᠠᠬᠤᠶᠢᠯᠠᠯ ᠨᠢ 580 ᠭᠠᠷᠣᠢ ᠪᠠᠶᠢᠵᠣ᠂ ᠠᠵᠣ ᠥᠢᠯᠡᠳᠪᠥᠷᠢ ᠳᠤ ᠠᠵᠢᠯᠯᠠᠵᠣ ᠪᠠᠶᠢᠭ᠎ᠠ ᠭᠥᠮᠣᠨ ᠤ ᠲᠤᠭ᠎ᠠ ᠨᠢ 6 ᠲᠥᠮᠨ ᠭᠠᠷᠣᠢ ᠪᠠᠶᠢᠳᠠᠭ᠃      ᠴᠢᠩᠱᠠᠨ ᠲᠣᠭᠤᠷᠢᠭ ᠪᠣᠯ ᠨᠡᠶᠢᠳᠡᠯᠢᠭ ᠨᠡᠭᠦᠳᠡᠯᠴᠢᠨ ᠠᠷᠠᠳ ᠤᠨ ᠲᠣᠭᠤᠷᠢᠭ᠃ ᠥᠪᠥᠷ ᠮᠣᠩᠭᠤᠯ ᠤᠨ ᠨᠢᠬᠡᠳᠣᠭᠡᠷ ᠮᠠᠰᠢᠨ ᠥᠢᠯᠡᠳᠬᠦ ᠪᠥᠯᠥᠭᠯᠡᠯ᠂ ᠥᠪᠥᠷ ᠮᠣᠩᠭᠤᠯ ᠤᠨ ᠬᠤᠶᠠᠳᠣᠭᠠᠷ ᠮᠠᠰᠢᠨ ᠥᠢᠯᠡᠳᠬᠦ ᠪᠥᠯᠥᠭᠯᠡᠯ ᠪᠠᠶᠢᠭᠤᠯᠣᠭᠳᠠᠬᠤ ᠠᠴᠠ ᠡᠮᠣᠨ᠎ᠡ᠂ ᠴᠢᠩᠱᠠᠨ ᠲᠣᠭᠤᠷᠢᠭ ᠲᠤ ᠵᠥᠪᠬᠡᠨ 3 ᠵᠠᠰᠠᠭ ᠵᠠᠬᠢᠷᠭᠠᠨ ᠤ ᠲᠣᠰᠬᠤᠨ ᠲᠠᠢ᠂ ᠭᠥᠮᠣᠨ ᠠᠮᠨ ᠶᠢᠨ ᠲᠤᠭ᠎ᠠ ᠨᠢ ᠵᠠᠭᠤᠨ ᠡᠷᠥᠭᠡ ᠴᠣ᠋ ᠭᠥᠷᠬᠦ ᠥᠭᠡᠢ ᠪᠠᠶᠢᠵᠠᠢ᠃ ᠥᠪᠥᠷ ᠮᠣᠩᠭᠤᠯ ᠤᠨ ᠨᠢᠬᠡᠳᠣᠭᠡᠷ ᠮᠠᠰᠢᠨ ᠥᠢᠯᠡᠳᠬᠦ ᠪᠥᠯᠥᠭᠯᠡᠯ᠂ ᠥᠪᠥᠷ ᠮᠣᠩᠭᠤᠯ ᠤᠨ ᠬᠤᠶᠠᠳᠣᠭᠠᠷ ᠮᠠᠰᠢᠨ ᠥᠢᠯᠡᠳᠬᠦ ᠪᠥᠯᠥᠭᠯᠡᠯ ᠵᠡᠷᠭᠡ ᠣᠯᠣᠰ ᠎ ᠤᠨ ᠠᠵᠣ ᠠᠬᠤᠶᠢᠯᠠᠯ ᠤᠨ ᠪᠠᠶᠢᠭᠤᠯᠣᠭᠳᠠᠬᠤ ᠶᠢ ᠲᠠᠭᠠᠯᠳᠣᠨ᠂ ᠭᠡᠳᠣᠨ ᠲᠥᠮᠡᠨ ᠪᠥᠳᠥᠭᠡᠨ ᠪᠠᠶᠢᠭᠤᠯᠣᠭᠴᠢᠳ ᠡᠭᠡ ᠣᠯᠣᠰ ᠤᠨ ᠲᠥᠷᠪᠡᠨ ᠵᠥᠭ ᠨᠠᠢᠮᠠᠨ ᠵᠣᠪᠬᠢᠰ ᠠᠴᠠ ᠭᠥᠷᠥᠯᠴᠡᠨ ᠢᠷᠡᠵᠣ᠂ ᠲᠥᠷᠥᠯ ᠵᠥᠢᠯ ᠢ ᠲᠣᠰᠠᠯᠠᠵᠣ ᠪᠥᠳᠥᠭᠡᠨ ᠪᠠᠶᠢᠭᠤᠯᠣᠭᠰᠠᠨ ᠪᠥᠭᠡᠳ ᠴᠢᠩᠱᠠᠨ ᠲᠣᠭᠤᠷᠢᠭ ᠲᠤ ᠨᠣᠳᠣᠭᠰᠢᠵᠠᠢ᠃ ᠬᠤᠳᠠ ᠶᠢᠨ ᠭᠥᠭᠵᠢᠯᠳᠠ᠂ ᠭᠥᠮᠥᠨ ᠠᠮᠨ ᠶᠢᠨ ᠲᠠᠰᠣᠷᠠᠯᠳᠠ ᠥᠭᠡᠢ ᠬᠤᠷᠠᠨ ᠴᠣᠭᠯᠠᠷᠠᠬᠤ ᠶᠢ ᠲᠠᠭᠠᠯᠳᠣᠨ᠂ ᠥᠨᠥᠳᠥᠷ ᠤᠨ ᠴᠢᠩᠱᠠᠨ ᠲᠣᠭᠤᠷᠢᠭ ᠲᠤ ᠣᠨᠴᠨ ᠪᠠᠶᠢᠭ᠎ᠠ ᠨᠡᠭᠡᠭᠡᠯᠳᠠ ᠲᠠᠢ᠂ ᠪᠠᠭᠳᠠᠭᠠᠮᠵᠢᠳᠠᠢ ᠨᠡᠶᠢᠭᠡᠮ ᠤᠨ ᠰᠣᠶᠣᠯ ᠤᠨ ᠣᠨᠴᠠᠯᠢᠭ ᠢ ᠪᠥᠷᠢᠯᠳᠥᠭᠦᠯᠥᠭᠰᠡᠨ ᠪᠠᠶᠢᠨ᠎ᠠ᠃      ᠴᠢᠩᠱᠠᠨ ᠲᠣᠭᠤᠷᠢᠭ ᠪᠣᠯ ᠨᠡᠶᠢᠳᠡᠯᠢᠭ ᠰᠣᠶᠣᠯ ᠤᠨ ᠲᠣᠭᠤᠷᠢᠭ᠃ ᠰᠠᠭᠤᠭᠠᠯᠢ ᠠᠷᠠᠳ ᠤᠨ ᠰᠣᠷᠭᠠᠨ ᠭᠥᠮᠥᠵᠢᠯ ᠭᠥᠷᠳᠡᠭᠰᠡᠨ ᠬᠢᠷᠢ ᠭᠡᠮᠵᠢᠶ᠎ᠡ ᠨᠢ ᠨᠡᠯᠢᠶᠡᠳ ᠥᠨᠳᠥᠷ᠂ ᠠᠷᠠᠳ ᠤᠨ ᠵᠠᠩᠰᠢᠯ ᠨᠢ ᠪᠣᠷᠣᠭᠵᠢᠭᠤᠨ ᠴᠠᠶᠢᠯᠭᠠᠨ᠂ ᠪᠥᠬᠦᠯᠢ ᠴᠣᠭᠴᠠ ᠶᠢᠨ ᠣᠣᠷ ᠴᠢᠨᠠᠷ ᠨᠢ ᠪᠠᠰᠠ ᠨᠡᠯᠢᠶᠡᠳ ᠥᠨᠳᠥᠷ ᠪᠠᠶᠢᠳᠠᠭ᠃ ᠪᠥᠬᠦ ᠲᠣᠭᠤᠷᠢᠭ ᠲᠤ 50 ᠰᠢᠨᠵᠢᠯᠡᠬᠦ ᠣᠬᠠᠭᠠᠨ ᠤ ᠰᠣᠳᠣᠯᠣᠯ ᠤᠨ ᠪᠠᠶᠢᠭᠤᠯᠣᠮᠵᠢ᠂ 62 ᠰᠣᠷᠭᠠᠭᠤᠯᠢ ᠡᠷᠬᠢᠯᠡᠭᠰᠡᠨ ᠪᠠᠶᠢᠭᠤᠯᠣᠯᠭ᠎ᠠ᠂ 3 ᠲᠡᠭᠡᠳᠣ ᠵᠡᠷᠭᠡ ᠶᠢᠨ ᠰᠣᠷᠭᠠᠭᠤᠯᠢ ᠲᠠᠢ ᠪᠠᠶᠢᠵᠣ᠂ ᠵᠠᠯᠭᠠᠭ᠎ᠠ ᠪᠠᠷ 5 ᠣᠳᠠᠭ᠎ᠠ ︽ᠪᠥᠬᠦ ᠣᠯᠣᠰ ᠤᠨ ᠰᠢᠨᠵᠢᠯᠡᠬᠦ ᠮᠡᠷᠭᠡᠵᠢᠯ ᠤᠨ ᠲᠠᠪᠰᠢᠯᠳᠠ ᠶᠢ ᠬᠢᠨᠡᠨ ᠰᠢᠯᠭᠠᠭᠰᠠᠨ ᠲᠡᠷᠢᠭᠦᠨ ᠤ ᠲᠣᠭᠤᠷᠢᠭ︾᠎ ᠢᠶᠠᠷ ᠥᠨᠡᠯᠡᠭᠳᠡᠵᠣ᠂ ᠰᠣᠷᠭᠠᠨ ᠭᠥᠮᠥᠵᠢᠯ ᠤᠨ ᠠᠵᠢᠯ ᠨᠢ ᠪᠥᠬᠦ ᠣᠯᠣᠰ ᠤᠨ ︽ᠬᠤᠶᠠᠷ ᠥᠨᠳᠥᠰᠣᠨ︾ ᠠᠵᠢᠯ ᠤᠨ ᠲᠡᠷᠢᠬᠦᠨ ᠤ ᠪᠠᠶᠢᠭᠤᠯᠭ᠎ᠠ᠂ ᠰᠣᠶᠣᠯ ᠤᠨ ᠠᠵᠢᠯ ᠨᠢ ︽ᠪᠥᠬᠦ ᠣᠯᠣᠰ ᠤᠨ ᠰᠣᠶᠣᠯ ᠤᠨ ᠠᠵᠢᠯ ᠤᠨ ᠲᠡᠷᠢᠬᠦᠨ ᠤ ᠲᠣᠭᠤᠷᠢᠭ︾᠎ ᠤᠨ ᠴᠣᠯᠨ ᠶᠢ ᠭᠥᠷᠳᠡᠭᠰᠡᠨ ᠪᠠᠶᠢᠨ᠎ᠠ᠃      ᠴᠢᠩᠱᠠᠨ ᠲᠣᠭᠤᠷᠢᠭ ᠪᠣᠯ ᠨᠡᠶᠢᠳᠡᠯᠢᠭ ᠮᠥᠩᠭᠦᠨ ᠭᠥᠢᠯᠭᠡᠭᠡ ᠠᠷᠠᠯᠵᠢᠶ᠎ᠠ ᠬᠤᠳᠠᠯᠳᠤᠭ᠎ᠠ ᠴᠣᠭᠯᠠᠷᠠᠭᠰᠠᠨ ᠲᠣᠭᠤᠷᠢᠭ᠃ ᠣᠶᠢᠷ᠎ᠡ ᠶᠢᠨ ᠭᠡᠳᠣᠨ ᠵᠢᠯ ᠳᠤ ᠶᠡᠭᠡᠪᠡᠷ ᠭᠥᠮᠥᠵᠢᠭᠦᠯᠵᠣ ᠲᠣᠰᠠᠯᠠᠨ ᠲᠡᠳᠭᠦᠬᠦ ᠶᠢ ᠲᠠᠭᠠᠯᠳᠣᠨ ᠸᠯᠡᠮᠡᠷᠲ᠂ ᠸᠠᠨ ᠳ᠋ᠠ ᠲᠠᠯᠠᠪᠠᠢ᠂ ᠣᠯᠠᠨ ᠣᠯᠣᠰ ᠤᠨ ᠥᠵᠡᠰᠭᠦᠯᠡᠩ᠂ ᠣᠳᠣ ᠥᠶ᠎ᠡ ᠶᠢᠨ ᠮᠥᠩᠭᠦᠨ ᠭᠥᠢᠯᠭᠡᠭᠡ᠂ ᠣᠣ ᠲᠧ ᠯᠠᠢ ᠰᠾᠢ᠂ ᠶᠢᠰᠣᠨ ᠣᠳᠣ ᠳ᠋ᠢᠵᠢᠲ᠋ᠡᠯ ᠤᠨ ︽ᠵᠢᠷᠭᠤᠭᠠᠨ ᠶᠡᠭᠡ ᠬᠤᠳᠠᠯᠳᠣᠭᠠᠨ ᠤ ᠶᠠᠪᠣᠳᠠᠯ ᠤᠨ ᠲᠣᠭᠤᠷᠢᠭ︾ ᠪᠥᠷᠢᠯᠳᠣᠵᠣ᠂ ᠣᠳᠣᠬᠢ ᠥᠢᠯᠡᠴᠢᠯᠡᠭᠡᠨ ᠤ ᠥᠢᠯᠡᠰ ᠨᠢ ᠣᠯᠠᠨ ᠥᠢᠯᠡᠰᠵᠢᠯᠡᠯᠳᠡ ᠶᠢᠨ ᠡᠵᠡᠩᠨᠡᠯᠳᠠ᠂ ᠣᠯᠠᠨ ᠨᠡᠷᠡᠳᠣ ᠲᠡᠮᠳᠡᠭ ᠤᠨ ᠴᠣᠭᠯᠠᠷᠠᠯ᠂ ᠣᠯᠠᠨ ᠲᠣᠭᠤᠶᠢᠯᠠᠩ ᠪᠥᠯᠭᠦᠮ ᠤᠨ ᠭᠥᠭᠵᠢᠯᠳᠠ ᠶᠢᠨ ᠢᠷᠮᠡᠭᠦᠨ ᠬᠠᠨᠳᠣᠰᠢ ᠶᠢ ᠢᠯᠡᠷᠡᠭᠦᠯᠥᠭᠰᠡᠨ ᠪᠠᠶᠢᠨ᠎ᠠ᠃ ᠣᠨᠴᠠᠭᠠᠶᠢᠯᠠᠨ ᠶᠡᠭᠡ ᠭᠡᠮᠵᠢᠶᠡᠨ ᠤ ᠡᠯ᠎ᠡ ᠲᠥᠷᠥᠯ ᠤᠨ ᠮᠥᠩᠭᠦᠨ ᠭᠥᠢᠯᠭᠡᠭᠡᠨ ᠤ ᠪᠠᠶᠢᠭᠤᠯᠣᠮᠵᠢ ᠶᠢ ᠣᠷᠣᠭᠤᠯᠣᠨ ᠠᠪᠴᠢᠷᠠᠭᠰᠠᠨ ᠠᠴᠠ ᠮᠥᠩᠬᠦᠨ ᠭᠥᠢᠯᠭᠡᠭᠡ ᠲᠠᠭᠠᠳᠬᠠᠯ ᠤᠨ ᠪᠠᠶᠢᠭᠤᠯᠣᠮᠵᠢ ᠨᠢ ᠨᠡᠶᠢᠳᠡ 54 ᠡᠷᠥᠭᠡ ᠳᠤ ᠭᠥᠷᠴᠣ᠂ ᠪᠥᠬᠦ ᠬᠤᠳᠠ ᠶᠢᠨ ᠶᠡᠷᠥᠩᠭᠡᠢ ᠭᠡᠮᠵᠢᠶᠡᠨ ᠤ 90%᠎ ᠠᠴᠠ ᠲᠡᠭᠡᠭᠰᠢ ᠶᠢ ᠡᠵᠡᠯᠡᠨ᠂ ᠭᠠᠵᠠᠷ ᠣᠷᠣᠨ ᠤ ᠠᠵᠣ ᠠᠬᠤᠢ ᠨᠡᠶᠢᠭᠡᠮ ᠤᠨ ᠭᠥᠭᠵᠢᠯᠳᠠ ᠶᠢᠨ ᠲᠣᠯᠭᠠᠭᠤᠷᠢ ᠭᠥᠴᠥᠨ ᠪᠣᠯᠣᠭᠰᠠᠨ ᠪᠠᠶᠢᠨ᠎ᠠ᠃      ᠴᠢᠩᠱᠠᠨ ᠲᠣᠭᠤᠷᠢᠭ ᠪᠣᠯ ᠨᠡᠶᠢᠳᠡᠯᠢᠭ ᠨᠣᠳᠣᠭᠰᠢᠨ ᠰᠠᠭᠤᠷᠢᠰᠢᠬᠤ ᠳᠤ ᠲᠣᠬᠢᠷᠠᠮᠵᠢᠳᠠᠢ ᠬᠤᠳᠠ ᠶᠢᠨ ᠲᠣᠭᠤᠷᠢᠭ᠃ ᠬᠤᠳᠠ ᠲᠣᠭᠤᠷᠢᠭ ᠤᠨ ᠪᠥᠳᠥᠭᠡᠨ ᠪᠠᠶᠢᠭᠤᠯᠣᠯᠳᠠ ᠶᠢᠨ ᠲᠥᠯᠥᠪᠵᠢᠭᠦᠯᠬᠡ ᠨᠢ ᠯᠣᠳᠣ ᠶᠡᠭᠡ ᠡᠮᠬᠢ ᠲᠡᠭᠰᠢ ᠲᠠᠢ ᠪᠥᠭᠡᠳ ᠠᠭᠤᠳᠠᠮ ᠲᠠᠯᠠᠶᠢᠴᠢᠳᠠᠢ ᠪᠠᠶᠢᠵᠣ᠂ ᠳ᠋ᠠᠯᠢᠶᠠᠨ ᠰᠢᠨ᠎ᠡ ᠭᠡᠯᠪᠡᠷᠢ ᠶᠢᠨ ᠨᠡᠭᠡᠭᠡᠯᠳᠡ ᠶᠢᠨ ᠲᠣᠭᠤᠷᠢᠭ᠂᠎ ᠶᠢᠨ ᠯᠢᠨ ᠴᠡᠴᠡᠭᠳᠣ ᠭᠥᠷᠢᠶᠡᠯᠡᠩ᠂ ᠪᠣᠣ ᠯᠢ ᠴᠡᠴᠡᠭᠳᠣ ᠭᠥᠷᠢᠶᠡᠯᠡᠩ ᠵᠡᠷᠭᠡ ᠠᠷᠪᠡᠨ ᠭᠡᠳᠣᠨ ᠭᠡᠰᠡᠭ ᠪᠥᠯᠥᠭᠵᠢᠭᠰᠡᠨ ᠣᠨᠴᠨ ᠭᠡᠪ ᠮᠠᠶ᠋ᠢᠭ ᠲᠠᠢ᠂ ᠣᠨᠴᠠᠯᠢᠭ ᠲᠣᠳᠣ ᠢᠯᠡᠷᠭᠡᠢ ᠲᠥᠯᠥᠪᠯᠡᠭᠰᠡᠨ ᠪᠠᠷᠢᠯᠭ᠎ᠠ ᠶᠢᠨ ᠪᠥᠯᠥᠭ ᠨᠢ ᠴᠢᠩᠱᠠᠨ ᠲᠣᠭᠤᠷᠢᠭ ᠤᠨ ᠬᠤᠳᠠ ᠲᠣᠭᠤᠷᠢᠭ ᠶᠢᠨ ᠪᠥᠳᠥᠭᠡᠨ ᠪᠠᠶᠢᠭᠤᠯᠣᠯᠳᠠ ᠶᠢ ᠰᠢᠨ᠎ᠡ ᠰᠣᠷᠭᠤᠭ᠂ ᠭᠤᠶᠣᠮᠰᠤᠭ᠂ ᠨᠡᠭᠡᠭᠡᠯᠳᠡ ᠲᠠᠢ ᠥᠪᠡᠷᠮᠢᠴᠨ ᠮᠠᠶ᠋ᠢᠭ ᠲᠠᠢ ᠪᠣᠯᠭᠠᠭᠰᠠᠨ ᠪᠠᠶᠢᠨ᠎ᠠ᠃ ᠪᠥᠬᠦ ᠲᠤᠭᠤᠷᠢᠭ ᠲᠤ 55 ᠵᠣᠭᠠᠴᠠᠯ ᠤᠨ ᠴᠡᠴᠡᠷᠯᠢᠭ ᠲᠠᠯᠠᠪᠠᠢ ᠪᠠ ᠥᠵᠡᠮᠵᠢᠳᠣ ᠬᠡᠰᠡᠭ ᠴᠢᠭ ᠲᠠᠢ ᠪᠠᠶᠢᠵᠣ᠂ 15 ᠮᠢᠨᠥ᠋ᠲ ᠤᠨ ᠰᠡᠯᠡᠭᠦᠴᠡᠨ ᠵᠣᠭᠠᠴᠠᠬᠤ᠂ ᠪᠶ᠎ᠡ ᠮᠠᠬᠠᠪᠣᠳ ᠴᠢᠬᠢᠷᠠᠭᠵᠢᠭᠤᠯᠬᠤ ᠭᠥᠳᠡᠯᠭᠡᠭᠡᠨ ᠤ ᠭᠥᠷᠢᠶ᠎ᠡ ᠭᠡᠪᠴᠢᠶ᠎ᠡ ᠶᠢ ᠪᠥᠷᠢᠯᠳᠥᠭᠦᠯᠥᠭᠰᠡᠨ ᠪᠠᠶᠢᠨ᠎ᠠ᠃ ᠪᠥᠬᠦ ᠲᠤᠭᠤᠷᠢᠭ ᠤᠨ ᠵᠠᠮ ᠤᠨ ᠰᠥᠯᠵᠢᠶ᠎ᠡ ᠶᠢᠨ ᠰᠢᠰᠲ᠋ᠧᠮ᠂ ᠨᠡᠪᠳᠡᠷᠡᠬᠦ ᠴᠢᠳᠠᠮᠵᠢ ᠪᠠ ᠵᠠᠮ ᠤᠨ ᠨᠣᠭᠤᠭᠠᠷᠠᠭᠤᠯᠣᠯᠳᠠ᠂ ᠭᠡᠰᠡᠭ ᠴᠢᠭ ᠤᠨ ᠨᠣᠭᠤᠭᠠᠷᠠᠭᠤᠯᠣᠯᠳᠠ᠂ ᠭᠥᠷᠰᠢ ᠵᠡᠷᠭᠡᠯᠳᠡᠭᠡ ᠬᠤᠷᠢᠶᠠᠯᠠᠯ᠂ ᠭᠥᠷᠢᠶᠡᠯᠡᠩ ᠥᠢᠯᠡᠳᠪᠥᠷᠢ ᠠᠭᠤᠷᠬᠠᠢ ᠎ ᠶᠢᠨ ᠨᠣᠭᠤᠭᠠᠷᠠᠭᠤᠯᠣᠯᠳᠠ ᠶᠢᠨ ᠲᠥᠪᠰᠢᠨ ᠨᠢ ᠪᠥᠷ ᠨᠡᠯᠢᠶᠡᠳ ᠥᠨᠳᠣᠷ ᠪᠠᠶᠢᠵᠣ᠂ ᠨᠣᠭᠤᠭᠠᠷᠠᠭᠤᠯᠣᠯᠳᠠ ᠶᠢᠨ ᠪᠥᠷᠭᠦᠯᠳᠠ ᠶᠢᠨ ᠨᠣᠷᠮ᠎ᠠ ᠨᠢ 43 %᠎ ᠳᠤ ᠭᠥᠷᠴᠣ᠂ ᠭᠥᠮᠥᠨ ᠪᠥᠷᠢ ᠶᠢᠨ ᠲᠡᠭᠰᠢᠳᠭᠡᠭᠰᠡᠨ ᠨᠡᠶᠢᠳᠠ ᠶᠢᠨ ᠨᠣᠭᠤᠭᠠᠨ ᠭᠠᠵᠠᠷ ᠤᠨ ᠲᠠᠯᠠᠪᠠᠢ ᠨᠢ 19.7 ᠲᠡᠭᠰᠢ ᠲᠥᠷᠪᠠᠯᠵᠢᠨ ᠮᠧᠲᠷ ᠲᠤ ᠭᠥᠷᠥᠭᠰᠡᠨ ᠪᠠᠶᠢᠨ᠎ᠠ᠃      ᠣᠶᠢᠷ᠎ᠡ ᠶᠢᠨ ᠵᠢᠯ ᠤᠳ ᠲᠤ᠂ ᠴᠢᠩᠱᠠᠨ ᠲᠣᠭᠤᠷᠢᠭ ᠥᠪᠡᠷᠳᠡᠭᠡᠨ ᠵᠠᠰᠠᠬᠤ ᠣᠷᠣᠨ᠂ ᠪᠣᠭᠤᠳᠣ ᠬᠤᠳᠠ ᠬᠤᠶᠠᠷ ᠱᠠᠳᠣᠨ ᠤ ᠨᠡᠮ ᠤᠨ ᠬᠤᠷᠢᠶ᠎ᠠ᠂ ᠵᠠᠰᠠᠭ ᠤᠨ ᠣᠷᠳᠣᠨ ᠤ ᠰᠡᠢᠳᠪᠥᠷᠢᠳᠣ ᠪᠣᠳᠣᠯᠭ᠎ᠠ ᠶᠢᠨ ᠪᠠᠶᠢᠷᠢᠯᠠᠭᠤᠯᠣᠯᠳᠠ ᠎ ᠶᠢ ᠨᠠᠷᠢᠨ ᠬᠢᠨᠠᠮᠠᠭᠠᠢ ᠲᠣᠣᠱᠯᠠᠭᠤᠯᠣᠨ᠂ ᠲᠣᠭᠤᠷᠢᠭ ᠤᠨ ᠪᠣᠳᠠᠳᠠᠢ ᠲᠠᠢ ᠪᠠᠶᠢᠳᠠᠯ᠂ ᠠᠵᠣ ᠥᠢᠯᠡᠰ ᠤᠨ ᠲᠠᠪᠠᠭᠤᠯᠢᠭ ᠲᠠᠯ᠎ᠠ ᠪᠠ ᠭᠥᠭᠵᠢᠯᠳᠠ ᠶᠢᠨ ᠪᠠᠶᠢᠷᠢᠯᠠᠯ ᠲᠣᠭᠳᠠᠭᠠᠬᠤ ᠲᠠᠢ ᠪᠠᠨ ᠣᠶᠠᠯᠳᠣᠭᠤᠯᠣᠨ᠂ ︽ᠬᠤᠶᠠᠷ ᠰᠠᠭᠤᠷᠢᠨ ᠭᠠᠵᠠᠷ︾ ᠂ ︽ᠭᠤᠷᠪᠠᠨ ᠬᠤᠳᠠ ᠲᠣᠭᠤᠷᠢᠭ︾᠎ ᠤᠨ ᠭᠥᠭᠵᠢᠯᠳᠠ ᠶᠢᠨ ᠰᠡᠳᠬᠢᠭᠦᠢ ᠪᠠ ᠵᠣᠷᠢᠯᠳᠠ ᠶᠢ ᠲᠣᠷᠠᠳᠣᠨ ᠭᠠᠷᠭᠠᠪᠠ᠃ ᠡᠨᠡᠬᠦ ᠰᠡᠳᠬᠢᠴᠨ ᠶᠢᠨ ᠵᠢᠭᠠᠨ ᠲᠠᠭᠠᠭᠤᠯᠭ᠎ᠠ ᠲᠣᠣᠷ᠎ᠠ ᠴᠢᠩᠱᠠᠨ ᠲᠣᠭᠤᠷᠢᠭ ᠤᠨ ᠬᠤᠷᠢᠶ᠎ᠠ᠂ ᠵᠠᠰᠠᠭ ᠤᠨ ᠣᠷᠳᠣᠨ ᠥᠷᠭᠡᠨ ᠣᠯᠠᠨ ᠺᠠᠳ᠋ᠷ ᠣᠯᠠᠨ ᠲᠥᠮᠠᠨ ᠢ ᠪᠥᠯᠬᠦᠮᠳᠡᠭᠦᠯᠥᠨ ᠲᠠᠶᠢᠴᠢᠯᠠᠵᠣ᠂ ᠠᠵᠣ ᠠᠬᠤᠢ ᠶᠢᠨ ᠣᠷᠣᠭᠤᠳᠠᠯ ᠠᠴᠠ ᠪᠣᠯᠣᠭᠰᠠᠨ ᠠᠰᠢᠭ ᠥᠭᠡᠢ ᠨᠥᠯᠥᠭᠡ ᠶᠢ ᠴᠢᠷᠮᠠᠶᠢᠨ ᠲᠡᠪᠴᠢᠵᠣ᠂ ᠭᠥᠴᠢᠷ ᠪᠡᠷᠭᠡᠰᠢᠶᠠᠯ ᠢ ᠰᠥᠷᠥᠨ᠂ ᠨᠣᠭᠤᠷᠠᠰᠢ ᠥᠭᠡᠢ ᠲᠠᠮᠠᠴᠡᠵᠣ᠂ ᠭᠠᠵᠠᠷ ᠣᠷᠣᠨ ᠤ ᠠᠵᠣ ᠠᠬᠤᠢ ᠨᠡᠶᠢᠭᠡᠮ ᠤᠨ ᠥᠷᠭᠦᠯᠵᠢᠯᠡᠨ ᠡᠷᠡᠭᠦᠯ ᠢᠶᠠᠷ ᠭᠥᠭᠵᠢᠬᠦ ᠰᠠᠶᠢᠨ ᠰᠠᠶᠢᠬᠠᠨ ᠪᠠᠶᠢᠳᠠᠯ ᠢ ᠪᠣᠢ ᠪᠣᠯᠭᠠᠵᠠᠢ᠃ 2017 ᠣᠨ ᠳᠤ᠂ ᠭᠠᠵᠠᠷ ᠣᠷᠣᠨ ᠤ ᠥᠢᠯᠡᠳᠪᠥᠷᠢᠯᠡᠯ ᠤᠨ ᠶᠡᠷᠥᠩᠭᠡᠢ ᠥᠷᠳᠡᠭ ᠨᠢ ᠠᠳᠠᠯᠢ ᠬᠤᠭᠤᠴᠠᠭᠠᠨ ᠤ ᠬᠢ ᠠᠴᠠ 6 %᠎ ᠪᠠᠷ ᠨᠡᠮᠡᠭᠳᠡᠵᠣ᠂ ᠡᠩ ᠤᠨ ᠨᠡᠶᠢᠳᠠ ᠶᠢᠨ ᠲᠥᠰᠥᠪ ᠤᠨ ᠣᠷᠣᠯᠭ᠎ᠠ ᠶᠢ 18.12 ᠳ᠋ᠥᠩᠰᠢᠭᠤᠷ ᠲᠥᠭᠦᠷᠢᠭ ᠢᠶᠠᠷ ᠪᠠᠶᠠᠯᠡᠭᠦᠯᠵᠣ᠂ ᠬᠤᠳᠠ ᠪᠠᠯᠭᠠᠰᠣᠨ ᠤ ᠪᠠᠶᠢᠩᠭᠤ ᠶᠢᠨ ᠰᠠᠭᠤᠭᠠᠯᠢ ᠠᠷᠠᠳ ᠤᠨ ᠭᠥᠮᠥᠨ ᠪᠥᠷᠢ ᠶᠢᠨ ᠲᠡᠭᠰᠢᠳᠭᠡᠭᠰᠡᠨ ᠡᠵᠡᠮᠰᠢᠬᠦ ᠣᠷᠣᠯᠭ᠎ᠠ ᠨᠢ 47348 ᠲᠥᠭᠦᠷᠢᠭ ᠪᠠᠶᠢᠵᠣ᠂ ᠠᠳᠠᠯᠢ ᠬᠤᠭᠤᠴᠠᠭᠠᠨ ᠤ ᠬᠢ ᠠᠴᠠ 7.8 %᠎ ᠪᠠᠷ ᠨᠡᠮᠡᠭᠳᠡᠵᠣ᠂ ᠲᠣᠭᠳᠠᠮᠠᠯ ᠭᠥᠷᠥᠩᠭᠡ ᠶᠢᠨ ᠪᠡᠯᠨ ᠣᠷᠣᠭᠤᠯᠣᠯᠳᠠ ᠨᠢ 500.15 ᠳ᠋ᠥᠩᠰᠢᠭᠤᠷ ᠲᠥᠭᠦᠷᠢᠭ ᠢ ᠪᠠᠶᠠᠯᠡᠭᠦᠯᠥᠨ᠂ ᠠᠳᠠᠯᠢ ᠬᠤᠭᠤᠴᠠᠭᠠᠨ ᠤ ᠬᠢ ᠠᠴᠠ  1.94 %᠎ ᠪᠠᠷ ᠨᠡᠮᠡᠭᠳᠡᠵᠣ᠂ ᠭᠥᠷᠢᠶ᠎ᠠ ᠭᠡᠪᠴᠢᠶ᠎ᠡ ᠠᠴᠠ ᠲᠡᠭᠡᠭᠰᠢ ᠠᠵᠣ ᠥᠢᠯᠡᠳᠪᠥᠷᠢ ᠶᠢᠨ ᠨᠡᠮᠡᠭᠳᠡᠯ ᠥᠷᠳᠡᠭ ᠤᠨ ᠨᠡᠮᠡᠭᠳᠡᠯ ᠤᠨ ᠬᠤᠷᠳᠣᠴᠨ ᠨᠢ 8.2 % ᠪᠠᠶᠢᠵᠣ᠂ ᠨᠡᠶᠢᠭᠡᠮ ᠤᠨ ᠭᠡᠷᠡᠭᠯᠡᠭᠡᠨ ᠤ ᠵᠥᠢᠯ ᠤᠨ ᠵᠢᠵᠢᠭᠯᠡᠨ ᠬᠤᠳᠠᠯᠳᠣᠭᠰᠠᠨ ᠶᠡᠷᠥᠩᠭᠡᠢ ᠲᠤᠭ᠎ᠠ ᠨᠢ 408.2 ᠳ᠋ᠥᠩᠰᠢᠭᠤᠷ ᠲᠥᠭᠦᠷᠢᠭ ᠲᠤ ᠭᠥᠷᠴᠣ᠂ ᠠᠳᠠᠯᠢ ᠬᠤᠭᠤᠴᠠᠭᠠᠨ ᠤ ᠎ ᠬᠢ ᠠᠴᠠ 6.3 %  ᠎ ᠪᠠᠷ ᠨᠡᠮᠡᠭᠳᠡᠭᠰᠡᠨ ᠪᠠᠶᠢᠨ᠎ᠠ᠃      ᠣᠯᠣᠰ᠂ ᠥᠪᠡᠷᠳᠡᠭᠡᠨ ᠵᠠᠰᠠᠬᠤ ᠣᠷᠣᠨ ᠤ ᠣᠯᠠᠨ ᠲᠥᠷᠥᠯ ᠤᠨ ᠠᠵᠢᠯ ᠢ ᠴᠢᠩᠱᠠᠨ ᠲᠣᠭᠤᠷᠢᠭ ᠲᠤ ᠣᠷᠢᠳᠠᠪᠡᠷ ᠶᠠᠪᠣᠭᠳᠠᠭᠤᠯᠣᠨ ᠣᠷᠢᠳᠠᠪᠡᠷ ᠲᠣᠷᠰᠢᠵᠣ᠂ ᠣᠷᠢᠳ ᠬᠤᠵᠢᠳ ︽ᠪᠥᠬᠦ ᠣᠯᠣᠰ ᠤᠨ ᠨᠡᠶᠢᠭᠡᠮ ᠲᠣᠭᠤᠷᠢᠭ ᠎ ᠢ ᠵᠠᠰᠠᠬᠤ ᠪᠠ ᠥᠢᠯᠡᠴᠢᠯᠡᠭᠡᠨ ᠤ ᠰᠢᠨ᠎ᠡ ᠶᠢ ᠡᠭᠦᠳᠭᠦ ᠲᠣᠷᠰᠢᠯᠳᠠ ᠶᠢᠨ ᠲᠣᠭᠤᠷᠢᠭ︾᠂ ︽ᠪᠥᠬᠦ ᠣᠯᠣᠰ ᠤᠨ ᠡᠶ᠎ᠡ ᠨᠠᠶᠢᠷᠠᠮᠳᠠᠭᠤ ᠨᠡᠶᠢᠭᠡᠮ ᠲᠣᠭᠤᠷᠢᠭ ᠤᠨ ᠪᠥᠳᠥᠭᠡᠨ ᠪᠠᠶᠢᠭᠤᠯᠣᠯᠳᠠ ᠶᠢᠨ ᠵᠢᠱᠢᠶ᠎ᠡ ᠥᠵᠡᠭᠦᠯᠬᠦ ᠬᠤᠳᠠ ᠲᠣᠭᠤᠷᠢᠭ︾᠂ ︽ᠪᠥᠬᠦ ᠣᠯᠣᠰ ᠤᠨ ᠲᠡᠷᠢᠭᠦᠨ ᠤ ᠬᠢ ᠶᠢ ᠡᠭᠦᠳᠴᠣ ᠰᠢᠯᠢᠳᠡᠭ ᠪᠣᠯᠬᠤ ᠠᠵᠢᠯᠯᠠᠭᠠᠨ ᠤ ᠲᠡᠷᠢᠭᠦᠨ ᠎ ᠤ ᠲᠣᠭᠤᠷᠢᠭ ᠤᠨ ᠬᠤᠷᠢᠶ᠎ᠠ︾᠂ ︽ᠪᠥᠬᠦ ᠣᠯᠣᠰ ᠤᠨ ᠨᠣᠭᠤᠭᠠᠷᠠᠭᠤᠯᠣᠯᠳᠠ ᠶᠢᠨ ᠠᠵᠢᠯ ᠤᠨ ᠲᠡᠷᠢᠭᠦᠨ ᠤ ᠲᠣᠭᠤᠷᠢᠭ︾  ᠂  ︽ᠪᠥᠬᠦ ᠣᠯᠣᠰ ᠤᠨ ᠰᠢᠨᠵᠢᠯᠡᠬᠦ ᠮᠡᠷᠭᠡᠵᠢᠯ ᠤᠨ ᠲᠠᠪᠰᠢᠯᠳᠠ ᠶᠢ ᠬᠢᠨᠡᠨ ᠰᠢᠯᠭᠠᠭᠰᠠᠨ ᠲᠡᠷᠢᠭᠦᠨ ᠎ ᠤ ᠲᠣᠭᠤᠷᠢᠭ ᠪᠠᠶᠢᠭᠤᠯᠭ᠎ᠠ︾᠂ ︽ᠪᠥᠬᠦ ᠣᠯᠣᠰ ᠤᠨ ᠰᠣᠶᠣᠯ ᠤᠨ ᠠᠵᠢᠯ ᠤᠨ ᠲᠡᠷᠢᠬᠦᠨ ᠤ ᠲᠣᠭᠤᠷᠢᠭ︾ ︽ᠪᠥᠬᠦ ᠣᠯᠣᠰ ᠤᠨ ᠬᠠᠣᠯᠢ ᠪᠠᠷ ᠰᠢᠶᠠᠨ ᠲᠣᠭᠤᠷᠢᠭ ᠢᠶᠠᠨ ᠵᠠᠰᠠᠬᠤ ᠡᠭᠦᠳᠣᠨ ᠪᠥᠳᠥᠭᠡᠬᠦ ᠠᠵᠢᠯᠯᠠᠭ᠎ᠠ ᠶᠢᠨ ᠲᠠᠷᠢᠭᠦᠨ ᠎ ᠤ  ︾᠂ ︽ᠣᠯᠣᠰ ᠤᠨ ᠢᠳᠡᠭᠡᠨ ᠣᠮᠳᠠᠭᠠᠨ ᠤ ᠥᠢᠯᠡᠴᠢᠯᠡᠭᠡᠨ ᠤ ᠢᠳᠡᠭᠡᠨ ᠤ ᠠᠮᠣᠷ ᠲᠥᠪᠰᠢᠨ ᠤ ᠵᠢᠱᠢᠶᠡᠴᠢ ᠲᠣᠭᠤᠷᠢᠭ︾᠂ ︽ᠭᠤᠷᠪᠠᠳᠣᠭᠠᠷ ᠬᠤᠭᠤᠴᠠᠭᠠᠨ ᠤ ᠣᠯᠣᠰ ᠤᠨ ᠭᠠᠵᠠᠷ ᠰᠢᠷᠣᠢ ᠶᠢᠨ ᠡᠬᠢ ᠪᠠᠶᠠᠯᠢᠭ ᠢ ᠠᠷᠪᠢᠯᠠᠵᠣ ᠡᠷᠴᠢᠮᠯᠡᠭᠰᠡᠨ ᠵᠢᠱᠢᠶᠡᠴᠢ ᠲᠣᠭᠤᠷᠢᠭ︾ ᠵᠡᠷᠭᠡ ᠣᠯᠠᠨ ᠲᠥᠷᠥᠯ ᠤᠨ ᠣᠯᠣᠰ ᠤᠨ ᠲᠡᠰ ᠤᠨ ᠢᠷᠠᠭᠤ ᠠᠯᠳᠠᠷ ᠤᠨ ᠴᠣᠯᠨ ᠶᠢ ᠭᠥᠷᠳᠡᠭᠰᠡᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号