ᠤᠮᠠᠷᠠᠲᠦ ᠬᠦᠨᠳᠦ ᠠᠵᠦ ᠦᠢᠯᠡᠳᠪᠦᠷᠢ ᠶᠢᠨ ᠴᠡᠷᠢᠭ ᠤᠨ ᠵᠡᠪᠰᠡᠭ ᠤᠨ ᠬᠤᠲᠠ
ᠨᠡᠶᠢᠲᠡᠯᠡᠭᠰᠡᠨ ᠴᠠᠭ᠄
2018/5/7
     ᠤᠮᠠᠷᠠᠲᠦ ᠬᠦᠨᠳᠦ ᠠᠵᠦ ᠦᠢᠯᠡᠳᠪᠦᠷᠢ ᠶᠢᠨ ᠴᠡᠷᠢᠭ ᠤᠨ ᠵᠡᠪᠰᠡᠭ ᠤᠨ ᠬᠤᠲᠠ ᠪᠤᠯ ᠳᠤᠮᠳᠠᠲᠦ ᠤᠯᠤᠰ ᠤᠨ ᠴᠡᠷᠢᠭ ᠤᠨ ᠵᠡᠪᠰᠡᠭ ᠤᠨ ᠤᠮᠠᠷᠠᠲᠦ ᠬᠦᠨᠳᠦ ᠠᠵᠦ ᠦᠢᠯᠡᠳᠪᠦᠷᠢ ᠶᠢᠨ ᠡᠭᠦᠰᠭᠡᠨ ᠪᠠᠶᠢᠭᠤᠯᠤᠭᠰᠠᠨ᠂ ᠤᠯᠤᠰ ᠢᠶᠠᠨ ᠬᠠᠶᠢᠷᠠᠯᠠᠬᠤ ᠦᠵᠡᠯ ᠤᠨ ᠰᠤᠷᠭᠠᠨ ᠬᠦᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠢ ᠲᠦᠭᠡᠮᠵᠢᠯᠡᠭᠦᠯᠬᠦ ᠰᠤᠷᠭᠠᠨ ᠬᠦᠮᠦᠵᠢᠯ᠂ ᠴᠡᠷᠢᠭ ᠤᠨ ᠠᠵᠦ ᠦᠢᠯᠡᠳᠪᠦᠷᠢ ᠶᠢᠨ ᠰᠤᠶᠤᠯ ᠢ ᠤᠯᠠᠮᠵᠢᠭᠤᠯᠤᠨ ᠲᠠᠷᠬᠠᠭᠠᠬᠤ᠂ ᠰᠡᠯᠡᠭᠦᠴᠡᠨ ᠵᠤᠭᠠᠴᠠᠵᠦ ᠴᠡᠩᠭᠡᠯᠳᠦᠬᠦ ᠪᠠᠷ ᠨᠢᠭᠡ ᠴᠤᠭᠴᠠᠵᠢᠯᠠᠭᠰᠠᠨ ᠲᠤᠮᠦ ᠬᠡᠯᠪᠡᠷᠢ ᠶᠢᠨ ᠭᠠᠯᠲᠦ ᠫᠤᠤ  ᠶᠢᠨ ᠭᠤᠤᠯ ᠰᠡᠳᠦᠪᠲᠦ ᠴᠡᠴᠡᠷᠯᠢᠭ ᠪᠤᠯᠬᠤ ᠪᠦᠭᠡᠳ ᠤᠯᠤᠰ ᠤᠨ AAAA ᠳᠡᠰ ᠤᠨ ᠵᠢᠭᠤᠯᠴᠢᠯᠠᠯ ᠤᠨ ᠦᠵᠡᠮᠵᠢ  ᠶᠢᠨ ᠲᠤᠭᠤᠷᠢᠭ ᠪᠠᠶᠢᠵᠦ᠂ ᠪᠦᠬᠦ ᠤᠯᠤᠰ ᠤᠨ ᠠᠵᠦ ᠦᠢᠯᠡᠳᠪᠦᠷᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ‍ ᠴᠢᠭ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠡᠷᠢᠭ ᠤᠨ ᠠᠵᠦ ᠦᠢᠯᠡᠳᠪᠦᠷᠢ ᠶᠢᠨ ᠰᠤᠶᠤᠯ ᠰᠤᠷᠭᠠᠨ ᠬᠦᠮᠦᠵᠢᠯ  ᠤᠨ ᠰᠠᠭᠤᠷᠢᠨ ᠭᠠᠵᠠᠷ᠂ ᠪᠦᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠵᠢᠯᠡᠭᠦᠯᠬᠦ ᠰᠤᠷᠭᠠᠨ ᠬᠦᠮᠦᠵᠢᠯ ᠤᠨ ᠰᠠᠭᠤᠷᠢᠨ ᠭᠠᠵᠠᠷ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠤᠨ ᠰᠠᠭᠤᠷᠢᠨ ᠭᠠᠵᠠᠷ ᠪᠤᠯᠤᠨ᠎ᠠ᠃     ᠤᠮᠠᠷᠠᠲᠦ ᠬᠦᠨᠳᠦ ᠠᠵᠦ ᠦᠢᠯᠡᠳᠪᠦᠷᠢ ᠶᠢᠨ ᠴᠡᠷᠢᠭ ᠤᠨ ᠵᠡᠪᠰᠡᠭ ᠤᠨ ᠬᠤᠲᠠ ᠨᠢ ᠪᠤᠭᠤᠲᠦ ᠬᠤᠲᠠ ᠶᠢᠨ ᠴᠢᠩᠱᠠᠨ ᠲᠤᠭᠤᠷᠢᠭ ᠲᠤ ᠪᠠᠶᠢᠷᠢᠰᠢᠵᠦ᠂ ᠦᠵᠡᠮᠵᠢ ᠶᠢᠨ ᠲᠤᠭᠤᠷᠢᠭ ᠤᠨ ᠶᠡᠷᠦᠩᠬᠡᠢ ᠲᠠᠯᠠᠪᠠᠢ ᠨᠢ 261 ᠮᠤ᠋ ᠭᠠᠵᠠᠷ  ᠢ ᠡᠵᠡᠯᠡᠵᠦ᠂ ᠬᠠᠭᠤᠷᠠᠢ ᠵᠠᠮ ᠤᠨ ᠴᠡᠷᠢᠭ᠂ ᠳᠠᠯᠠᠢ ᠶᠢᠨ ᠴᠡᠷᠢᠭ᠂ ᠠᠭᠠᠷ ᠤᠨ ᠴᠡᠷᠢᠭ ᠤᠨ ᠡᠯ᠎ᠡ ᠲᠦᠷᠦᠯ ᠤᠨ ᠲᠦᠯᠦᠭᠡᠯᠡᠬᠦ ᠴᠢᠨᠠᠷ ᠲᠠᠢ ᠵᠡᠪᠰᠡᠭ ᠢ 50 ᠭᠠᠷᠤᠢ ᠳᠡᠯᠭᠡᠨ ᠲᠠᠯᠪᠢᠭᠰᠠᠨ ᠪᠠᠶᠢᠨ᠎ᠠ᠃ ᠡᠬᠦᠨ ᠳᠤ ᠭᠤᠤᠯᠳᠠᠭᠤ ᠭᠠᠯᠲᠦ ᠫᠤᠤ ᠶᠢᠨ ᠳᠡᠯᠭᠡᠨ ᠦᠵᠡᠭᠦᠯᠬᠦ ᠲᠤᠭᠤᠷᠢᠭ᠂ ᠵᠠᠯᠠᠭᠤᠷᠲᠦ ᠰᠤᠮᠤ ᠶᠢᠨ ᠳᠡᠯᠭᠡᠨ ᠦᠵᠡᠭᠦᠯᠬᠦ ᠲᠤᠭᠤᠷᠢᠭ᠂ ᠬᠤᠶᠠᠭᠲᠦ ᠲᠦᠷᠦᠯ ᠤᠨ ᠳᠡᠯᠭᠡᠨ ᠦᠵᠡᠭᠦᠯᠬᠦ ᠲᠤᠭᠤᠷᠢᠭ᠂ ᠨᠢᠰᠭᠡᠯ ᠤᠨ ᠳᠡᠯᠭᠡᠨ ᠦᠵᠡᠭᠦᠯᠬᠦ ᠲᠤᠭᠤᠷᠢᠭ᠂ ᠠᠭᠤᠷ ᠤᠨ ᠪᠤᠬ᠎ᠠ ᠲᠡᠷᠭᠡ ᠶᠢᠨ ᠳᠡᠯᠭᠡᠨ ᠦᠵᠡᠭᠦᠯᠬᠦ ᠲᠤᠭᠤᠷᠢᠭ᠂ ᠦ᠋ ᠶᠦᠨ ᠳ᠋ᠤᠸᠧ ᠶᠢᠨ ᠤᠶᠢᠯᠡ ᠠᠵᠢᠯᠯᠠᠭ᠎ᠠ ᠶᠢᠨ ᠤᠷᠳᠤᠨ ᠵᠡᠷᠭᠡ ᠵᠢᠷᠭᠤᠭᠠᠨ ᠬᠡᠰᠡᠭ ᠬᠤᠪᠢᠶᠠᠵᠦ ᠪᠤᠢ᠃      ᠤᠮᠠᠷᠠᠲᠦ ᠬᠦᠨᠳᠦ ᠠᠵᠦ ᠦᠢᠯᠡᠳᠪᠦᠷᠢ ᠶᠢᠨ ᠴᠡᠷᠢᠭ ᠤᠨ ᠵᠡᠪᠰᠡᠭ ᠤᠨ ᠬᠤᠲᠠ ᠨᠢ ᠨᠢᠭᠡᠨᠲᠠ ᠵᠤᠭᠠᠴᠠᠭᠰᠠᠳ  ᠤᠨ ᠴᠡᠷᠢᠭ ᠤᠨ ᠵᠡᠪᠰᠡᠭ ᠤᠨ ᠮᠡᠳᠡᠯᠭᠡ ᠶᠢ ᠨᠡᠮᠡᠭᠳᠡᠭᠦᠯᠵᠦ᠂ ᠤᠯᠤᠰ ᠢᠶᠠᠨ ᠬᠠᠶᠢᠷᠠᠯᠠᠬᠤ ᠦᠵᠡᠯ ᠰᠡᠳᠭᠢᠯᠭᠡ ᠶᠢ ᠤᠷᠮᠠᠰᠢᠭᠤᠯᠬᠤ ᠭᠠᠵᠠᠷ ᠪᠤᠯᠤᠭᠰᠠᠨ ᠪᠦᠭᠡᠳ ᠨᠡᠶᠢᠭᠡᠮ ᠤᠨ ᠡᠯ᠎ᠡ ᠡᠲᠡᠭᠡᠳ ᠤᠨ ᠬᠦᠮᠦᠰ ᠤᠨ ᠤᠮᠠᠷᠠᠲᠦ ᠬᠦᠨᠳᠦ ᠠᠵᠦ ᠦᠢᠯᠡᠳᠪᠦᠷᠢ ᠶᠢ ᠤᠶᠢᠯᠭᠠᠬᠤ᠂ ᠪᠤᠭᠤᠲᠦ ᠶᠢ ᠤᠶᠢᠯᠭᠠᠬᠤ᠂ ᠦᠪᠦᠷ ᠮᠤᠩᠭᠤᠯ ᠢ ᠤᠶᠢᠯᠭᠠᠬᠤ ᠬᠠᠮᠤᠭ ᠤᠨ ᠴᠢᠬᠤᠯᠠ ᠨᠢᠭᠡ ᠴᠤᠩᠬᠤᠪᠴᠢ ᠪᠤᠯᠤᠭᠰᠠᠨ ᠪᠠᠶᠢᠨ᠎ᠠ᠃ ᠤᠮᠠᠷᠠᠲᠦ ᠬᠦᠨᠳᠦ ᠠᠵᠦ ᠦᠢᠯᠡᠳᠪᠦᠷᠢ ᠶᠢᠨ ᠴᠡᠷᠢᠭ ᠤᠨ ᠵᠡᠪᠰᠡᠭ ᠤᠨ ᠬᠤᠲᠠ ᠳᠤ ᠵᠤᠭᠠᠴᠠᠭᠰᠠᠳ ᠤᠨ ᠴᠡᠷᠢᠭ ᠵᠡᠪᠰᠡᠭ ᠤᠨ ᠮᠡᠳᠡᠯᠭᠡ ᠶᠢ ᠤᠶᠢᠯᠭᠠᠨ᠂ ᠵᠢᠷᠤᠭ ᠲᠠᠳᠠᠵᠦ ᠳᠤᠷᠠᠰᠬᠠᠯ ᠦᠯᠡᠳᠡᠭᠡᠵᠦ ᠪᠤᠯᠬᠤ ᠪᠠᠷ ᠪᠠᠷᠠᠬᠤ ᠦᠭᠡᠢ ᠪᠠᠰᠠ ᠭᠠᠷ ᠬᠦᠳᠡᠯᠦᠨ ᠠᠵᠢᠯᠯᠠᠭᠤᠯᠵᠦ᠂ ᠵᠤᠭᠠᠴᠠᠭᠰᠠᠳ ᠤᠨ ᠤᠷᠤᠯᠴᠠᠬᠤ ᠴᠢᠨᠠᠷ ᠢ ᠨᠡᠮᠡᠭᠳᠡᠭᠦᠯᠭᠦ ᠪᠠ ᠵᠤᠭᠠᠴᠠᠨ ᠦᠵᠡᠬᠦ ᠤᠷᠮ᠎ᠠ ᠪᠠᠬ᠎ᠠ ᠶᠢ ᠳᠡᠭᠡᠭᠰᠢᠯᠡᠭᠦᠯᠵᠦ᠂ ᠤᠯᠤᠰ ᠤᠨ ᠲᠤᠲᠤᠭᠠᠲᠦ ᠭᠠᠳᠠᠭᠠᠲᠦ ᠶᠢᠨ ᠵᠤᠭᠠᠴᠠᠭᠰᠠᠳ ᠲᠤ ᠦᠪᠦᠷ ᠮᠤᠩᠭᠤᠯ ᠳᠤ ᠬᠦᠬᠡ ᠤᠭᠲᠠᠷᠭᠤᠢ᠂ ᠴᠠᠭᠠᠨ ᠡᠭᠦᠯᠡ᠂ ᠠᠭᠤᠳᠠᠮ ᠬᠦᠳᠡᠭᠡ ᠪᠠᠶᠢᠬᠤ ᠪᠠᠷ ᠪᠠᠶᠢᠬᠤ ᠦᠭᠡᠢ ᠪᠠᠰᠠ ᠤᠳᠤᠬᠢᠴᠢᠯᠠᠯᠲᠠ ᠶᠢᠨ ᠴᠡᠷᠢᠭ ᠤᠨ ᠵᠡᠪᠰᠡᠭ ᠤᠨ ᠠᠵᠦ ᠤᠶᠢᠯᠡᠳᠪᠦᠷᠢ ᠪᠠᠶᠢᠬᠤ ᠶᠢ ᠮᠡᠳᠡᠭᠦᠯᠬᠦ ᠪᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号