ᠮᠠᠨ ᠤ ᠤᠷᠤᠨ ᠤ ᠭᠠᠷ ᠤᠳᠠᠰᠤᠨ ᠤ ᠬᠡᠷᠡᠭᠯᠡᠭᠴᠢ 3100 ᠭᠠᠷᠤᠢ ᠲᠦᠮᠨ ᠳᠤ ᠬᠦᠷᠴᠤ ᠲᠦᠭᠡᠮᠡᠯᠵᠢᠯᠳᠡ ᠶᠢᠨ ᠨᠤᠷᠮ᠎ᠠ 125 %᠎ ᠲᠤ ᠬᠦᠷᠴᠠᠢ
ᠨᠡᠶᠢᠲᠡᠯᠡᠭᠰᠡᠨ ᠴᠠᠭ᠄
2018/6/12
     2018 ᠤᠨ ᠤ 5 ᠰᠠᠷ᠎ᠡ ᠶᠢᠨ 17᠎ ᠤ ᠡᠳᠤᠷ ᠤᠨ ︽ᠲᠡᠯᠡᠬᠡᠢ ᠶᠢᠨ ᠴᠠᠬᠢᠯᠭᠠᠨ ᠬᠤᠯᠪᠤᠭ᠎ᠠ ᠪᠤᠯᠤᠨ ᠮᠡᠳᠡᠭᠡ ᠵᠠᠩᠬᠢ ᠨᠡᠶᠢᠬᠡᠮ ᠤᠨ ᠡᠳᠤᠷ︾᠎ ᠲᠤ ᠵᠤᠷᠢᠭᠤᠯᠤᠨ᠂ ᠦᠪᠦᠷ ᠮᠤᠩᠭᠤᠯ ᠤᠨ ᠴᠢᠮᠡᠭᠡ ᠬᠤᠯᠪᠤᠭ᠎ᠠ ᠶᠢᠨ ᠬᠠᠮᠢᠶᠠᠷᠤᠯᠳᠡ ᠶᠢᠨ ᠲᠤᠪᠴᠢᠶ᠎ᠡ 2017 ᠤᠨ ᠤ ᠪᠦᠬᠦ ᠤᠷᠤᠨ ᠤ ᠴᠠᠬᠢᠯᠭᠠᠨ ᠬᠤᠯᠪᠤᠭ᠎ᠠ ᠶᠢᠨ ᠬᠡᠷᠡᠭᠯᠡᠭᠴᠢᠳ ᠤᠨ ᠲᠠᠭᠠᠰᠢᠶᠠᠯ ᠳᠤ ᠬᠦᠷᠦᠭᠰᠡᠨ ᠦᠷ᠎ᠡ ᠳ᠋ᠦᠩ ᠢ ᠨᠡᠶᠢᠳᠡᠯᠡᠵᠤ᠂ ᠴᠠᠬᠢᠯᠭᠠᠨ ᠬᠤᠯᠪᠤᠭ᠎ᠠ ᠶᠢᠨ ᠬᠡᠷᠡᠭᠯᠡᠭᠴᠢᠤᠨ ᠤᠨ ᠲᠠᠭᠠᠰᠢᠶᠡᠯ ᠳᠤ ᠭᠦᠷᠦᠭᠰᠡᠨ ᠵᠢᠭᠠᠯᠳᠠ ᠲᠤᠭ᠎ᠠ 81.46 ᠬᠤᠪᠢ ᠳᠤ ᠭᠦᠷᠦᠭᠰᠡᠨ ᠪᠠᠶᠢᠨ᠎ᠠ᠃            ᠨᠡᠶᠢᠳᠡᠯᠡᠭᠰᠡᠨ ᠦᠷ᠎ᠡ ᠳ᠋ᠦᠩ ᠢ ᠦᠨᠳᠦᠰᠦᠯᠡᠪᠡᠯ᠂ 2017 ᠤᠨ ᠳᠤ ᠮᠠᠨ ᠤ ᠤᠷᠤᠨ ᠤ ᠴᠠᠬᠢᠯᠭᠠᠨ  ᠬᠤᠯᠪᠤᠭ᠎ᠠ ᠶᠢᠨ ᠬᠡᠷᠡᠭᠯᠡᠭᠴᠢᠤᠨ ᠤᠨ ᠲᠠᠭᠠᠰᠢᠶᠡᠯ ᠳᠤ ᠭᠦᠷᠦᠭᠰᠡᠨ ᠵᠢᠭᠠᠯᠳᠠ ᠲᠤᠭ᠎ᠠ 81.46 ᠬᠤᠪᠢ ᠪᠠᠶᠢᠵᠤ᠂ 2015 ᠤᠨ ᠲᠠᠢ ᠬᠠᠷᠢᠴᠠᠭᠤᠯᠪᠡᠯ 2.26 ᠬᠤᠪᠢ ᠨᠡᠮᠡᠭᠳᠡᠵᠤ᠂ ᠳ᠋ᠢᠶᠠᠩᠬᠤᠸᠠ᠂ ᠭᠠᠷ ᠤᠳᠠᠰᠤ᠂ ᠤᠷᠤᠨ ᠰᠠᠭᠤᠴᠡ ᠶᠢᠨ ᠦᠷᠬᠡᠨ ᠪᠦᠰᠡ᠂ ᠭᠠᠷ ᠤᠳᠠᠰᠤ ᠪᠠᠷ ᠰᠦᠯᠵᠢᠶ᠎ᠡ ᠳᠤ ᠭᠠᠷᠬᠤ ᠬᠡᠷᠡᠭᠯᠡᠭᠴᠢᠳ ᠤᠨ ᠲᠠᠭᠠᠰᠢᠶᠠᠯ ᠳᠤ ᠬᠦᠷᠦᠭᠰᠡᠨ ᠪᠠᠶᠢᠳᠠᠯ ᠲᠤᠰ ᠲᠤᠰ 80.88 ᠬᠤᠪᠢ᠂ 84.49 ᠬᠤᠪᠢ᠂ 75.26 ᠬᠤᠪᠢ᠂ 78.22 ᠬᠤᠪᠢ ᠪᠠᠶᠢᠵᠤ᠂ 2015 ᠤᠨ ᠲᠠᠢ ᠬᠠᠷᠢᠴᠠᠭᠤᠯᠪᠡᠯ᠂ 0.25 ᠬᠤᠪᠢ᠂ 3.32 ᠬᠤᠪᠢ᠂ 6.64 ᠬᠤᠪᠢ᠂             1.73 ᠬᠤᠪᠢ ᠨᠡᠮᠡᠭᠳᠡᠭᠰᠡᠨ ᠪᠠᠶᠢᠨ᠎ᠡ᠃            ᠤᠢᠢᠷ᠎ᠡ ᠶᠢᠨ ᠬᠤᠶᠡᠷ ᠵᠢᠯ᠂ ᠪᠦᠬᠦ ᠤᠷᠤᠨ ᠤ ᠴᠠᠬᠢᠯᠭᠠᠨ ᠬᠤᠯᠪᠤᠭ᠎ᠠ ᠶᠢᠨ ᠦᠢᠯᠡᠰ ᠦᠪᠡᠷᠳᠡᠬᠡᠨ ᠵᠠᠰᠠᠬᠤ ᠤᠷᠤᠨ ᠤ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠪᠤᠯᠤᠨ ᠡᠯ᠎ᠡ ᠦᠨᠳᠦᠰᠦᠳᠡᠨ ᠤ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠰᠠᠭᠤᠷᠢᠯᠠᠨ᠂ ᠢᠨᠲ᠋ᠧᠷ ᠰᠦᠯᠵᠢᠶ᠎ᠡ ᠶᠢᠨ ᠪᠠᠶᠢᠭᠤᠯᠤᠯᠳᠡ ᠶᠢ ᠲᠠᠰᠤᠷᠠᠯᠳᠡ ᠦᠬᠡᠢ ᠴᠢᠩᠭᠠᠳᠬᠠᠵᠤ᠂ ᠪᠠᠶᠢᠩᠭᠤ ᠶᠢᠨ ᠦᠢᠯᠡᠴᠢᠯᠡᠬᠡᠨ ᠤ ᠢᠨᠵᠧᠨᠧᠷᠢᠩ ᠢ ᠬᠡᠷᠡᠭᠵᠢᠬᠦᠯᠤᠨ᠂         ︽ᠬᠤᠷᠳᠤᠴᠡ ᠶᠢ ᠨᠡᠮᠡᠭᠳᠡᠬᠦᠯᠦᠨ ᠰᠦᠢᠳᠬᠡᠯ ᠢ ᠪᠠᠭᠤᠷᠠᠭᠤᠯᠬᠤ︾᠎ ᠶᠢ ᠬᠦᠴᠦᠯᠡᠨ ᠠᠬᠢᠭᠤᠯᠵᠤ᠂ ᠲᠤᠬᠠᠢᠢᠯᠠᠬᠰᠠᠨ ᠠᠵᠢᠯ ᠤᠨ ᠦᠷ᠎ᠡ ᠪᠦᠳᠦᠮᠵᠢ ᠮᠡᠳᠡᠭᠳᠡᠮ᠎ᠡ ᠪᠠᠶᠢᠵᠤ᠂ ᠦᠢᠯᠡᠴᠢᠯᠡᠬᠡᠨ ᠤ ᠬᠢᠷᠢ ᠲᠦᠪᠰᠢᠨ ᠤᠯᠠᠮ ᠨᠢᠬᠡ ᠠᠯᠬᠤᠮ ᠲᠡᠬᠡᠭᠰᠢᠯᠡᠭᠰᠡᠨ ᠪᠠᠶᠢᠨ᠎ᠡ᠃ ᠡᠨᠡ ᠵᠢᠯ ᠤᠨ 3 ᠰᠠᠷ᠎ᠡ ᠶᠢᠨ ᠰᠡᠬᠦᠯᠴᠢ ᠪᠤᠯᠳᠠᠯ᠎ᠡ᠂ ᠪᠦᠬᠦ ᠤᠷᠤᠨ ᠤ ᠭᠠᠷ ᠤᠳᠠᠰᠤᠨ ᠤ ᠬᠡᠷᠡᠭᠯᠡᠭᠴᠢ 3146.74 ᠲᠦᠮᠡ ᠳᠤ ᠬᠦᠷᠴᠤ᠂ ᠭᠠᠷ ᠤᠳᠠᠰᠤᠨ ᠤ ᠲᠦᠬᠡᠮᠡᠯᠵᠢᠯᠳᠡ ᠶᠢᠨ ᠨᠤᠷᠮ᠎ᠡ 125. 