《ᠴᠢᠩᠱᠠᠨ ᠲᠤᠭᠤᠷᠢᠭ ᠤᠨ ︿ᠬᠤᠲᠠ ᠶᠢᠨ ᠬᠤᠶᠠᠷ ᠵᠠᠰᠠᠯᠲᠠ﹀᠎ ᠶᠢᠨ ᠠᠵᠢᠯ ᠤᠨ ᠤᠳᠤᠷᠢᠳᠬᠤ ᠳᠤᠭᠤᠶᠢᠯᠠᠩ》᠎ ᠢ ᠪᠠᠶᠢᠭᠤᠯᠤᠬᠤ ᠲᠤᠬᠠᠢ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2018/4/25
      ᠴᠢᠩᠱᠠᠨ ᠵᠠᠰᠠᠭ ᠠᠯᠪᠠᠨ ᠲᠠᠷᠬᠠᠭᠠᠭᠰᠠᠨ [ 2018 ] 1 ᠳ᠋ᠦ᠋ᠭᠡᠷ ᠲᠤᠭᠠᠲᠦ《ᠴᠢᠩᠱᠠᠨ ᠲᠤᠭᠤᠷᠢᠭ ᠤᠨ ︿ᠬᠤᠲᠠ ᠶᠢᠨ ᠬᠤᠶᠠᠷ ᠵᠠᠰᠠᠯᠲᠠ﹀᠎ ᠶᠢᠨ ᠠᠵᠢᠯ ᠤᠨ ᠤᠳᠤᠷᠢᠳᠬᠤ ᠳᠤᠭᠤᠶᠢᠯᠠᠩ》᠎ ᠢ ᠪᠠᠶᠢᠭᠤᠯᠤᠬᠤ ᠲᠤᠬᠠᠢ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ        ᠲᠤᠭᠤᠷᠢᠭ ᠤᠨ ᠬᠠᠷᠢᠶ᠎ᠠ ᠳᠠᠬᠢ ᠡᠯ᠎ᠡ ᠬᠠᠮᠢᠶ᠎ᠠ ᠪᠦᠬᠦᠢ ᠪᠠᠶᠢᠭᠤᠯᠭ᠎ᠠ᠄      《ᠬᠤᠲᠠ ᠶᠢᠨ ᠬᠤᠶᠠᠷ ᠵᠠᠰᠠᠯᠲᠠ》︵ᠳᠠᠷᠤᠢ ᠠᠮᠢ ᠠᠬᠤᠢ ᠶᠢ ᠰᠡᠷᠭᠦᠭᠡᠨ ᠵᠠᠰᠠᠬᠤ ᠪᠠ ᠬᠤᠲᠠ ᠶᠢ ᠰᠡᠯᠪᠢᠨ ᠵᠠᠰᠠᠬᠤ︶᠎ ᠶᠢᠨ ᠠᠵᠢᠯ ᠢ ᠤᠷᠤᠭᠰᠢᠲᠠᠢ ᠪᠡᠶᠡᠯᠡᠭᠦᠯᠬᠦ ᠶᠢ ᠪᠠᠲᠤᠯᠠᠬᠤ ᠶᠢᠨ ᠲᠦᠯᠦᠭᠡ᠂ ᠲᠤᠭᠤᠷᠢᠭ ᠤᠨ ᠵᠠᠰᠠᠭ ᠤᠨ ᠤᠷᠳᠤᠨ ᠤ ᠵᠦᠪᠰᠢᠶᠡᠷᠡᠯ ᠢᠶᠠᠷ ᠳᠠᠮᠵᠢᠨ᠂ ᠴᠢᠩᠱᠠᠨ ᠲᠤᠭᠤᠷᠢᠭ ᠤᠨ《ᠬᠤᠲᠠ ᠶᠢᠨ ᠬᠤᠶᠠᠷ ᠵᠠᠰᠠᠯᠲᠠ》᠎ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠪᠠᠷ ᠰᠢᠢᠳᠪᠦᠷᠢ ᠲᠤᠭᠲᠠᠭᠠᠪᠠ᠂ ᠳᠤᠭᠤᠶᠢᠯᠠᠩ ᠤᠨ ᠪᠦᠷᠢᠯᠳᠦᠭᠦᠨ ᠨᠢ ᠳᠤᠤᠷᠠᠬᠢ ᠮᠡᠲᠦ᠄      ᠳᠤᠭᠤᠶᠢᠯᠠᠩ ᠤᠨ ᠳᠠᠷᠤᠭ᠎ᠠ᠄ ᠬᠤ᠋ ᠿᠦᠩ     ᠲᠤᠭᠤᠷᠢᠭ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠤᠷᠳᠤᠨ ᠤ ᠲᠤᠭᠤᠷᠢᠭ ᠤᠨ ᠳᠠᠷᠤᠭ᠎ᠠ      ᠳᠡᠳ᠋ ᠳᠤᠭᠤᠶᠢᠯᠠᠩ ᠤᠨ ᠳᠠᠷᠤᠭ᠎ᠠ᠄ ᠵᠠᠩ ᠯᠢ ᠵᠢᠶᠦ᠋ᠨ  ᠲᠤᠭᠤᠷᠢᠭ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠤᠷᠳᠤᠨ ᠤ ᠲᠤᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ      ᠯᠢ ᠫᠧᠢ ᠸᠧᠨ      ᠲᠤᠭᠤᠷᠢᠭ ᠤᠨ ᠵᠠᠰᠠᠭ ᠤᠨ ᠤᠷᠳᠦᠨ ᠤ ᠲᠤᠭᠤᠷᠢᠭ ᠤᠨ ᠳᠡᠳ᠋ ᠳᠠᠷᠤᠭ᠎ᠠ      ᠸᠠᠩ ᠶᠢᠨ ᠼᠠᠢ     ᠲᠤᠭᠤᠷᠢᠭ ᠤᠨ ᠵᠠᠰᠠᠭ ᠤᠨ ᠤᠷᠳᠦᠨ ᠤ ᠲᠤᠭᠤᠷᠢᠭ ᠤᠨ ᠳᠡᠳ᠋ ᠳᠠᠷᠤᠭ᠎ᠠ᠂ ᠴᠢᠩᠱᠠᠨ ᠎ ᠤ ᠳᠤᠲᠤᠭᠠᠲᠦ ᠶᠢ ᠬᠠᠮᠠᠭᠠᠯᠠᠬᠤ ᠬᠤᠪᠢᠶᠠᠷᠢ ᠲᠤᠪᠴᠢᠶᠠᠨ ᠤ ᠳᠠᠷᠤᠭ᠎ᠠ      ᠯᠢ ᠸᠧᠨ ᠰᠢᠶᠠ     ᠲᠤᠭᠤᠷᠢᠭ ᠤᠨ ᠵᠠᠰᠠᠭ ᠤᠨ ᠤᠷᠳᠦᠨ ᠤ ᠲᠤᠭᠤᠷᠢᠭ ᠤᠨ ᠳᠡᠳ᠋ ᠳᠠᠷᠤᠭ᠎ᠠ      ᠰᠢᠦᠢ ᠮᠣᠣ ᠬᠤᠸᠠ  ᠲᠤᠭᠤᠷᠢᠭ ᠤᠨ ᠵᠠᠰᠠᠭ ᠤᠨ ᠤᠷᠳᠦᠨ ᠤ ᠲᠤᠭᠤᠷᠢᠭ ᠤᠨ ᠳᠡᠳ᠋ ᠳᠠᠷᠤᠭ᠎ᠠ      ᠵᠢᠶᠠᠩ ᠪᠢᠨ        ᠲᠤᠭᠤᠷᠢᠭ ᠤᠨ ᠵᠠᠰᠠᠭ ᠤᠨ ᠤᠷᠳᠦᠨ ᠤ ᠲᠤᠭᠤᠷᠢᠭ ᠤᠨ ᠳᠡᠳ᠋ ᠳᠠᠷᠤᠭ᠎ᠠ      ᠭᠡᠰᠢᠭᠦᠳ᠄ ᠯᠢ ᠶᠥᠩ ᠭᠠᠩ      ᠲᠤᠭᠤᠷᠢᠭ ᠤᠨ ᠵᠠᠰᠠᠭ ᠤᠨ ᠤᠷᠳᠦᠨ ᠤ ᠠᠯᠪᠠᠨ ᠭᠡᠷ ᠤᠨ ᠡᠷᠬᠢᠯᠡᠭᠴᠢ      ᠴᠢᠶᠣᠣ ᠶᠤᠸᠠᠢ ᠧ        ᠲᠤᠭᠤᠷᠢᠭ ᠤᠨ ᠵᠠᠰᠠᠭ ᠤᠨ ᠤᠷᠳᠦᠨ ᠤ ᠠᠯᠪᠠᠨ ᠭᠡᠷ ᠤᠨ ᠳᠡᠳ᠋ ᠡᠷᠬᠢᠯᠡᠭᠴᠢ      ᠯᠢᠶᠠᠩ ᠭᠦᠢ ᠰᠢᠤᠸᠠᠨ     ᠲᠤᠭᠤᠷᠢᠭ ᠤᠨ ᠵᠠᠰᠠᠭ ᠤᠨ ᠤᠷᠳᠦᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ      ᠯᠢ ᠶᠠ ᠫᠢᠩ             ᠲᠤᠭᠤᠷᠢᠭ ᠤᠨ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠲᠤᠪᠴᠢᠶᠠᠨ ᠤ ᠳᠠᠷᠤᠭ᠎ᠠ      ᠬᠠᠨ ᠰᠢᠶᠣᠣ ᠫᠢᠩ        ᠲᠤᠭᠤᠷᠢᠭ ᠤᠨ ᠠᠵᠦ ᠠᠬᠤᠢ ᠰᠢᠨᠵᠢᠯᠡᠬᠦ ᠮᠡᠷᠭᠡᠵᠢᠯ ᠪᠠ ᠮᠡᠳᠡᠭᠡ ᠵᠠᠩᠭᠢᠴᠢᠯᠠᠯᠠᠲᠠ ᠶᠢᠨ ᠲᠤᠪᠴᠢᠶᠠᠨ ᠤ ᠳᠠᠷᠤᠭ᠎ᠠ      ᠯᠢ ᠸᠧᠨ ᠵᠢᠶᠧ           ᠲᠤᠭᠤᠷᠢᠭ ᠤᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶᠠᠨ ᠤ ᠳᠠᠷᠤᠭ᠎ᠠ      ᠱᠢ ᠰᠢᠶᠠᠩ ᠶᠠᠩ         ᠲᠤᠭᠤᠷᠢᠭ ᠤᠨ ᠲᠠᠷᠢᠶᠠᠯᠠᠩ ᠮᠠᠯ ᠠᠵᠦ ᠠᠬᠤᠢ ᠤᠢ ᠰᠢᠭᠤᠢ ᠤᠰᠤᠨ ᠠᠰᠢᠭᠯᠠᠯᠲᠠ ᠶᠢᠨ ᠲᠤᠪᠴᠢᠶᠠᠨ ᠤ ᠳᠠᠷᠤᠭ᠎ᠠ      ᠯᠢ ᠾᠧ ᠫᠢᠩ           ᠲᠤᠭᠤᠷᠢᠭ ᠤᠨ ᠰᠤᠶᠤᠯ ᠪᠡᠶ᠎ᠡ ᠲᠠᠮᠢᠷ ᠷᠠᠳᠢᠤ᠋ ᠵᠢᠭᠤᠯᠴᠢᠯᠠᠯ ᠤᠨ ᠲᠤᠪᠴᠢᠶᠠᠨ ᠤ ᠳᠠᠷᠤᠭ᠎ᠠ      ᠯᠢ ᠾᠧᠩ               ᠲᠤᠭᠤᠷᠢᠭ ᠤᠨ ᠤᠷᠤᠨ ᠰᠠᠭᠤᠴᠠ ᠶᠢᠨ ᠪᠠᠲᠤᠯᠠᠪᠦᠷᠢ ᠪᠠ ᠭᠡᠷ ᠪᠠᠶᠢᠰᠢᠩ ᠤᠨ ᠬᠠᠮᠢᠶᠠᠷᠤᠯᠲᠠ ᠶᠢᠨ ᠲᠤᠪᠴᠢᠶᠠᠨ ᠤ ᠳᠠᠷᠤᠭ᠎ᠠ      ᠵᠢᠶᠠᠩ ᠲᠢᠶᠠᠨ ᠴᠧᠩ     ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠤᠪᠢᠶᠠᠷᠢ ᠲᠤᠪᠴᠢᠶᠠᠨ ᠤ ᠳᠠᠷᠤᠭ᠎ᠠ      ᠳ᠋ᠦ᠋ ᠪᠢᠩ               ᠴᠢᠩᠱᠠᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠤᠪᠢᠶᠠᠷᠢ ᠲᠤᠪᠴᠢᠶᠠᠨ ᠤ ᠳᠠᠷᠤᠭ᠎ᠠ      ᠭᠤᠣ ᠵᠦ                ᠪᠠᠶᠠᠨ ᠬᠦᠴᠦᠷᠬᠡᠭ ᠵᠠᠮ ᠤᠨ ᠵᠡᠭᠡᠯᠢ ᠭᠤᠲᠤᠮᠵᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ᠂ ᠭᠡᠷᠡᠭ ᠡᠷᠬᠢᠯᠡᠬᠦ ᠭᠠᠵᠠᠷ ᠤᠨ ᠡᠷᠬᠢᠯᠡᠭᠴᠢ      ᠸᠠᠩ ᠱᠧᠩ             ᠵᠢᠷᠭᠠᠯᠠᠩᠲᠤ ᠵᠠᠮ ᠤᠨ ᠵᠡᠭᠡᠯᠢ ᠭᠤᠲᠤᠮᠵᠢ ᠶᠢᠨ ᠨᠠᠮ ᠤᠨ ᠠᠵᠢᠯ ᠤᠨ ᠵᠦᠪᠯᠡᠯ ᠎ ᠤᠨ ᠱᠦᠵᠢ᠂ ᠭᠡᠷᠡᠭ ᠡᠷᠬᠢᠯᠡᠬᠦ ᠭᠠᠵᠠᠷ ᠤᠨ ᠡᠷᠬᠢᠯᠡᠭᠴᠢ      ᠯᠢ ᠭᠥᠸᠧ ᠬᠤᠩ       ᠴᠢᠯᠦᠭᠡᠲᠦ ᠵᠠᠮ ᠤᠨ ᠵᠡᠭᠡᠯᠢ ᠭᠤᠲᠤᠮᠵᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ᠂ ᠭᠡᠷᠡᠭ ᠡᠷᠬᠢᠯᠡᠬᠦ ᠭᠠᠵᠠᠷ ᠤᠨ ᠡᠷᠬᠢᠯᠡᠭᠴᠢ     ᠳ᠋ᠠᠢ ᠶᠢᠩ ᠴᠢᠶᠠᠨ        ᠮᠦᠩᠭᠡᠵᠢᠯ ᠵᠠᠮ ᠤᠨ ᠵᠡᠭᠡᠯᠢ ᠭᠤᠲᠤᠮᠵᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ᠂ ᠭᠡᠷᠡᠭ ᠡᠷᠬᠢᠯᠡᠬᠦ ᠭᠠᠵᠠᠷ ᠤᠨ ᠡᠷᠬᠢᠯᠡᠭᠴᠢ     ᠵᠧᠩ ᠶᠥᠩ ᠰᠢᠦᠢ       ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠲᠤᠮᠵᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ᠂ ᠭᠡᠷᠡᠭ ᠡᠷᠬᠢᠯᠡᠬᠦ ᠭᠠᠵᠠᠷ ᠤᠨ ᠡᠷᠬᠢᠯᠡᠭᠴᠢ      ᠶᠦᠨ ᠰᠢᠶᠣᠣ ᠶᠠᠨ      ᠬᠤᠰᠢᠭᠤᠴᠢ ᠵᠠᠮ ᠤᠨ ᠵᠡᠭᠡᠯᠢ ᠭᠤᠲᠤᠮᠵᠢ ᠶᠢᠨ ᠨᠠᠮ ᠤᠨ ᠠᠵᠢᠯ ᠤᠨ ᠵᠦᠪᠯᠡᠯ ᠎ ᠤᠨ ᠱᠦᠵᠢ᠂ ᠭᠡᠷᠡᠭ ᠡᠷᠬᠢᠯᠡᠬᠦ ᠭᠠᠵᠠᠷ ᠤᠨ ᠡᠷᠬᠢᠯᠡᠭᠴᠢ      ᠵᠢᠶᠠ ᠰᠢᠶᠣᠣ ᠯᠢᠶᠠᠩ    ᠴᠢᠩᠱᠠᠨ ᠵᠠᠮ ᠤᠨ ᠵᠡᠭᠡᠯᠢ ᠭᠤᠲᠤᠮᠵᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ᠂ ᠭᠡᠷᠡᠭ ᠡᠷᠬᠢᠯᠡᠬᠦ ᠭᠠᠵᠠᠷ ᠤᠨ ᠡᠷᠬᠢᠯᠡᠭᠴᠢ      ᠯᠢ ᠸᠧᠨ ᠭᠠᠩ          ᠤᠰᠤᠲᠦ ᠵᠡᠭᠡᠯᠢ ᠭᠤᠲᠤᠮᠵᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ᠂ ᠭᠡᠷᠡᠭ ᠡᠷᠬᠢᠯᠡᠬᠦ ᠭᠠᠵᠠᠷ ᠤᠨ ᠡᠷᠬᠢᠯᠡᠭᠴᠢ      ᠰᠥᠩ ᠸᠧᠢ             ᠴᠢᠩ ᠹᠦ᠋ ᠪᠠᠯᠭᠠᠰᠤᠨ ᠤ ᠳᠠᠷᠤᠭ᠎ᠠ      ᠭᠥᠸᠧ ᠵᠢᠶᠠᠨ ᠭᠤᠸᠠᠩ   ᠰᠢᠩ ᠱᠧᠩ ᠪᠠᠯᠭᠠᠰᠤᠨ ᠤ ᠳᠠᠷᠤᠭ᠎ᠠ      ᠯᠢ ᠬᠤᠸᠠᠢ ᠵᠦᠩ        ᠴᠢᠩᠱᠠᠨ ᠤ ᠵᠠᠮ ᠬᠠᠷᠢᠯᠴᠠᠭ᠎ᠠ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠵᠢᠭᠠᠪᠦᠷᠢᠯᠠᠭᠴᠢ      ᠯᠢ ᠰᠢᠦᠢ               ᠴᠢᠩᠱᠠᠨ ᠤᠯᠤᠰ ᠤᠨ ᠭᠠᠵᠠᠷ ᠰᠢᠷᠤᠢ ᠤᠨ ᠡᠬᠢ ᠪᠠᠶᠠᠯᠢᠭ ᠤᠨ ᠲᠤᠪᠴᠢᠶᠠᠨ ᠤ ᠳᠠᠷᠤᠭ᠎ᠠ      ᠸᠠᠩ ᠵᠢᠶᠠᠨ ᠮᠢᠨ        ᠴᠢᠩᠱᠠᠨ ᠤ ᠲᠦᠯᠦᠪᠵᠢᠭᠦᠯᠭᠡ ᠶᠢᠨ ᠬᠤᠪᠢᠶᠠᠷᠢ ᠲᠤᠪᠴᠢᠶᠠᠨ ᠤ ᠲᠤᠪᠴᠢᠶᠠᠨ ᠳᠠᠷᠤᠭ᠎ᠠ      ᠸᠠᠩ ᠵᠢᠶᠦ᠋ᠨ            ᠲᠤᠭᠤᠷᠢᠭ ᠤᠨ ᠤᠶᠢᠯᠠᠯᠭ᠎ᠠ ᠶᠢᠨ ᠠᠯᠪᠠᠨ ᠭᠡᠷ ᠤᠨ ᠡᠷᠬᠢᠯᠡᠭᠴᠢ      ᠶᠠᠩ ᠿᠦᠢ ᠶᠠᠨ         ᠲᠤᠭᠤᠷᠢᠭ ᠤᠨ ᠡᠳ᠋ ᠶᠢᠨ ᠵᠠᠰᠠᠭ ᠤᠨ ᠲᠤᠪᠴᠢᠶ᠎ᠠ ᠶᠢᠨ ᠡᠷᠬᠢᠯᠡᠭᠴᠢ ᠠᠵᠢᠯᠲᠠᠨ      ᠯᠢᠦ ᠬᠠᠢ ᠮᠢᠩ           ᠠᠭᠤᠯᠠ ᠤᠢ ᠰᠢᠭᠤᠢ ᠤᠨ ᠪᠦᠲᠦᠭᠡᠨ ᠪᠠᠶᠢᠭᠤᠯᠬᠤ ᠠᠵᠢᠯ ᠤᠨ ᠦᠷᠲᠡᠭᠡ ᠎ ᠶᠢᠨ ᠳᠠᠷᠤᠭ᠎ᠠ      ᠰᠥᠩ ᠵᠢᠶᠠᠨ ᠭᠠᠩ      ᠤᠮᠠᠷᠠᠲᠦ ᠲᠡᠭᠦᠷᠭᠡ ᠶᠢᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠎ ᠶᠢᠨ ᠶᠡᠭᠡ ᠠᠩᠭᠢ ᠶᠢᠨ ᠳᠡᠳ᠋ ᠠᠩᠬᠢ ᠶᠢᠨ ᠳᠠᠷᠤᠭ᠎ᠠ      ᠤᠳᠤᠷᠢᠳᠬᠤ ᠳᠤᠭᠤᠶᠢᠯᠠᠩ ᠳᠤ ᠶᠡᠷᠦᠩᠬᠡᠶᠢᠯᠡᠨ ᠵᠤᠬᠢᠴᠠᠭᠤᠯᠬᠤ ᠳᠤᠭᠤᠶᠢᠯᠠᠩ᠂ ᠬᠤᠲᠠ ᠶᠢᠨ ᠵᠠᠰᠠᠮᠠᠯ ᠵᠠᠮ᠂ ᠨᠤᠭᠤᠭᠠᠷᠠᠭᠤᠯᠤᠯᠲᠠ ᠶᠢᠨ ᠳᠤᠭᠤᠶᠢᠯᠠᠩ᠂ ᠤᠢ ᠰᠢᠭᠤᠢ ᠤᠨ ᠦᠢᠯᠡᠰ ᠤᠨ ᠠᠮᠢ ᠠᠬᠤᠢ ᠤᠨ ᠳᠤᠭᠤᠶᠢᠯᠠᠩ᠂ ᠠᠭᠤᠯᠠ ᠬᠠᠶᠢᠷᠬᠠᠨ ᠢ ᠶᠡᠷᠦᠩᠬᠡᠶᠢᠯᠡᠨ ᠵᠠᠰᠠᠬᠤ ᠳᠤᠭᠤᠶᠢᠯᠠᠩ᠂ ᠬᠤᠲᠠ ᠶᠢᠨ ᠦᠵᠡᠮᠵᠢ ᠶᠢᠨ ᠴᠢᠳᠠᠪᠬᠢ ᠶᠢ ᠳᠡᠭᠡᠭᠰᠢᠯᠡᠬᠦᠯᠬᠦ ᠳᠤᠭᠤᠶᠢᠯᠠᠩ᠂ ᠬᠠᠭᠤᠴᠢᠨ ᠪᠠᠭ᠎ᠠ ᠬᠤᠷᠢᠶᠠᠯᠠᠯ ᠢ ᠦᠭᠡᠷᠡᠴᠢᠯᠡᠨ ᠵᠠᠰᠠᠬᠤ ᠳᠤᠭᠤᠶᠢᠯᠠᠩ᠂ ᠠᠭᠠᠷ ᠮᠠᠨᠳᠠᠯ ᠬᠦᠷᠦᠰᠦ ᠰᠢᠷᠤᠢ ᠶᠢ ᠵᠠᠰᠠᠬᠤ ᠳᠤᠭᠤᠶᠢᠯᠠᠩ᠂ ᠵᠠᠮ ᠬᠠᠷᠢᠯᠴᠠᠭ᠎ᠠ ᠶᠢ ᠰᠠᠶᠢᠵᠢᠷᠠᠭᠤᠯᠬᠤ ᠳᠤᠭᠤᠶᠢᠯᠠᠩ᠂ ᠰᠤᠶᠤᠯ ᠵᠢᠭᠤᠯᠴᠢᠯᠠᠯ ᠎ ᠤᠨ ᠠᠭᠤᠰᠤᠯᠴᠠᠯ ᠤᠨ ᠳᠤᠭᠤᠶᠢᠯᠠᠩ ᠵᠡᠷᠭᠡ 9 ᠠᠵᠢᠯ ᠤᠨ ᠳᠤᠭᠤᠶᠢᠯᠠᠩ ᠢ ᠲᠤᠬᠢᠷᠠᠭᠤᠯᠵᠦ᠂ ᠪᠤᠳᠠᠲᠠᠢ ᠲᠦᠷᠦᠭᠦᠯᠡᠨ ᠬᠠᠷᠢᠭᠤᠴᠠᠬᠤ ᠪᠠᠶᠢᠭᠤᠯᠭ᠎ᠠ ᠪᠠ ᠡᠭᠦᠷᠭᠡ ᠬᠠᠷᠢᠭᠤᠴᠠᠯᠭ᠎ᠠ ᠨᠢ ᠳᠤᠤᠷᠠᠬᠢ ᠮᠡᠲᠦ᠄      1.ᠶᠡᠷᠦᠩᠬᠡᠶᠢᠯᠡᠨ ᠵᠤᠬᠢᠴᠠᠭᠤᠯᠬᠤ ᠳᠤᠭᠤᠶᠢᠯᠠᠩ᠄ ᠴᠢᠩᠱᠠᠨ ᠤ ᠲᠦᠯᠦᠪᠵᠢᠭᠦᠯᠭᠡ ᠶᠢᠨ ᠬᠤᠪᠢᠶᠠᠷᠢ ᠲᠤᠪᠴᠢᠶᠠᠨ ᠤ ᠳᠠᠷᠤᠭ᠎ᠠ ᠠᠴᠠ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠦ᠂ ᠲᠤᠭᠤᠷᠢᠭ ᠤᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ ᠪᠠ ᠴᠢᠩᠱᠠᠨ ᠤ ᠲᠦᠯᠦᠪᠵᠢᠭᠦᠯᠭᠡ ᠶᠢᠨ ᠬᠤᠪᠢᠶᠠᠷᠢ ᠲᠤᠪᠴᠢᠶ᠎ᠠ ᠠᠴᠠ ᠲᠦᠷᠦᠭᠦᠯᠦᠨ ᠠᠵᠢᠯᠯᠠᠨ᠎ᠠ᠃      ᠶᠡᠷᠦᠩᠬᠡᠶᠢᠯᠡᠨ ᠵᠤᠬᠢᠴᠠᠭᠤᠯᠬᠤ ᠳᠤᠭᠤᠶᠢᠯᠠᠩ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠴᠢᠩᠱᠠᠨ ᠤ ᠲᠦᠯᠦᠪᠵᠢᠭᠦᠯᠭᠡ ᠶᠢᠨ ᠬᠤᠪᠢᠶᠠᠷᠢ ᠲᠤᠪᠵᠢᠶᠠᠨ ᠳᠤ ᠲᠤᠬᠢᠷᠠᠭᠤᠯᠵᠦ᠂ ᠤᠳᠤᠷᠢᠳᠬᠤ ᠳᠤᠭᠤᠶᠢᠯᠠᠩ ᠤᠨ ᠡᠳᠦᠷ ᠳᠤᠲᠤᠮ ᠤᠨ ᠠᠵᠢᠯ ᠢ ᠬᠠᠷᠢᠭᠤᠴᠠᠵᠦ᠂ ᠪᠤᠰᠤᠳ ᠠᠵᠢᠯ ᠤᠨ ᠳᠤᠭᠤᠶᠢᠯᠠᠩ ᠢ ᠬᠠᠮᠵᠢᠯᠴᠠᠨ ᠠᠵᠢᠯ ᠢ ᠦᠷᠨᠢᠭᠦᠯᠦᠨ᠎ᠡ᠃ ᠬᠤᠯᠪᠤᠭᠳᠠᠯ ᠪᠦᠬᠦᠢ ᠬᠤᠷᠠᠯᠳᠤᠭᠠᠨ ᠢ ᠵᠤᠭᠢᠶᠠᠨ ᠪᠠᠶᠢᠭᠤᠯᠤᠨ ᠬᠤᠷᠠᠯᠳᠤᠬᠤ᠂ ᠡᠯ᠎ᠡ ᠲᠦᠷᠦᠯ ᠤᠨ ᠪᠢᠴᠢᠭ ᠮᠠᠲ᠋ᠧᠷᠢᠶᠠᠯ ᠢ ᠲᠤᠭᠤᠷᠪᠢᠨ ᠵᠤᠬᠢᠶᠠᠬᠤ ᠶᠢ ᠬᠠᠷᠢᠭᠤᠴᠠᠨ᠎ᠠ︔《ᠬᠤᠲᠠ ᠶᠢᠨ ᠬᠤᠶᠠᠷ ᠵᠠᠰᠠᠯᠲᠠ》᠎ ᠶᠢᠨ ᠶᠡᠷᠦᠩᠬᠡᠢ ᠲᠦᠯᠦᠪᠵᠢᠭᠦᠯᠭᠡ ᠶᠢ ᠨᠠᠶᠢᠷᠠᠭᠤᠯᠬᠤ ᠪᠠ《ᠬᠤᠲᠠ ᠶᠢᠨ ᠬᠤᠶᠠᠷ ᠵᠠᠰᠠᠯᠲᠠ》᠎ ᠶᠢᠨ ᠶᠡᠷᠦᠩᠬᠡᠢ ᠠᠵᠢᠯᠯᠠᠭᠠᠨ ᠤ ᠲᠦᠯᠦᠪᠵᠢᠭᠦᠯᠭᠡ ᠲᠤᠭᠲᠠᠭᠠᠬᠤ ᠶᠢ ᠬᠠᠷᠢᠭᠤᠴᠠᠨ᠎ᠠ︔ ᠪᠤᠰᠤᠳ ᠠᠵᠢᠯ ᠤᠨ ᠳᠤᠭᠤᠶᠢᠯᠠᠩ ᠤᠨ ᠡᠯ᠎ᠡ ᠬᠡᠷᠡᠭᠵᠢᠭᠦᠯᠭᠦ ᠲᠦᠯᠦᠪᠵᠢᠭᠦᠯᠭᠡ ᠲᠦᠯᠦᠪᠯᠡᠭᠡ ᠨᠠᠶᠢᠷᠠᠭᠤᠯᠬᠤ ᠶᠢ ᠬᠢᠨᠠᠨ ᠪᠠᠶᠢᠴᠠᠭᠠᠵᠦ᠂ ᠮᠡᠳᠡᠭᠦᠯᠦᠨ ᠵᠦᠪᠰᠢᠶᠡᠷᠡᠭᠦᠯᠬᠦ ᠠᠵᠢᠯ ᠢ ᠵᠤᠬᠢᠴᠠᠭᠤᠯᠵᠦ ᠲᠦᠯᠬᠢᠨ ᠠᠬᠢᠭᠤᠯᠬᠤ ᠶᠢ ᠬᠠᠷᠢᠭᠤᠴᠠᠨ᠎ᠠ︔ ᠳᠡᠭᠡᠲᠦ ᠱᠠᠲᠦᠨ ᠤ ᠪᠠᠶᠢᠭᠤᠯᠭ᠎ᠠ ᠲᠠᠢ ᠰᠤᠯᠢᠯᠴᠠᠵᠦ ᠨᠡᠪᠲᠡᠷᠡᠯᠴᠡᠨ ᠵᠤᠬᠢᠴᠠᠭᠤᠯᠬᠤ ᠵᠡᠷᠭᠡ ᠠᠵᠢᠯ ᠢ ᠬᠠᠷᠢᠭᠤᠴᠠᠨ᠎ᠠ᠃        2. ᠬᠤᠲᠠ ᠶᠢᠨ ᠵᠠᠰᠠᠮᠠᠯ ᠵᠠᠮ ᠨᠤᠭᠤᠭᠠᠷᠠᠭᠤᠯᠤᠯᠲᠠ ᠶᠢᠨ ᠳᠤᠭᠤᠶᠢᠯᠠᠩ᠄ ᠲᠤᠭᠤᠷᠢᠭ ᠤᠨ ᠬᠤᠲᠠ ᠬᠦᠳᠡᠭᠡ ᠎ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶᠠᠨ ᠤ ᠳᠠᠷᠤᠭ᠎ᠠ ᠠᠴᠠ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠎ ᠢ ᠬᠠᠷᠢᠭᠤᠴᠠᠨ᠂ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ ᠠᠴᠠ ᠲᠦᠷᠦᠭᠦᠯᠦᠨ ᠠᠵᠢᠯᠯᠠᠨ᠎ᠠ᠃      ᠬᠤᠲᠠ ᠶᠢᠨ ᠵᠠᠰᠠᠮᠠᠯ ᠵᠠᠮ ᠨᠤᠭᠤᠭᠠᠷᠠᠭᠤᠯᠤᠯᠲᠠ ᠶᠢᠨ ᠳᠤᠭᠤᠶᠢᠯᠠᠩ ᠨᠢ ᠨᠡᠶᠢᠲᠡ ᠶᠢᠨ ᠦᠢᠯᠴᠢᠯᠡᠭᠡᠨ ᠤ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠵᠤᠬᠢᠰᠲᠠᠢ ᠲᠤᠭᠲᠠᠭᠠᠨ᠂ ᠡᠯ᠎ᠡ ᠲᠦᠷᠦᠯ ᠤᠨ ᠲᠦᠭᠦᠭᠡᠷᠦᠮᠵᠢ ᠶᠢ ᠪᠦᠷᠢᠨ ᠲᠡᠬᠦᠯᠳᠡᠷ ᠪᠤᠯᠭᠠᠬᠤ ᠶᠢ ᠬᠠᠷᠢᠭᠤᠴᠠᠨ᠎ᠠ︔ ᠵᠠᠮ ᠤᠨ ᠬᠠᠮᠢᠶᠠᠷᠤᠯᠲᠠ ᠶᠢᠨ ᠲᠤᠤᠷ ᠶᠢᠨ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠶᠢ ᠬᠠᠷᠢᠭᠤᠴᠠᠨ᠎ᠠ︔ ᠲᠤᠰᠤᠲᠦ ᠤᠰᠤᠨ ᠭᠤᠤᠯ᠂ ᠴᠢᠨᠳᠠᠭᠠᠨ ᠴᠠᠭᠠᠨ ᠭᠤᠤᠯ ᠵᠡᠷᠭᠡ ᠤᠰᠤᠨ ᠰᠤᠪᠠᠭ ᠲᠤ ᠵᠠᠰᠠᠯᠲᠠ ᠬᠢᠬᠦ ᠶᠢ ᠬᠠᠷᠢᠭᠤᠴᠠᠨ᠎ᠠ︔ ᠬᠤᠲᠠ ᠶᠢᠨ ᠴᠡᠴᠡᠷᠯᠢᠭᠵᠢᠭᠦᠯᠭᠡ ᠶᠢᠨ ᠨᠤᠭᠤᠭᠠᠷᠠᠭᠤᠯᠤᠯᠲᠠ ᠶᠢᠨ ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠨ ᠪᠠᠶᠢᠭᠤᠯᠬᠤ ᠢᠨᠵᠧᠨᠧᠷᠢᠩ ᠪᠠ ᠳᠡᠰ ᠳᠡᠪᠰᠢᠭᠦᠯᠬᠦ ᠲᠦᠷᠦᠯ ᠵᠦᠢᠯ ᠢ ᠪᠡᠶᠡᠯᠡᠭᠦᠯᠬᠦ ᠶᠢ ᠬᠠᠷᠢᠭᠤᠴᠠᠨ᠎ᠠ᠃        3.ᠤᠢ ᠰᠢᠭᠤᠢ ᠤᠨ ᠦᠢᠯᠡᠰ ᠤᠨ ᠠᠮᠢ ᠠᠬᠤᠢ ᠤᠨ ᠳᠤᠭᠤᠶᠢᠯᠠᠩ᠄ ᠲᠤᠭᠤᠷᠢᠭ ᠤᠨ ᠲᠠᠷᠢᠶᠠᠯᠠᠩ ᠮᠠᠯ ᠠᠵᠦ ᠠᠬᠤᠢ ᠤᠢ ᠰᠢᠭᠤᠢ ᠤᠰᠤᠨ ᠠᠰᠢᠭᠯᠠᠯᠲᠠ ᠶᠢᠨ ᠲᠤᠪᠴᠢᠶᠠᠨ ᠤ ᠳᠠᠷᠤᠭ᠎ᠠ ᠠᠴᠠ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠦ᠂ ᠲᠤᠭᠤᠷᠢᠭ ᠤᠨ ᠲᠠᠷᠢᠶᠠᠯᠠᠩ ᠮᠠᠯ ᠠᠵᠦ ᠠᠬᠤᠢ ᠤᠢ ᠰᠢᠭᠤᠢ ᠤᠰᠤᠨ ᠤ ᠠᠰᠢᠭᠯᠠᠯᠲᠠ ᠎ ᠶᠢᠨ ᠲᠤᠪᠴᠢᠶ᠎ᠠ ᠠᠴᠠ ᠲᠦᠷᠦᠭᠦᠯᠦᠨ᠂ ᠴᠢᠩᠱᠠᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠤᠪᠢᠶᠠᠷᠢ ᠲᠤᠪᠴᠢᠶ᠎ᠠ᠂ ᠴᠢᠩ ᠹᠦ᠋ ᠪᠠᠯᠭᠠᠰᠤ᠂ ᠰᠢᠩ ᠱᠧᠩ ᠪᠠᠯᠭᠠᠰᠤ᠂ ᠴᠢᠩᠱᠠᠨ ᠤ ᠤᠯᠤᠰ ᠤᠨ ᠭᠠᠵᠠᠷ ᠰᠢᠷᠤᠢ ᠤᠨ ᠡᠬᠢ ᠪᠠᠶᠠᠯᠢᠭ ᠤᠨ ᠲᠤᠪᠴᠢᠶ᠎ᠠ ᠬᠠᠮᠵᠢᠯᠴᠠᠨ ᠠᠵᠢᠯᠯᠠᠨ᠎ᠠ᠃      ᠤᠢ ᠰᠢᠭᠤᠢ ᠤᠨ ᠦᠢᠯᠡᠰ ᠤᠨ ᠠᠮᠢ ᠠᠬᠤᠢ ᠤᠨ ᠳᠤᠭᠤᠶᠢᠯᠠᠩ ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠎ ᠢ ᠵᠤᠬᠢᠶᠠᠨ ᠪᠠᠶᠢᠭᠤᠯᠵᠦ᠂ ᠬᠠᠮᠢᠶ᠎ᠠ ᠪᠦᠬᠦᠢ ᠬᠡᠷᠡᠭᠵᠢᠬᠦᠯᠬᠦ ᠲᠦᠯᠦᠪᠵᠢᠭᠦᠯᠭᠡ ᠲᠦᠯᠦᠪᠯᠡᠭᠡ ᠶᠢ ᠨᠠᠶᠢᠷᠠᠭᠤᠯᠬᠤ ᠶᠢ ᠬᠠᠷᠢᠭᠤᠴᠠᠨ᠎ᠠ︔ ᠤᠯᠤᠰ ᠤᠨ ᠭᠤᠤᠯᠳᠠᠯᠭᠠᠲᠦ ᠤᠢ ᠰᠢᠭᠤᠢ ᠤᠨ ᠦᠢᠯᠡᠰ ᠤᠨ ᠢᠨᠵᠧᠨᠧᠷᠢᠩ ᠤᠨ ᠠᠵᠢᠯ ᠢ ᠪᠠᠶᠡᠯᠡᠭᠦᠯᠬᠦ ᠶᠢ ᠬᠠᠷᠢᠭᠤᠴᠠᠨ᠎ᠠ︔ ᠤᠰᠤᠨ ᠰᠤᠶᠤᠯᠲᠦ ᠬᠤᠲᠠ ᠪᠠ ᠤᠰᠤᠨ ᠰᠠᠪᠠ ᠭᠠᠵᠠᠷ ᠢ ᠨᠢᠭᠡᠲᠦᠯᠲᠡᠢ ᠵᠠᠰᠠᠬᠤ ᠬᠠᠷᠠᠭᠠᠰᠤ ᠠᠴᠠ ᠡᠭᠦᠰᠴᠦ᠂ ᠭᠤᠤᠯᠳᠠᠯᠭ᠎ᠠ ᠨᠢ ᠭᠤᠤᠯ ᠮᠦᠷᠡᠨ ᠨᠠᠭᠤᠷ ᠬᠤᠯᠪᠤᠯᠳᠤᠨ ᠨᠡᠪᠲᠡᠷᠡᠯᠴᠡᠬᠦᠯᠬᠦ ᠢᠨᠵᠧᠨᠧᠷᠢᠩ ᠢ ᠰᠢᠯᠢᠳᠡᠭᠵᠢᠭᠦᠯᠬᠦ᠂ ᠬᠤᠲᠠ ᠶᠢᠨ ᠤᠰᠤᠨ ᠤ ᠠᠮᠢ ᠠᠬᠤᠢ ᠶᠢ ᠳᠡᠭᠡᠭᠰᠢᠯᠡᠬᠦᠯᠵᠦ ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠢ ᠪᠤᠳᠤᠯᠬᠢᠯᠠᠬᠤ ᠶᠢ ᠬᠠᠷᠢᠭᠤᠴᠠᠨ᠎ᠠ᠃      4.ᠠᠭᠤᠯᠠ ᠬᠠᠶᠢᠷᠬᠠᠨ ᠢ ᠶᠡᠷᠥᠩᠬᠡᠶᠢᠯᠡᠨ ᠵᠠᠰᠠᠬᠤ ᠳᠤᠭᠤᠶᠢᠯᠠᠩ᠄ ᠲᠤᠭᠤᠷᠢᠭ ᠤᠨ ᠲᠠᠷᠢᠶᠠᠯᠠᠩ ᠮᠠᠯ ᠠᠵᠦ ᠠᠬᠤᠢ ᠤᠢ ᠰᠢᠭᠤᠢ ᠤᠰᠤᠨ ᠠᠰᠢᠭᠯᠠᠯᠲᠠ ᠶᠢᠨ ᠲᠤᠪᠴᠢᠶᠠᠨ ᠤ ᠳᠠᠷᠤᠭ᠎ᠠ ᠠᠴᠠ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠨ᠂ ᠲᠤᠭᠤᠷᠢᠭ ᠤᠨ ᠲᠠᠷᠢᠶᠠᠯᠠᠩ ᠮᠠᠯ ᠠᠵᠦ ᠠᠬᠤᠢ ᠤᠢ ᠰᠢᠭᠤᠢ ᠤᠰᠤᠨ‌ᠠᠰᠢᠭᠯᠠᠯᠲᠠ ᠶᠢᠨ ᠲᠤᠪᠴᠢᠶ᠎ᠠ ᠲᠦᠷᠦᠭᠦᠯᠦᠨ᠂ ᠴᠢᠩᠱᠠᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠤᠪᠢᠶᠠᠷᠢ ᠲᠤᠪᠴᠢᠶ᠎ᠠ᠂ ᠴᠢᠩ ᠹᠦ᠋ ᠪᠠᠯᠭᠠᠰᠤ᠂ ᠰᠢᠩ ᠱᠧᠩ ᠪᠠᠯᠭᠠᠰᠤ᠂ ᠴᠢᠩᠱᠠᠨ ᠤ ᠤᠯᠤᠰ ᠤᠨ ᠭᠠᠵᠠᠷ ᠰᠢᠷᠤᠢ ᠤᠨ ᠡᠬᠢ ᠪᠠᠶᠠᠯᠢᠭ ᠤᠨ ᠲᠤᠪᠴᠢᠶ᠎ᠠ ᠬᠠᠮᠵᠢᠯᠴᠠᠨ ᠠᠵᠢᠯᠯᠠᠨ᠎ᠠ᠃      ᠠᠭᠤᠯᠠ ᠬᠠᠶᠢᠷᠬᠠᠨ ᠢ ᠶᠡᠷᠥᠩᠬᠡᠶᠢᠯᠡᠨ ᠵᠠᠰᠠᠬᠤ ᠳᠤᠭᠤᠶᠢᠯᠠᠩ ᠨᠢ ᠳᠠᠯᠠᠨ ᠬᠠᠷ᠎ᠠ ᠠᠭᠤᠯᠠ ᠶᠢᠨ ᠠᠮᠢ ᠠᠬᠤᠢ ᠎ ᠤᠨ ᠪᠦᠲᠦᠭᠡᠨ ᠪᠠᠶᠢᠭᠤᠯᠤᠯᠲᠠ ᠪᠠ ᠤᠷᠴᠢᠨ ᠲᠤᠭᠤᠷᠢᠨ ᠢ ᠵᠠᠰᠠᠬᠤ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠬᠦ ᠎ ᠶᠢ ᠬᠠᠷᠢᠭᠤᠴᠠᠨ᠎ᠠ︔ ᠨᠡᠭᠦᠷᠡᠰᠤ ᠶᠢᠨ ᠪᠤᠰᠤ ᠠᠭᠤᠷᠬᠠᠢ ᠶᠢ ᠵᠠᠰᠠᠬᠤ ᠪᠠ ᠠᠮᠢ ᠠᠬᠤᠢ ᠶᠢᠨ ᠰᠡᠷᠭᠦᠭᠡᠨ ᠵᠠᠰᠠᠬᠤ ᠢᠨᠵᠧᠨᠧᠷᠢᠩ ᠢ ᠪᠡᠶᠡᠯᠡᠭᠦᠯᠬᠦ ᠶᠢ ᠬᠠᠷᠢᠭᠤᠴᠠᠨ᠎ᠠ᠃      5.ᠬᠤᠲᠠ ᠶᠢᠨ ᠦᠵᠡᠮᠵᠢ ᠶᠢᠨ ᠴᠢᠳᠠᠪᠬᠢ ᠶᠢ ᠳᠡᠭᠡᠭᠰᠢᠯᠡᠬᠦᠯᠬᠦ ᠳᠤᠭᠤᠶᠢᠯᠠᠩ᠄ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠤᠪᠢᠶᠠᠷᠢ ᠲᠤᠪᠴᠢᠶᠠᠨ ᠤ ᠳᠠᠷᠤᠭ᠎ᠠ ᠠᠴᠠ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠨ᠂ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠤᠪᠢᠶᠠᠷᠢ ᠲᠤᠪᠴᠢᠶ᠎ᠠ ᠲᠦᠷᠦᠭᠦᠯᠦᠨ᠂ ᠲᠤᠭᠤᠷᠢᠭ ᠤᠨ ᠤᠷᠤᠨ ᠰᠠᠭᠤᠴᠠ ᠶᠢᠨ ᠪᠠᠲᠤᠯᠠᠪᠦᠷᠢ ᠪᠠ ᠭᠡᠷ ᠪᠠᠶᠢᠰᠢᠩ ᠤᠨ ᠬᠠᠮᠢᠶᠠᠷᠤᠯᠲᠠ ᠶᠢᠨ ᠲᠤᠪᠴᠢᠶ᠎ᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ ᠠᠴᠠ ᠬᠠᠮᠵᠢᠯᠴᠠᠨ ᠠᠵᠢᠯᠯᠠᠨ᠎ᠠ᠃      ᠬᠤᠲᠠ ᠶᠢᠨ ᠦᠵᠡᠮᠵᠢ ᠶᠢᠨ ᠴᠢᠳᠠᠪᠬᠢ ᠶᠢ ᠳᠡᠭᠡᠭᠰᠢᠯᠡᠬᠦᠯᠬᠦ ᠳᠤᠭᠤᠶᠢᠯᠠᠩ ᠨᠢ ᠬᠠᠮᠢᠶ᠎ᠠ ᠪᠦᠬᠦᠢ ᠪᠠᠶᠢᠭᠤᠯᠭ᠎ᠠ ᠪᠠ ᠪᠠᠯᠭᠠᠰᠤ ᠶᠢ ᠵᠤᠬᠢᠶᠠᠨ ᠪᠠᠶᠢᠭᠤᠯᠵᠦ ᠬᠤᠯᠪᠤᠭᠳᠠᠯ ᠪᠦᠬᠦᠢ ᠬᠡᠷᠡᠭᠵᠢᠬᠦᠯᠬᠦ ᠲᠦᠯᠦᠪᠵᠢᠭᠦᠯᠭᠡ ᠲᠦᠯᠦᠪᠯᠡᠭᠡ ᠨᠠᠶᠢᠷᠠᠭᠤᠯᠬᠤ ᠶᠢ ᠬᠠᠷᠢᠭᠤᠴᠠᠨ᠎ᠠ︔ ᠦᠵᠡᠮᠵᠢ ᠶᠢᠨ ᠳᠠᠭᠤᠷᠢᠶᠠᠯᠲᠦ ᠵᠡᠭᠡᠯᠢ ᠭᠤᠲᠤᠮᠵᠢ ᠪᠠ ᠬᠤᠲᠠ ᠶᠢᠨ ᠭᠡᠷᠡᠯᠲᠦᠭᠦᠯᠭᠡ ᠶᠢᠨ ᠢᠨᠵᠧᠨᠧᠷᠢᠩ ᠢ ᠬᠠᠷᠢᠭᠤᠴᠠᠨ᠎ᠠ᠃      6.ᠬᠠᠭᠤᠴᠢᠨ ᠪᠠᠭ᠎ᠠ ᠬᠤᠷᠢᠶᠠᠯᠠᠯ ᠢ ᠦᠭᠡᠷᠡᠴᠢᠯᠡᠨ ᠵᠠᠰᠠᠬᠤ ᠳᠤᠭᠤᠶᠢᠯᠠᠩ᠄ ᠲᠤᠭᠤᠷᠢᠭ ᠤᠨ ᠤᠷᠤᠨ ᠰᠠᠭᠤᠴᠠ ᠶᠢᠨ ᠪᠠᠲᠤᠯᠠᠪᠦᠷᠢ ᠪᠠ ᠭᠡᠷ ᠪᠠᠶᠢᠰᠢᠩ ᠤᠨ ᠬᠠᠮᠢᠶᠠᠷᠤᠯᠲᠠ ᠶᠢᠨ ᠲᠤᠪᠴᠢᠶᠠᠨ ᠤ ᠳᠠᠷᠤᠭ᠎ᠠ ᠠᠴᠠ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠨ᠂ ᠲᠤᠭᠤᠷᠢᠭ ᠤᠨ ᠤᠷᠤᠨ ᠰᠠᠭᠤᠴᠠ ᠶᠢᠨ ᠪᠠᠲᠤᠯᠠᠪᠦᠷᠢ ᠪᠠ ᠭᠡᠷ ᠪᠠᠶᠢᠰᠢᠩ ᠤᠨ ᠬᠠᠮᠢᠶᠠᠷᠤᠯᠲᠠ ᠵᠢᠨ‌‍ᠲ᠋ᠤᠪᠴᠢᠶ᠎ᠠ ᠲᠦᠷᠦᠭᠦᠯᠦᠨ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ ᠬᠠᠮᠲᠦᠷᠠᠨ ᠠᠵᠢᠯᠯᠠᠨ᠎ᠠ᠃      ᠬᠠᠭᠤᠴᠢᠨ ᠪᠠᠭ᠎ᠠ ᠬᠤᠷᠢᠶᠠᠯᠠᠯ ᠢ ᠦᠭᠡᠷᠡᠴᠢᠯᠡᠨ ᠵᠠᠰᠠᠬᠤ ᠳᠤᠭᠤᠶᠢᠯᠠᠩ ᠨᠢ ᠪᠤᠷᠤ ᠭᠡᠷ ᠤᠨ ᠲᠤᠭᠤᠷᠢᠭ ᠪᠠ ᠬᠠᠭᠤᠴᠢᠨ ᠪᠠᠭ᠎ᠠ ᠬᠤᠷᠢᠶᠠᠯᠠᠯ ᠢ ᠵᠠᠰᠠᠨ ᠰᠠᠶᠢᠵᠢᠷᠠᠭᠤᠯᠬᠤ ᠢᠨᠵᠧᠨᠧᠷᠢᠩ ᠢ ᠰᠠᠶᠢᠲᠦᠷ ᠪᠡᠶᠡᠯᠡᠭᠦᠯᠬᠦ ᠶᠢ ᠬᠠᠷᠢᠭᠤᠴᠠᠨ᠎ᠠ᠃      7.ᠠᠭᠠᠷ ᠮᠠᠨᠳᠠᠯ ᠬᠦᠷᠦᠰᠦ ᠰᠢᠷᠤᠢ ᠶᠢ ᠵᠠᠰᠠᠬᠤ ᠳᠤᠭᠤᠶᠢᠯᠠᠩ᠄ ᠴᠢᠩᠱᠠᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠤᠪᠢᠶᠠᠷᠢ ᠲᠤᠪᠴᠢᠶᠠᠨ ᠤ ᠳᠠᠷᠤᠭ᠎ᠠ ᠠᠴᠠ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠨ᠂ ᠴᠢᠩᠱᠠᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠤᠪᠢᠶᠠᠷᠢ ᠲᠤᠪᠴᠢᠶ᠎ᠠ ᠲᠦᠷᠦᠭᠦᠯᠦᠨ᠂ ᠲᠤᠭᠤᠷᠢᠭ ᠤᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠲᠤᠭᠤᠷᠢᠭ ᠤᠨ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠲᠤᠪᠴᠢᠶ᠎ᠠ᠂ ᠲᠤᠭᠤᠷᠢᠭ ᠤᠨ ᠠᠵᠦ ᠠᠬᠤᠢ ᠰᠢᠨᠵᠢᠯᠡᠭᠡ ᠮᠡᠷᠭᠡᠵᠢᠯ ᠪᠠ ᠮᠡᠳᠡᠭᠡ ᠵᠠᠩᠭᠢᠴᠢᠯᠠᠯᠠᠲᠠ ᠶᠢᠨ ᠲᠤᠪᠴᠢᠶ᠎ᠠ᠂ ᠲᠠᠷᠢᠶᠠᠯᠠᠩ ᠮᠠᠯ ᠠᠵᠦ ᠠᠬᠤᠢ ᠤᠢ ᠰᠢᠭᠤᠢ ᠤᠰᠤᠨ ᠠᠰᠢᠭᠯᠠᠯᠲᠠ ᠶᠢᠨ ᠲᠤᠪᠴᠢᠶ᠎ᠠ᠂ ᠴᠢᠩ ᠹᠦ᠋ ᠪᠠᠯᠭᠠᠰᠤ᠂ ᠰᠢᠩ ᠱᠧᠩ ᠪᠠᠯᠭᠠᠰᠤ ᠠᠴᠠ ᠬᠠᠮᠵᠢᠯᠴᠠᠨ ᠠᠵᠢᠯᠯᠠᠨ᠎ᠠ᠃      ᠠᠭᠠᠷ ᠮᠠᠨᠳᠠᠯ ᠬᠦᠷᠦᠰᠦ ᠰᠢᠷᠤᠢ ᠶᠢ ᠵᠠᠰᠠᠬᠤ ᠳᠤᠭᠤᠶᠢᠯᠠᠩ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠵᠡᠭᠡᠯᠢ ᠭᠤᠲᠤᠮᠵᠢ ᠪᠠᠯᠭᠠᠰᠤ ᠶᠢ ᠵᠤᠬᠢᠶᠠᠨ ᠪᠠᠶᠢᠭᠤᠯᠵᠦ ᠬᠤᠯᠪᠤᠭᠳᠠᠯ ᠪᠦᠬᠦᠢ ᠬᠡᠷᠡᠭᠵᠢᠬᠦᠯᠬᠦ ᠲᠦᠯᠦᠪᠵᠢᠭᠦᠯᠭᠡ ᠲᠦᠯᠦᠪᠯᠡᠭᠡ ᠨᠠᠶᠢᠷᠠᠭᠤᠯᠬᠤ ᠶᠢ ᠬᠠᠷᠢᠭᠤᠴᠠᠨ᠎ᠠ︔ ᠠᠭᠠᠷ ᠮᠠᠨᠳᠠᠯ ᠤᠨ ᠪᠤᠬᠢᠷᠳᠤᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠬᠦ ᠶᠢ ᠬᠠᠷᠢᠭᠤᠴᠠᠨ᠎ᠠ︔ ᠡᠨᠧᠷᠬᠢ ᠶᠢ ᠠᠷᠪᠢᠯᠠᠵᠦ ᠭᠠᠳᠠᠭᠰᠢᠯᠠᠭᠤᠯᠬᠤ ᠶᠢ ᠪᠠᠭᠠᠰᠠᠬᠠᠬᠤ ᠪᠠ ᠡᠬᠢ ᠰᠤᠷᠪᠤᠯᠵᠢ ᠶᠢ ᠭᠠᠮᠨᠠᠨ ᠠᠷᠪᠢᠯᠠᠵᠦ ᠠᠰᠢᠭᠯᠠᠬᠤ ᠶᠢ ᠴᠢᠩᠭᠠᠳᠬᠠᠨ᠂ ᠪᠦᠬᠦ ᠲᠤᠭᠤᠷᠢᠭ ᠤᠨ ᠠᠭᠠᠷ ᠲᠠᠢ ᠬᠤᠯᠪᠤᠭᠳᠠᠬᠤ ᠠᠵᠦ ᠠᠬᠤᠶᠢᠯᠠᠯ ᠤᠨ ᠪᠤᠬᠢᠷᠳᠤᠯ ᠢ ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠬᠦ ᠶᠢ ᠯᠠᠪᠲᠠᠢ ᠪᠠᠲᠤᠯᠠᠬᠤ ᠶᠢ ᠬᠠᠷᠢᠭᠤᠴᠠᠨ᠎ᠠ︔ ᠤᠰᠤᠨ ᠤ ᠪᠤᠬᠢᠷᠳᠤᠯ ᠢ ᠶᠡᠷᠦᠩᠬᠡᠶᠢᠯᠡᠨ ᠵᠠᠰᠠᠬᠤ ᠪᠠ ᠳᠠᠪᠲᠠᠨ ᠠᠰᠢᠭᠯᠠᠬᠤ᠂ ᠦᠮᠡᠭᠡᠢ ᠤᠰᠤᠨ ᠤ ᠪᠤᠬᠢᠷᠳᠤᠯ ᠤᠨ ᠠᠰᠠᠭᠤᠳᠠᠯ ᠢ ᠪᠦᠬᠦ ᠲᠠᠯ᠎ᠠ ᠪᠠᠷ ᠵᠠᠰᠠᠬᠤ ᠶᠢ ᠬᠠᠷᠢᠭᠤᠴᠠᠨ᠎ᠠ︔ ᠬᠤᠲᠠ ᠶᠢᠨ ᠪᠤᠬᠢᠷ ᠤᠰᠤ ᠶᠢ ᠰᠢᠢᠳᠪᠦᠷᠢᠯᠡᠬᠦ ᠲᠦᠭᠦᠭᠡᠷᠦᠮᠵᠢ ᠶᠢ ᠲᠡᠭᠦᠯᠳᠡᠷᠵᠢᠭᠦᠯᠦᠨ᠂ ᠬᠤᠲᠠ ᠶᠢᠨ ᠪᠤᠬᠢᠷ ᠤᠰᠤ ᠶᠢ ᠰᠢᠢᠳᠪᠦᠷᠢᠯᠡᠬᠦ ᠨᠤᠷᠮ᠎ᠠ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠲᠠ ᠶᠢᠨ ᠤᠰᠤᠨ ᠤᠷᠤᠰᠬᠠᠯ ᠤᠨ ᠤᠷᠴᠢᠨ ᠲᠤᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠶᠢ ᠬᠠᠷᠢᠭᠤᠴᠠᠨ᠎ᠠ︔ ᠤᠰᠤᠨ ᠰᠤᠶᠤᠯᠲᠦ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢ ᠬᠠᠷᠢᠭᠤᠴᠠᠨ᠎ᠠ︔ ᠬᠦᠷᠦᠰᠦ ᠰᠢᠷᠤᠢ ᠤᠨ ᠪᠤᠬᠢᠷᠳᠤᠯ ᠢ ᠤᠷᠢᠳᠴᠢᠯᠠᠨ ᠰᠡᠷᠭᠡᠶᠢᠯᠡᠬᠦ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠭᠦᠯᠵᠦ᠂ ᠬᠦᠷᠦᠰᠦ ᠰᠢᠷᠤᠢ ᠢ ᠶᠡᠷᠦᠩᠬᠡᠶᠢᠯᠡᠨ ᠢᠨᠵᠧᠨᠧᠷᠢᠩ ᠢ ᠪᠡᠶᠡᠯᠡᠬᠦᠯᠬᠦ ᠶᠢ ᠬᠠᠷᠢᠭᠤᠴᠠᠨ᠎ᠠ᠃      8.ᠵᠠᠮ ᠬᠠᠷᠢᠯᠴᠠᠭ᠎ᠠ ᠶᠢ ᠰᠠᠶᠢᠵᠢᠷᠠᠭᠤᠯᠬᠤ ᠳᠤᠭᠤᠶᠢᠯᠠᠩ᠄ ᠲᠤᠭᠤᠷᠢᠭ ᠤᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶᠠᠨ ᠤ ᠳᠠᠷᠤᠭ᠎ᠠ ᠨᠢ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠨ᠂ ᠲᠤᠭᠤᠷᠢᠭ ᠤᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ ᠲᠦᠷᠦᠭᠦᠯᠦᠨ᠂ ᠲᠠᠷᠢᠶᠠᠯᠠᠩ ᠮᠠᠯ ᠠᠵᠦ ᠠᠬᠤᠢ ᠤᠢ ᠰᠢᠭᠤᠢ ᠤᠰᠤᠨ ᠠᠰᠢᠭᠯᠠᠯᠲᠠ ᠶᠢᠨ ᠲᠤᠪᠴᠢᠶ᠎ᠠ᠂ ᠴᠢᠩᠱᠠᠨ ᠤ ᠵᠠᠮ ᠬᠠᠷᠢᠯᠴᠠᠭ᠎ᠠ ᠶᠢᠨ ᠬᠠᠮᠢᠶᠠᠷᠤᠯᠲᠠ ᠶᠢᠨ ᠶᠡᠭᠡ ᠠᠩᠭᠢ᠂ ᠤᠮᠠᠷᠠᠲᠦ ᠲᠡᠭᠦᠷᠭᠡ ᠶᠢᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠎ ᠶᠢᠨ ᠶᠡᠭᠡ ᠠᠩᠭᠢ ᠬᠠᠮᠵᠢᠯᠴᠠᠨ ᠠᠵᠢᠯᠯᠠᠨ᠎ᠠ᠃      ᠵᠠᠮ ᠬᠠᠷᠢᠯᠴᠠᠭ᠎ᠠ ᠶᠢ ᠰᠠᠶᠢᠵᠢᠷᠠᠭᠤᠯᠬᠤ ᠳᠤᠭᠤᠶᠢᠯᠠᠩ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠪᠠᠯᠭᠠᠰᠤ ᠎ ᠶᠢ ᠵᠤᠬᠢᠶᠠᠨ ᠪᠠᠶᠢᠭᠤᠯᠵᠦ ᠬᠤᠯᠪᠤᠭᠳᠠᠯ ᠪᠦᠬᠦᠢ ᠬᠡᠷᠡᠭᠵᠢᠬᠦᠯᠬᠦ ᠲᠦᠯᠦᠪᠵᠢᠭᠦᠯᠭᠡ ᠲᠦᠯᠦᠪᠯᠡᠭᠡ ᠨᠠᠶᠢᠷᠠᠭᠤᠯᠬᠤ ᠶᠢ ᠬᠠᠷᠢᠭᠤᠴᠠᠨ᠎ᠠ︔ ᠭᠠᠳᠠᠭᠠᠲᠤ ᠶᠢᠨ ᠵᠠᠮ ᠬᠠᠷᠢᠯᠴᠠᠭᠠᠨ ᠤ ᠬᠤᠯᠪᠤᠯᠳᠤᠯᠭ᠎ᠠ ᠪᠠ ᠳᠤᠲᠤᠭᠠᠲᠦ ᠶᠢᠨ ᠵᠠᠮ ᠬᠠᠷᠢᠯᠴᠠᠭ᠎ᠠ ᠎ ᠶᠢ ᠰᠢᠯᠢᠳᠡᠭᠵᠢᠭᠦᠯᠬᠦ ᠶᠢ ᠪᠡᠶᠡᠯᠡᠬᠦᠯᠬᠦ ᠶᠢ ᠬᠠᠷᠢᠭᠤᠴᠠᠨ᠎ᠠ︔ ᠤᠷᠤᠨ ᠪᠦᠰᠡ ᠶᠢᠨ ᠭᠠᠳᠠᠭᠠᠲᠦ ᠶᠢᠨ ᠬᠦᠭᠦᠷᠭᠡ ᠬᠤᠯᠪᠤᠭᠠᠰᠦ ᠬᠡᠰᠡᠭ ᠴᠡᠭ ᠤᠨ ᠴᠢᠳᠠᠪᠦᠷᠢ ᠶᠢ ᠳᠡᠭᠡᠭᠰᠢᠯᠡᠭᠦᠯᠬᠦ ᠶᠢ ᠬᠠᠷᠢᠭᠤᠴᠠᠨ᠎ᠠ︔ ᠮᠤᠬᠤᠷ ᠵᠠᠮ ᠢ ᠨᠡᠪᠲᠡᠷᠡᠭᠦᠯᠬᠦ ᠎ ᠶᠢ ᠬᠠᠷᠢᠭᠤᠴᠠᠨ᠎ᠠ᠃      9.