ᠰᠢᠨ᠎ᠡ ᠬᠦᠭᠵᠢᠯᠲᠡ ᠶᠢᠨ ᠤᠶᠢᠯᠭᠠᠭᠳᠠᠬᠤᠨ ᠢ ᠭᠤᠶᠢᠪᠢᠰᠢ ᠦᠭᠡᠢ ᠲᠤᠤᠱᠯᠠᠭᠤᠯᠤᠨ ᠤᠷᠤᠨ ᠨᠤᠲᠤᠭ ᠤᠨ ᠠᠵᠦ ᠠᠬᠤᠢ ᠬᠦᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2018/5/9
ᠰᠢᠨ᠎ᠡ ᠬᠦᠭᠵᠢᠯᠲᠡ ᠶᠢᠨ ᠤᠶᠢᠯᠭᠠᠭᠳᠠᠬᠤᠨ ᠢ ᠭᠤᠶᠢᠪᠢᠰᠢ ᠦᠭᠡᠢ ᠲᠤᠤᠱᠯᠠᠭᠤᠯᠤᠨ ᠤᠷᠤᠨ ᠨᠤᠲᠤᠭ ᠤᠨ ᠠᠵᠦ ᠠᠬᠤᠢ ᠬᠦᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠦᠨ᠎ᠡ                                                        —— ᠴᠢᠩᠱᠠᠨ ᠲᠤᠭᠤᠷᠢᠭ ᠤᠨ ᠬᠤᠷᠢᠶ᠎ᠠ ᠶᠢᠨ ᠳᠡᠳ᠋ ᠱᠦᠵᠢ᠂ ᠲᠤᠭᠤᠷᠢᠭ ᠤᠨ ᠳᠠᠷᠤᠭ᠎ᠠ ᠬᠤ᠋ ᠿᠦᠩ ᠢ ᠰᠤᠷᠪᠤᠯᠵᠢᠯᠠᠭᠰᠠᠨ ᠨᠢ          ᠰᠤᠷᠪᠦᠯᠵᠢᠯᠠᠨ ᠶᠠᠷᠢᠯᠴᠠᠭᠰᠠᠨ ᠠᠭᠤᠯᠭ᠎ᠠ ᠶᠢᠨ ᠲᠠᠨᠢᠯᠴᠠᠭᠤᠯᠭ᠎ᠠ᠄ 2018 ᠤᠨ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠲᠠᠪᠦᠷᠢᠵᠢᠭᠤᠯᠬᠤ ᠡᠬᠢᠯᠡᠯᠲᠡ ᠶᠢᠨ ᠵᠢᠯ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠲᠦ ᠢᠯᠠᠯᠲᠠ ᠶᠢᠨ ᠵᠠᠩᠭᠢᠯᠭ᠎ᠠ ᠶᠢᠨ ᠵᠢᠯ ᠪᠤᠯᠤᠨ᠎ᠠ᠃ ᠴᠢᠩᠱᠠᠨ ᠲᠤᠭᠤᠷᠢᠭ ᠬᠡᠵᠢᠶᠡᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠦ ᠤᠯᠤᠰ ᠤᠨ ᠤᠨᠴᠠᠯᠢᠭ ᠎ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠦᠮᠵᠢ ᠪᠤᠯᠭᠠᠵᠦ᠂ ᠲᠦᠪ᠂ ᠦᠪᠡᠷᠲᠡᠭᠡᠨ ᠵᠠᠰᠠᠬᠤ ᠤᠷᠤᠨ᠂ ᠪᠤᠭᠤᠲᠦ ᠬᠤᠲᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠎ ᠪᠠᠷ ᠲᠤᠤᠱᠯᠠᠭᠤᠯᠤᠨ ᠨᠠᠶᠢᠲᠠᠪᠦᠷᠢᠵᠢᠭᠤᠯᠵᠦ᠂《 ᠬᠤᠶᠠᠷ ᠰᠠᠭᠤᠷᠢᠨ ᠭᠠᠵᠠᠷ 》᠎ ᠢ ᠪᠠᠶᠢᠭᠤᠯᠬᠤ᠂《 ᠭᠤᠷᠪᠠᠨ ᠬᠤᠲᠠ ᠲᠤᠭᠤᠷᠢᠭ 》᠎ ᠢ ᠴᠤᠭᠴᠠᠯᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠲᠠᠭᠠᠯᠲᠠ ᠪᠠ ᠬᠠᠷᠠᠯᠲᠠ ᠶᠢᠨ ᠲᠤᠭᠤᠷᠢᠨ ᠳᠤ᠂ ᠤᠳᠤᠬᠢᠴᠢᠯᠠᠭᠰᠠᠨ ᠠᠵᠦ ᠠᠬᠤᠢ ᠶᠢᠨ ᠰᠢᠰᠲ᠋ᠧᠮ ᠢ ᠪᠠᠶᠢᠭᠤᠯᠬᠤ ᠶᠢ ᠲᠦᠷᠭᠡᠳᠭᠡᠵᠦ᠂ ᠤᠷᠤᠨ ᠨᠤᠲᠤᠭ ᠤᠨ ᠠᠵᠦ ᠠᠬᠤᠢ ᠶᠢᠨ ᠬᠦᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠦᠨ᠎ᠡ᠃      ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠴᠢᠩᠱᠠᠨ ᠲᠤᠭᠤᠷᠢᠭ ᠤᠨ ᠬᠤᠷᠢᠶ᠎ᠠ ᠶᠢᠨ ᠳᠡᠳ᠋ ᠱᠦᠵᠢ᠂ ᠲᠤᠭᠤᠷᠢᠭ ᠎ ᠤᠨ ᠳᠠᠷᠤᠭ᠎ᠠ ᠬᠤ᠋ ᠿᠦᠩ      ᠰᠤᠷᠪᠤᠯᠵᠢᠯᠠᠭᠰᠠᠨ ᠴᠠᠭ᠄ 2018 ᠤᠨ ᠤ 4 ᠰᠠᠷ᠎ᠠ ᠶᠢᠨ 23᠎ ᠤ ᠡᠳᠦᠷ      ᠬᠦᠲᠦᠯᠦᠭᠴᠢ᠄ ᠦᠨᠦ ᠵᠢᠯ᠂ ᠪᠢᠳᠡ ᠶᠠᠮᠠᠷ ᠠᠷᠭ᠎ᠠ ᠪᠠᠷᠢᠯ ᠢᠶᠠᠷ ᠭᠤᠤᠯᠳᠠᠭᠠᠲᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠪᠤᠢ︖      ᠬᠤ᠋ ᠿᠦᠩ᠄ ᠭᠤᠤᠯᠳᠠᠯᠭᠠᠲᠦ ᠲᠦᠷᠦᠯ ᠵᠦᠢᠯ ᠪᠤᠯ ᠠᠵᠦ ᠠᠬᠤᠢ ᠶᠢᠨ ᠬᠦᠭᠵᠢᠯᠲᠡ ᠶᠢᠨ《 ᠠᠮᠢ ᠨᠠᠰᠦᠨ ᠎ ᠤ ᠱᠤᠭᠤᠮ 》ᠪᠦᠭᠡᠳ ᠦᠷᠭᠦᠯᠵᠢᠯᠡᠨ ᠬᠦᠭᠵᠢᠬᠦ ᠶᠢᠨ ᠴᠢᠬᠤᠯᠠ ᠠᠴᠢᠶᠠᠯᠠᠭᠴᠢ ᠪᠤᠯᠤᠨ᠎ᠠ᠃ ᠡᠷᠬᠡᠪᠰᠢ ᠲᠦᠷᠦᠯ ᠵᠦᠢᠯ ᠤᠨ ᠪᠡᠯᠡ ᠤᠷᠤᠭᠤᠯᠤᠯᠲᠠ ᠶᠢ ᠲᠠᠭᠲᠤᠷᠰᠢᠭᠤᠯᠬᠤ ᠶᠢ ᠪᠠᠷᠢᠮᠲᠠᠯᠠᠵᠦ᠂ ᠲᠦᠷᠦᠯ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃      ᠨᠢᠭᠡ ᠳᠤ᠂ ᠲᠦᠷᠦᠯ ᠵᠦᠢᠯ ᠤᠨ ᠵᠦᠪᠰᠢᠶᠡᠷᠡᠯ ᠤᠨ ᠪᠤᠭᠤᠮᠲᠠ ᠶᠢ ᠴᠢᠩᠭ᠎ᠠ ᠠᠳᠬᠤᠵᠦ᠂《 ᠰᠢᠨᠵᠢᠯᠡᠭᠡ ᠮᠡᠷᠭᠡᠵᠢᠯ ᠤᠨ ᠠᠭᠤᠯᠤᠭᠳᠠᠴᠠ ᠦᠨᠳᠦᠷ᠂ ᠳᠠᠭᠠᠭᠤᠯᠭ᠎ᠠ ᠶᠢᠨ ᠴᠢᠳᠠᠪᠦᠷᠢ ᠪᠠᠷ ᠴᠢᠩᠭ᠎ᠠ᠂ ᠨᠡᠶᠢᠭᠡᠮ ᠤᠨ ᠦᠷ᠎ᠡ ᠠᠰᠢᠭ ᠎ ᠢᠶᠠᠷ ᠰᠠᠶᠢᠨ 》ᠪᠠᠶᠢᠬᠤ ᠤᠷᠤᠭᠤᠯᠬᠤ ᠵᠠᠷᠴᠢᠮ ᠢ ᠪᠠᠷᠢᠮᠲᠠᠯᠠᠵᠦ᠂ ᠬᠢᠨᠵᠢ ᠶᠢ ᠤᠷᠳᠤᠳᠬᠠᠬᠤ᠂ ᠬᠢᠨᠵᠢ ᠶᠢ ᠨᠦᠬᠦᠪᠦᠷᠢᠯᠡᠬᠦ᠂ ᠬᠢᠨᠵᠢ ᠶᠢ ᠪᠠᠬᠢᠵᠢᠭᠦᠯᠬᠦ ᠶᠢᠨ ᠱᠠᠭᠠᠷᠳᠠᠯᠭ᠎ᠠ ᠶᠤᠰᠤᠭᠠᠷ ᠨᠠᠷᠢᠨ ᠤᠨᠤᠪᠴᠢᠲᠠᠢ ᠪᠠᠷ ᠬᠤᠳᠠᠯᠳᠤᠭᠠᠴᠢᠨ ᠎ ᠢ ᠤᠷᠢᠵᠦ᠂ ᠰᠠᠶᠢᠨ ᠤ ᠳᠤᠮᠳᠠ ᠠᠴᠠ ᠰᠢᠯᠢᠳᠡᠭ ᠢ ᠰᠤᠩᠭᠤᠨ᠂ ᠰᠢᠯᠢᠳᠡᠭ ᠤᠨ ᠳᠤᠮᠳᠠ ᠠᠴᠠ ᠬᠦᠴᠤᠷᠬᠡᠭ ᠢ ᠰᠤᠩᠭᠤᠵᠦ᠂ ᠬᠤᠳᠠᠯᠳᠤᠭᠠᠴᠢᠨ ᠤᠷᠢᠵᠦ ᠪᠠᠯᠡ ᠤᠷᠤᠭᠤᠯᠬᠤ ᠶᠢᠨ ᠶᠠᠰᠤ ᠴᠢᠨᠠᠷ ᠪᠠ ᠦᠷ᠎ᠡ ᠠᠰᠢᠭ ᠢ ᠦᠨᠡᠨᠬᠦ ᠳᠡᠭᠡᠭᠰᠢᠯᠡᠭᠦᠯᠦᠨ᠂ ᠰᠠᠶᠢᠨ ᠠᠵᠦ ᠦᠢᠯᠡᠰ᠂ ᠲᠦᠷᠦᠯ ᠵᠦᠢᠯ ᠢ ᠴᠢᠩᠱᠠᠨ ᠳᠤ ᠨᠤᠲᠤᠭᠰᠢᠯᠠᠭᠤᠯᠵᠦ᠂ ᠠᠵᠦ ᠦᠢᠯᠡᠰ ᠎ ᠤᠨ ᠬᠦᠭᠵᠢᠯᠲᠡ ᠪᠠ ᠤᠷᠤᠨ ᠨᠤᠲᠤᠭ ᠤᠨ ᠬᠦᠭᠵᠢᠯᠲᠡ ᠶᠢᠨ ᠬᠤᠤᠰ ᠢᠯᠠᠯᠲᠠ ᠶᠢ ᠪᠠᠶᠠᠯᠡᠭᠦᠯᠦᠨ᠎ᠡ᠃      ᠬᠤᠶᠠᠷ ᠲᠤ᠂ ᠠᠵᠢᠯ ᠤᠨ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠰᠢᠨᠡᠳᠭᠡᠵᠦ᠂ ᠠᠵᠢᠯ ᠤᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠳᠠᠯᠳᠤᠭᠠᠴᠢᠨ ᠢ ᠤᠷᠢᠵᠦ ᠪᠠᠯᠡ ᠤᠷᠤᠭᠤᠯᠬᠤ ᠲᠦᠷᠦ ᠶᠢᠨ ᠪᠤᠳᠤᠯᠭ᠎ᠠ ᠪᠠᠨ ᠰᠢᠯᠢᠳᠡᠭᠵᠢᠭᠦᠯᠦᠨ᠂ ᠰᠢᠢᠳᠪᠦᠷᠢ ᠲᠤᠭᠲᠠᠭᠠᠬᠤ ᠶᠠᠪᠤᠴᠠ ᠪᠠᠨ ᠪᠦᠷᠢᠨᠰᠢᠭᠦᠯᠵᠦ᠂ ᠭᠡᠷ᠎ᠡ ᠪᠠᠨ ᠪᠡᠶᠡᠯᠡᠭᠦᠯᠬᠦ ᠪᠠᠲᠤᠯᠭ᠎ᠠ ᠶᠢ ᠴᠢᠩᠭᠠᠳᠬᠠᠵᠤ᠂ ᠢᠯᠡ ᠪᠤᠯᠭᠠᠬᠤ᠂ ᠵᠢᠷᠦᠮᠵᠢᠯᠲᠦ ᠦᠨᠳᠦᠷ ᠦᠷ᠎ᠡ ᠠᠰᠢᠭᠲᠠᠢ ᠶᠠᠪᠤᠭᠳᠠᠬᠤ ᠲᠤᠭᠲᠠᠴᠠ ᠶᠢ ᠪᠦᠷᠢᠯᠳᠦᠭᠦᠯᠦᠨ᠂ ᠨᠢᠭᠡ ᠲᠦᠷᠦᠯ ᠵᠦᠢᠯ ᠤᠨ ᠪᠤᠳᠠᠲᠠᠶᠢᠵᠢᠯ᠂ ᠨᠢᠭᠡ ᠪᠦᠯᠦᠭ ᠠᠵᠦ ᠦᠢᠯᠡᠰ ᠢ ᠳᠠᠭᠠᠭᠤᠯᠬᠤ᠂ ᠨᠢᠭᠡ ᠠᠵᠦ ᠦᠢᠯᠡᠳᠪᠦᠷᠢ ᠶᠢᠨ ᠪᠦᠷᠢᠯᠳᠤᠯ ᠢ ᠵᠢᠩᠬᠢᠨᠢ ᠪᠠᠷ ᠪᠡᠶᠡᠯᠡᠭᠦᠯᠦᠨ᠂ ᠴᠢᠩᠱᠠᠨ ᠲᠤᠭᠤᠷᠢᠭ ᠤᠨ ᠬᠡᠯᠪᠡᠷᠢ ᠰᠢᠯᠵᠢᠬᠦ ᠬᠦᠭᠵᠢᠯᠲᠡ᠂ ᠰᠢᠨ᠎ᠡ ᠶᠢ ᠡᠭᠦᠳᠬᠦ ᠬᠦᠭᠵᠢᠯᠲᠡ ᠳᠤ ᠮᠤᠬᠤᠰᠢ ᠦᠭᠡᠢ ᠬᠦᠳᠡᠯᠭᠡᠬᠦ ᠬᠦᠴᠦᠨ ᠢ ᠤᠷᠤᠭᠤᠯᠤᠨ᠎ᠠ᠃      ᠭᠤᠷᠪᠠ ᠳᠤ᠂ ᠲᠦᠷᠦᠯ ᠵᠦᠢᠯ ᠤᠨ ᠳᠠᠭᠠᠭᠠᠴᠢᠯᠠᠨ ᠲᠡᠳᠭᠦᠬᠦ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠦᠨ᠂《 ᠨᠢᠭᠡ ᠲᠦᠷᠦᠯ ᠵᠦᠢᠯ᠂ ᠨᠢᠭᠡ ᠪᠦᠯᠬᠦᠮ᠂ ᠠᠳᠬᠤᠪᠠᠯ ᠲᠦᠢᠯ ᠳᠤ ᠨᠢ ᠬᠦᠷᠬᠦ 》ᠪᠦᠬᠦ ᠶᠠᠪᠤᠴᠠ ᠶᠢᠨ ᠦᠢᠯᠴᠢᠯᠡᠭᠡᠨ ᠤ ᠬᠡᠪ ᠵᠠᠭᠪᠤᠷ ᠢ ᠴᠢᠩᠭᠠᠳᠬᠠᠵᠦ᠂《 ᠠᠭᠤᠯᠠ ᠤᠴᠠᠷᠠᠪᠠᠯ ᠵᠠᠮ ᠨᠡᠭᠡᠭᠡᠵᠦ᠂ ᠤᠰᠤ ᠳᠤᠬᠢᠶᠠᠯᠳᠤᠪᠠᠯ ᠬᠦᠭᠦᠷᠭᠡ ᠲᠠᠯᠪᠢᠬᠤ 》ᠦᠢᠯᠴᠢᠯᠡᠭᠡᠨ ᠤ ᠵᠤᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠦ᠂ ᠲᠦᠷᠦᠯ ᠵᠦᠢᠯ ᠢ ᠴᠠᠭ ᠦᠷᠭᠦᠯᠵᠢᠯᠡᠭᠦᠯᠬᠦ ᠦᠭᠡᠢ ᠪᠠᠷ ᠪᠤᠲᠠᠶᠢᠵᠢᠭᠤᠯᠵᠦ᠂ ᠬᠠᠷᠰᠢ ᠰᠠᠭᠠᠳ ᠦᠭᠡᠢ ᠪᠠᠷ ᠪᠠᠷᠢᠯᠭ᠎ᠠ ᠪᠠᠶᠢᠭᠤᠯᠬᠤ ᠳᠤ ᠴᠢᠩᠭ᠎ᠠ ᠬᠦᠴᠦᠲᠡᠢ ᠪᠠᠲᠤᠯᠭ᠎ᠠ ᠬᠠᠩᠭᠠᠨ᠎ᠠ᠃      ᠬᠦᠲᠦᠯᠦᠭᠴᠢ᠄ ᠪᠤᠳᠠᠲᠤ ᠴᠤᠭᠴᠠ ᠶᠢᠨ ᠠᠵᠦ ᠠᠬᠤᠢ ᠶᠢ ᠬᠦᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠬᠤ ᠲᠠᠯ᠎ᠠ ᠪᠠᠷ ᠶᠠᠮᠠᠷ ᠪᠤᠳᠠᠲᠠᠢ ᠠᠷᠭ᠎ᠠ ᠬᠡᠷᠡᠭᠵᠢᠭᠦᠯᠬᠦ ᠪᠤᠢ︖      ᠬᠤ᠋ ᠿᠦᠩ᠄ ᠪᠤᠳᠠᠲᠦ ᠴᠤᠭᠴᠠ ᠶᠢᠨ ᠠᠵᠦ ᠠᠬᠤᠢ ᠪᠤᠯ ᠤᠯᠤᠰ ᠠᠷᠠᠳ ᠤᠨ ᠠᠵᠦ ᠠᠬᠤᠢ ᠶᠢᠨ ᠰᠠᠭᠤᠷᠢ᠂ ᠠᠵᠦ ᠠᠬᠤᠢ ᠶᠢᠨ ᠬᠦᠭᠵᠢᠯᠲᠡ ᠨᠢ ᠪᠤᠳᠠᠲᠦ ᠴᠤᠭᠴᠠ ᠶᠢᠨ ᠠᠵᠦ ᠠᠬᠤᠢ ᠳᠤ ᠲᠦᠰᠢᠭᠯᠡᠨ ᠬᠦᠷᠦᠩᠭᠡ ᠪᠤᠰᠬᠠᠵᠦ᠂ ᠪᠤᠳᠠᠲᠦ ᠴᠤᠭᠴᠠ ᠶᠢᠨ ᠠᠵᠦ ᠠᠬᠤᠢ ᠳᠤ ᠲᠦᠰᠢᠭᠯᠡᠨ ᠢᠷᠡᠭᠡᠳᠦᠢ ᠵᠦᠭ ᠴᠢᠭᠯᠡᠳᠡᠭ᠃      ᠨᠢᠭᠡ ᠳᠤ᠂ ᠲᠦᠷᠦ ᠶᠢᠨ ᠪᠤᠳᠤᠯᠭ᠎ᠠ ᠪᠠ ᠮᠦᠩᠭᠦᠨ ᠬᠦᠢᠯᠭᠡᠭᠡᠨ ᠤ ᠳᠡᠮᠵᠢᠯᠭᠡ ᠶᠢ ᠡᠷᠴᠢᠮᠵᠢᠭᠦᠯᠦᠨ᠎ᠡ᠃ ᠳᠡᠭᠡᠳᠦ ᠱᠠᠲᠦᠨ ᠤ ᠪᠤᠳᠠᠲᠦ ᠴᠤᠭᠴᠠ ᠶᠢᠨ ᠠᠵᠦ ᠠᠬᠤᠶᠢᠯᠠᠯ ᠤᠨ ᠪᠤᠶᠢᠵᠢᠯᠲᠠ ᠶᠢ ᠲᠡᠳᠭᠦᠬᠦ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠤᠳᠤ ᠪᠠᠶᠢᠬᠤ ᠲᠦᠷᠦ ᠶᠢᠨ ᠪᠤᠳᠤᠯᠭ᠎ᠠ ᠪᠠᠷ ᠲᠦᠪᠯᠡᠷᠡᠭᠦᠯᠦᠨ ᠬᠦᠴᠦᠯᠡᠨ᠎ᠡ᠃ ᠲᠤᠭᠤᠷᠢᠭ ᠲᠤ ᠰᠠᠭᠤᠭ᠎ᠠ ᠲᠤᠮᠤ ᠠᠵᠦ ᠠᠬᠤᠶᠢᠯᠠᠯ ᠵᠢᠴᠢ ᠳᠤᠮᠳᠠ ᠪᠠᠭ᠎ᠠ ᠵᠢᠵᠢᠭ ᠠᠵᠦ ᠠᠬᠤᠶᠢᠯᠠᠯ ᠢ ᠢᠳᠡᠪᠬᠢᠲᠡᠢ ᠬᠠᠪᠰᠤᠷᠴᠦ ᠪᠤᠳᠠᠲᠠᠢ ᠬᠦᠴᠢᠷᠳᠡᠯ ᠢ ᠰᠢᠢᠳᠪᠦᠷᠢᠯᠡᠨ᠂ ᠠᠵᠦ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠲᠤᠭᠲᠠᠪᠦᠷᠢᠵᠢᠭᠤᠯᠤᠨ᠎ᠠ᠃ ᠮᠠᠨ ᠤ ᠲᠤᠭᠤᠷᠢᠭ ᠤᠨ ᠠᠵᠦ ᠠᠬᠤᠶᠢᠯᠠᠯ ᠬᠦᠷᠦᠩᠭᠡ ᠨᠡᠶᠢᠯᠡᠭᠦᠯᠬᠦ ᠶᠢᠨ ᠤᠶᠠᠯᠳᠤᠯ ᠤᠨ ᠳᠠᠪᠠᠭᠤᠯᠢᠭ ᠢᠶᠠᠷ᠂ ᠠᠵᠦ ᠠᠬᠤᠶᠢᠯᠠᠯ ᠤᠨ ᠬᠦᠷᠦᠩᠭᠡ ᠶᠢᠨ ᠵᠠᠬ᠎ᠠ ᠳᠡᠯᠭᠡᠭᠦᠷ ᠳᠤ ᠤᠷᠤᠵᠦ ᠰᠢᠭᠤᠳ ᠬᠦᠷᠦᠩᠬᠡ ᠨᠡᠶᠢᠯᠡᠭᠦᠯᠬᠦ ᠶᠢ ᠬᠦᠴᠦᠲᠡᠢ ᠳᠡᠮᠵᠢᠵᠦ᠂ ᠠᠵᠦ ᠠᠬᠤᠶᠢᠯᠠᠯ ᠢᠶᠠᠨ ᠬᠦᠭᠵᠢᠭᠦᠯᠬᠦ ᠢᠲᠡᠭᠡᠯ ᠵᠤᠷᠢᠭ ᠢ ᠳᠡᠭᠡᠭᠰᠢᠯᠡᠭᠦᠯᠵᠦ᠂ ᠲᠡᠳᠡᠨᠦᠰ ᠢ ᠪᠤᠳᠠᠲᠦ ᠴᠤᠭᠴᠠ ᠳᠤ ᠠᠩᠬᠠᠷᠤᠯ ᠢᠶᠠᠨ ᠬᠠᠨᠳᠤᠭᠤᠯᠤᠨ᠂ ᠠᠵᠦ ᠦᠢᠯᠡᠰ ᠢ ᠬᠦᠴᠦᠷᠬᠡᠭᠵᠢᠭᠦᠯᠦᠨ᠎ᠡ᠃      ᠬᠤᠶᠠᠷ ᠲᠤ᠂ ᠠᠵᠦ ᠦᠢᠯᠡᠰ ᠭᠠᠵᠠᠷ ᠤᠷᠤᠨ ᠤ ᠠᠭᠤᠰᠤᠯᠴᠠᠯ ᠪᠠ ᠴᠡᠷᠢᠭ ᠠᠷᠠᠳ ᠤᠨ ᠠᠭᠤᠰᠤᠯᠴᠠᠯ ᠢ ᠴᠢᠩᠭᠠᠳᠬᠠᠨ᠎ᠠ᠃ ᠠᠵᠦ ᠦᠢᠯᠡᠰ ᠤᠨ ᠬᠠᠮᠲᠦᠷᠠᠨ ᠠᠵᠢᠯᠯᠠᠬᠤ᠂ ᠪᠦᠲᠦᠭᠡᠭᠳᠡᠭᠦᠨ ᠢ ᠬᠤᠳᠠᠯᠳᠤᠨ ᠠᠪᠬᠤ ᠪᠠ ᠪᠤᠷᠤᠯᠠᠭᠤᠯᠬᠤ᠂ ᠬᠦᠷᠦᠩᠭᠡ ᠨᠡᠶᠢᠯᠡᠭᠦᠯᠬᠦ ᠶᠢ ᠵᠤᠯᠭᠠᠭᠤᠯᠬᠤ ᠵᠡᠷᠭᠡ ᠪᠤᠳᠠᠲᠠᠢ ᠶᠢ ᠡᠷᠬᠢᠯᠡᠬᠦ ᠳᠤ ᠲᠤᠰᠠᠲᠠᠢ ᠲᠠᠪᠴᠠᠩ ᠎ ᠢ ᠰᠠᠶᠢᠲᠦᠷ ᠪᠠᠶᠢᠭᠤᠯᠵᠦ᠂ ᠦᠮᠴᠢᠯᠡᠯ ᠪᠠ ᠬᠠᠷᠢᠶᠠᠯᠠᠭᠳᠠᠬᠤ ᠬᠠᠷᠢᠴᠠᠭ᠎ᠠ ᠶᠢᠨ ᠵᠠᠭᠠᠭ ᠢᠯᠭᠠᠭ᠎ᠠ ᠶᠢ ᠦᠭᠡᠰᠭᠡᠶᠢᠵᠦ᠂ ᠠᠵᠦ ᠠᠬᠤᠢ ᠶᠢᠨ ᠬᠤᠪᠢ ᠵᠠᠶᠠᠭ᠎ᠠ ᠶᠢᠨ ᠬᠠᠮᠲᠦ ᠶᠢᠨ ᠴᠤᠭᠴᠠ ᠶᠢ ᠪᠦᠷᠢᠯᠳᠦᠭᠦᠯᠦᠨ᠎ᠡ᠃ ᠲᠤᠭᠤᠷᠢᠭ ᠲᠤ ᠰᠠᠭᠤᠭ᠎ᠠ ᠴᠡᠷᠢᠭ ᠤᠨ ᠠᠵᠦ ᠦᠢᠯᠡᠳᠪᠦᠷᠢ ᠠᠵᠦ ᠠᠬᠤᠶᠢᠯᠠᠯ᠂ ᠮᠡᠷᠭᠡᠵᠢᠯ ᠪᠠ ᠵᠠᠬ᠎ᠠ ᠳᠡᠯᠭᠡᠭᠦᠷ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠦ᠂ ᠴᠡᠷᠢᠭ ᠠᠷᠠᠳ ᠤᠨ ᠠᠭᠤᠰᠤᠯᠴᠠᠯ ᠤᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠢᠳᠡᠪᠬᠢᠲᠡᠢ ᠬᠡᠷᠡᠭᠵᠢᠭᠦᠯᠵᠦ᠂《 ᠴᠡᠷᠢᠭ ᠠᠴᠠ ᠠᠷᠠᠳ ᠲᠤ ᠰᠢᠯᠵᠢᠬᠦ 》᠂《 ᠠᠷᠠᠳ ᠤᠨ ᠴᠡᠷᠢᠭ ᠲᠤ ᠡᠯᠰᠡᠭᠳᠡᠬᠦ 》᠂    《 ᠴᠡᠷᠢᠭ ᠠᠷᠠᠳ ᠤᠨ ᠬᠤᠶᠠᠷ ᠬᠡᠷᠡᠭᠴᠡᠭᠡᠲᠦ ᠮᠡᠷᠭᠡᠵᠢᠯ ᠤᠨ ᠬᠤᠪᠢᠷᠠᠯᠲᠠ 》ᠵᠡᠷᠭᠡ ᠵᠢᠱᠢᠶ᠎ᠡ ᠦᠵᠡᠭᠦᠯᠬᠦ ᠲᠦᠷᠦᠯ ᠵᠦᠢᠯ ᠢ ᠬᠦᠴᠦᠲᠡᠢ ᠲᠦᠯᠬᠢᠨ ᠠᠬᠢᠭᠤᠯᠵᠦ᠂ ᠲᠤᠰ ᠭᠠᠵᠠᠷ ᠤᠨ ᠳᠤᠮᠳᠠ ᠪᠠᠭ᠎ᠠ ᠠᠵᠦ ᠠᠬᠤᠶᠢᠯᠠᠯ ᠤᠨ ᠤᠷᠤᠯᠴᠠᠬᠤ ᠬᠠᠮᠲᠤᠷᠠᠯᠴᠠᠭ᠎ᠠ ᠶᠢᠨ ᠢᠨᠵᠢ ᠪᠦᠷᠢᠯᠳᠦᠭᠦᠯᠬᠦ ᠶᠢ ᠳᠠᠭᠠᠭᠤᠯᠤᠨ᠂ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠨ᠂ ᠬᠠᠮᠲᠦ ᠪᠠᠷ ᠦᠰᠦᠨ ᠪᠤᠶᠢᠵᠢᠬᠤ ᠰᠠᠶᠢᠨ ᠰᠠᠶᠢᠬᠠᠨ ᠪᠠᠶᠢᠷᠢᠭᠤᠯᠤᠯᠲᠠ ᠶᠢ ᠪᠦᠷᠢᠯᠳᠦᠭᠦᠯᠵᠦ᠂ ᠤᠯᠤᠰ ᠎ ᠤᠨ ᠪᠠᠷᠠᠭᠤᠨ ᠬᠡᠰᠡᠭ ᠭᠠᠵᠠᠷ ᠤᠷᠤᠨ ᠤ  ᠬᠠᠮᠤᠭ ᠶᠡᠭᠡ ᠴᠡᠷᠢᠭ ᠠᠷᠠᠳ ᠤᠨ ᠠᠭᠤᠰᠤᠯᠴᠠᠨ ᠬᠦᠭᠵᠢᠬᠦ ᠵᠢᠱᠢᠶ᠎ᠡ ᠦᠵᠡᠭᠦᠯᠬᠦ ᠬᠦᠷᠢᠶᠡᠯᠡᠩ ᠲᠤᠭᠤᠷᠢᠭ ᠢ ᠴᠤᠭᠴᠠᠯᠠᠨ ᠪᠠᠶᠢᠭᠤᠯᠤᠨ᠎ᠠ᠃      ᠭᠤᠷᠪᠠ ᠳᠤ᠂《 ᠲᠠᠯᠪᠢᠬᠤ᠂ ᠬᠠᠮᠢᠶᠠᠷᠬᠤ᠂ ᠦᠢᠯᠡᠴᠢᠯᠡᠬᠦ 》ᠪᠠ ᠬᠤᠳᠠᠯᠳᠤᠭᠠᠨ ᠤ ᠶᠠᠪᠤᠳᠠᠯ ᠤᠨ ᠦᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠦ᠂《 ᠭᠡᠷᠡᠴᠢ ᠲᠡᠮᠲᠡᠭ ᠢ ᠰᠠᠯᠭᠠᠬᠤ 》᠂《 ᠨᠢᠭᠡ ᠯᠡ ᠤᠳᠠᠭ᠎ᠠ ᠳᠤ ᠭᠦᠢᠴᠡᠳᠭᠡᠬᠦ 》ᠪᠠ ᠰᠦᠯᠵᠢᠶᠡᠨ ᠳᠡᠭᠡᠷ᠎ᠡ ᠠᠴᠠ ᠬᠢᠨᠠᠨ ᠵᠦᠪᠰᠢᠶᠡᠷᠡᠬᠦ ᠵᠡᠷᠭᠡ ᠲᠠᠯ᠎ᠠ ᠳᠤ ᠨᠡᠩ ᠶᠡᠭᠡ ᠰᠢᠪᠲᠦᠯᠦᠯᠲᠠ ᠢ ᠤᠯᠵᠦ᠂ ᠭᠠᠷ ᠭᠦᠢᠴᠡᠳᠭᠡᠯ ᠢ ᠳᠦᠭᠦᠮᠵᠢᠯᠡᠭᠦᠯᠬᠦ᠂ ᠴᠠᠭ ᠬᠤᠭᠤᠴᠠᠭ᠎ᠠ ᠶᠢ ᠪᠤᠭᠤᠨᠢᠰᠬᠠᠬᠤ᠂ ᠴᠤᠪᠤᠷᠠᠯ ᠢ ᠰᠢᠯᠢᠳᠡᠭᠵᠢᠬᠦᠯᠬᠦ ᠳᠡᠭᠡᠷ᠎ᠡ ᠬᠦᠴᠦᠯᠡᠵᠦ᠂ ᠬᠢᠨᠠᠨ ᠵᠦᠪᠰᠢᠶᠡᠷᠡᠬᠦ《 ᠭᠠᠷ 》᠎ ᠢ ᠰᠠᠶᠢᠨ ᠬᠠᠮᠢᠶᠠᠷᠴᠦ᠂ ᠦᠢᠯᠡᠴᠢᠯᠡᠭᠡ ᠶᠢᠨ《 ᠬᠦᠯ 》᠎ ᠤᠨ ᠠᠯᠬᠤᠴᠠ ᠪᠠᠨ ᠡᠬᠢᠯᠡᠭᠦᠯᠵᠦ᠂ ᠬᠠᠮᠤᠭ ᠶᠡᠭᠡ ᠬᠡᠮᠵᠢᠶ᠎ᠡ ᠪᠠᠷ ᠦᠢᠯᠡᠴᠢᠯᠡᠭᠡ ᠎ ᠶᠢᠨ ᠪᠦᠲᠦᠮᠵᠢ ᠶᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠠᠮᠢᠵᠢᠷᠠᠯ ᠤᠨ ᠬᠦᠴᠦᠨ ᠢ ᠤᠷᠮᠠᠰᠢᠭᠤᠯᠤᠨ᠎ᠠ᠃      ᠳᠦᠷᠪᠡ ᠳᠤ᠂ ᠠᠵᠦ ᠠᠬᠤᠶᠢᠯᠠᠯᠲᠠᠨ ᠤ ᠵᠤᠷᠢᠭ ᠰᠠᠨᠠᠭ᠎ᠠ ᠪᠠ ᠤᠷᠠᠨ ᠳᠠᠷᠬᠠᠨ ᠤ ᠵᠤᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠢᠨᠲ᠋ᠧᠷ ᠰᠦᠯᠵᠢᠶ᠎ᠡ᠂ ᠶᠡᠭᠡ ᠳ᠋ᠠᠶᠢᠲ᠋ᠠ᠂ ᠵᠤᠬᠢᠶᠠᠮᠠᠯ ᠤᠶᠤᠨ ᠴᠢᠳᠠᠪᠦᠷᠢ ᠬᠢᠭᠡᠳ ᠪᠤᠳᠠᠲᠦ ᠴᠤᠭᠴᠠ ᠶᠢᠨ ᠠᠵᠦ ᠠᠬᠤᠢ ᠶᠢᠨ ᠭᠦᠨᠵᠡᠭᠡᠢ ᠠᠭᠤᠰᠤᠯᠴᠠᠬᠤ ᠠᠬᠢᠭᠤᠯᠤᠯᠲᠠ ᠶᠢ ᠲᠦᠷᠭᠡᠳᠭᠡᠵᠦ᠂ ᠠᠵᠦ ᠠᠬᠤᠶᠢᠯᠠᠯ ᠎ ᠤᠨ ᠪᠦᠲᠦᠭᠡᠭᠳᠡᠭᠦᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠨᠡᠩ ᠤᠯᠠᠨ ᠨᠡᠷᠡᠲᠦ ᠲᠠᠸᠠᠷ ᠤᠨ ᠲᠦᠷᠦᠯ ᠲᠡᠮᠲᠡᠭ ᠢ ᠴᠤᠭᠴᠠᠯᠠᠨ᠎ᠠ᠃      ᠬᠦᠲᠦᠯᠦᠭᠴᠢ᠄ ᠤᠷᠤᠨ ᠨᠤᠲᠤᠭ ᠤᠨ ᠠᠵᠦ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠵᠦᠳᠡᠰ ᠳᠡᠪᠰᠢᠭᠦᠯᠬᠦ ᠳᠡᠭᠡᠷ᠎ᠡ᠂ ᠮᠠᠨ ᠤ ᠪᠤᠳᠠᠲᠠᠢ ᠪᠠᠶᠢᠷᠢ ᠲᠤᠭᠲᠠᠭᠠᠯᠲᠠ ᠨᠢ ᠶᠠᠭᠤ︖ ᠶᠠᠮᠠᠷ ᠪᠤᠳᠠᠲᠠᠢ ᠠᠵᠢᠯ ᠤᠨ ᠠᠷᠭ᠎ᠠ ᠬᠡᠮᠵᠢᠶ᠎ᠡ ᠪᠠᠶᠢᠬᠤ ᠪᠤᠢ︖      ᠬᠤ᠋ ᠿᠦᠩ᠄ ᠪᠢᠳᠡ ᠤᠷᠤᠨ ᠨᠤᠲᠤᠭ ᠤᠨ ᠬᠠᠷᠢᠴᠠᠩᠭᠤᠢ ᠳᠠᠪᠠᠭᠤᠯᠢᠭ ᠲᠤ ᠰᠠᠭᠤᠷᠢᠯᠠᠵᠦ᠂ ᠤᠷᠤᠨ ᠨᠤᠲᠤᠭ ᠎ ᠤᠨ ᠡᠬᠢ ᠰᠤᠷᠪᠤᠯᠵᠢ ᠶᠢᠨ ᠲᠦᠷᠦᠯᠬᠢ ᠦᠪ ᠢ ᠠᠭᠤᠳᠠᠯᠯᠠᠨ᠂ ᠬᠦᠭᠵᠢᠯᠲᠡ ᠶᠢᠨ ᠳᠠᠪᠠᠭᠤᠯᠢᠭ ᠢ ᠭᠦᠨ ᠪᠤᠶᠢᠵᠢᠭᠤᠯᠵᠦ᠂ ᠠᠵᠦ ᠠᠬᠤᠢ ᠶᠢᠨ ᠦᠨᠳᠦᠷ ᠶᠠᠰᠦ ᠴᠢᠨᠠᠷ ᠤᠨ ᠬᠦᠭᠵᠢᠯᠲᠡ ᠶᠢ ᠲᠦᠯᠬᠢᠨ ᠠᠬᠢᠭᠤᠯᠬᠤ ᠬᠦᠴᠦᠯᠡᠴᠡ ᠴᠡᠭ ᠢᠶᠠᠨ ᠬᠡᠵᠢᠶᠡᠳᠡ ᠠᠵᠦ ᠠᠬᠤᠶᠢᠯᠠᠯ ᠳᠡᠭᠡᠷ᠎ᠡ ᠲᠠᠯᠪᠢᠨ᠂ ᠳᠠᠪᠰᠢᠭᠰᠠᠨ ᠦᠢᠯᠡᠳᠪᠦᠷᠢᠯᠡᠯ ᠢᠶᠠᠷ ᠤᠳᠤᠷᠢᠳᠤᠮᠵᠢ ᠪᠤᠯᠭᠠᠵᠦ᠂ ᠦᠢᠯᠡᠴᠢᠯᠡᠭᠡᠨ ᠤ ᠦᠢᠯᠡᠰ ᠢᠶᠠᠷ ᠲᠤᠯᠭᠠᠭᠤᠷᠢ ᠪᠤᠯᠭᠠᠨ᠂ ᠤᠨᠴᠠᠯᠢᠭᠲᠦ ᠰᠤᠶᠤᠯ ᠵᠢᠭᠤᠯᠴᠢᠯᠠᠯ ᠤᠨ ᠦᠢᠯᠡᠰ ᠢᠶᠠᠷ ᠨᠦᠬᠦᠪᠦᠷᠢ ᠪᠤᠯᠭᠠᠭᠰᠠᠨ ᠠᠵᠦ ᠦᠢᠯᠡᠰ ᠤᠨ ᠰᠢᠰᠲ᠋ᠧᠮ ᠢ ᠴᠢᠷᠮᠠᠶᠢᠨ ᠪᠠᠶᠢᠭᠤᠯᠤᠨ᠎ᠠ᠃      ᠨᠢᠭᠡ ᠳᠤ᠂ ᠲᠤᠨᠤᠭ ᠲᠦᠭᠦᠭᠡᠷᠦᠮᠵᠢ ᠦᠢᠯᠡᠳᠬᠦ ᠦᠢᠯᠡᠰ ᠢ ᠭᠤᠶᠢᠪᠢᠰᠢ ᠦᠭᠡᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ ᠲᠤᠨᠤᠭ ᠲᠦᠭᠦᠭᠡᠷᠦᠮᠵᠢ ᠦᠢᠯᠡᠳᠬᠦ ᠠᠵᠦ ᠦᠢᠯᠡᠰ ᠪᠤᠯ ᠮᠠᠨ ᠤ ᠲᠤᠭᠤᠷᠢᠭ ᠤᠨ  ᠤᠷᠤᠰᠢᠨ ᠲᠤᠭᠲᠠᠨᠢᠬᠤ ᠦᠨᠳᠦᠰᠦ᠂ ᠲᠤᠭᠤᠷᠢᠭ ᠢ ᠬᠦᠴᠦᠷᠬᠡᠭᠵᠢᠭᠦᠯᠬᠦ ᠵᠠᠮ ᠪᠤᠯᠤᠨ᠎ᠠ᠃ ᠪᠢᠳᠡ ᠪᠦᠬᠦ ᠤᠯᠤᠰ ᠤᠨ ᠳᠤᠮᠳᠠ ᠪᠠᠷᠠᠭᠤᠨ ᠤᠷᠤᠨ ᠤ ᠳᠡᠪᠰᠢᠭᠰᠡᠨ ᠲᠤᠨᠤᠭ ᠲᠦᠭᠦᠭᠡᠷᠦᠮᠵᠢ ᠦᠢᠯᠡᠳᠬᠦ ᠦᠢᠯᠡᠰ ᠤᠨ ᠰᠠᠭᠤᠷᠢᠨ ᠭᠠᠵᠠᠷ ᠶᠢ ᠪᠠᠶᠢᠭᠤᠯᠬᠤ ᠬᠠᠷᠠᠯᠲᠠ ᠶᠢᠨ ᠲᠤᠭᠤᠷᠢᠨ ᠳᠤ᠂ ᠬᠠᠳᠠᠭᠠᠯᠠᠮᠵᠢ ᠶᠢᠨ ᠬᠡᠮᠵᠢᠶ᠎ᠡ ᠪᠠᠨ ᠰᠢᠯᠢᠳᠡᠭᠵᠢᠭᠦᠯᠦᠨ ᠵᠤᠬᠢᠴᠠᠭᠤᠯᠵᠦ᠂ ᠨᠡᠮᠡᠭᠳᠠᠯ ᠤᠨ ᠬᠡᠮᠵᠢᠶ᠎ᠡ ᠪᠠᠨ ᠰᠢᠯᠢᠳᠡᠭᠵᠢᠭᠦᠯᠦᠨ ᠬᠢᠬᠦ᠂ ᠶᠡᠷᠦᠩᠬᠡᠢ ᠬᠡᠮᠵᠢᠶ᠎ᠡ ᠶᠢ ᠶᠡᠬᠡᠪᠡᠷ ᠬᠢᠬᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠵᠦ᠂《 ᠭᠤᠷᠪᠠᠨ ᠰᠢᠨ᠎ᠡ ᠨᠢᠭᠡ ᠦᠨᠳᠦᠷ 》ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠪᠤᠢ ᠪᠤᠯᠤᠭᠰᠠᠨ ᠠᠵᠦ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠦᠷᠦᠩᠭᠡ ᠤᠷᠤᠭᠤᠯᠤᠯᠲᠠ ᠪᠠᠨ ᠡᠷᠴᠢᠮᠵᠢᠭᠦᠯᠦᠨ᠂ ᠰᠢᠨ᠎ᠡ ᠬᠡᠯᠪᠡᠷᠢ ᠶᠢᠨ ᠴᠡᠷᠢᠭ ᠤᠨ ᠦᠢᠯᠡᠳᠪᠦᠷᠢ ᠶᠢᠨ ᠲᠤᠨᠤᠭ ᠲᠦᠭᠦᠭᠡᠷᠦᠮᠵᠢ᠂ ᠭᠡᠷᠡᠯ ᠸᠤᠯᠲ᠂ ᠴᠦᠮ᠎ᠡ ᠶᠢᠨ ᠴᠠᠬᠢᠯᠭᠠᠨ ᠲᠦᠯᠡᠰᠢ ᠶᠢᠨ ᠦᠨᠳᠦᠰᠦᠨ ᠲᠤᠨᠤᠭ᠂ ᠤᠶᠤᠨᠲᠦ ᠦᠢᠯᠡᠳᠬᠦ ᠵᠡᠷᠭᠡ ᠠᠵᠦ ᠦᠢᠯᠡᠰ ᠢ ᠶᠡᠬᠡᠪᠡᠷ ᠬᠦᠭᠵᠢᠭᠦᠯᠦᠨ᠎ᠡ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠦᠷᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠬᠦᠷᠢᠶᠡᠯᠡᠩ ᠲᠤᠭᠤᠷᠢᠭ ᠤᠨ《 ᠪᠡᠯᠡ ᠤᠷᠤᠭᠤᠯᠬᠤ ᠬᠦᠳᠡᠯᠭᠡᠭᠦᠷ 》᠎ ᠠᠴᠠ《 ᠰᠢᠨ᠎ᠡ ᠶᠢ ᠡᠭᠦᠳᠬᠦ ᠬᠦᠳᠡᠯᠭᠡᠭᠦᠷ 》ᠲᠡᠰᠢ ᠰᠢᠯᠵᠢᠬᠦ ᠶᠢ ᠲᠦᠯᠬᠢᠨ ᠠᠬᠢᠭᠤᠯᠵᠦ᠂ ᠲᠤᠨᠤᠭ ᠲᠦᠭᠦᠭᠡᠷᠦᠮᠵᠢ ᠦᠢᠯᠡᠳᠬᠦ ᠦᠢᠯᠡᠰ ᠤᠨ ᠶᠠᠰᠤ ᠴᠢᠨᠠᠷ ᠤᠨ ᠬᠤᠪᠢᠰᠤᠯᠲᠠ᠂ ᠪᠦᠲᠦᠮᠵᠢ ᠶᠢᠨ ᠬᠤᠪᠢᠰᠤᠯᠲᠠ᠂ ᠬᠦᠳᠡᠯᠭᠡᠭᠴᠢ ᠬᠦᠴᠦᠨ ᠤ ᠬᠤᠪᠢᠰᠦᠯᠲᠠ ᠶᠢ ᠪᠡᠶᠡᠯᠡᠭᠦᠯᠬᠦ ᠶᠢ ᠲᠦᠯᠬᠢᠨ ᠠᠬᠢᠭᠤᠯᠤᠨ᠎ᠠ᠃      ᠬᠤᠶᠠᠷ ᠲᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠦᠷᠦᠭᠵᠢᠨ ᠴᠤᠭᠯᠠᠷᠠᠬᠤ ᠬᠢᠷᠢ ᠲᠦᠪᠰᠢᠨ ᠢ ᠭᠤᠶᠢᠪᠢᠰᠢ ᠦᠭᠡᠢ ᠳᠡᠭᠡᠭᠰᠢᠯᠡᠭᠦᠯᠦᠨ᠎ᠡ᠃ ᠪᠤᠭᠤᠲᠦ ᠶᠢᠨ ᠤᠳᠤ ᠦᠶ᠎ᠡ ᠶᠢᠨ ᠬᠤᠳᠠᠯᠳᠤᠭᠠᠨ ᠤ ᠶᠠᠪᠤᠳᠠᠯ ᠤᠨ ᠭᠤᠤᠯᠯᠠᠭᠰᠠᠨ ᠬᠤᠲᠠ ᠲᠤᠭᠤᠷᠢᠭ ᠢ ᠪᠦᠲᠦᠭᠡᠨ ᠪᠠᠶᠢᠭᠤᠯᠬᠤ ᠬᠠᠷᠠᠯᠲᠠ ᠶᠢᠨ ᠲᠤᠭᠤᠷᠢᠨ ᠳᠤ᠂ ᠪᠦᠬᠦ ᠬᠦᠴᠦ ᠪᠠᠷ ᠢᠶᠠᠨ ᠤᠯᠠᠨ ᠡᠰᠢᠲᠦ ᠬᠦᠭᠵᠢᠯᠲᠡ᠂ ᠤᠯᠠᠨ ᠲᠦᠢᠯ ᠲᠤᠯᠭᠠᠭᠤᠷᠢᠯᠠᠭᠰᠠᠨ ᠤᠳᠤ ᠦᠶ᠎ᠡ ᠶᠢᠨ ᠦᠢᠯᠴᠢᠯᠡᠭᠡᠨ ᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃《 ᠵᠢᠷᠭᠤᠭᠠᠨ ᠶᠡᠭᠡ ᠬᠤᠳᠠᠯᠳᠤᠭᠠᠨ ᠤ ᠲᠤᠭᠤᠷᠢᠭ 》᠎ ᠤᠨ ᠴᠤᠭᠯᠠᠷᠠᠯ ᠪᠦᠭᠡᠮᠨᠡᠷᠡᠯ ᠤᠨ ᠨᠦᠯᠦᠭᠡ ᠶᠢ ᠴᠢᠩᠭᠠᠳᠬᠠᠵᠦ᠂ ᠤᠨᠴᠠᠯᠢᠭ ᠲᠤᠲᠤᠷᠬᠠᠢ ᠵᠦᠷᠢᠶ᠎ᠡ ᠲᠠᠢ ᠬᠦᠭᠵᠢᠯᠲᠡ ᠶᠢᠨ ᠤᠯᠠᠨ ᠡᠰᠢᠲᠦ ᠬᠤᠲᠠ ᠶᠢᠨ ᠬᠤᠳᠠᠯᠳᠤᠭᠠᠨ ᠤ ᠬᠦᠷᠢᠶ᠎ᠡ ᠶᠢ ᠪᠠᠶᠢᠭᠤᠯᠤᠨ᠎ᠠ᠃ ᠠᠵᠦ ᠦᠢᠯᠡᠰ ᠮᠦᠩᠭᠦᠨ ᠭᠦᠢᠯᠭᠡᠭᠡ ᠶᠢᠨ ᠤᠶᠠᠯᠳᠤᠯ ᠤᠨ ᠭᠤᠤᠯ ᠬᠦᠭᠵᠢᠯᠲᠡ ᠶᠢ ᠲᠦᠷᠭᠡᠳᠭᠡᠨ᠂ ᠪᠦᠬᠦ ᠤᠯᠤᠰ ᠤᠨ ᠶᠡᠷᠦᠩᠬᠡᠢ ᠬᠡᠯᠲᠡᠰ ᠤᠨ ᠮᠦᠩᠭᠦᠨ ᠬᠦᠢᠯᠭᠡᠭᠡᠨ ᠤ ᠦᠨᠡᠮᠯᠡᠬᠦ ᠪᠢᠴᠢᠭ ᠪᠠ ᠳᠤᠮᠳᠠ ᠪᠠᠭ᠎ᠠ ᠠᠵᠦ ᠠᠬᠤᠶᠢᠯᠠᠯ ᠳᠤ ᠦᠢᠯᠡᠴᠢᠯᠡᠬᠦ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢ ᠭᠤᠤᠯᠳᠠᠯᠭ᠎ᠠ ᠲᠠᠢ ᠲᠠᠳᠠᠨ ᠤᠷᠤᠭᠤᠯᠵᠦ᠂ ᠤᠷᠤᠨ ᠪᠦᠰᠡ ᠶᠢᠨ ᠴᠢᠨᠠᠷᠲᠠᠢ ᠮᠦᠩᠭᠦᠨ ᠬᠦᠢᠯᠭᠡᠭᠡᠨ ᠤ ᠭᠤᠤᠯ ᠬᠦᠷᠢᠶ᠎ᠡ ᠬᠡᠪᠴᠢᠶ᠎ᠡ ᠶᠢ ᠦᠷᠭᠡᠳᠭᠡᠨ᠎ᠡ᠃ ᠤᠷᠤᠨ ᠪᠦᠰᠡ ᠶᠢᠨ ᠴᠢᠨᠠᠷᠲᠠᠢ ᠡᠳ᠋ ᠪᠠᠷᠠᠭᠠᠨ ᠤ ᠬᠦᠢᠯᠭᠡᠭᠡᠨ ᠤ ᠲᠦᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠬᠦᠬᠡᠬᠤᠲᠠ᠂ ᠪᠤᠭᠤᠲᠦ᠂ ᠤᠷᠳᠤᠰ ᠤᠨ ᠪᠦᠷᠬᠦᠴᠡ ᠶᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠤᠷᠤᠨ ᠪᠦᠰᠡ ᠶᠢᠨ ᠴᠢᠨᠠᠷᠲᠠᠢ ᠡᠳ᠋ ᠪᠠᠷᠠᠭᠠᠨ ᠤ ᠬᠦᠢᠯᠭᠡᠭᠡᠨ ᠤ ᠲᠦᠪ ᠢ ᠱᠠᠨ ᠰᠢ᠂ ᠦᠪᠦᠷ ᠮᠤᠩᠭᠤᠯ᠂ ᠱᠠᠨᠰᠢ ᠳᠤ ᠰᠠᠴᠤᠷᠠᠭᠵᠢᠭᠤᠯᠤᠨ᠎ᠠ᠃      ᠭᠤᠷᠪᠠ ᠳᠤ᠂ ᠰᠤᠶᠤᠯ ᠵᠢᠭᠤᠯᠴᠢᠯᠠᠯ ᠤᠨ ᠠᠵᠦ ᠦᠢᠯᠡᠰ ᠤᠨ ᠴᠡᠴᠡᠭᠯᠡᠨ ᠬᠦᠭᠵᠢᠬᠦ ᠶᠢ ᠭᠤᠶᠢᠪᠢᠰᠢ ᠦᠭᠡᠢ ᠲᠦᠯᠬᠢᠨ ᠠᠬᠢᠭᠤᠯᠤᠨ᠎ᠠ᠃ ᠰᠤᠶᠤᠯ ᠰᠡᠯᠡᠭᠦᠴᠡᠨ ᠵᠤᠭᠠᠴᠠᠬᠤ ᠠᠵᠦ ᠦᠢᠯᠡᠰ ᠤᠨ《 ᠲᠠᠪᠤᠨ ᠭᠤᠤᠯ ᠲᠦᠪ 》᠎ ᠤᠨ ᠪᠦᠲᠦᠭᠡᠨ ᠪᠠᠶᠢᠭᠤᠯᠤᠯᠲᠠ ᠶᠢᠨ ᠲᠤᠭᠤᠷᠢᠨ ᠳᠤ᠂ ᠰᠤᠶᠤᠯ ᠵᠢᠭᠤᠯᠴᠢᠯᠠᠯ ᠤᠨ ᠪᠡᠯᠡ ᠤᠷᠤᠭᠤᠯᠬᠤ ᠺᠤᠮᠫᠠᠨᠢ ᠶᠢᠨ ᠲᠠᠪᠴᠠᠩ ᠤᠨ ᠦᠢᠯᠡᠳᠦᠯ ᠢ ᠬᠦᠢᠴᠡᠳ ᠪᠠᠳᠠᠷᠠᠭᠤᠯᠵᠦ᠂ ᠴᠡᠷᠢᠭ ᠤᠨ ᠠᠵᠦ ᠦᠢᠯᠡᠳᠪᠦᠷᠢ ᠶᠢᠨ ᠰᠤᠶᠤᠯ ᠤᠨ ᠨᠠᠷᠢᠨ ᠠᠭᠤᠯᠭ᠎ᠠ ᠪᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠮᠵᠢᠯᠲᠠ ᠳᠤ ᠲᠦᠰᠢᠭᠯᠡᠨ᠂ ᠪᠦᠬᠦ ᠲᠤᠭᠤᠷᠢᠭ ᠎ ᠤᠨ ᠰᠤᠶᠤᠯ ᠵᠢᠭᠤᠯᠴᠢᠯᠠᠯ ᠤᠨ ᠡᠬᠢ ᠰᠤᠷᠪᠤᠯᠵᠢ ᠶᠢ ᠢᠳᠡᠪᠬᠢᠲᠡᠢ ᠨᠢᠭᠡᠳᠭᠡᠵᠦ᠂ ᠰᠢᠯᠢᠳᠡᠭ ᠰᠤᠶᠤᠯ ᠵᠢᠭᠤᠯᠴᠢᠯᠠᠯ ᠎ ᠤᠨ ᠠᠵᠦ ᠠᠬᠤᠶᠢᠯᠠᠯ ᠢ ᠤᠷᠤᠭᠤᠯᠤᠨ ᠠᠪᠴᠢᠷᠠᠵᠦ᠂ ᠳᠠᠪᠠᠭᠤᠯᠢᠭ ᠠᠵᠦ ᠦᠢᠯᠡᠰ ᠤᠨ ᠬᠡᠪ ᠲᠤ ᠠᠩᠬᠠᠷᠤᠯ ᠢᠶᠠᠨ ᠲᠦᠪᠯᠡᠷᠡᠭᠦᠯᠵᠦ᠂ ᠰᠤᠶᠤᠯ ᠵᠢᠭᠤᠯᠴᠢᠯᠠᠯ ᠤᠨ ᠲᠦᠷᠦᠯ ᠵᠦᠢᠯ ᠤᠨ ᠪᠡᠶᠡᠯᠡᠭᠳᠡᠬᠦ ᠶᠢ ᠦᠷᠭᠦᠯᠵᠢᠯᠡᠨ ᠠᠬᠢᠭᠤᠯᠬᠤ ᠶᠢᠨ ᠬᠠᠮᠲᠦ ᠨᠢᠭᠡᠨᠲᠡ ᠪᠠᠶᠢᠭᠤᠯᠤᠭᠰᠠᠨ ᠲᠦᠷᠦᠯ ᠵᠦᠢᠯ ᠤᠨ ᠠᠰᠢᠭᠯᠠᠯᠲᠠ ᠶᠢᠨ ᠬᠠᠮᠢᠶᠠᠷᠤᠯᠲᠠ ᠶᠢ ᠰᠢᠯᠢᠳᠡᠭᠵᠢᠭᠦᠯᠬᠦ ᠎ ᠪᠠᠨ ᠴᠢᠩᠭᠠᠳᠬᠠᠵᠦ᠂《 ᠬᠤᠶᠠᠷ ᠤᠷᠳᠤᠨ ᠨᠢᠭᠡ ᠲᠦᠪ 》᠂ ᠪᠤᠭᠤᠲᠦ ᠬᠤᠲᠠ ᠶᠢᠨ ᠵᠠᠯᠠᠭᠤᠴᠤᠳ ᠪᠠᠭᠠᠴᠤᠳ ᠎ ᠤᠨ ᠬᠦᠭᠵᠢᠭᠦᠯᠦᠯᠲᠡ ᠶᠢᠨ ᠲᠦᠪ᠂ ᠪᠤᠭᠤᠲᠦ ᠶᠢᠨ ᠤᠯᠠᠨ ᠤᠯᠤᠰ ᠤᠨ ᠦᠵᠡᠰᠭᠦᠯᠡᠩ ᠤᠨ ᠲᠦᠪ᠂ ᠶᠡᠭᠡ ᠵᠦᠴᠦᠭᠡ ᠎ ᠶᠢᠨ ᠬᠦᠷᠢᠶᠡᠯᠡᠩ ᠵᠡᠷᠭᠡ ᠨᠠᠷᠡᠲᠦ  ᠲᠦᠷᠦᠯ ᠲᠡᠮᠲᠡᠭ ᠤᠨ ᠦᠷᠳᠡᠭ ᠢ ᠬᠦᠢᠴᠡᠳ ᠪᠠᠳᠠᠷᠠᠭᠤᠯᠵᠦ᠂ ᠴᠡᠭ ᠢᠶᠠᠷ ᠬᠡᠰᠡᠭ ᠎ ᠢ ᠲᠠᠶᠢᠴᠢᠯᠠᠬᠤ᠂ ᠶᠡᠭᠡ ᠠᠵᠦ ᠦᠢᠯᠡᠰ ᠢ ᠪᠠᠶᠢᠭᠤᠯᠵᠦ᠂ ᠶᠡᠭᠡ ᠪᠠᠶᠢᠷᠢᠯᠠᠭᠤᠯᠤᠯᠲᠠ ᠶᠢ ᠪᠦᠷᠢᠯᠳᠦᠭᠦᠯᠦᠨ᠂ ᠤᠷᠤᠨ ᠨᠤᠲᠤᠭ ᠤᠨ ᠰᠤᠶᠤᠯ ᠵᠢᠭᠤᠯᠴᠢᠯᠠᠯ ᠤᠨ ᠠᠵᠦ ᠦᠢᠯᠡᠰ ᠤᠨ ᠴᠡᠴᠡᠭᠯᠡᠨ ᠬᠦᠭᠵᠢᠬᠦ ᠶᠢ ᠬᠦᠴᠦᠲᠡᠢ ᠠᠬᠢᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号