ᠭᠠᠵᠠᠷ ᠰᠢᠷᠣᠢ ᠨᠣᠳᠤᠭ ᠪᠡᠯᠴᠢᠬᠡᠷ ᠤᠨ ᠡᠷᠭᠡ ᠪᠠᠨ ᠶᠠᠭᠠᠬᠢᠵᠣ ᠬᠠᠮᠠᠭᠠᠯᠠᠬᠤ ᠪᠣᠢ︖
ᠨᠡᠶᠢᠲᠡᠯᠡᠭᠰᠡᠨ ᠴᠠᠭ᠄
2018/5/29
     ᠤᠳᠤᠬᠠᠨ ᠪᠣᠯᠲᠠᠯ᠎ᠠ ᠦᠪᠦᠷ ᠮᠤᠩᠭᠤᠯ ᠢ ᠪᠠᠭᠳᠠᠭᠠᠭᠰᠠᠨ ᠪᠦᠬᠦ ᠤᠯᠤᠰ ᠤᠨ 31 ᠮᠤᠵᠢ ᠤᠷᠤᠨ  ᠬᠤᠳᠠ ᠴᠦᠮ ᠡᠷᠦᠭᠡ ᠠᠮᠠ ᠶᠢᠨ ᠳᠠᠩᠰᠠ ᠶᠢᠨ ᠦᠭᠡᠷᠡᠴᠢᠯᠡᠯᠳᠡ ᠶᠢᠨ ᠲᠦᠰᠦᠯ ᠳᠤᠭᠳᠠᠭᠠᠵᠤ᠂ ᠳᠠᠷᠢᠶᠠᠯᠠᠩ ᠤᠨ ᠡᠷᠦᠭᠡ ᠠᠮᠠ ᠶᠢᠨ ᠳᠠᠩᠰᠠ ᠶᠢ ᠬᠦᠴᠦᠨ ᠦᠭᠡᠢ ᠪᠣᠯᠭᠠᠬᠤ ᠪᠠᠷ ᠳᠤᠷᠠᠳᠪᠠ᠃            ᠰᠣᠨᠢᠨ ᠮᠡᠳᠡᠭᠡᠨ ᠤ ᠡᠷᠬᠢᠴᠡᠬᠦᠯᠦᠯ            ᠨᠢᠳᠤᠨᠤᠨ ᠤ 7 ᠰᠠᠷ᠎ᠠ ᠠᠴᠠ ᠡᠬᠢᠯᠡᠨ ᠳᠠᠷᠢᠶᠠᠯᠠᠩ ᠤᠨ ᠪᠠ ᠳᠠᠷᠢᠶᠠᠯᠠᠩ ᠤᠨ ᠪᠤᠰᠤ ᠡᠷᠦᠭᠡ ᠠᠮᠠ ᠶᠢᠨ ᠳᠠᠩᠰᠠ ᠶᠢᠨ ᠢᠯᠭᠠᠭ᠎ᠠ ᠶᠢ ᠤᠰᠠᠳᠬᠠᠪᠠ᠃ ᠮᠠᠨ ᠤ ᠣᠷᠤᠨ ᠤ ᠡᠷᠦᠭᠡ ᠠᠮᠠ ᠶᠢᠨ ᠳᠠᠩᠰᠠ ᠶᠢᠨ ᠦᠭᠡᠷᠡᠴᠢᠯᠡᠯᠲᠡ ᠳᠤ ᠪᠠᠰᠠ ᠲᠤᠤᠷᠠᠬᠢ ᠵᠦᠢᠯ ᠪᠠᠶᠢᠳᠠᠭ — ᠢᠷᠡᠭᠡᠳᠦᠢ ᠳᠤ ᠬᠦᠳᠡᠭᠡ ᠳᠤᠰᠬᠤᠨ ᠤ ᠭᠠᠵᠠᠷ ᠰᠢᠷᠤᠢ ᠨᠣᠳᠤᠭ ᠪᠡᠯᠴᠢᠬᠡᠷ ᠤᠨ ᠬᠠᠮᠢᠶᠠᠷᠤᠯᠳᠠ ᠶᠢᠨ ᠲᠦᠷᠢᠮ ᠤᠯᠠᠮ ᠴᠢᠩᠭᠠᠷᠠᠬᠤ ᠪᠤᠯᠤᠨ᠎ᠠ᠂ ᠡᠭᠦᠨ ᠢ ᠤᠳᠤᠬᠠᠨ ᠤ ᠬᠡᠷ ᠪᠠᠶᠢᠰᠢᠩ ᠤᠨ ᠰᠠᠭᠤᠷᠢᠨ ᠭᠠᠵᠠᠷ ᠢ ᠬᠢᠨᠠᠨ ᠵᠦᠪᠰᠢᠶᠡᠷᠡᠬᠦᠯᠵᠦ ᠬᠤᠪᠢᠷᠠᠭᠤᠯᠬᠤ ᠳᠤ ᠬᠦᠴᠢᠷᠲᠡᠢ᠂  ᠲᠦᠷᠢᠮ ᠠᠴᠠ ᠵᠦᠷᠢᠴᠡᠭᠰᠡᠨ ᠪᠠᠷᠢᠯᠭ᠎ᠠ ᠶᠢ ᠠᠭᠠᠵᠢᠮ ᠢᠶᠠᠷ ᠨᠤᠷᠠᠭᠠᠬᠤ ᠵᠡᠷᠭᠡ ᠠᠴᠠ ᠳᠠᠷᠢᠶᠠᠯᠠᠩ ᠤᠨ ᠡᠷᠦᠭᠡ  ᠠᠮᠠ ᠶᠢᠨ ᠳᠠᠩᠰᠠ ᠶᠢ ᠤᠰᠠᠳᠬᠠᠬᠤ ᠠᠵᠢᠯ ᠤᠯᠠᠮ ᠴᠢᠨᠠᠬᠰᠢᠳᠠ ᠴᠢᠩᠭᠠᠷᠠᠨ᠎ᠠ ᠭᠡᠳᠡᠭ ᠢ ᠣᠯᠵᠤ ᠬᠠᠷᠠᠵᠤ ᠪᠤᠯᠤᠨ᠎ᠠ᠃            ᠳᠠᠷᠢᠶᠠᠯᠠᠩ ᠤᠨ ᠡᠷᠦᠭᠡ ᠠᠮᠠ ᠶᠢᠨ ᠳᠠᠩᠰᠠ ᠶᠢ ᠤᠰᠠᠳᠬᠠᠬᠤ ᠲᠦᠷᠦ ᠶᠢᠨ ᠪᠣᠳᠤᠯᠭ᠎ᠠ ᠶᠢ ᠭᠠᠵᠠᠷ ᠰᠢᠷᠤᠢ ᠨᠣᠳᠤᠭ ᠪᠡᠯᠴᠢᠬᠡᠷ ᠤᠨ ᠦᠮᠴᠢᠯᠡᠯ ᠤᠨ ᠡᠷᠭᠡ ᠶᠢ ᠲᠣᠳᠤᠯᠠᠭᠤᠯᠤᠭᠰᠠᠨ ᠤ ᠳᠠᠷᠠᠭ᠎ᠠ ᠲᠤᠭᠲᠠᠭᠠᠨ᠎ᠠ︔ ᠭᠠᠵᠠᠷ ᠰᠢᠷᠤᠢ ᠨᠣᠳᠤᠭ ᠪᠡᠯᠴᠢᠬᠡᠷ ᠤᠨ ᠦᠮᠴᠢᠯᠡᠯ ᠤᠨ ᠡᠷᠭᠡ ᠶᠢ ᠳᠤᠳᠤᠯᠠᠵᠤ ᠪᠠᠷᠠᠪᠠᠯ ᠳᠠᠷᠢᠶᠠᠯᠠᠩ ᠤᠨ ᠡᠷᠦᠭᠡ ᠠᠮᠠ ᠶᠢᠨ ᠳᠠᠩᠰᠠ ᠪᠦᠬᠦ ᠲᠠᠯ᠎ᠠ ᠪᠠᠷ ᠤᠰᠠᠳᠬᠤ ᠪᠣᠯᠣᠨ᠎ᠠ︔ ᠲᠡᠭᠡᠪᠡᠯ ᠬᠤᠪᠢᠷᠠᠯᠳᠠ ᠠᠴᠠ ᠪᠤᠯᠬᠤ ᠲᠦᠭᠰᠢᠬᠦᠷᠢ ᠶᠢ ᠰᠡᠷᠡᠮᠵᠢᠯᠡᠬᠦ ᠶᠢᠨ ᠲᠦᠯᠦᠭᠡ᠂ ᠮᠠᠯᠴᠢᠨ ᠳᠠᠷᠢᠶᠠᠴᠢᠨ ᠳᠤᠤᠷᠠᠬᠢ ᠲᠦᠷᠪᠡᠨ ᠵᠦᠢᠯ ᠢ ᠡᠷᠲᠡᠭᠡᠨ ᠰᠠᠶᠢᠳᠤᠷ ᠬᠢᠬᠦ ᠴᠢᠬᠤᠯᠠᠲᠠᠢ᠄           ᠨᠢᠬᠡ᠂ ᠭᠠᠵᠠᠷ ᠰᠢᠷᠤᠢ ᠨᠣᠳᠤᠭ ᠪᠡᠯᠴᠢᠬᠡᠷ ᠤᠨ ᠦᠮᠴᠢᠯᠡᠯ ᠤᠨ ᠡᠷᠭᠡ ᠪᠠᠨ ᠰᠠᠶᠢᠳᠤᠷ ᠳᠤᠳᠤᠯᠠᠭᠤᠯᠵᠤ᠂ ᠡᠷᠭᠡ ᠶᠢ ᠳᠤᠳᠤᠯᠠᠭᠰᠠᠨ ᠦᠨᠡᠮᠯᠡᠯ ᠢᠶᠠᠨ ᠠᠪᠬᠤ ᠭᠡᠷᠡᠭᠳᠡᠢ           ᠬᠦᠳᠡᠭᠡ ᠳᠤᠰᠬᠤᠨ ᠤ ᠭᠠᠵᠠᠷ ᠰᠢᠷᠤᠢ ᠨᠣᠳᠤᠭ ᠪᠡᠯᠴᠢᠬᠡᠷ ᠤᠨ ᠦᠮᠴᠢᠯᠡᠯ ᠤᠨ ᠡᠷᠭᠡ ᠶᠢ ᠳᠤᠳᠤᠯᠠᠬᠤ  ᠠᠵᠢᠯ ᠦᠷᠨᠢᠬᠦᠯᠬᠦ ᠶᠢ ᠳᠠᠭᠠᠯᠳᠤᠨ᠂ ᠬᠠᠮᠢᠶ᠎ᠠ ᠪᠦᠬᠦᠢ ᠭᠠᠵᠠᠷ ᠰᠢᠷᠤᠢ ᠨᠣᠳᠤᠭ ᠪᠡᠯᠴᠢᠭᠡᠷ ᠤᠨ ᠦᠮᠴᠢᠯᠡᠯ ᠤᠨ ᠡᠷᠭᠡ ᠶᠢ ᠳᠤᠳᠤᠯᠠᠭᠰᠠᠨ ᠦᠨᠡᠮᠯᠡᠯ ᠨᠢ ᠮᠠᠯᠴᠢᠨ ᠳᠠᠷᠢᠶᠠᠴᠢᠨ ᠳᠤ ᠭᠠᠵᠠᠷ ᠰᠢᠷᠤᠢ ᠨᠣᠳᠤᠭ ᠪᠡᠯᠴᠢᠬᠡᠷ ᠠᠴᠠ ᠪᠤᠯᠤᠭᠰᠠᠨ ᠠᠯᠢ ᠤᠯᠠᠨ ᠡᠷᠭᠡ ᠠᠰᠢᠬ ᠢ ᠡᠳ᠋ᠯᠡᠬᠦ ᠭᠡᠷᠡᠴᠢ ᠪᠤᠯᠬᠤ ᠶᠤᠮ᠃ ᠬᠤᠵᠢᠮ ᠤᠨ ᠭᠠᠵᠠᠷ ᠰᠢᠷᠤᠢ ᠨᠣᠳᠤᠭ ᠪᠡᠯᠴᠢᠬᠡᠷ ᠢ ᠭᠡᠷᠡᠭᠯᠡᠬᠦ᠂ ᠭᠠᠵᠠᠷ ᠰᠢᠷᠤᠢ ᠨᠣᠳᠤᠭ ᠪᠡᠯᠴᠢᠬᠡᠷ ᠢ ᠡᠯᠰᠡᠨ ᠭᠡᠷᠡᠭᠯᠡᠬᠦ ᠨᠦᠬᠦᠪᠦᠷᠢ᠂ ᠭᠠᠵᠠᠷ ᠰᠢᠷᠤᠢ ᠨᠣᠳᠤᠭ ᠪᠡᠯᠴᠢᠬᠡᠷ ᠢ ᠰᠢᠯᠵᠢᠬᠦᠯᠬᠦ᠂ ᠭᠠᠵᠠᠷ ᠰᠢᠷᠤᠢ ᠨᠣᠳᠤᠭ ᠪᠡᠯᠴᠢᠬᠡᠷ ᠤᠨ ᠵᠢᠭᠤᠷᠠᠭᠠᠨ ᠵᠡᠷᠭᠡ ᠲᠠᠯ᠎ᠠ ᠪᠠᠷ ᠬᠠᠤᠯᠢ ᠴᠠᠭᠠᠵᠠ ᠶᠢᠨ ᠭᠡᠷᠡᠴᠢ ᠦᠨᠡᠮᠯᠡᠯ ᠪᠣᠯᠬᠤ ᠶᠤᠮ᠃ ᠦᠩᠭᠡᠷᠡᠭᠰᠡᠨ ᠨᠢᠭᠡ ᠵᠢᠯ ᠪᠣᠯ ᠬᠦᠳᠡᠭᠡ ᠳᠤᠰᠬᠤᠨ ᠤ ᠭᠠᠵᠠᠷ ᠰᠢᠷᠤᠢ ᠨᠣᠳᠤᠭ ᠪᠡᠯᠴᠢᠬᠡᠷ ‍ᠤᠨ‌ᠦᠮᠴᠢᠯᠡᠯ ᠤᠨ ᠡᠷᠬᠡ ᠶᠢ ᠲᠣᠳᠤᠯᠠᠬᠤ ᠵᠠᠩᠭᠢᠯᠠᠭ᠎ᠠ ᠶᠢᠨ ᠨᠢᠭᠡ ᠵᠢᠯ ᠶᠤᠮ᠂ ᠡᠶᠢᠮᠦ ᠠᠴᠠ ᠮᠠᠯᠴᠢᠨ ᠳᠠᠷᠢᠶᠠᠴᠢᠨ ᠳᠤᠬᠠᠢ ᠶᠢᠨ ᠭᠠᠵᠠᠷ ᠤᠨ ᠭᠠᠵᠠᠷ ᠰᠢᠷᠤᠢ ᠨᠣᠳᠤᠭ ᠪᠡᠯᠴᠢᠬᠡᠷ ᠤᠨ ᠦᠮᠴᠢᠯᠡᠯ ᠤᠨ ᠡᠷᠭᠡ ᠶᠢ ᠳᠤᠳᠤᠯᠠᠬᠤ ᠠᠵᠢᠯ ᠤᠨ ᠬᠦᠳᠡᠯᠦᠯ ᠪᠠᠶᠢᠳᠠᠯ ᠢ ᠠᠩᠬᠠᠷᠬᠤ ᠶᠢᠨ ᠳᠠᠭᠠᠤ ᠭᠠᠵᠠᠷ ᠰᠢᠷᠤᠢ ᠨᠣᠳᠤᠭ ᠪᠡᠯᠴᠢᠬᠡᠷ ᠤᠨ ᠦᠮᠴᠢᠯᠡᠯ ᠤᠨ ᠡᠷᠭᠡ ᠶᠢ ᠳᠤᠳᠤᠯᠠᠬᠤ ᠠᠵᠢᠯ ᠤᠨ ᠠᠬᠢᠴᠠ ᠶᠢ ᠬᠠᠮᠵᠢᠨ᠂ ᠬᠠᠮᠢᠶ᠎ᠠ ᠪᠦᠬᠦᠢ ᠦᠮᠴᠢᠯᠡᠯ ᠤᠨ ᠡᠷᠭᠡ ᠶᠢ ᠳᠤᠳᠤᠯᠠᠭᠰᠠᠨ ᠦᠨᠡᠮᠯᠡᠯ ᠢᠶᠠᠨ ᠬᠢᠯᠬᠡᠵᠦ ᠠᠪᠬᠤ ᠪᠣᠯ ᠵᠠᠩᠭᠢᠯᠠᠭ᠎ᠠ ᠶᠤᠮ᠃             ᠬᠤᠶᠠᠷ᠂ ᠬᠡᠷ ᠪᠠᠶᠢᠰᠢᠩ ᠤᠨ ᠰᠠᠭᠤᠷᠢᠨ ᠭᠠᠵᠠᠷ ᠢᠶᠠᠨ ᠡᠷᠳᠡᠭᠡᠨ ᠭᠤᠶᠤᠴᠢᠯᠠᠬᠤ ᠭᠡᠷᠡᠭᠳᠡᠢ           ᠨᠢᠭᠡ ᠡᠷᠦᠭᠡ ᠶᠢᠨ ᠨᠢᠭᠡ ᠪᠠᠶᠢᠰᠢᠩ ‍ᠤᠨ‌‍ᠰᠠᠭᠤᠷᠢᠨ ᠭᠠᠵᠠᠷ ᠤᠨ ᠲᠦᠷᠦ ᠶᠢᠨ ᠪᠣᠳᠤᠯᠭ᠎ᠠ ᠶᠢ ᠭᠡᠷᠡᠭᠵᠢᠬᠦᠯᠬᠦ ᠶᠢ ᠳᠠᠭᠠᠯᠳᠤᠨ᠂ ᠨᠢᠭᠡ ᠡᠷᠦᠭᠡ ᠨᠢᠭᠡᠯᠡ ᠪᠠᠶᠢᠰᠢᠩ ᠤᠨ ᠰᠠᠭᠤᠷᠢᠨ ᠭᠠᠵᠠᠷ ᠲᠠᠢ ᠪᠠᠶᠢᠬᠤ ᠶᠢ ᠵᠦᠪᠰᠢᠶᠡᠷᠡᠬᠦ ᠲᠤᠯᠠ ᠭᠡᠷ ᠪᠠᠶᠢᠰᠢᠩ ᠤᠨ ᠰᠠᠭᠤᠷᠢᠨ ᠭᠠᠵᠠᠷ ᠢ ᠬᠢᠨᠠᠨ ᠵᠦᠪᠰᠢᠶᠡᠷᠡᠬᠦ ᠠᠵᠢᠯ ᠤᠯᠠᠮ ᠴᠢᠩᠭᠠᠷᠠᠵᠤ ᠲᠦᠷᠢᠮᠵᠢᠪᠡ᠃ ᠤᠨᠴᠠᠭᠠᠢ ᠰᠢᠯᠳᠠᠭᠠᠨ ᠠᠴᠠ ᠪᠤᠯᠵᠤ᠂ ᠬᠡᠷ ᠪᠠᠶᠢᠰᠢᠩ ᠤᠨ ᠰᠠᠭᠤᠷᠢᠨ ᠭᠠᠵᠠᠷ ᠪᠠᠶᠢᠬᠤ ᠦᠭᠡᠢ ᠪᠤᠶᠤ ᠭᠡᠷ ᠪᠠᠶᠢᠰᠢᠩ ᠤᠨ ᠰᠠᠭᠤᠷᠢᠨ ᠭᠠᠵᠠᠷ ᠨᠢ ᠬᠦᠷᠦᠯᠴᠡᠬᠦ ᠦᠭᠡᠢ ᠮᠠᠯᠴᠢᠨ ᠳᠠᠷᠢᠶᠠᠴᠢᠨ ᠴᠠᠭ ᠢ ᠵᠠᠪᠳᠤᠨ ᠭᠤᠶᠤᠴᠢᠯᠠᠬᠤ ᠭᠡᠷᠡᠭᠳᠡᠢ᠂ ᠤᠴᠢᠷ ᠨᠢ ᠬᠡᠷ ᠪᠠᠶᠢᠰᠢᠩ ᠤᠨ ᠰᠠᠭᠤᠷᠢᠨ ᠭᠠᠵᠠᠷ ᠭᠤᠶᠤᠴᠢᠯᠠᠵᠤ ᠭᠡᠷ ᠪᠠᠷᠢᠬᠤ ᠳᠤ ᠤᠯᠠᠮ ᠠᠴᠠ ᠤᠯᠠᠮ ᠬᠦᠴᠢᠷ ᠪᠣᠯᠵᠤ ᠪᠤᠢ᠃           ᠭᠤᠷᠪᠠ᠂ ᠳᠤᠭᠳᠠᠮᠠᠯ ᠬᠦᠷᠦᠩᠭᠡ ᠶᠢᠨ ᠦᠮᠴᠢᠯᠡᠯ ᠤᠨ ᠡᠷᠭᠡ ᠠᠪᠬᠤ ᠭᠡᠷᠡᠭᠳᠡᠢ           ᠬᠦᠳᠡᠭᠡ ᠳᠤᠰᠬᠤᠨ ᠤ ᠦᠮᠴᠢᠯᠡᠯ ᠤᠨ ᠡᠷᠭᠡ ᠶᠢᠨ ᠳᠦᠷᠢᠮ ᠤᠨ ᠦᠭᠡᠷᠡᠴᠢᠯᠡᠯᠳᠡ ᠶᠢ ᠳᠠᠭᠠᠯᠳᠤᠨ᠂ ᠭᠡᠷ ᠪᠠᠶᠢᠰᠢᠩ ᠤᠨ ᠳᠤᠭᠳᠠᠮᠠᠯ ᠬᠦᠷᠦᠩᠭᠡ ᠶᠢᠨ ᠦᠮᠴᠢᠯᠡᠯ ᠤᠨ ᠡᠷᠬᠡ ᠶᠢᠨ ᠦᠨᠡᠮᠯᠡᠯ ᠨᠢ ᠮᠠᠯᠴᠢᠨ ᠲᠠᠷᠢᠶᠠᠴᠢᠨ‌‍ᠤ ᠭᠡᠷ ᠪᠠᠶᠢᠰᠢᠩ ᠠᠴᠠ ᠪᠤᠯᠤᠭᠰᠠᠨ ᠠᠯᠢ ᠤᠯᠠᠨ ᠡᠷᠭᠡ ᠠᠰᠢᠬ ᠤᠨ ᠭᠡᠷᠡᠴᠢ ᠪᠠᠷᠢᠮᠳᠠ ᠪᠤᠯᠬᠤ ᠶᠤᠮ᠃ ᠬᠤᠵᠢᠮ ᠤᠨ ᠨᠤᠷᠠᠭᠠᠵᠤ ᠨᠡᠬᠦᠯᠭᠡᠬᠦ ᠨᠦᠬᠦᠪᠦᠷᠢ᠂ ᠪᠠᠷᠢᠴᠠᠭᠠᠳᠤ ᠵᠢᠭᠡᠯᠡᠯᠭᠡ᠂ ᠭᠡᠷ ᠪᠠᠶᠢᠰᠢᠩ ᠤᠨ ᠵᠢᠭᠤᠷᠠᠭᠠᠨ ᠵᠡᠷᠭᠡ ᠲᠠᠯ᠎ᠠ ᠪᠠᠷ ᠭᠡᠷ ᠪᠠᠶᠢᠰᠢᠩ ᠤᠨ ᠳᠤᠭᠳᠠᠮᠠᠯ ᠬᠦᠷᠦᠩᠭᠡ ᠶᠢᠨ ᠦᠮᠴᠢᠯᠡᠯ ᠤᠨ ᠡᠷᠭᠡ ᠶᠢᠨ ᠦᠨᠡᠮᠯᠡᠯ ᠨᠢ ᠬᠦᠴᠦᠨ ᠲᠠᠢ ᠬᠠᠤᠯᠢ ᠴᠠᠭᠠᠵᠠ ᠶᠢᠨ ᠭᠡᠷᠡᠴᠢ ᠪᠠᠷᠢᠮᠳᠠ ᠪᠤᠯᠬᠤ ᠨᠢ ᠶᠠᠷᠢᠶᠠᠨ ᠦᠭᠡᠢ᠃ ᠡᠶᠢᠮᠦ ᠠᠴᠠ ᠮᠠᠯᠴᠢᠨ ᠲᠡᠷᠢᠶᠡᠴᠢᠨ ᠳᠤᠬᠠᠢ ᠶᠢᠨ ᠭᠠᠵᠠᠷ ᠤᠨ ᠢᠶᠠᠨ ᠳᠤᠭᠳᠠᠮᠠᠯ ᠬᠦᠷᠦᠩᠭᠡ ᠶᠢᠨ ᠦᠮᠴᠢᠯᠡᠯ ᠤᠨ ᠡᠷᠭᠡ ᠶᠢ ᠳᠠᠩᠰᠠᠯᠠᠵᠤ ᠪᠠᠶᠢᠭ᠎ᠠ ᠠᠬᠢᠴᠠ ᠶᠢ ᠴᠠᠭ ᠳᠠᠷᠤᠢ ᠳᠤᠨᠢ ᠤᠢᠢᠯᠠᠭᠠᠵᠤ᠂ ᠭᠡᠷ ᠪᠠᠶᠢᠰᠢᠩ ᠤᠨ ᠳᠤᠭᠳᠠᠮᠠᠯ ᠬᠦᠷᠦᠩᠭᠡ ᠶᠢᠨ ᠦᠮᠴᠢᠯᠡᠯ ᠤᠨ ᠡᠷᠭᠡ ᠪᠠᠨ ᠡᠷᠳᠡᠭᠡᠨ ᠬᠢᠯᠭᠡᠵᠦ ᠠᠪᠬᠤ ᠶᠢ ᠠᠩᠬᠠᠷᠬᠤ ᠴᠢᠬᠤᠯᠠᠲᠠᠢ᠃           ᠲᠦᠷᠪᠡ᠂ ᠡᠷᠦᠭᠡ ᠠᠮᠠ ᠶᠢᠨ ᠳᠠᠩᠰᠠ ᠪᠠᠨ ᠬᠦᠳᠡᠭᠡ ᠲᠤᠰᠬᠤᠨ ᠳᠠᠭᠠᠨ ᠰᠢᠯᠵᠢᠬᠦᠯᠵᠦ ᠠᠪᠴᠢᠷᠠᠬᠤ  ᠴᠢᠬᠤᠯᠠᠳᠠᠢ     ᠳᠠᠷᠢᠶᠠᠯᠠᠩ ᠤᠨ ᠡᠷᠦᠭᠡ ᠠᠮᠠ ᠪᠠᠨ ᠳᠠᠷᠢᠶᠠᠯᠠᠩ ᠤᠨ ᠪᠤᠰᠤ ᠡᠷᠦᠭᠡ ᠠᠮᠠ ᠪᠤᠯᠭᠠᠭᠰᠠᠨ ᠭᠡᠰᠡᠭ ᠬᠦᠮᠦᠰ ᠭᠠᠵᠠᠷ ᠰᠢᠷᠤᠢ ᠨᠣᠳᠤᠭ ᠪᠡᠯᠴᠢᠬᠡᠷ᠂ ᠭᠡᠷ ᠪᠠᠶᠢᠰᠢᠩ ᠤᠨ ᠠᠰᠢᠬ ᠳᠤᠰᠠ ᠠᠴᠠ ᠪᠤᠯᠵᠤ ᠡᠷᠦᠭᠡ ᠠᠮᠠ ᠶᠢᠨ  ᠳᠠᠩᠰᠠ ᠪᠠᠨ ᠬᠦᠳᠡᠭᠡ ᠳᠤᠰᠬᠤᠨ ᠲᠠᠭᠠᠨ ᠰᠢᠯᠵᠢᠬᠦᠯᠵᠦ ᠠᠪᠴᠢᠷᠠᠬᠤ ᠴᠢᠬᠤᠯᠠᠳᠠᠢ ᠳᠤᠯᠠ ᠨᠦᠬᠦᠴᠡᠯ ᠳᠤ ᠨᠡᠶᠢᠴᠡᠬᠦ ᠬᠦᠮᠦᠰ ᠡᠷᠳᠡᠭᠡᠨ ᠬᠦᠳᠡᠯᠬᠦ ᠴᠢᠬᠤᠯᠠᠳᠠᠢ᠃ ᠡᠷᠦᠭᠡ ᠠᠮᠠ ᠶᠢᠨ ᠳᠠᠩᠰᠠ ᠶᠢᠨ ᠳᠦᠷᠢᠮ ᠤᠨ ᠦᠭᠡᠷᠡᠴᠢᠯᠡᠯᠳᠡ ᠠᠴᠠ ᠬᠤᠶᠢᠰᠢ᠂ ᠡᠷᠦᠭᠡ ᠠᠮᠠ ᠶᠢᠨ ᠳᠠᠩᠰᠠ ᠶᠢ ᠰᠢᠯᠵᠢᠬᠦᠯᠬᠦ ᠨᠢ ᠤᠯᠠᠮ ᠠᠴᠠ ᠤᠯᠠᠮ ᠬᠦᠴᠢᠷ ᠪᠤᠯᠬᠤ ᠨᠢ ᠳᠠᠮᠵᠢᠬ ᠦᠭᠡᠢ᠃ ᠳᠠᠬᠢᠭᠠᠳ ᠭᠡᠯᠡᠪᠡᠯ ᠳᠠᠷᠢᠶᠠᠯᠠᠩ ᠤᠨ ᠡᠷᠦᠭᠡ ᠠᠮᠠ ᠶᠢᠨ ᠳᠠᠩᠰᠠ ᠪᠠᠶᠢᠬᠤ ᠦᠭᠡᠢ ᠪᠤᠯ ᠭᠠᠵᠠᠷ ᠰᠢᠷᠤᠢ ᠨᠣᠳᠤᠭ ᠪᠡᠯᠴᠢᠬᠡᠷ ᠤᠨ ᠦᠮᠴᠢᠯᠡᠯ ᠤᠨ ᠡᠷᠭᠡ ᠶᠢ ᠳᠤᠳᠤᠯᠠᠬᠤ ᠵᠢᠴᠢ ᠭᠡᠷ ᠪᠠᠶᠢᠰᠢᠩ ᠤᠨ ᠳᠤᠭᠳᠠᠮᠠᠯ ᠬᠦᠷᠦᠩᠭᠡ ᠶᠢᠨ ᠦᠮᠴᠢᠯᠡᠯ ᠤᠨ ᠡᠷᠬᠡ ᠶᠢ ᠳᠠᠩᠰᠠᠯᠠᠬᠤ ᠶᠠᠪᠤᠳᠠᠯ ᠴᠤ ᠶᠠᠪᠤᠭᠳᠠᠵᠤ ᠳᠡᠶᠢᠯᠬᠦ ᠦᠭᠡᠢ ᠪᠤᠯᠬᠤ ᠶᠤᠮ᠃                           ︵ᠠᠷᠠᠳ ᠤᠨ ᠰᠦᠯᠵᠢᠶ᠎ᠠ ᠠᠴᠠ ᠣᠷᠴᠢᠭᠤᠯᠤᠨ ᠨᠠᠶᠢᠷᠠᠭᠤᠯᠵᠤ ᠠᠪᠤᠪᠠ︶
 
ᠢᠷᠡᠯᠲᠡ᠄ ᠪᠤᠭᠤᠲᠦ ᠬᠤᠲᠠ ᠶᠢᠨ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号