ᠰᠤᠶᠤᠯ ᠵᠢᠭᠤᠯᠴᠢᠯᠠᠯ ᠤᠨ ᠠᠭᠤᠰᠤᠯᠴᠠᠯ ᠤᠨ ᠳᠤᠭᠤᠶᠢᠯᠠᠩ᠄ ᠲᠤᠭᠤᠷᠢᠭ ᠤᠨ ᠰᠤᠶᠤᠯ ᠪᠡᠶ᠎ᠡ ᠲᠠᠮᠢᠷ ᠷᠠᠳᠢᠤ᠋ ᠵᠢᠭᠤᠯᠴᠢᠯᠠᠯ ᠤᠨ ᠲᠤᠪᠴᠢᠶᠠᠨ ᠤ ᠳᠠᠷᠤᠭ᠎ᠠ ᠠᠴᠠ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠨ᠂ ᠲᠤᠭᠤᠷᠢᠭ ᠤᠨ ᠰᠤᠶᠤᠯ ᠪᠡᠶ᠎ᠡ ᠲᠠᠮᠢᠷ ᠷᠠᠳᠢᠤ᠋ ᠵᠢᠭᠤᠯᠴᠢᠯᠠᠯ ᠤᠨ ᠲᠤᠪᠴᠢᠶ᠎ᠠ ᠲᠦᠷᠦᠭᠦᠯᠦᠨ᠂ ᠲᠤᠭᠤᠷᠢᠭ ᠤᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠤᠯᠠᠨ ᠤᠯᠤᠰ ᠤᠨ ᠦᠵᠡᠰᠭᠦᠯᠡᠩ ᠤᠨ ᠲᠦᠪ ᠬᠠᠮᠵᠢᠯᠴᠠᠨ ᠠᠵᠢᠯᠯᠠᠨ᠎ᠠ᠃      ᠰᠤᠶᠤᠯ ᠵᠢᠭᠤᠯᠴᠢᠯᠠᠯ ᠤᠨ ᠠᠭᠤᠰᠤᠯᠴᠠᠯ ᠤᠨ ᠳᠤᠭᠤᠶᠢᠯᠠᠩ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠪᠠᠯᠭᠠᠰᠤ ᠶᠢ ᠵᠤᠬᠢᠶᠠᠨ ᠪᠠᠶᠢᠭᠤᠯᠵᠤ ᠬᠤᠯᠪᠤᠭᠳᠠᠯ ᠪᠦᠬᠦᠢ ᠬᠡᠷᠡᠭᠵᠢᠬᠦᠯᠬᠦ ᠲᠦᠯᠦᠪᠵᠢᠭᠦᠯᠭᠡ ᠲᠦᠯᠦᠪᠯᠡᠭᠡ ᠨᠠᠶᠢᠷᠠᠭᠤᠯᠬᠤ ᠶᠢ ᠬᠠᠷᠢᠭᠤᠴᠠᠨ᠎ᠠ᠃ ᠲᠡᠤᠬᠡ ᠰᠤᠶᠤᠯ ᠤᠨ ᠦᠯᠡᠳᠡᠭᠳᠡᠯ ᠤᠨ ᠡᠬᠢ ᠰᠤᠷᠪᠤᠯᠵᠢ ᠶᠢ ᠪᠦᠷᠢᠨ ᠭᠦᠢᠴᠡᠳ ᠢᠯᠡᠷᠡᠭᠦᠯᠡᠭᠰᠡᠨ ᠰᠠᠭᠤᠷᠢᠨ ᠳᠡᠭᠡᠷ᠎ᠡ᠂ ᠰᠤᠶᠤᠯ ᠤᠨ ᠡᠬᠢ ᠰᠤᠷᠪᠤᠯᠵᠢ ᠳᠤ ᠰᠢᠰᠲ᠋ᠧᠮᠲᠦ ᠴᠢᠨᠠᠷ ᠪᠠ ᠲᠤᠰᠬᠠᠢ ᠮᠡᠷᠭᠡᠵᠢᠯ ᠤᠨ ᠴᠢᠨᠠᠷ ᠲᠠᠢ ᠪᠠᠷ ᠬᠠᠮᠠᠭᠠᠯᠠᠬᠤ ᠪᠠ ᠦᠷᠭᠦᠯᠵᠢᠭᠦᠯᠬᠦ ᠶᠢ ᠶᠠᠪᠤᠭᠳᠠᠭᠤᠯᠤᠨ᠂ ᠵᠦᠢ ᠵᠤᠬᠢᠰᠲᠠᠢ ᠬᠤᠲᠠ ᠎ ᠶᠢᠨ ᠵᠢᠭᠤᠯᠴᠢᠯᠠᠯ ᠪᠠ ᠠᠵᠢᠯᠯᠠᠭ᠎ᠠ ᠶᠢ ᠲᠠᠲᠠᠨ ᠤᠷᠤᠭᠤᠯᠵᠦ᠂ ᠬᠤᠲᠠ ᠶᠢᠨ ᠰᠤᠶᠤᠯ ᠤᠨ ᠬᠠᠨᠳᠤᠰᠢ ᠶᠢᠨ ᠦᠷᠭᠦᠯᠵᠢᠯᠡᠭᠦᠯᠦᠯᠲᠡ ᠬᠢᠭᠡᠳ ᠰᠤᠶᠤᠯ ᠤᠨ ᠰᠡᠷᠭᠦᠯᠲᠡ ᠶᠢ ᠪᠡᠶᠡᠯᠡᠭᠦᠯᠵᠦ᠂ ᠰᠤᠶᠤᠯ ᠤᠨ ᠰᠡᠷᠭᠦᠯᠲᠡ ᠶᠢᠨ ᠬᠤᠯᠪᠤᠭᠳᠠᠯ ᠪᠦᠬᠦᠢ ᠪᠤᠳᠠᠲᠠᠢ ᠲᠦᠷᠦᠯ ᠵᠦᠢᠯ ᠢ ᠬᠡᠷᠡᠭᠵᠢᠭᠦᠯᠬᠦ ᠶᠢ ᠬᠠᠷᠢᠭᠤᠴᠠᠨ᠎ᠠ᠃      ᠴᠢᠩᠱᠠᠨ ᠤ ᠳᠤᠲᠤᠭᠠᠲᠦ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠪᠠ ᠲᠤᠭᠤᠷᠢᠭ ᠤᠨ ᠡᠳ᠋ ᠶᠢᠨ ᠵᠠᠰᠠᠭ ᠎ ᠤᠨ ᠲᠤᠪᠴᠢᠶ᠎ᠠ ᠦᠪᠡᠷᠰᠡᠳ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠵᠦ᠂《ᠬᠤᠲᠠ ᠶᠢᠨ ᠬᠤᠶᠠᠷ ᠵᠠᠰᠠᠯᠲᠠ》᠎ ᠶᠢᠨ ᠡᠯ᠎ᠡ ᠳᠤᠭᠤᠶᠢᠯᠠᠩ ᠤᠨ ᠠᠵᠢᠯ ᠤᠨ ᠳᠤᠭᠤᠶᠢᠯᠠᠩ ᠲᠠᠢ ᠢᠳᠡᠪᠬᠢᠲᠡᠢ ᠬᠠᠮᠵᠢᠯᠴᠠᠨ ᠠᠵᠢᠯ ᠎ ᠢᠶᠠᠨ ᠦᠷᠨᠢᠭᠦᠯᠦᠨ᠎ᠡ᠃      ᠬᠤᠶᠠᠷ ᠪᠠᠯᠭᠠᠰᠤ ᠨᠢ ᠤᠳᠤᠷᠢᠳᠬᠤ ᠳᠤᠭᠤᠶᠢᠯᠠᠩ ᠤᠨ ᠨᠢᠭᠡᠲᠦᠯᠲᠡᠢ ᠤᠳᠤᠷᠢᠳᠤᠯᠭ᠎ᠠ ᠳᠤᠤᠷ᠎ᠠ᠂ ᠲᠤᠰ ᠬᠠᠷᠢᠶᠠᠨ ᠳᠠᠬᠢ《ᠬᠤᠲᠠ ᠶᠢᠨ ᠬᠤᠶᠠᠷ ᠵᠠᠰᠠᠯᠲᠠ》᠎ ᠶᠢᠨ ᠠᠵᠢᠯ ᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠦ ᠨᠠᠶᠢᠲᠠᠪᠦᠷᠢᠵᠢᠭᠤᠯᠬᠤ ᠬᠡᠷᠡᠭᠲᠡᠢ᠃      ᠤᠨᠴᠠᠭᠠᠶᠢᠯᠠᠨ ᠮᠡᠳᠡᠭᠳᠡᠪᠡ᠃                          ᠪᠤᠭᠤᠲᠦ ᠬᠤᠲᠠ ᠶᠢᠨ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                                                                                          2018 ᠤᠨ ᠤ 1 ᠰᠠᠷ᠎ᠠ ᠶᠢᠨ 2᠎ ᠤ ᠡᠳᠦᠷ
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号