ᠤᠳᠠᠭᠠᠯᠢᠭ ᠭᠡᠮ ᠢ ᠪᠡᠶ᠎ᠡ ᠶᠢᠨ ᠪᠤᠯᠪᠠᠰᠤᠷᠠᠯ ᠢᠶᠠᠷ ᠵᠠᠰᠠᠵᠦ ᠪᠤᠯᠤᠨ᠎ᠠ
ᠨᠡᠶᠢᠲᠡᠯᠡᠭᠰᠡᠨ ᠴᠠᠭ᠄
2018/5/9
     ᠪᠠᠶᠢᠴᠠᠭᠠᠯᠳᠠ ᠳᠤ ᠬᠠᠷᠠᠭᠤᠯᠤᠭᠰᠠᠨ ᠢᠶᠠᠷ᠂ 75%᠎ ᠶᠢᠨ ᠤᠶᠤᠳᠠᠨ ᠦᠪᠡᠷ ᠢ ᠪᠠᠨ ᠤᠳᠠᠭᠠᠯᠢᠭ ᠭᠡᠮ ᠲᠠᠢ ᠭᠡᠵᠦ ᠦᠵᠡᠭᠰᠡᠨ ᠪᠠᠶᠢᠨ᠎ᠠ᠃ ᠠᠮᠧᠷᠢᠺᠠ ᠶᠢᠨ ᠨᠢᠭᠡᠨ ᠰᠤᠳᠤᠯᠭᠠᠨ ᠳᠤ᠂ ᠪᠡᠶ᠎ᠡ ᠶᠢᠨ ᠪᠤᠯᠪᠠᠰᠤᠷᠠᠯ ᠤᠳᠠᠭᠠᠯᠢᠭ ᠭᠡᠮ ᠢ ᠵᠠᠰᠠᠬᠤ ᠳᠤ ᠳᠤᠰᠠᠳᠠᠢ ᠬᠡᠯ᠎ᠠ᠃            ᠠᠮᠧᠷᠢᠺᠠ ᠶᠢᠨ ᠵᠢᠶᠤᠤᡁᠢᠮᠸᠢᠢᠰᠤᠨ ᠶᠡᠭᠡ ᠰᠤᠷᠭᠠᠭᠤᠯᠢ ᠶᠢᠨ ᠰᠤᠳᠤᠯᠭᠠᠳᠠᠳ 179 ᠤᠶᠤᠳᠠᠨ ᠢ ᠡᠯᠰᠡᠭᠡᠳ ᠲᠡᠳᠡᠨ ᠢᠶᠠᠷ 21 ᠡᠳᠦᠷ ᠤᠨ ᠳᠤᠳᠤᠷᠠᠬᠢ ᠪᠡᠶ᠎ᠡ ᠪᠠᠨ ᠪᠤᠯᠪᠠᠰᠤᠷᠠᠭᠰᠠᠨ ᠪᠠᠶᠢᠳᠠᠯ ᠢ ᠨᠢ ᠲᠡᠮᠳᠡᠭᠯᠡᠬᠦᠯᠤᠭ᠍ᠰᠡᠨ ᠪᠦᠬᠡᠳ ᠡᠳᠦᠷ ᠪᠦᠷᠢ ᠨᠠᠶᠢᠵᠡ ᠨᠦᠬᠦᠳ ᠪᠤᠶᠤ ᠢᠨᠠᠬ ᠬᠤᠩᠬᠤᠷ᠂ ᠭᠡᠷ ᠤᠨ ᠬᠦᠮᠦᠰ ᠲᠠᠢ ᠪᠠᠨ ᠬᠠᠮᠳᠤ ᠬᠦᠳᠡᠯᠭᠡᠭᠡᠨ ᠬᠢᠭᠰᠡᠨ ᠡᠰᠡᠬᠦ᠂ ᠳᠤᠭᠳᠠᠭᠰᠠᠨ ᠬᠠᠷᠠᠯᠳᠠ ᠳᠠᠭᠠᠨ ᠬᠦᠷᠦᠭᠰᠡᠨ ᠡᠰᠡᠬᠦ ᠶᠢ ᠨᠢ ᠠᠰᠠᠭᠤᠬᠤ ᠶᠢᠨ ᠬᠠᠮᠳᠤ ᠡᠳᠡᠭᠡᠷ ᠬᠦᠳᠡᠯᠭᠡᠭᠡᠨ ᠤ ᠴᠢᠬᠤᠯᠠ ᠴᠢᠨᠠᠷ ᠲᠤ ᠬᠠᠮᠤᠬ ᠤᠨ ᠳᠤᠤᠷ᠎ᠠ ᠬᠤᠪᠢ 1 ᠬᠤᠪᠢ ᠠᠴᠠ ᠬᠠᠮᠤᠬ ᠤᠨ ᠦᠨᠳᠦᠷ ᠬᠤᠪᠢ 4 ᠬᠤᠪᠢ ᠬᠦᠷᠲᠡᠯ᠎ᠠ ᠬᠤᠪᠢ ᠤᠯᠭᠤᠬᠰᠠᠨ ᠪᠠᠶᠢᠨ᠎ᠠ᠃          ᠡᠬᠦᠨ ᠳᠤ᠂ ᠪᠡᠶ᠎ᠡ ᠪᠠᠨ ᠪᠤᠯᠪᠠᠰᠤᠷᠠᠳᠠᠭ ᠦᠭᠡᠢ ᠡᠳᠦᠷ ᠤᠳ ᠲᠠᠢ ᠬᠠᠷᠢᠴᠠᠭᠤᠯᠪᠠᠯ᠂ ᠪᠡᠶ᠎ᠡ ᠪᠠᠨ ᠪᠤᠯᠪᠠᠰᠤᠷᠠᠭᠰᠠᠨ ᠡᠳᠦᠷ ᠨᠡᠶᠢᠭᠡᠮ ᠤᠨ ᠬᠠᠷᠢᠯᠴᠠᠭᠠᠨ ᠤ ᠠᠵᠢᠯᠯᠠᠭ᠎ᠠ ᠳᠤ ᠨᠡᠯᠢᠶᠡᠳ ᠠᠷᠪᠢᠨ ᠤᠷᠤᠯᠴᠠᠬᠤ ᠪᠤᠯᠵᠤ᠂  ᠨᠡᠩ ᠠᠷᠪᠢᠨ ᠬᠠᠷᠠᠯᠳᠠ ᠳᠤ ᠬᠦᠷᠲᠡᠭ ᠢ ᠤᠯᠵᠤ ᠮᠡᠳᠡᠵᠡᠢ᠃ ᠰᠤᠳᠤᠯᠭᠠᠳᠠᠳ ᠤᠨ ᠢᠯᠡᠷᠭᠡᠶᠢᠯᠡᠭᠰᠡᠨ ᠢᠶᠠᠷ᠂ ᠤᠷᠮ᠎ᠠ ᠬᠤᠭᠤᠷᠠᠵᠤ ᠭᠠᠩᠰᠠᠷᠠᠬᠤ ᠪᠤᠶᠤ ᠬᠦᠴᠢᠷᠲᠡᠯᠲᠡᠢ ᠦᠶᠡᠰ ᠤᠷᠮ᠎ᠠ ᠰᠡᠳᠬᠢᠯᠭᠡ ᠰᠠᠶᠢᠵᠢᠷᠠᠪᠠᠯ ᠬᠦᠴᠢᠷᠲᠡᠯᠳᠡᠢ ᠪᠠᠶᠢᠳᠠᠯ ᠠᠴᠠ ᠪᠠᠨ ᠮᠤᠯᠳᠤᠷᠠᠵᠤ ᠲᠡᠶᠢᠯᠦᠨ᠎ᠡ ᠭᠡᠵᠦ ᠬᠦᠮᠦᠰ ᠪᠤᠳᠤᠳᠠᠭ᠃ ᠦᠨᠡᠨᠳᠡᠭᠡᠨ ᠬᠦᠴᠢᠷᠲᠡᠯᠳᠡᠢ  ᠪᠠᠶᠢᠳᠠᠯ ᠠᠴᠠ ᠪᠠᠨ ᠮᠤᠯᠳᠤᠷᠠᠮᠠᠨᠵᠢᠨ ᠬᠦᠮᠦᠨ ᠤ ᠤᠷᠮ᠎ᠠ ᠰᠡᠳᠬᠢᠯᠭᠡ ᠰᠠᠶ᠋ᠢ ᠰᠠᠶᠢᠵᠢᠷᠠᠳᠠᠭ᠃            ᠡᠶᠢᠮᠦ ᠠᠴᠠ ᠪᠡᠶ᠎ᠡ ᠶᠢᠨ ᠪᠤᠯᠪᠠᠰᠤᠷᠠᠯ ᠤᠷᠮ᠎ᠡ ᠰᠡᠳᠬᠢᠯᠭᠡ ᠶᠢ ᠵᠤᠬᠢᠴᠠᠭᠤᠯᠤᠨ᠂ ᠬᠠᠷᠠᠯᠳᠠ ᠪᠠᠨ ᠪᠡᠶᠡᠯᠡᠬᠦᠯᠬᠦ ᠬᠦᠳᠡᠯᠭᠡᠬᠦ ᠬᠦᠴᠦᠨ ᠪᠤᠯᠳᠠᠬ ᠭᠡᠵᠦ ᠰᠤᠳᠤᠯᠭᠠᠳᠠᠳ ᠴᠢᠬᠤᠯᠠᠴᠢᠯᠠᠪᠠ᠃
 
ᠢᠷᠡᠯᠲᠡ᠄ ᠪᠤᠭᠤᠲᠦ ᠬᠤᠲᠠ ᠶᠢᠨ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号