ᠴᠢᠩᠱᠠᠨ ᠲᠤᠭᠤᠷᠢᠭ ᠤᠨ ᠬᠢᠨᠠᠨ ᠪᠤᠳᠤᠬᠤ ᠲᠤᠪᠴᠢᠶ᠎ᠠ
ᠨᠡᠶᠢᠲᠡᠯᠡᠭᠰᠡᠨ ᠴᠠᠭ᠄
2018/5/26
     1984 ᠤᠨ ᠳᠤ᠂ ᠴᠢᠩᠱᠠᠨ ᠲᠤᠭᠤᠷᠢᠭ ᠤᠨ ᠬᠢᠨᠠᠨ ᠪᠤᠳᠤᠬᠤ ᠲᠤᠪᠴᠢᠶ᠎ᠠ ᠪᠠᠶᠢᠭᠤᠯᠤᠭᠳᠠᠵᠤ᠂ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠵᠢᠩᠬᠢᠨᠢ ᠰᠠᠯᠠᠭᠠᠨ ᠲᠡᠰ ᠤᠨ ᠪᠠᠶᠢᠭᠤᠯᠤᠮᠵᠢ ᠪᠤᠯᠤᠨ᠎ᠠ᠃《ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠦᠰᠦᠨ ᠬᠠᠤᠯᠢ》᠂《ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠢᠨᠠᠨ ᠪᠤᠳᠤᠬᠤ ᠬᠠᠤᠯᠢ》 ᠶᠢᠨ ᠲᠤᠭᠳᠠᠭᠠᠯ ᠶᠤᠰᠤᠭᠠᠷ᠂ ᠬᠢᠨᠠᠨ ᠲᠠᠯᠪᠢᠬᠤ ᠡᠷᠭᠡ  ᠪᠠᠨ ᠲᠤᠰᠠᠭᠠᠷ ᠬᠡᠷᠡᠭᠵᠢᠭᠦᠯᠵᠦ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠬᠢᠭᠡᠳ ᠲᠡᠭᠡᠷ᠎ᠡ ᠱᠠᠳᠤᠨ ᠤ ᠬᠢᠨᠠᠨ ᠪᠤᠳᠤᠯᠳᠠ ᠶᠢᠨ ᠪᠠᠶᠢᠭᠤᠯᠭ᠎ᠠ ᠳᠤ ᠬᠠᠷᠢᠭᠤᠴᠠᠨ᠎ᠠ᠃ ᠲᠤᠳᠤᠷ᠎ᠠ ᠪᠠᠨ ᠠᠯᠪᠠᠨ ᠭᠡᠷ᠂ ᠵᠠᠰᠠᠭ ᠵᠠᠭᠢᠷᠭᠠᠨ ᠤ ᠡᠳ᠋  ᠤᠨ ᠵᠠᠰᠠᠭ ᠤᠨ ᠭᠠᠶᠢᠯᠢ ᠶᠢ ᠬᠢᠨᠠᠨ ᠪᠤᠳᠤᠬᠤ ᠲᠠᠰᠤᠭ᠂ ᠠᠵᠤ ᠠᠬᠤᠢ ᠵᠢᠨ‌ᠬᠠᠷᠢᠭᠤᠴᠠᠯᠭ᠎ᠠ ᠶᠢ ᠬᠢᠨᠠᠨ ᠪᠤᠳᠤᠬᠤ ᠲᠠᠰᠤᠭ᠂ ᠲᠤᠭᠳᠠᠮᠠᠯ ᠡᠳ᠋ ᠬᠦᠷᠦᠩᠭᠡ ᠶᠢᠨ ᠪᠡᠯᠡ ᠤᠷᠤᠭᠤᠯᠤᠯᠳᠠ ᠶᠢ ᠬᠢᠨᠠᠨ ᠪᠤᠳᠤᠬᠤ ᠲᠠᠰᠤᠭ ᠪᠡ ᠬᠠᠤᠯᠢ ᠲᠦᠷᠢᠮ ᠢᠶᠠᠷ ᠰᠢᠬᠦᠨ ᠰᠢᠢᠳᠬᠡᠭᠦ ᠲᠠᠰᠤᠭ ᠵᠡᠷᠭᠡ 5 ᠲᠠᠰᠤᠭ ᠢ ᠪᠠᠶᠢᠷᠢᠯᠠᠭᠤᠯᠪᠠ᠃ ᠲᠤᠤᠷ᠎ᠠ ᠪᠠᠨ ᠲᠠᠰᠤᠭ ᠤᠨ ᠲᠡᠰ  ᠤᠨ ᠠᠵᠢᠯ ᠦᠢᠯᠡᠰ ᠤᠨ ᠪᠠᠶᠢᠭᠤᠯᠭ᠎ᠠ ᠶᠢᠨ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠲᠦᠪ ᠲᠠᠢ ᠪᠠᠶᠢᠵᠤ᠂ ᠲᠤᠭᠤᠷᠢᠭ ᠤᠨ ᠬᠠᠷᠢᠶᠠᠨ ᠳᠠᠬᠢ ᠡᠯ᠎ᠡ ᠰᠠᠯᠠᠭ᠎ᠠ ᠮᠦᠴᠢᠷ ᠤᠨ ᠬᠢᠨᠠᠨ ᠪᠤᠳᠤᠬᠤ ᠠᠵᠢᠯ ᠳᠤ ᠬᠢᠨᠠᠯᠳᠠ ᠲᠠᠯᠪᠢᠬᠤ ᠶᠢ ᠬᠠᠷᠢᠭᠤᠴᠠᠵᠤ᠂ ᠠᠵᠤ ᠠᠬᠤᠢ ᠨᠡᠶᠢᠭᠡᠮ ᠤᠨ ᠪᠦᠬᠦ ᠲᠠᠯ᠎ᠠ ᠶᠢᠨ ᠭᠦᠭᠵᠢᠯᠳᠡ ᠳᠤ ᠦᠢᠯᠡᠴᠢᠯᠡᠬᠦ ᠪᠠᠷ ᠭᠤᠤᠯ ᠵᠤᠷᠢᠯᠭ᠎ᠠ ᠪᠠᠨ ᠪᠤᠯᠭᠠᠵᠤ᠂ ᠴᠢᠩᠱᠠᠨ ᠤ ᠲᠤᠭᠤᠷᠢᠭ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠤᠷᠳᠤᠨ ᠤ ᠭᠤᠤᠯ ᠠᠵᠢᠯ ᠪᠠ ᠴᠢᠬᠤᠯᠠ ᠶᠡᠭᠡ ᠰᠢᠢᠳᠪᠦᠷᠢ ᠶᠢ ᠴᠢᠩᠭ᠎ᠠ ᠪᠠᠷᠢᠮᠳᠠᠯᠠᠨ᠂ ᠬᠢᠨᠠᠨ ᠪᠤᠳᠤᠬᠤ ᠡᠭᠦᠷᠭᠡ ᠬᠠᠷᠢᠭᠤᠴᠠᠯᠭ᠎ᠠ  ᠪᠠᠨ ᠨᠠᠷᠢᠨ ᠬᠢᠨᠠᠮᠠᠭᠠᠢ ᠪᠡᠶᠡᠯᠡᠭᠦᠯᠦᠨ᠂ ᠭᠠᠵᠠᠷ ᠤᠷᠤᠨ ᠤ ᠠᠵᠤ ᠠᠬᠤᠢ ᠶᠢᠨ ᠬᠦᠭᠵᠢᠯᠳᠡ ᠳᠤ ᠲᠦᠯᠬᠢᠴᠡ ᠦᠢᠯᠡᠳᠦᠯ ᠦᠵᠡᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号