ᠮᠠᠰᠢᠨ ᠲᠡᠷᠭᠡᠨ ᠤ ᠳᠠᠩᠰᠠᠯᠠᠯ ᠪᠦᠷᠢᠳᠭᠡᠯ ᠢᠶᠠᠨ ᠬᠤᠪᠢᠷᠠᠭᠤᠯᠬᠤ ᠲᠣᠬᠠᠶᠢᠯᠠᠭᠰᠠᠨ ᠠᠵᠢᠯ ᠢ ᠭᠦᠢᠴᠡᠳᠬᠡᠬᠦ ᠵᠥᠭᠯᠡᠭᠦᠷ
ᠨᠡᠶᠢᠲᠡᠯᠡᠭᠰᠡᠨ ᠴᠠᠭ᠄
2018/5/9
ᠨᠢᠭᠡ᠂ ᠲᠣᠬᠠᠶᠢᠯᠠᠭᠰᠠᠨ ᠠᠵᠢᠯ ᠤᠨ ᠬᠡᠪᠴᠢᠶ᠎ᠡ᠄ ᠮᠠᠰᠢᠨ ᠲᠡᠷᠭᠡᠨ ᠤ ᠦᠮᠴᠢᠯᠡᠭᠴᠢ ᠶᠢᠨ ᠣᠪᠣᠭ ᠨᠡᠷ᠎ᠡ ︵ᠨᠢᠭᠡᠴᠡ ᠶᠢᠨ ᠨᠡᠷᠡᠶᠢᠳᠦᠯ︶᠎ ᠶᠢ ᠬᠤᠪᠢᠷᠠᠭᠤᠯᠬᠤ᠂ ᠠᠯᠪᠠᠨ ᠲᠠᠮᠠᠭ᠎ᠠ ᠶᠢᠨ ᠶᠠᠩᠵᠤ ᠬᠡᠯᠪᠡᠷᠢ ᠶᠢ ᠬᠤᠪᠢᠷᠠᠭᠤᠯᠬᠤ᠂  ᠬᠠᠷᠢᠯᠴᠠᠬᠤ ᠬᠡᠯᠪᠡᠷᠢ ᠪᠠᠨ ᠬᠤᠪᠢᠷᠠᠭᠤᠯᠬᠤ᠂ ᠮᠠᠰᠢᠨ ᠲᠡᠷᠭᠡ ᠶᠢᠨ ᠦᠮᠴᠢᠯᠡᠭᠴᠢ ᠶᠢᠨ ᠪᠡᠶ᠎ᠡ ᠶᠢᠨ ᠭᠡᠷᠡᠴᠢ ᠶᠢᠨ ᠨᠣᠮᠧᠷ ᠢ ᠬᠤᠪᠢᠷᠠᠭᠤᠯᠬᠤ᠃      ᠬᠤᠶᠠᠷ᠂ ᠲᠣᠰᠢᠶᠠᠬᠤ ᠮᠠᠲ᠋ᠧᠷᠢᠶᠠᠯ᠄      1. ᠬᠤᠪᠢᠷᠠᠭᠤᠯᠣᠭᠰᠠᠨ ᠤ ᠳᠠᠷᠠᠭᠠᠬᠢ ᠮᠠᠰᠢᠨ ᠲᠡᠷᠭᠡᠨ ᠤ ᠦᠮᠴᠢᠯᠡᠭᠴᠢ ᠶᠢᠨ ᠪᠡᠶ᠎ᠡ ᠶᠢᠨ ᠭᠡᠷᠡᠴᠢ᠂ ᠭᠠᠷᠳᠠᠨ  ᠭᠦᠢᠴᠡᠳᠬᠡᠭᠴᠢ ᠶᠢᠨ ᠪᠡᠶ᠎ᠡ ᠶᠢᠨ ᠭᠡᠷᠡᠴᠢ ᠶᠢᠨ ᠬᠠᠭᠤᠯᠪᠤᠷᠢ ︵A4 ᠴᠠᠭᠠᠰᠤ︶᠃ ︵ᠬᠤᠪᠢ ᠬᠥᠮᠥᠨ᠄ ᠪᠡᠶ᠎ᠡ ᠶᠢᠨ ᠦᠨᠡᠮᠯᠡᠯ ᠪᠤᠶᠤ ᠡᠷᠦᠬᠡ ᠠᠮᠠ ᠶᠢᠨ ᠳᠠᠩᠰᠠ︔ ᠨᠢᠭᠡᠴᠡ᠄ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠦᠨᠡᠮᠯᠡᠯ︔ ᠲᠤᠰ ᠬᠤᠲᠠ ᠶᠢᠨ ᠪᠣᠰᠤ ᠬᠥᠮᠥᠰ ᠪᠣᠯ ︽ᠲᠦᠷ ᠰᠠᠭᠤᠬᠤ ᠭᠡᠷᠡᠴᠢ︾᠎ ᠶᠢ ᠲᠤᠰᠢᠶᠠᠨ᠎ᠠ᠃︶     2. ᠬᠤᠯᠪᠣᠭᠳᠠᠯ ᠪᠦᠬᠦᠢ ᠨᠢᠭᠡᠴᠡ ᠶᠢᠨ ᠬᠢᠵᠦ ᠥᠭᠭᠦᠭᠰᠡᠨ ᠬᠠᠤᠯᠢ ᠪᠠᠷ ᠲᠣᠭᠲᠠᠭᠠᠭᠰᠠᠨ ᠬᠥᠴᠦᠨ ᠪᠦᠬᠦᠢ  ᠭᠡᠷᠡᠴᠢ᠃       3. ᠮᠠᠰᠢᠨ ᠲᠡᠷᠭᠡᠨ ᠤ ᠪᠦᠷᠢᠳᠬᠡᠯ ᠤᠨ ᠦᠨᠡᠮᠯᠡᠯ᠃      4. ︽ᠮᠠᠰᠢᠨ ᠲᠡᠷᠭᠡᠨ ᠤ ᠳᠠᠩᠰᠠᠯᠠᠯ ᠢᠶᠠᠨ ᠬᠤᠪᠢᠷᠠᠭᠤᠯᠬᠤ ᠭᠤᠶᠤᠴᠢᠯᠠᠯ ᠤᠨ ᠬᠦᠰᠦᠨᠦᠭᠲᠦ︾᠂ ︽ᠮᠠᠰᠢᠨ  ᠲᠡᠷᠭᠡᠨ ᠤ ᠪᠦᠷᠢᠳᠬᠡᠯ ᠤᠨ ᠲᠣᠬᠠᠶᠢᠯᠠᠭᠰᠠᠨ ᠠᠵᠢᠯ ᠤᠨ ᠴᠤᠪᠤᠷᠠᠯ ᠬᠠᠭᠤᠳᠠᠰᠤ︾᠃ ︵ᠠᠯᠪᠠᠨ ᠤ ᠮᠠᠰᠢᠨ ᠲᠡᠷᠭᠡ᠄ ᠨᠢᠭᠡᠴᠡ ᠠᠯᠪᠠᠨ ᠲᠠᠮᠠᠭ᠎ᠠ ᠪᠠᠨ ᠳᠠᠷᠣᠨ᠎ᠠ︔ ᠬᠤᠪᠢ ᠶᠢᠨ ᠮᠠᠰᠢᠨ ᠲᠡᠷᠭᠡ᠄ ᠭᠠᠷ ᠤᠨ ᠢᠶᠠᠨ ᠦᠰᠦᠭ ᠵᠢᠷᠣᠨ᠎ᠠ︶       ᠭᠤᠷᠪᠠ᠂ ᠣᠷᠣᠯᠠᠨ ᠭᠦᠢᠴᠡᠳᠬᠡᠭᠴᠢ ᠳᠤ ᠨᠠᠶᠢᠳᠠᠨ ᠭᠦᠢᠴᠡᠳᠬᠡᠯᠭᠡᠬᠦ       1. ᠬᠤᠪᠢ ᠶᠢᠨ ᠮᠠᠰᠢᠨ ᠲᠡᠷᠭᠡ᠄ ᠣᠷᠣᠯᠠᠨ ᠭᠦᠢᠴᠡᠳᠬᠡᠭᠴᠢ ᠨᠢ ᠠᠯᠪᠠᠨ ᠭᠡᠷᠡᠴᠢᠯᠡᠭᠡ ᠬᠢᠯᠭᠡᠭᠰᠡᠨ ᠨᠠᠶᠢᠳᠠᠯᠭ᠎ᠠ ᠶᠢᠨ ᠪᠢᠴᠢᠭ᠂ ᠬᠤᠶᠠᠷ ᠡᠲᠡᠭᠡᠳ ᠤᠨ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾᠎ ᠤᠨ ᠤᠭ ᠵᠦᠢᠯ ᠵᠢᠴᠢ ᠬᠠᠭᠤᠯᠪᠤᠷᠢ ᠶᠢ ᠲᠤᠰᠢᠶᠠᠨ᠎ᠠ᠃       2. ᠠᠯᠪᠠᠨ ᠤ ᠮᠠᠰᠢᠨ ᠲᠡᠷᠭᠡ᠄ ᠣᠷᠣᠯᠠᠨ ᠭᠦᠢᠴᠡᠳᠬᠡᠭᠴᠢ ᠨᠢ ᠨᠢᠭᠡᠴᠡ ᠶᠢᠨ ᠢᠶᠠᠨ ᠲᠠᠨᠢᠯᠴᠠᠭᠤᠯᠭ᠎ᠠ ᠶᠢᠨ ᠪᠢᠴᠢᠭ᠂ ᠠᠯᠪᠠᠨ ᠲᠠᠮᠠᠭ᠎ᠠ ᠳᠠᠷᠤᠭᠰᠠᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠬᠠᠭᠤᠯᠪᠤᠷᠢ᠂ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾᠎ ᠤᠨ ᠤᠭ ᠵᠦᠢᠯ ᠵᠢᠴᠢ ᠬᠠᠭᠤᠯᠪᠤᠷᠢ ᠶᠢ ᠲᠤᠰᠢᠶᠠᠨ᠎ᠠ᠃       3. ᠬᠠᠨᠢ ᠨᠥᠬᠦᠷ ᠤᠨ ᠬᠠᠷᠢᠴᠠᠭ᠎ᠠ ᠲᠠᠢ ᠪᠣᠯ ︽ᠣᠷᠤᠭ ᠤᠨ ᠦᠨᠡᠮᠯᠡᠯ︾᠂ ᠬᠤᠶᠠᠷ ᠡᠲᠡᠭᠡᠳ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾᠎ ᠤᠨ ᠤᠭ ᠵᠦᠢᠯ ᠵᠢᠴᠢ ᠬᠠᠭᠤᠯᠪᠤᠷᠢ ᠶᠢ ᠲᠤᠰᠢᠶᠠᠨ᠎ᠠ᠃     4. ᠡᠴᠢᠭᠡ ᠡᠬᠡ ᠦᠷ᠎ᠡ ᠬᠡᠦᠬᠡᠳ ᠵᠡᠷᠭᠡ ᠰᠠᠳᠤᠨ ᠲᠦᠷᠦᠯ ᠤᠨ ᠬᠠᠷᠢᠴᠠᠭ᠎ᠠ ᠲᠠᠢ ᠪᠣᠯ᠂ ᠰᠠᠳᠤᠨ ᠲᠦᠷᠦᠯ ᠤᠨ ᠬᠠᠷᠢᠴᠠᠭ᠎ᠠ ᠶᠢ ᠬᠡᠷᠡᠴᠢᠯᠡᠭᠰᠡᠨ ᠡᠷᠦᠬᠡ ᠠᠮᠠ ᠶᠢᠨ ᠳᠠᠩᠰᠠ ᠪᠠ ᠬᠤᠶᠠᠷ ᠡᠲᠡᠭᠡᠳ ᠤᠨ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾᠎ ᠤᠨ ᠤᠭ ᠵᠦᠢᠯ ᠪᠠ ᠬᠠᠭᠤᠯᠪᠤᠷᠢ ᠶᠢ ᠲᠤᠰᠢᠶᠠᠨ᠎ᠠ᠃
 
ᠢᠷᠡᠯᠲᠡ᠄ ᠪᠤᠭᠤᠲᠦ ᠬᠤᠲᠠ ᠶᠢᠨ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号