ᠴᠢᠩᠱᠠᠨ ᠲᠤᠭᠤᠷᠢᠭ ᠤᠨ ᠠᠶᠤᠯᠬᠦᠢ ᠦᠢᠯᠡᠳᠪᠦᠷᠢᠯᠡᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2018/5/26
     2005 ᠤᠨ ᠳᠤ᠂᠂ᠴᠢᠩᠱᠠᠨ ᠲᠤᠭᠤᠷᠢᠭ ᠤᠨ ᠠᠶᠤᠯᠬᠦᠢ ᠦᠢᠯᠡᠳᠪᠦᠷᠢᠯᠡᠯ ᠤᠨ ᠬᠢᠨᠠᠯᠳᠠ ᠬᠠᠮᠢᠶᠠᠷᠤᠯᠳᠠ  ᠶᠢᠨ ᠲᠤᠪᠴᠢᠶ᠎ᠠ ︵ᠲᠤᠤᠷ᠎ᠠ ᠠᠶᠤᠯᠬᠦᠢ ᠦᠢᠯᠡᠳᠪᠦᠷᠢᠯᠡᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠭᠡᠵᠦ ᠲᠦᠭᠦᠮᠴᠢᠯᠡᠶ᠎ᠡ︶ ᠪᠠᠶᠢᠭᠤᠯᠤᠭᠳᠠᠵᠤ᠂ ᠴᠢᠩᠱᠠᠨ ᠲᠤᠭᠤᠷᠢᠭ ᠤᠨ ᠵᠠᠰᠠᠭ ᠤᠨ ᠤᠷᠳᠤᠨ ᠤ ᠵᠢᠩᠬᠢᠨᠢ ᠰᠠᠯᠠᠭᠠᠨ ᠲᠡᠰ  ᠤᠨ ᠪᠠᠶᠢᠭᠤᠯᠤᠮᠵᠢ ᠪᠤᠯᠤᠨ᠎ᠠ᠃ ᠲᠤᠳᠤᠭᠠᠳᠤ ᠳᠤ ᠪᠠᠨ ᠠᠯᠪᠠᠨ ᠭᠡᠷ᠂ ᠠᠶᠤᠯᠬᠦᠢ ᠶᠢ ᠬᠢᠨᠠᠨ ᠬᠠᠮᠢᠶᠠᠷᠬᠤ ᠶᠡᠷᠦᠩᠭᠡᠢ ᠲᠠᠰᠤᠭ᠂ ᠠᠭᠤᠷᠬᠠᠢ ᠨᠡᠭᠦᠷᠡᠰᠦ ᠶᠢᠨ ᠪᠤᠰᠤ ᠠᠶᠤᠯᠬᠦᠢ ᠶᠢ ᠬᠢᠨᠠᠨ ᠬᠠᠮᠢᠶᠠᠷᠬᠤ ᠲᠠᠰᠤᠭ᠂ ᠠᠶᠤᠯᠳᠠᠢ ᠬᠢᠮᠢ ᠶᠢᠨ ᠡᠳ᠋ ᠢ ᠬᠢᠨᠠᠨ ᠬᠠᠮᠢᠶᠠᠷᠬᠤ ᠲᠠᠰᠤᠭ᠂ ᠠᠵᠢᠯ ᠮᠡᠷᠭᠡᠵᠢᠯ ᠤᠨ ᠠᠮᠦᠷ ᠲᠦᠪᠰᠢᠨ ᠡᠷᠡᠭᠦᠯ ᠮᠡᠨᠳᠦ ᠶᠢ ᠬᠢᠨᠠᠨ ᠬᠠᠮᠢᠶᠠᠷᠬᠤ ᠵᠡᠷᠭᠡ 5 ᠲᠠᠰᠤᠭ ᠪᠤᠢ᠃ ᠪᠠᠰᠠ ᠲᠠᠰᠤᠭ ᠤᠨ ᠲᠡᠰ ᠤᠨ ᠠᠵᠢᠯ ᠦᠢᠯᠡᠰ ᠤᠨ ᠪᠠᠶᠢᠭᠤᠯᠭ᠎ᠠ ᠴᠢᠩᠱᠠᠨ ᠲᠤᠭᠤᠷᠢᠭ ᠤᠨ ᠠᠶᠤᠯᠬᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠬᠢᠨᠠᠨ ᠪᠠᠶᠢᠴᠠᠭᠠᠯᠳᠠ ᠶᠢᠨ ᠶᠡᠭᠡ ᠠᠩᠭᠢ ᠬᠠᠷᠢᠶᠠᠯᠠᠭᠳᠠᠳᠠᠭ ᠪᠤᠢ᠃ ᠴᠢᠩᠱᠠᠨ ᠲᠤᠭᠤᠷᠢᠭ ᠤᠨ ᠭᠡᠪᠴᠢᠶᠡᠨ ᠳᠠᠬᠢ ᠠᠶᠤᠯᠬᠦᠢ ᠦᠢᠯᠡᠳᠪᠦᠷᠢᠯᠡᠯ ᠳᠤ ᠶᠡᠷᠦᠩᠭᠡᠶᠢᠯᠡᠨ ᠬᠢᠨᠠᠯᠳᠠ ᠲᠠᠯᠪᠢᠵᠤ ᠬᠠᠮᠢᠶᠠᠷᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号