31%᠎ ᠲᠤ ᠬᠦᠷᠴᠤ᠂ ᠡᠬᠦᠨ ᠳᠤ ᠰᠢᠯᠵᠢᠮᠡᠯ ᠬᠤᠯᠪᠤᠭ᠎ᠠ ᠶᠢᠨ ᠬᠡᠷᠡᠭᠯᠡᠭᠴᠢ 2915.11 ᠲᠦᠮᠨ ᠳᠤ ᠬᠦᠷᠴᠤ᠂ ᠲᠦᠬᠡᠮᠡᠯᠵᠢᠯᠳᠡ ᠶᠢᠨ ᠨᠤᠷᠮ᠎ᠡ 116.09%᠎ ᠲᠤ ᠬᠦᠷᠴᠡᠢ︔ ᠢᠨᠲ᠋ᠧᠷ ᠰᠦᠯᠵᠢᠶ᠎ᠡ ᠶᠢᠨ ᠬᠡᠷᠡᠭᠯᠡᠭᠴᠢ ᠶᠢᠨ ᠲᠤᠭ᠎ᠠ 2955.47 ᠲᠦᠮᠨ᠂ ᠲᠦᠬᠡᠮᠡᠯᠵᠢᠯᠳᠡ ᠶᠢᠨ ᠨᠤᠷᠮ᠎ᠡ 92.7%᠎ ᠲᠤ ᠬᠦᠷᠴᠤ᠂ ᠲᠤᠬᠳᠠᠮᠠᠯ ᠢᠨᠲ᠋ᠧᠷ ᠰᠦᠯᠵᠢᠶ᠎ᠡ ᠶᠢᠨ ᠦᠷᠬᠡᠨ ᠪᠦᠰᠡ ᠶᠢᠨ ᠬᠡᠷᠡᠭᠯᠡᠭᠴᠢᠳ 535.73 ᠲᠦᠮᠡ᠂ ᠲᠦᠬᠡᠮᠡᠯᠵᠢᠯᠳᠡ ᠶᠢᠨ ᠨᠤᠷᠮ᠎ᠡ 63.25% ᠪᠠᠶᠢᠵᠤ᠂ 20M᠎ ᠠᠴᠠ ᠲᠡᠬᠡᠭᠰᠢᠬᠢ ᠬᠡᠷᠡᠭᠯᠡᠭᠴᠢ ᠶᠢᠨ ᠡᠵᠡᠯᠡᠬᠦ ᠬᠠᠷᠢᠴᠠᠯ 94.1%᠎ ᠲᠤ ᠬᠦᠷᠴᠡᠢ᠃ ᠡᠨᠡ ᠵᠢᠯ ᠤᠨ 3 ᠰᠠᠷ᠎ᠡ ᠳᠤ ᠢᠨᠲ᠋ᠧᠷ ᠰᠦᠯᠵᠢᠶ᠎ᠡ ᠶᠢᠨ ᠤᠷᠤᠰᠴᠡ ᠦᠷᠬᠦᠯᠵᠢᠯᠡᠨ ᠦᠨᠳᠦᠷ ᠲᠦᠪᠰᠢᠨ ᠳᠤ ᠪᠠᠶᠢᠵᠤ᠂ 8500 ᠲᠦᠮᠡᠨ G᠎ ᠳᠤ ᠬᠦᠷᠴᠤ᠂ ᠠᠳᠠᠯᠢ ᠬᠤᠭᠤᠴᠠᠭᠠᠨ ᠤ ᠬᠢ ᠠᠴᠠ ᠪᠠᠨ 304.9%᠎ ᠪᠠᠷ ᠨᠡᠮᠡᠭᠳᠡᠵᠤ᠂ ᠡᠷᠤᠬᠡ ᠪᠦᠷᠢ ᠶᠢᠨ ᠤᠷᠤᠰᠴᠡ ᠶᠢᠨ ᠬᠡᠮᠵᠢᠶ᠎ᠡ 3598M ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 250.8% ᠨᠡᠮᠡᠭᠳᠡᠵᠡᠢ᠃ ︵ᠰᠤᠷᠪᠤᠯᠵᠢᠯᠠᠭᠴᠢ᠄ ᠰᠠᠷᠠᠭᠤᠯᠬᠠᠨ︶
 
ᠢᠷᠡᠯᠲᠡ᠄ ᠪᠤᠭᠤᠲᠦ ᠬᠤᠲᠠ ᠶᠢᠨ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号