ᠲᠤᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ᠃ ᠲᠤᠭᠤᠷᠢᠭ ᠤᠨ ᠳᠠᠷᠤᠭ᠎ᠠ ᠶᠢ ᠬᠠᠮᠵᠢᠨ ᠲᠤᠭᠤᠷᠢᠭ ᠤᠨ | ᠵᠠᠰᠠᠭ ᠤᠨ ᠤᠷᠳᠤᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠪᠠ ᠰᠤᠷᠭᠠᠨ ᠬᠦᠮᠦᠵᠢᠯ᠂ ᠡᠳ᠋ ᠶᠢᠨ ᠵᠠᠰᠠᠭ ᠤᠨ | ᠭᠠᠶᠢᠯᠢ᠂ ᠠᠵᠢᠯ ᠤᠯᠭᠤᠯᠲᠠ᠂ ᠨᠡᠶᠢᠭᠡᠮ ᠤᠨ ᠪᠠᠲᠦᠯᠠᠪᠦᠷᠢ᠂ ᠮᠦᠩᠭᠦᠨ ᠭᠦᠢᠯᠭᠡᠭᠡ᠂ ᠵᠠᠬᠢᠳᠠᠯ ᠰᠤᠷᠪᠤᠯᠵᠢᠯᠠᠯᠭ᠎ᠠ᠂ ᠵᠠᠰᠠᠭ | ᠤᠨ ᠶᠠᠪᠤᠳᠠᠯ ᠤᠨ ᠦᠢᠯᠡᠴᠢᠯᠡᠭᠡ᠂ ᠢᠯᠡ ᠵᠠᠰᠠᠭ᠂ ᠬᠠᠤᠯᠢ ᠶᠤᠰᠤᠭᠠᠷ ᠵᠠᠰᠠᠭ ᠪᠠᠷᠢᠬᠤ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ᠂ ᠪᠦᠬᠦ ᠲᠠᠯ᠎ᠠ ᠪᠠᠷ ᠦᠭᠡᠷᠡᠴᠢᠯᠡᠯᠲᠡ ᠶᠢ ᠬᠦᠨᠵᠡᠭᠡᠶᠢᠷᠡᠬᠦᠯᠬᠦ ᠵᠡᠷᠭᠡ ᠲᠠᠯ᠎ᠠ ᠶᠢᠨ ᠠᠵᠢᠯ ᠢ | ᠬᠠᠷᠢᠭᠤᠴᠠᠳᠠᠭ᠃ | ᠲᠤᠭᠤᠷᠢᠭ ᠤᠨ ᠵᠠᠰᠠᠭ ᠤᠨ ᠤᠷᠳᠦᠨ ᠤ ᠠᠯᠪᠠᠨ ᠭᠡᠷ ︵ᠬᠠᠤᠯᠢ ᠳᠦᠷᠢᠮ ᠤᠨ ᠠᠯᠪᠠᠨ ᠭᠡᠷ᠂ ᠤᠶᠢᠯᠠᠯᠭ᠎ᠠ | ᠶᠢᠨ ᠠᠯᠪᠠᠨ ᠭᠡᠷ︶᠂ ᠲᠣᠭᠤᠷᠢᠭ ᠤᠨ ᠬᠢᠨᠠᠨ ᠪᠠᠶᠢᠴᠠᠭᠠᠬᠤ ᠲᠤᠪᠴᠢᠶ᠎ᠠ᠂ ᠰᠤᠷᠭᠠᠨ ᠬᠦᠮᠦᠵᠢᠯ ᠤᠨ ᠲᠤᠪᠴᠢᠶ᠎ᠠ᠂ ᠡᠳ᠋ | ᠶᠢᠨ ᠵᠠᠰᠠᠭ ᠤᠨ ᠲᠤᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠦᠯᠠᠪᠦᠷᠢ ᠶᠢᠨ | ᠲᠤᠪᠴᠢᠶ᠎ᠠ᠂ ᠠᠵᠢᠯ ᠤᠯᠭᠤᠬᠤ ᠲᠤᠪᠴᠢᠶ᠎ᠠ᠂ ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠵᠠᠬᠢᠳᠠᠯ | ᠰᠤᠷᠪᠤᠯᠵᠢᠯᠠᠭ᠎ᠠ ᠶᠢᠨ ᠲᠤᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠶᠢ ᠬᠠᠮᠢᠶᠠᠷᠴᠦ᠂ ᠲᠤᠭᠤᠷᠢᠭ | ᠤᠨ ᠳᠠᠷᠤᠭ᠎ᠠ ᠶᠢ ᠬᠠᠮᠵᠢᠨ ᠲᠤᠭᠤᠷᠢᠭ ᠤᠨ ᠬᠢᠨᠠᠨ ᠪᠤᠳᠤᠬᠤ ᠲᠤᠪᠴᠢᠶ᠎ᠠ ᠶᠢ ᠬᠠᠷᠢᠭᠤᠴᠠᠳᠠᠭ᠃ | ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ᠂ ᠲᠤᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠳᠡᠰ᠂ | ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠴᠢᠩᠱᠠᠨ ᠤ ᠤᠯᠤᠰ ᠤᠨ ᠭᠠᠶᠢᠯᠢ ᠶᠢᠨ | ᠲᠤᠪᠴᠢᠶ᠎ᠠ᠂ ᠴᠢᠩᠱᠠᠨ ᠤ ᠤᠷᠤᠨ ᠨᠤᠲᠤᠭ ᠤᠨ ᠭᠠᠶᠢᠯᠢ ᠶᠢᠨ ᠲᠤᠪᠴᠢᠶ᠎ᠠ᠂ ᠤᠷᠤᠨ ᠨᠤᠲᠤᠭ ᠤᠨ ᠭᠠᠶᠢᠯᠢ ᠶᠢᠨ ᠪᠤᠤ | ᠭᠠᠩ ᠬᠤᠪᠢᠶᠠᠷᠢ ᠲᠤᠪᠴᠢᠶ᠎ᠠ᠂ ᠬᠤᠲᠠ ᠶᠢᠨ ᠤᠷᠤᠨ ᠨᠤᠲᠤᠭ ᠤᠨ ᠭᠠᠶᠢᠯᠢ ᠶᠢᠨ ᠲᠤᠪᠴᠢᠶ᠎ᠠ ᠶᠢᠨ ᠰᠢᠭᠤᠳ | ᠬᠠᠷᠢᠶ᠎ᠠ ᠬᠤᠪᠢᠶᠠᠷᠢ ᠲᠤᠪᠴᠢᠶ᠎ᠠ᠂ ᠬᠤᠲᠠ ᠶᠢᠨ ᠤᠷᠤᠨ ᠨᠤᠲᠤᠭ ᠤᠨ ᠭᠠᠶᠢᠯᠢ ᠶᠢᠨ ᠲᠤᠪᠴᠢᠶ᠎ᠠ ᠶᠢᠨ ᠭᠠᠳᠠᠭᠠᠲᠦ | ᠲᠠᠢ ᠬᠤᠯᠪᠤᠭᠳᠠᠬᠤ ᠭᠠᠶᠢᠯᠢ ᠲᠠᠲᠠᠪᠦᠷᠢᠯᠠᠬᠤ ᠬᠠᠮᠢᠶᠠᠷᠤᠯᠲᠠ ᠶᠢᠨ ᠬᠤᠪᠢᠶᠠᠷᠢ ᠲᠤᠪᠴᠢᠶ᠎ᠠ᠂ ᠲᠤᠭᠤᠷᠢᠭ ᠲᠤ | ᠰᠠᠭᠤᠷᠢᠰᠢᠭ᠎ᠠ ᠡᠯ᠎ᠡ ᠮᠦᠩᠭᠦᠨ ᠬᠦᠢᠯᠭᠡᠭᠡᠨ ᠤ ᠳᠠᠭᠠᠳᠬᠠᠯ ᠤᠨ ᠦᠨᠡᠲᠦ ᠴᠠᠭᠠᠰᠦ ᠶᠢᠨ ᠪᠠᠶᠢᠭᠤᠯᠤᠮᠵᠢ᠂ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ ᠵᠡᠷᠭᠡ ᠲᠠᠢ ᠬᠠᠷᠢᠭᠤᠴᠠᠳᠠᠭ᠃ | ᠲᠤᠪᠴᠢ ᠨᠠᠮᠲᠠᠷ᠄ ᠵᠠᠩ ᠯᠢ ᠵᠢᠶᠦ᠋ᠨ᠂ ᠡᠷᠡᠭᠲᠡᠢ᠂ ᠬᠢᠲᠠᠳ ᠦᠨᠳᠦᠰᠦᠲᠡᠨ᠂1976 ᠤᠨ ᠤ12 ᠰᠠᠷ᠎ᠠ ᠳᠤ | ᠲᠦᠷᠦᠵᠦ᠂ ᠦᠪᠦᠷ ᠮᠤᠩᠭᠤᠯ ᠤᠨ ᠬᠦᠶᠠᠩ ᠰᠢᠶᠠᠨ ᠤ ᠬᠦᠮᠦᠨ᠃ ᠨᠠᠮ ᠤᠨ ᠰᠤᠷᠭᠠᠭᠤᠯᠢ ᠶᠢᠨ ᠠᠰᠫᠢᠷᠠᠨᠲ ᠶᠢᠨ | ᠨᠠᠮᠲᠠᠷ ᠲᠠᠢ᠂ ᠨᠡᠶᠢᠲᠡ ᠶᠢᠨ ᠬᠠᠮᠢᠶᠠᠷᠥᠯᠲᠠ ᠶᠢᠨ ᠮᠠᠬᠢᠰᠲᠷ᠃ 1993 ᠤᠨ ᠤ 8 ᠰᠠᠷ᠎ᠠ ᠳᠤ ᠠᠵᠢᠯ ᠳᠤ | ᠤᠷᠤᠯᠴᠠᠵᠦ᠂1998 ᠤᠨ ᠤ12 ᠰᠠᠷ᠎ᠠ ᠳᠤ ᠡᠪ ᠬᠠᠮᠲᠦ ᠨᠠᠮ ᠳᠤ ᠡᠯᠰᠡᠭᠳᠡᠵᠡᠢ᠃ ᠤᠳᠤ ᠴᠢᠩᠱᠠᠨ ᠲᠤᠭᠤᠷᠢᠭ | ᠤᠨ ᠨᠠᠮ ᠶᠢᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠲᠤᠭᠤᠷᠢᠭ ᠤᠨ ᠪᠠᠶᠢᠩᠭᠤ ᠶᠢᠨ | ᠳᠡᠳ᠋ ᠳᠠᠷᠤᠭ᠎ᠠ ᠶᠢᠨ ᠲᠤᠰᠢᠶᠠᠯ ᠳᠤ ᠪᠤᠢ᠃ | 1990.9 — 1993.6 ᠪᠤᠭᠤᠲᠤ ᠶᠢᠨ ᠪᠠᠭᠰᠢ ᠶᠢᠨ ᠰᠤᠷᠭᠠᠭᠤᠯᠢ ᠶᠢᠨ ᠡᠩ ᠤᠨ ᠪᠠᠭᠰᠢ ᠶᠢᠨ | ᠲᠤᠰᠬᠠᠢ ᠮᠡᠷᠭᠡᠵᠢᠯ ᠢ ᠰᠤᠷᠤᠯᠴᠠᠵᠠᠢ | 1993.8 — 1996.10 ᠴᠢᠩᠱᠠᠨ ᠲᠤᠭᠤᠷᠢᠭ ᠤᠨ ᠴᠡᠴᠡᠭᠯᠡᠯ ᠭᠤᠲᠤᠮᠵᠢ ᠶᠢᠨ ᠪᠠᠭ᠎ᠠ | ᠰᠤᠷᠭᠠᠭᠤᠯᠢ ᠶᠢᠨ ᠪᠠᠭᠰᠢ | ︵1996.4 — 2000.12 ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠢᠲᠠᠳ | ᠬᠡᠯᠡ ᠤ ᠤᠳᠬ᠎ᠠ ᠵᠤᠬᠢᠶᠠᠯ ᠤᠨ ᠲᠤᠰᠬᠠᠢ ᠮᠡᠷᠭᠡᠵᠢᠯ ᠢ ᠰᠤᠷᠤᠯᠴᠠᠵᠠᠢ︶ | 1996.10 — 2001.2 ᠴᠢᠩᠱᠠᠨ ᠲᠤᠭᠤᠷᠢᠭ ᠤᠨ ᠬᠤᠷᠢᠶ᠎ᠠ ᠶᠢᠨ ᠠᠯᠪᠠᠨ ᠭᠡᠷ ᠤᠨ ᠨᠠᠷᠢᠨ | ᠪᠢᠴᠢᠭᠡᠴᠢ᠂ ᠨᠠᠷᠢᠨ ᠪᠢᠴᠢᠭᠡᠴᠢ ᠶᠢᠨ ᠰᠠᠯᠠᠭᠠᠨ ᠳᠠᠷᠤᠭ᠎ᠠ᠂ ᠪᠠᠶᠢᠩᠭᠤ ᠶᠢᠨ ᠬᠤᠷᠢᠶ᠎ᠠ ᠶᠢᠨ ᠨᠠᠷᠢᠨ ᠪᠢᠴᠢᠭᠡᠴᠢ | 2000.7 — 2003.7 ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠯᠤᠰ ᠲᠦᠷᠦ | ᠬᠠᠥᠯᠢ ᠴᠠᠭᠠᠵᠠ ᠶᠢᠨ ᠲᠤᠰᠬᠠᠢ ᠮᠡᠷᠭᠡᠵᠢᠯ ᠤᠨ ᠠᠩᠬᠢ ᠳᠤ ᠰᠤᠷᠤᠯᠴᠠᠵᠠᠢ | 2001.2 — 2003.5 ᠴᠢᠩᠱᠠᠨ ᠲᠤᠭᠤᠷᠢᠭ ᠤᠨ ᠬᠤᠷᠢᠶ᠎ᠠ ᠶᠢᠨ ᠠᠯᠪᠠᠨ ᠭᠡᠷ ᠤᠨ ᠳᠡᠳ᠋ | ᠡᠷᠬᠢᠯᠡᠭᠴᠢ᠂ ᠪᠠᠶᠢᠩᠭᠤ ᠶᠢᠨ ᠬᠤᠷᠢᠶ᠎ᠠ ᠶᠢᠨ ᠨᠠᠷᠢᠨ ᠪᠢᠴᠢᠭᠡᠴᠢ | 2003.5 — 2004.2 ᠴᠢᠩᠱᠠᠨ ᠲᠤᠭᠤᠷᠢᠭ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠲᠡᠰ | ᠤᠨ ᠳᠡᠳ᠋ ᠳᠠᠷᠤᠭ᠎ᠠ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠱᠦᠵᠢ | 2004.3 — 2004.10 ᠪᠤᠭᠤᠲᠦ ᠬᠤᠲᠠ ᠶᠢᠨ ᠬᠤᠷᠢᠶ᠎ᠠ ᠶᠢᠨ ᠠᠯᠪᠠᠨ ᠲᠢᠩᠭᠢᠮ ᠤᠨ ᠮᠡᠳᠡᠭᠡ | ᠵᠠᠩᠭᠢ ᠶᠢᠨ ᠭᠠᠵᠠᠷ ᠤᠨ ᠳᠡᠳ᠋ ᠭᠠᠵᠠᠷ ᠤᠨ ᠳᠠᠷᠤᠭ᠎ᠠ | 2004.10 — 2009.1 ᠪᠤᠭᠤᠲᠦ ᠬᠤᠲᠠ ᠶᠢᠨ ᠬᠤᠷᠢᠶ᠎ᠠ ᠶᠢᠨ ᠠᠯᠪᠠᠨ ᠲᠢᠩᠭᠢᠮ ᠤᠨ ᠪᠠᠶᠢᠩᠭᠤ | ᠶᠢᠨ ᠬᠤᠷᠢᠶ᠎ᠠ ᠶᠢᠨ ᠠᠯᠪᠠᠨ ᠭᠡᠷ ᠤᠨ ᠵᠢᠩᠬᠢᠨᠢ ᠰᠠᠯᠠᠭᠠᠨ ᠳᠡᠰ ᠤᠨ ᠨᠠᠷᠢᠨ ᠪᠢᠴᠢᠭᠡᠴᠢ | 2009.1 — 2011.5 ᠲᠦᠮᠡᠳ ᠪᠠᠷᠠᠭᠤᠨ ᠬᠤᠰᠢᠭᠤᠨ ᠤ ᠬᠤᠷᠢᠶ᠎ᠠ ᠶᠢᠨ ᠪᠠᠶᠢᠩᠭᠤ ᠶᠢᠨ | ᠬᠡᠰᠢᠭᠦᠨ᠂ ᠵᠤᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ︵2008.9 — 2011.7 ᠲᠦᠪ ᠤᠨ ᠨᠠᠮ ᠤᠨ ᠰᠤᠷᠭᠠᠭᠤᠯᠢ ᠶᠢᠨ ᠠᠵᠦ ᠠᠬᠤᠢ ᠬᠠᠮᠢᠶᠠᠷᠥᠯᠲᠠ | ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠳᠡᠭᠡᠷ᠎ᠡ ᠪᠠᠨ ᠠᠰᠫᠢᠷᠠᠨᠲ ᠤᠨ ᠠᠩᠬᠢ ᠳᠤ ᠰᠤᠷᠤᠯᠴᠠᠵᠠᠢ︶ | 2011.5 — 2016.7 ᠬᠦᠨᠳᠡᠯᠡᠨ ᠲᠤᠭᠤᠷᠢᠭ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ | ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠤᠷᠳᠤᠨ ᠤ ᠲᠤᠭᠤᠷᠢᠭ ᠤᠨ ᠳᠡᠳ᠋ ᠳᠠᠷᠤᠭ᠎ᠠ᠂ ᠨᠠᠮ ᠤᠨ | ᠤᠳᠤᠷᠢᠳᠬᠤ ᠳᠤᠭᠤᠶᠢᠯᠠᠩ ᠤᠨ ᠬᠡᠰᠢᠬᠦᠨ | ︵2011.4 — 2013.6 ᠲᠦᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠮᠢᠶᠠᠷᠤᠯᠲᠠ | ᠶᠢᠨ ᠳᠡᠭᠡᠲᠦ ᠰᠤᠷᠭᠠᠭᠤᠯᠢ ᠶᠢᠨ ᠨᠡᠶᠢᠲᠡ ᠶᠢᠨ ᠬᠠᠮᠢᠶᠠᠷᠤᠯᠲᠠ ᠶᠢᠨ ᠮᠠᠬᠢᠰᠲᠷ ᠤᠨ ᠲᠤᠰᠬᠠᠢ ᠮᠡᠷᠭᠡᠵᠢᠯ ᠢ | ᠰᠤᠷᠤᠯᠴᠠᠵᠠᠢ︶ | 2016.7 — ᠴᠢᠩᠱᠠᠨ ᠲᠤᠭᠤᠷᠢᠭ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ | ᠵᠠᠰᠠᠭ ᠤᠨ ᠤᠷᠳᠤᠨ ᠤ ᠲᠤᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ | |