ᠴᠢᠩᠱᠠᠨ ᠲᠤᠭᠤᠷᠢᠭ ᠤᠨ ᠲᠤᠭ᠎ᠠ ᠪᠦᠷᠢᠳᠭᠡᠯ ᠤᠨ ᠲᠤᠪᠴᠢᠶ᠎ᠠ
ᠨᠡᠶᠢᠲᠡᠯᠡᠭᠰᠡᠨ ᠴᠠᠭ᠄
2018/5/26
     1992 ᠤᠨ ᠳᠤ᠂ ᠴᠢᠩᠱᠠᠨ ᠲᠤᠭᠤᠷᠢᠭ ᠤᠨ ᠲᠤᠭ᠎ᠠ ᠪᠦᠷᠢᠳᠭᠡᠯ ᠤᠨ ᠲᠤᠪᠴᠢᠶ᠎ᠠ ᠪᠠᠶᠢᠭᠤᠯᠤᠭᠳᠠᠵᠤ᠂ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠵᠢᠩᠬᠢᠨᠢ ᠰᠠᠯᠠᠭᠠᠨ ᠲᠡᠰ ᠤᠨ ᠪᠠᠶᠢᠭᠤᠯᠤᠮᠵᠢ ᠪᠤᠯᠤᠨ᠎ᠠ᠃ ᠲᠤᠳᠤᠭᠠᠳᠤ ᠳᠤ ᠪᠠᠨ ᠶᠡᠷᠦᠩᠭᠡᠶᠢᠯᠡᠨ ᠲᠤᠭᠠᠴᠠᠭ᠎ᠠ ᠬᠢᠬᠦ ᠲᠠᠰᠤᠭ᠂ ᠠᠵᠤ ᠦᠢᠯᠡᠳᠪᠦᠷᠢ ᠶᠢᠨ ᠲᠠᠰᠤᠭ᠂ ᠠᠷᠠᠯᠵᠢᠶ᠎ᠠ ᠬᠤᠳᠠᠯᠳᠤᠭ᠎ᠠ ᠪᠡᠯᠡ ᠤᠷᠤᠭᠤᠯᠤᠯᠳᠠ ᠶᠢᠨ ᠲᠠᠰᠤᠭ᠂ ᠠᠯᠪᠠᠨ ᠭᠡᠷ᠂ ᠨᠡᠶᠢᠳᠡᠮ ᠪᠠᠶᠢᠴᠠᠭᠠᠯᠳᠠ ᠶᠢᠨ ᠲᠦᠪ ᠵᠡᠷᠭᠡ 5 ᠲᠠᠰᠤᠭ ᠢ ᠪᠠᠶᠢᠷᠢᠯᠠᠭᠤᠯᠪᠠ᠃ ᠲᠤᠤᠷ᠎ᠠ ᠪᠠᠨ ᠬᠤᠳᠠ ᠬᠦᠳᠡᠭᠡ ᠶᠢᠨ ᠨᠡᠶᠢᠭᠡᠮ ᠤᠨ ᠠᠵᠤ ᠠᠬᠤᠢ ᠶᠢ ᠪᠠᠶᠢᠴᠠᠭᠠᠬᠤ ᠠᠩᠭᠢ ᠪᠠᠶᠢᠵᠤ᠂ ᠲᠡᠷᠡ ᠨᠢ ᠲᠡᠳ᠋ ᠰᠠᠯᠠᠭᠠᠨ ᠲᠡᠰ ᠤᠨ ᠠᠯᠪᠠᠳᠠᠨ ᠳᠤ ᠤᠷᠤᠯᠴᠠᠭᠰᠠᠨ ᠠᠵᠢᠯ ᠦᠢᠯᠡᠰ  ᠤᠨ ᠪᠠᠶᠢᠭᠤᠯᠭ᠎ᠠ ᠪᠤᠯᠤᠨ᠎ᠠ︔ ᠪᠠᠰᠠ ᠲᠤᠭ᠎ᠠ ᠪᠦᠷᠢᠳᠭᠡᠯ ᠢ ᠬᠢᠨᠠᠨ ᠪᠠᠶᠢᠴᠠᠭᠠᠬᠤ ᠶᠡᠭᠡ ᠠᠩᠭᠢ ᠪᠠᠶᠢᠵᠤ᠂ ᠲᠡᠷᠡ ᠨᠢ ᠲᠠᠰᠤᠭ ᠤᠨ ᠲᠡᠰ ᠤᠨ ᠪᠦᠷᠢᠨ ᠮᠦᠩᠭᠦ ᠰᠢᠯᠵᠢᠭᠦᠯᠦᠨ ᠦᠭᠬᠦ ᠠᠵᠢᠯ ᠦᠢᠯᠡᠰ ᠤᠨ ᠪᠠᠶᠢᠭᠤᠯᠭ᠎ᠠ ᠪᠤᠯᠬᠤ ᠪᠦᠭᠡᠳ᠂ ᠴᠢᠩᠱᠠᠨ ᠲᠤᠭᠤᠷᠢᠭ ᠤᠨ ᠤᠯᠤᠰ ᠠᠷᠠᠳ ᠤᠨ ᠠᠵᠤ ᠠᠬᠤᠢ ᠶᠢᠨ ᠲᠤᠭ᠎ᠠ ᠪᠦᠷᠢᠳᠭᠡᠯ ᠬᠢᠭᠡᠳ ᠲᠤᠭᠠᠴᠠᠭ᠎ᠠ ᠬᠢᠬᠦ  ᠶᠢ ᠭᠤᠤᠯᠯᠠᠨ ᠬᠠᠷᠢᠭᠤᠴᠠᠳᠠᠭ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号