ᠴᠢᠩᠱᠠᠨ ᠵᠠᠰᠠᠭ ᠠᠯᠪᠠᠨ ᠲᠠᠷᠬᠠᠭᠠᠭᠰᠠᠨ [ 2018 ] 18 ᠳ᠋ᠤᠭᠠᠷ ᠲᠤᠭᠠᠲᠦ | ᠴᠠᠭᠠᠨ ᠰᠠᠷ᠎ᠠ ᠶᠢᠨ ᠬᠤᠭᠤᠴᠠᠭᠠᠨ ᠳᠤ ᠠᠯᠪᠠᠨ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠢ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ | | ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ᠄ | ᠳᠡᠭᠡᠲᠦ ᠱᠠᠲᠦᠨ ᠤ ᠠᠵᠢᠯ ᠤᠨ ᠰᠤᠷᠲᠠᠯ ᠢ ᠬᠠᠯᠠᠨ ᠰᠠᠶᠢᠵᠢᠷᠠᠭᠤᠯᠵᠦ᠂ ᠠᠯᠪᠠᠨ ᠳᠤ ᠬᠡᠷᠡᠭᠯᠡᠬᠦ ᠲᠡᠷᠭᠡ ᠶᠢᠨ | ᠬᠠᠮᠢᠶᠠᠷᠤᠯᠲᠠ ᠶᠢᠨ ᠬᠤᠯᠪᠤᠭᠳᠠᠯ ᠪᠦᠬᠦᠢ ᠲᠤᠭᠲᠠᠭᠠᠯ ᠢ ᠴᠢᠩᠭ᠎ᠠ ᠳᠦᠷᠢᠮᠵᠢᠭᠦᠯᠦᠨ᠂ ᠬᠦᠨᠵᠡᠭᠡᠢ | ᠨᠠᠶᠢᠲᠠᠪᠦᠷᠢᠵᠢᠭᠤᠯᠤᠨ ᠲᠤᠤᠱᠯᠠᠭᠤᠯᠵᠦ᠂ ᠠᠯᠪᠠᠨ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠶᠢᠨ | ᠶᠠᠪᠤᠴᠠ ᠳᠤ ᠰᠠᠬᠢᠯᠭ᠎ᠠ ᠪᠠᠲᠦ ᠳᠦᠷᠢᠮ ᠲᠤᠭᠲᠠᠭᠠᠯ ᠢ ᠵᠦᠷᠢᠴᠡᠬᠦ ᠦᠵᠡᠭᠳᠡᠯ ᠤᠨ ᠢᠯᠡᠷᠡᠬᠦ ᠶᠢ ᠡᠷᠡᠰ ᠴᠢᠩᠭ᠎ᠠ | ᠬᠤᠷᠢᠭᠯᠠᠬᠤ ᠶᠢᠨ ᠲᠦᠯᠦᠭᠡ᠂《ᠴᠠᠭᠠᠨ ᠰᠠᠷ᠎ᠠ》 ᠶᠢᠨ ᠬᠤᠭᠤᠴᠠᠭᠠᠨ ᠳᠤ ᠠᠯᠪᠠᠨ ᠳᠤ ᠬᠡᠷᠡᠭᠯᠡᠬᠦ ᠲᠡᠷᠭᠡ ᠶᠢᠨ | ᠬᠠᠮᠢᠶᠠᠷᠤᠯᠲᠠ ᠶᠢᠨ ᠬᠤᠯᠪᠤᠭᠳᠠᠬᠤ ᠪᠦᠬᠦᠢ ᠵᠦᠢᠯ ᠤᠳ ᠢ ᠰᠠᠶᠢᠲᠦᠷ ᠬᠢᠬᠦ ᠲᠤᠬᠠᠢ ᠮᠡᠳᠡᠭᠳᠡᠯ ᠳᠤᠤᠷᠠᠬᠢ ᠮᠡᠲᠦ᠄ | ᠨᠢᠭᠡ ᠳᠤ᠂ ᠮᠠᠰᠢᠨ ᠲᠡᠷᠭᠡᠨ ᠤ ᠬᠠᠮᠢᠶᠠᠷᠤᠯᠲᠠ ᠶᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠡᠯ᠎ᠡ | ᠪᠠᠶᠢᠭᠤᠯᠭ᠎ᠠ ᠶᠢᠨ ᠭᠤᠤᠯ ᠤᠳᠤᠷᠢᠳᠤᠯᠭ᠎ᠠ ᠪᠤᠯ ᠠᠯᠪᠠᠨ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠡᠭᠦᠷᠭᠡᠯᠡᠵᠦ᠂ ᠤᠯᠤᠰ ᠲᠦᠷᠦ ᠶᠢᠨ ᠤᠬᠠᠮᠰᠠᠷ᠂ ᠠᠷᠢᠭᠤᠨ ᠴᠢᠭᠡᠴᠢ ᠶᠢᠨ ᠤᠬᠠᠮᠰᠠᠷ ᠪᠠ ᠬᠠᠤᠯᠢ | ᠰᠠᠬᠢᠯᠭ᠎ᠠ ᠶᠢᠨ ᠤᠬᠠᠮᠰᠠᠷ ᠢᠶᠠᠨ ᠪᠠᠲᠦᠲᠠᠢ ᠰᠠᠶᠢᠵᠢᠷᠠᠭᠤᠯᠵᠦ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢ | ᠨᠡᠩ ᠳᠤᠪᠤᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠢ᠃《ᠴᠠᠭᠠᠨ ᠰᠠᠷ᠎ᠠ》 ᠶᠢᠨ ᠬᠤᠭᠤᠴᠠᠭᠠᠨ ᠲᠤ ᠠᠯᠪᠠᠨ ᠳᠤ | ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠠᠲᠦᠲᠠᠢ ᠡᠭᠦᠷᠭᠡᠯᠡᠵᠦ᠂ ᠲᠤᠰ ᠮᠡᠳᠡᠭᠳᠡᠯ ᠤᠨ | ᠱᠠᠭᠠᠷᠳᠠᠯᠭ᠎ᠠ ᠶᠤᠰᠤᠭᠠᠷ ᠰᠠᠶᠢᠲᠦᠷ ᠲᠤᠤᠱᠯᠠᠭᠤᠯᠬᠤ ᠬᠡᠷᠡᠭᠲᠡᠢ᠃ | ᠬᠤᠶᠠᠷ ᠲᠤ᠂ ᠠᠯᠪᠠᠨ ᠳᠤ ᠬᠡᠷᠡᠭᠯᠡᠬᠦ ᠲᠡᠷᠭᠡ ᠶᠢ ᠬᠤᠪᠢᠨ ᠳᠠᠭᠠᠨ ᠬᠡᠷᠡᠭᠯᠡᠬᠦ ᠶᠢ ᠡᠷᠡᠰ ᠬᠤᠷᠢᠭᠯᠠᠬᠤ ᠬᠡᠷᠡᠭᠲᠡᠢ᠃ | 《ᠴᠢᠩᠱᠠᠨ ᠲᠤᠭᠤᠷᠢᠭ ᠤᠨ ᠠᠯᠪᠠᠨ ᠳᠤ ᠬᠡᠷᠡᠭᠯᠡᠬᠦ ᠲᠡᠷᠭᠡ ᠶᠢᠨ ᠳᠦᠷᠢᠮ ᠲᠤᠭᠲᠠᠭᠠᠯ ᠤᠨ ᠦᠭᠡᠷᠡᠴᠢᠯᠡᠯᠲᠡ ᠶᠢᠨ | ᠨᠠᠮ ᠵᠠᠰᠠᠭ ᠤᠨ ᠪᠠᠶᠢᠭᠤᠯᠭ᠎ᠠ ᠶᠢᠨ ᠦᠯᠡᠳᠡᠭᠡᠭᠰᠡᠨ ᠮᠠᠰᠢᠨ ᠲᠡᠷᠭᠡ ᠶᠢ ᠬᠡᠷᠡᠭᠯᠡᠬᠦ ᠪᠠ ᠬᠠᠮᠢᠶᠠᠷᠤᠯᠲᠠ ᠶᠢᠨ ᠲᠦᠷ | ᠬᠡᠷᠡᠭᠵᠢᠬᠦᠯᠬᠦ ᠠᠷᠭ᠎ᠠ》 ᠶᠢᠨ ᠬᠤᠯᠪᠤᠭᠳᠠᠯ ᠪᠦᠬᠦᠢ ᠲᠤᠭᠲᠠᠭᠠᠯ ᠢ ᠴᠢᠩᠭ᠎ᠠ ᠨᠢᠮᠪᠠᠢ ᠨᠠᠶᠢᠲᠠᠪᠦᠷᠢᠵᠢᠭᠤᠯᠤᠨ᠂《ᠴᠠᠭᠠᠨ | ᠰᠠᠷ᠎ᠠ》 ᠶᠢᠨ ᠬᠤᠭᠤᠴᠠᠭᠠᠨ ᠳᠤ ᠠᠯᠪᠠᠨ ᠳᠤ ᠬᠡᠷᠡᠭᠯᠡᠬᠦ ᠲᠡᠷᠭᠡ ᠶᠢᠨ ᠲᠦᠯᠬᠢᠭᠦᠷ ᠢ ᠲᠤᠰᠬᠠᠢ ᠬᠦᠮᠦᠨ ᠬᠠᠷᠢᠭᠤᠴᠠᠨ | ᠬᠠᠳᠠᠭᠠᠯᠠᠵᠦ᠂ ᠤᠷᠤᠭ ᠬᠤᠷᠢᠮ ᠤᠷᠤᠰᠢᠭᠤᠯᠭ᠎ᠠ᠂ ᠭᠠᠳᠠᠭᠰᠢ ᠵᠤᠭᠠᠴᠠᠬᠤ᠂ ᠭᠡᠷ ᠪᠦᠯᠢ ᠶᠢᠨ ᠬᠦᠮᠦᠰ ᠢᠶᠠᠨ ᠲᠤᠰᠴᠦ | ᠬᠦᠷᠭᠡᠬᠦ᠂ ᠨᠦᠬᠦᠷ ᠰᠠᠲᠦᠨ ᠢᠶᠠᠨ ᠦᠵᠡᠬᠦ ᠵᠡᠷᠭᠡ ᠠᠵᠢᠯᠯᠠᠭᠠᠨ ᠳᠠᠭᠠᠨ ᠠᠯᠪᠠᠨ ᠳᠤ ᠬᠡᠷᠡᠭᠯᠡᠬᠦ ᠲᠡᠷᠭᠡ ᠶᠢ ᠬᠤᠪᠢᠨ | ᠳᠤ ᠬᠡᠷᠡᠭᠯᠡᠬᠦ ᠦᠢᠯᠡ ᠠᠵᠢᠯᠯᠠᠭ᠎ᠠ ᠶᠢ ᠡᠷᠡᠰ ᠴᠠᠭᠠᠵᠠᠯᠠᠨ᠎ᠠ᠃ | ᠭᠤᠷᠪᠠ ᠳᠤ᠂ ᠠᠯᠪᠠᠨ ᠳᠤ ᠬᠡᠷᠡᠭᠯᠡᠬᠦ ᠲᠡᠷᠭᠡ ᠶᠢ ᠡᠷᠦᠢ ᠬᠤᠷᠦᠢ ᠦᠭᠡᠢ ᠵᠤᠭᠰᠤᠭᠠᠬᠤ ᠶᠢ ᠡᠷᠡᠰ ᠬᠤᠷᠢᠭᠯᠠᠬᠤ | ᠬᠡᠷᠡᠭᠲᠡᠢ᠃ ᠡᠯ᠎ᠡ ᠪᠠᠶᠢᠭᠤᠯᠭ᠎ᠠ ᠠᠯᠪᠠᠨ ᠳᠤ ᠬᠡᠷᠡᠭᠯᠡᠬᠦ ᠲᠡᠷᠭᠡ ᠶᠢ ᠲᠡᠷᠭᠡᠨ ᠤ ᠬᠦᠮᠦᠷᠭᠡ ᠳᠤ ᠤᠷᠤᠭᠤᠯᠬᠤ | ᠬᠠᠮᠢᠶᠠᠷᠤᠯᠲᠠ ᠶᠢᠨ ᠳᠦᠷᠢᠮ ᠲᠤᠭᠲᠠᠭᠠᠯ ᠢᠶᠠᠨ ᠲᠡᠭᠦᠯᠳᠡᠷᠵᠢᠭᠦᠯᠵᠦ᠂《ᠴᠠᠭᠠᠨ ᠰᠠᠷ᠎ᠠ》 ᠶᠢᠨ ᠬᠤᠭᠤᠴᠠᠭᠠᠨ ᠳᠤ | ᠵᠢᠵᠢᠭᠦᠷᠯᠡᠬᠦ ᠳᠤ ᠬᠡᠷᠡᠭᠯᠡᠬᠦ ᠲᠡᠷᠭᠡ ᠠᠴᠠ ᠪᠤᠰᠤᠳ ᠲᠡᠷᠭᠡ ᠶᠢ ᠡᠷᠬᠡᠪᠰᠢ ᠲᠤᠰ ᠪᠠᠶᠢᠭᠤᠯᠭ᠎ᠠ ᠶᠢᠨ ᠲᠤᠭᠲᠠᠭᠰᠠᠨ | ᠤᠷᠤᠨ ᠪᠠᠶᠢᠷᠢ ᠳᠤ ᠨᠢᠭᠡᠳᠦᠯᠲᠡᠢ ᠪᠢᠲᠡᠭᠦᠮᠵᠢᠯᠡᠨ ᠲᠠᠯᠪᠢᠵᠦ᠂ ᠲᠤᠰ ᠪᠠᠶᠢᠭᠤᠯᠭ᠎ᠠ ᠶᠢᠨ ᠲᠤᠰᠬᠠᠢ ᠬᠦᠮᠦᠨ ᠢᠶᠠᠷ | ᠬᠠᠷᠢᠭᠤᠴᠠᠭᠤᠯᠤᠨ᠂ ᠤᠷᠤᠨ ᠰᠠᠭᠤᠴᠠ ᠶᠢᠨ ᠲᠤᠭᠤᠷᠢᠭ᠂ ᠵᠤᠴᠢᠳ ᠤᠨ ᠪᠠᠭᠤᠳᠠᠯ᠂ ᠺᠯᠦ᠋ᠪ᠂ ᠦᠵᠡᠮᠵᠢ ᠶᠢᠨ ᠣᠷᠣᠨ | ᠵᠢᠴᠢ ᠡᠵᠡᠩᠨᠡᠯᠲᠡ ᠶᠢᠨ ᠴᠢᠨᠠᠷᠲᠠᠢ ᠴᠡᠩᠭᠡᠯ ᠤᠨ ᠲᠯᠠᠪᠠᠢ ᠵᠡᠷᠭᠡ ᠭᠠᠵᠠᠷ ᠤᠨ ᠡᠭᠦᠳᠡᠨ ᠳᠤ ᠵᠤᠭᠰᠤᠭᠠᠵᠦ ᠪᠤᠯᠬᠤ | ᠦᠭᠡᠢ᠃ | ᠳᠦᠷᠪᠡ ᠳᠤ᠂ ᠠᠯᠪᠠᠨ ᠳᠤ ᠬᠡᠷᠡᠭᠯᠡᠬᠦ ᠲᠡᠷᠭᠡ ᠠᠶᠠᠨ ᠳᠤ ᠭᠠᠷᠬᠤ ᠪᠦᠷᠢᠳᠭᠡᠯ ᠢ ᠰᠠᠶᠢᠲᠦᠷ ᠴᠢᠩᠭ᠎ᠠ | ᠳᠠᠩᠰᠠᠯᠠᠬᠤ ᠬᠡᠷᠡᠭᠲᠡᠢ᠃《ᠴᠠᠭᠠᠨ ᠰᠠᠷ᠎ᠠ》 ᠶᠢᠨ ᠬᠤᠭᠤᠴᠠᠭᠠᠨ ᠳᠤ᠂ ᠬᠡᠷᠪᠡ ᠠᠵᠢᠯ ᠤᠨ ᠡᠭᠦᠷᠭᠡ ᠲᠠᠢ ᠠᠴᠠ | ᠪᠤᠯᠵᠦ ᠲᠡᠷᠭᠡ ᠭᠡᠷᠡᠭᠯᠡᠪᠡᠯ᠂ ᠡᠷᠬᠡᠪᠰᠢ ᠲᠤᠰ ᠪᠠᠶᠢᠭᠤᠯᠭ᠎ᠠ ᠶᠢᠨ ᠲᠡᠷᠭᠡ ᠬᠡᠷᠡᠭᠯᠡᠬᠦ ᠬᠢᠨᠠᠨ ᠵᠦᠪᠰᠢᠶᠡᠷᠡᠯ ᠤᠨ ᠶᠤᠰᠤᠭᠠᠷ᠂ | ᠭᠤᠤᠯ ᠬᠠᠮᠢᠶᠠᠷᠠᠬᠤ ᠤᠳᠤᠷᠢᠳᠤᠯᠭ᠎ᠠ ᠪᠠᠷ ᠵᠦᠪᠰᠢᠶᠡᠷᠡᠭᠦᠯᠦᠭᠰᠡᠨ ᠤ ᠳᠠᠷᠠᠭ᠎ᠠ ᠲᠡᠷᠭᠡ ᠬᠡᠷᠡᠭᠯᠡᠬᠦ ᠶᠢᠨ ᠬᠠᠮᠲᠦ | ᠬᠤᠯᠪᠤᠭᠳᠠᠯ ᠪᠦᠬᠦᠢ ᠪᠦᠷᠢᠳᠭᠡᠯ ᠢ ᠬᠢᠵᠦ᠂ ᠡᠪᠬᠡᠮᠡᠯ ᠳᠤ ᠤᠷᠤᠭᠤᠯᠤᠨ᠂ ᠪᠠᠶᠢᠴᠠᠭᠠᠯᠲᠠ ᠳᠤ ᠪᠡᠯᠭᠡᠨ ᠪᠠᠶᠢᠯᠭᠠᠬᠤ | ᠬᠡᠷᠡᠭᠲᠡᠢ᠃ ᠭᠤᠶᠤᠴᠢᠯᠠᠬᠤ ᠪᠠ ᠬᠢᠨᠠᠨ ᠵᠦᠪᠰᠢᠶᠡᠷᠡᠬᠦ ᠭᠠᠷᠳᠠᠮ ᠢ ᠭᠦᠢᠴᠡᠳᠭᠡᠭᠰᠡᠨ ᠦᠭᠡᠢ ᠪᠤᠯ᠂ ᠠᠯᠪᠠᠨ ᠳᠤ | ᠬᠡᠷᠡᠭᠯᠡᠬᠦ ᠲᠡᠷᠭᠡ ᠶᠢ ᠬᠡᠷᠡᠭᠯᠡᠵᠦ ᠪᠤᠯᠬᠤ ᠦᠭᠡᠢ᠃ | ᠲᠠᠪᠤ ᠳᠤ᠂ ᠠᠯᠪᠠᠨ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ | ᠬᠡᠷᠡᠭᠲᠡᠢ᠃ ᠡᠯ᠎ᠡ ᠪᠠᠶᠢᠭᠤᠯᠭ᠎ᠠ《ᠴᠠᠭᠠᠨ ᠰᠠᠷ᠎ᠠ》 ᠶᠢᠨ ᠬᠤᠭᠤᠴᠠᠭᠠᠨ ᠳᠤ᠂ ᠲᠤᠰ ᠪᠠᠶᠢᠭᠤᠯᠭ᠎ᠠ ︵ᠬᠠᠷᠢᠶ᠎ᠠ ᠳᠠᠬᠢ | ᠠᠵᠦ ᠠᠬᠤᠶᠢᠯᠠᠯ ᠠᠵᠦ ᠦᠢᠯᠡᠰ ᠤᠨ ᠨᠢᠭᠡᠴᠡ︶ ᠶᠢᠨ ᠠᠯᠪᠠᠨ ᠳᠤ ᠬᠡᠷᠡᠭᠯᠡᠬᠦ ᠲᠡᠷᠭᠡ ᠶᠢᠨ ᠬᠡᠷᠡᠭᠯᠡᠬᠦ ᠬᠠᠮᠢᠶᠠᠷᠤᠯᠲᠠ | ᠶᠢᠨ ᠪᠠᠶᠢᠳᠠᠯ ᠲᠤ ᠦᠪᠡᠷ ᠢᠶᠠᠨ ᠨᠠᠷᠢᠨ ᠬᠢᠨᠠᠮᠠᠭᠠᠢ ᠨᠢᠭᠡ ᠣᠳᠠᠭᠠᠨ ᠤ ᠪᠠᠶᠢᠴᠠᠭᠠᠯᠲᠠ ᠬᠢᠵᠦ᠂ ᠤᠷᠤᠰᠢᠵᠦ ᠪᠠᠶᠢᠭ᠎ᠠ | ᠠᠰᠠᠭᠤᠳᠠᠯ ᠳᠤ ᠢᠳᠡᠪᠬᠢᠲᠡᠢ ᠠᠷᠭ᠎ᠠ ᠬᠡᠮᠵᠢᠶ᠎ᠡ ᠠᠪᠴᠦ ᠴᠠᠭ ᠲᠤᠬᠠᠢ ᠳᠤᠨᠢ ᠴᠡᠴᠡᠭᠯᠡᠨ ᠦᠭᠡᠷᠡᠴᠢᠯᠡᠬᠦ ᠬᠡᠷᠡᠭᠲᠡᠢ᠃ | ᠲᠤᠭᠤᠷᠢᠭ ᠤᠨᠠᠯᠪᠠᠨ ᠳᠤ ᠬᠡᠷᠡᠭᠯᠡᠬᠦ ᠲᠡᠷᠭᠡ ᠶᠢᠨ ᠠᠯᠪᠠᠨ ᠭᠡᠷ《ᠴᠠᠭᠠᠨ ᠰᠠᠷ᠎ᠠ》 ᠶᠢᠨ ᠬᠤᠭᠤᠴᠠᠭᠠᠨ ᠲᠤ ᠠᠯᠪᠠᠨ | ᠳᠤ ᠬᠡᠷᠡᠭᠯᠡᠬᠦ ᠲᠡᠷᠭᠡ ᠶᠢ ᠬᠠᠮᠢᠶᠠᠷᠴᠦ ᠬᠡᠷᠡᠭᠯᠡᠭᠰᠡᠨ ᠪᠠᠶᠢᠳᠠᠯ ᠳᠤ ᠢᠯᠡ ᠪᠠᠷ ᠪᠠᠶᠢᠴᠠᠭᠠᠵᠦ ᠨᠢᠭᠤᠴᠠ ᠪᠠᠷ | ᠰᠤᠷᠪᠦᠯᠵᠢᠯᠠᠨ᠂ ᠠᠰᠠᠭᠤᠳᠠᠯ ᠤᠷᠤᠰᠢᠵᠦ ᠪᠠᠶᠢᠭ᠎ᠠ ᠪᠠᠶᠢᠭᠤᠯᠭ᠎ᠠ ᠶᠢ ᠪᠦᠬᠦ ᠲᠤᠭᠤᠷᠢᠭ ᠤᠨ ᠬᠡᠪᠴᠢᠶᠡᠨ ᠳᠤ ᠵᠠᠷᠯᠠᠬᠤ | ᠶᠢᠨ ᠬᠠᠮᠲᠦ ᠬᠤᠯᠪᠤᠭᠳᠠᠯ ᠪᠦᠬᠦᠢ ᠳᠦᠷᠢᠮ ᠲᠤᠭᠲᠠᠭᠠᠯ ᠶᠤᠰᠤᠭᠠᠷ᠂ ᠬᠤᠯᠪᠤᠭᠳᠠᠬᠤ ᠠᠵᠢᠯᠲᠠᠨ ᠠᠴᠠ | ᠬᠠᠷᠢᠭᠤᠴᠠᠯᠭ᠎ᠠ ᠨᠡᠬᠡᠮᠵᠢᠯᠡᠨ᠎ᠡ᠃ | ᠤᠨᠴᠠᠭᠠᠶᠢᠯᠠᠨ ᠮᠡᠳᠡᠭᠳᠡᠪᠡ᠃ | ᠪᠤᠭᠤᠲᠦ ᠬᠤᠲᠠ ᠶᠢᠨ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2018 ᠤᠨ ᠤ 2 ᠰᠠᠷ᠎ᠠ ᠶᠢᠨ 8 ᠤ ᠡᠳᠦᠷ | | |