ᠰᠠᠶᠢᠨᠬᠠᠨᠲᠠᠯ᠎ᠠ ᠬᠤᠲᠠ ᠶᠢᠨ ᠲᠣᠲᠤᠷᠠᠬᠢ ᠲᠠᠯ᠎ᠠ ᠭᠠᠵᠠᠷ
ᠨᠡᠶᠢᠲᠡᠯᠡᠭᠰᠡᠨ ᠴᠠᠭ᠄
2018/4/26
     ᠰᠠᠶᠢᠬᠠᠨᠲᠠᠯ᠎ᠠ ᠠᠮᠢ ᠠᠬᠤᠢ ᠶᠢᠨ ᠬᠦᠷᠢᠶᠡᠯᠡᠩ ᠨᠢ ᠪᠤᠭᠤᠳᠤ ᠬᠤᠲᠠ ᠶᠢᠨ ᠴᠢᠩᠱᠠᠨ ᠲᠣᠭᠤᠷᠢᠭ ᠲᠤ ᠪᠠᠶᠢᠷᠢᠰᠢᠨ᠂ ᠵᠡᠭᠦᠨ ᠴᠠ ᠪᠠᠷᠠᠭᠤᠨᠰᠢ ᠠᠷᠪᠠᠨ ᠭᠠᠵᠠᠷ ᠪᠠᠶᠢᠵᠤ᠂ ᠶᠡᠷᠦᠩᠬᠡᠢ ᠲᠠᠯᠠᠪᠠᠢ ᠨᠢ 770 ᠾᠧᠺᠲ᠋ᠠᠷ ᠬᠦᠷᠳᠡᠭ᠃ ᠰᠠᠶᠢᠬᠠᠨᠲᠠᠯ᠎ᠠ ᠠᠮᠢ ᠠᠬᠤᠢ ᠶᠢᠨ ᠬᠦᠷᠢᠶᠡᠯᠡᠩ ᠨᠢ ᠪᠦᠬᠦ ᠤᠯᠤᠰ ᠵᠢᠴᠢ ᠠᠽᠢᠶ᠎ᠠ ᠶᠢᠨ ᠴᠣᠷ ᠤᠨ ᠭᠠᠭᠴᠠ ︽ᠬᠤᠲᠠ ᠶᠢᠨ ᠲᠣᠲᠤᠷᠠᠬᠢ ᠲᠠᠯ᠎ᠠ ᠨᠤᠲᠤᠭ︾ ᠪᠣᠯᠵᠤ᠂ ᠠᠮᠢ ᠠᠬᠤᠢ᠂ ᠤᠬᠠᠭᠤᠯᠭ᠎ᠠ᠂ ᠵᠢᠭᠤᠯᠴᠢᠯᠠᠯ᠂ ᠰᠣᠶᠣᠯ᠂ ᠰᠤᠷᠭᠠᠨ ᠬᠦᠮᠦᠵᠢᠯ᠂ ᠰᠢᠨᠵᠢᠯᠡᠭᠡ ᠰᠤᠳᠤᠯᠭᠠᠨ ᠵᠡᠷᠭᠡ ᠶᠢ ᠬᠠᠮᠤᠷᠠᠭᠰᠠᠨ ᠣᠯᠠᠨ ᠦᠢᠯᠳᠦᠯᠭᠡᠳᠦ ᠲᠠᠯ᠎ᠠ ᠨᠤᠲᠤᠭ ᠤᠨ ᠠᠮᠢ ᠠᠬᠤᠢ ᠶᠢᠨ ᠬᠦᠷᠢᠶᠡᠯᠡᠩ ᠪᠣᠯᠤᠨ᠎ᠠ᠃ ᠬᠦᠷᠢᠶᠡᠯᠡᠩ ᠳᠤ ᠮᠣᠩᠭᠤᠯ ᠭᠡᠷ᠂ ᠣᠪᠤᠭ᠎ᠠ᠂ ᠮᠣᠷᠢ ᠤᠷᠤᠯᠳᠤᠬᠤ ᠭᠠᠵᠠᠷ᠂ ᠪᠦᠬᠡ ᠪᠠᠷᠢᠯᠳᠤᠬᠤ ᠲᠠᠠᠯᠪᠠᠢ ᠵᠡᠷᠭᠡ ᠪᠤᠢ᠃ ᠬᠡᠳᠦᠨ ᠵᠢᠯ ᠤᠨ ᠲᠤᠷᠰᠢᠬᠢ ᠠᠮᠢ ᠠᠬᠤᠢ ᠶᠢᠨ ᠪᠠᠶᠢᠭᠤᠯᠤᠯᠲᠠ ᠪᠠ ᠬᠠᠮᠠᠭᠠᠯᠠᠯᠲᠠ ᠪᠠᠷ ᠲᠠᠮᠵᠢᠨ᠂ ᠰᠠᠶᠢᠬᠠᠨᠲᠠᠯ᠎ᠠ ᠶᠢᠨ ᠬᠦᠷᠢᠶᠡᠯᠡᠩ ᠳᠤ ᠴᠡᠯᠮᠡᠭ ᠲᠡᠭᠷᠢ᠂ ᠴᠡᠩᠬᠡᠭ ᠤᠰᠤ᠂ ᠢᠭ᠌ᠴᠢ ᠰᠠᠬᠤᠯᠠᠭ ᠡᠪᠡᠰᠦ ᠤᠷᠭᠤᠮᠠᠯ᠂ ᠪᠤᠭᠤ ᠶᠢᠨ ᠤᠷᠤᠮᠳᠠᠭ᠎ᠠ᠂ ᠰᠢᠪᠠᠭᠤᠳ ᠤᠨ ᠵᠢᠷᠭᠢᠭᠡ᠂ ᠡᠯ᠎ᠡ ᠵᠦᠢᠯ ᠤᠨ ᠬᠤᠪᠤᠷ ᠴᠤᠬᠠᠭ ᠵᠢᠭᠦᠷᠲᠡᠳ ᠵᠢᠴᠢ ᠬᠡᠭᠡᠷ᠎ᠡ ᠶᠢᠨ ᠠᠮᠢᠲᠠᠳ ᠲᠠᠢ ᠪᠣᠯᠤᠭᠰᠠᠨ ᠪᠠᠶᠢᠨ᠎ᠠ᠃
 
ᠢᠷᠡᠯᠲᠡ᠄ ᠪᠤᠭᠤᠲᠦ ᠬᠤᠲᠠ ᠶᠢᠨ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号