ᠪᠤᠭᠤᠳᠤ ᠬᠤᠳᠠ ᠶᠢᠨ ᠲᠦᠯᠦᠪᠵᠢᠭᠦᠯᠭᠡ ᠶᠢᠨ ᠲᠤᠪᠴᠢᠶᠠᠨ ᠤ ᠴᠢᠩᠱᠠᠨ ᠲᠤᠭᠤᠷᠢᠭ ᠤᠨ ᠲᠦᠯᠦᠪᠵᠢᠭᠦᠯᠭᠡ  ᠶᠢᠨ ᠬᠤᠪᠢᠶᠠᠷᠢ ᠲᠤᠪᠴᠢᠶ᠎ᠠ
ᠨᠡᠶᠢᠲᠡᠯᠡᠭᠰᠡᠨ ᠴᠠᠭ᠄
2018/5/26
     2010 ᠤᠨ ᠳᠤ᠂ ᠪᠤᠭᠤᠳᠤ ᠬᠤᠳᠠ ᠶᠢᠨ ᠲᠦᠯᠦᠪᠵᠢᠭᠦᠯᠭᠡ ᠶᠢᠨ ᠲᠤᠪᠴᠢᠶᠠᠨ ᠤ ᠴᠢᠩᠱᠠᠨ ᠲᠤᠭᠤᠷᠢᠭ  ᠤᠨ ᠲᠦᠯᠦᠪᠵᠢᠭᠦᠯᠭᠡ ᠶᠢᠨ ᠬᠤᠪᠢᠶᠠᠷᠢ ᠲᠤᠪᠴᠢᠶ᠎ᠠ ︵ᠲᠤᠤᠷ᠎ᠠ ᠲᠦᠯᠦᠪᠵᠢᠭᠦᠯᠭᠡ ᠶᠢᠨ ᠬᠤᠪᠢᠶᠠᠷᠢ ᠲᠤᠪᠴᠢᠶ᠎ᠠ ᠪᠠᠷ ᠲᠦᠭᠦᠮᠴᠢᠯᠡᠶ᠎ᠡ︶ ᠪᠠᠶᠢᠭᠤᠯᠤᠭᠳᠠᠵᠠᠢ᠃ ᠪᠤᠭᠤᠳᠤ ᠬᠤᠳᠠ ᠶᠢᠨ ᠲᠦᠯᠦᠪᠵᠢᠭᠦᠯᠭᠡ ᠶᠢᠨ ᠲᠤᠪᠴᠢᠶ᠎ᠠ ᠶᠢᠨ ᠰᠢᠭᠤᠳ ᠬᠠᠷᠢᠶᠠᠨ ᠤ ᠵᠢᠩᠬᠢᠨᠢ ᠰᠠᠯᠠᠭᠠᠨ ᠲᠡᠰ ᠤᠨ ᠵᠠᠰᠠᠭ ᠵᠠᠭᠢᠷᠭᠠᠨ ᠤ ᠪᠠᠶᠢᠭᠤᠯᠭ᠎ᠠ ᠪᠤᠯᠤᠨ᠎ᠠ᠃ ᠲᠤᠭᠤᠷᠢᠭ ᠤᠨ ᠬᠠᠷᠢᠶᠠᠨ  ᠤ ᠲᠦᠯᠦᠪᠵᠢᠭᠦᠯᠭᠡ ᠶᠢᠨ ᠵᠢᠯᠤᠭᠤᠳᠤᠯᠭ᠎ᠠ ᠪᠠ ᠦᠢᠯᠡᠴᠢᠯᠡᠭᠡ ᠶᠢ ᠬᠠᠷᠢᠭᠤᠴᠠᠨ᠎ᠠ︔ ᠴᠢᠩᠱᠠᠨ ᠲᠤᠭᠤᠷᠢᠭ ᠤᠨ ᠡᠵᠡᠮᠳᠡᠯ ᠤᠨ ᠴᠢᠨᠠᠷᠳᠠᠢ ᠨᠠᠷᠢᠨ ᠲᠦᠯᠦᠪᠵᠢᠭᠦᠯᠭᠡ᠂ ᠵᠠᠰᠠᠪᠤᠷᠢᠯᠠᠨ ᠪᠠᠶᠢᠭᠤᠯᠬᠤ ᠴᠢᠨᠠᠷᠳᠠᠢ ᠨᠠᠷᠢᠨ ᠲᠦᠯᠦᠪᠵᠢᠭᠦᠯᠭᠡ᠂ ᠴᠢᠬᠤᠯᠠ ᠭᠠᠵᠠᠷ ᠤᠷᠤᠨ ᠤ ᠬᠤᠳᠠ ᠶᠢᠨ ᠲᠦᠯᠦᠪᠵᠢᠭᠦᠯᠭᠡ᠂ ᠬᠤᠳᠠ ᠶᠢᠨ ᠦᠵᠡᠮᠵᠢ ᠪᠠᠶᠢᠳᠠᠯ ᠤᠨ ᠲᠦᠯᠦᠪᠵᠢᠭᠦᠯᠭᠡ ᠬᠢᠭᠡᠳ ᠲᠤᠰᠬᠠᠢ ᠲᠦᠷᠦᠯ ᠤᠨ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠳᠤ ᠤᠷᠤᠯᠴᠠᠨ᠎ᠠ︔ ᠲᠤᠭᠤᠷᠢᠭ ᠤᠨ ᠬᠠᠷᠢᠶᠠᠨ ᠤ ᠲᠦᠯᠦᠪᠵᠢᠭᠦᠯᠭᠡ ᠶᠢᠨ ᠬᠠᠮᠢᠶᠠᠷᠤᠯᠳᠠ ᠵᠢᠴᠢ ᠬᠢᠨᠠᠨ ᠤᠯᠭᠤᠬᠤ᠂ ᠪᠦᠳᠦᠭᠡᠨ ᠪᠠᠶᠢᠭᠤᠯᠤᠯᠳᠠ ᠶᠢᠨ ᠢᠨᠵᠢᠨᠧᠷᠢᠩ ᠤᠨ《ᠨᠢᠬᠡ ᠨᠤᠮ ᠬᠤᠶᠠᠷ ᠦᠨᠡᠮᠯᠡᠯ》 ︵ᠬᠤᠳᠠ ᠶᠢᠨ ᠲᠦᠯᠦᠪᠵᠢᠭᠦᠯᠭᠡ ᠶᠢᠨ ᠵᠠᠰᠠᠭ ᠵᠠᠭᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠨ ᠤᠯᠭᠤᠭᠰᠠᠨ ᠪᠠᠷᠢᠯᠭ᠎ᠠ ᠶᠢᠨ ᠲᠦᠷᠦᠯ ᠵᠦᠢᠯ ᠤᠨ ᠪᠠᠶᠢᠷᠢ ᠰᠤᠩᠭᠤᠭᠰᠠᠨ ᠰᠠᠨᠠᠯ ᠤᠨ ᠪᠢᠴᠢᠭ᠂ ᠪᠦᠳᠦᠭᠡᠨ ᠪᠠᠶᠢᠭᠤᠯᠤᠯᠳᠠ ᠶᠢᠨ ᠬᠡᠷᠡᠭᠯᠡᠯᠳᠡ ᠶᠢᠨ ᠭᠠᠵᠠᠷ ᠰᠢᠷᠤᠢ ᠶᠢᠨ ᠲᠦᠯᠦᠪᠵᠢᠬᠦᠯᠭᠡ ᠤᠨ ᠵᠦᠪᠰᠢᠶᠡᠷᠡᠯ ᠤᠨ ᠦᠨᠡᠮᠯᠡᠯ᠂ ᠪᠦᠳᠦᠭᠡᠨ ᠪᠠᠶᠢᠭᠤᠯᠬᠤ ᠢᠨᠵᠢᠨᠧᠷᠢᠩ ᠤᠨ ᠲᠦᠯᠤᠪᠵᠢᠭᠦᠯᠭᠡ ᠶᠢᠨ ᠵᠦᠪᠰᠢᠶᠡᠷᠡᠯ ᠤᠨ ᠦᠨᠡᠮᠯᠡᠯ︶ ᠢ ᠬᠦᠢᠴᠡᠳᠬᠡᠬᠦ ᠪᠡ ᠪᠠᠷᠢᠯᠭ᠎ᠠ ᠶᠢᠨ ᠢᠨᠵᠢᠨᠧᠷᠢᠩ ᠤᠨ ᠲᠦᠷᠦᠯ ᠵᠦᠢᠯ ᠢ ᠵᠦᠪᠰᠢᠶᠡᠷᠡᠭᠦ ᠠᠴᠠ ᠡᠮᠦᠨ᠎ᠡ ᠵᠠᠷᠯᠠᠬᠤ ᠪᠠ ᠬᠢᠨᠠᠨ ᠵᠦᠪᠰᠢᠶᠡᠷᠡᠭᠰᠡᠨ ᠤ ᠲᠠᠷᠠᠭ᠎ᠠ ᠵᠠᠷᠯᠠᠬᠤ ᠵᠡᠷᠭᠡ ᠲᠠᠯ᠎ᠠ ᠶᠢᠨ ᠠᠵᠢᠯ ᠤᠳ ᠢ ᠬᠠᠷᠢᠭᠤᠴᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号