ᠴᠢᠩᠱᠠᠨ ᠲᠤᠭᠤᠷᠢᠭ ᠤᠨ ᠳᠠᠯᠠᠨ ᠬᠠᠷ᠎ᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠤᠷᠲᠦ ᠤᠳᠠᠭᠠᠨ ᠬᠡᠪ ᠢᠶᠠᠷ ᠪᠠᠶᠢᠯᠭᠠᠬᠤ ᠶᠢ ᠶᠡᠷᠦᠩᠬᠡᠶᠢᠯᠡᠨ ᠵᠠᠰᠠᠬᠤ ᠲᠦᠰᠦᠯ ᠢ ᠳᠠᠷᠤᠮᠠᠯᠠᠨ ᠲᠠᠷᠬᠠᠭᠠᠬᠤ ᠲᠤᠬᠠᠢ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2018/6/20
       ᠴᠢᠩᠱᠠᠨ ᠵᠠᠰᠠᠭ ᠲᠠᠷᠬᠠᠭᠠᠭᠰᠠᠨ [ 2018 ]  5 ᠳ᠋ᠤᠭᠠᠷ ᠲᠤᠭᠠᠲᠤᠴᠢᠩᠱᠠᠨ ᠲᠤᠭᠤᠷᠢᠭ ᠤᠨ ᠳᠠᠯᠠᠨ ᠬᠠᠷ᠎ᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠤᠷᠲᠦ ᠤᠳᠠᠭᠠᠨ ᠬᠡᠪ ᠢᠶᠠᠷ ᠪᠠᠶᠢᠯᠭᠠᠬᠤ ᠶᠢ ᠶᠡᠷᠦᠩᠬᠡᠶᠢᠯᠡᠨ ᠵᠠᠰᠠᠬᠤ ᠲᠦᠰᠦᠯ ᠢ ᠳᠠᠷᠤᠮᠠᠯᠠᠨ ᠲᠠᠷᠬᠠᠭᠠᠬᠤ ᠲᠤᠬᠠᠢ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠡᠳᠡᠭᠳᠡᠯᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ᠄      ᠲᠤᠭᠤᠷᠢᠭ ᠤᠨ ᠵᠠᠰᠠᠭ ᠤᠨ ᠤᠷᠳᠤᠨ ᠤ ᠰᠤᠳᠤᠯᠤᠨ ᠵᠦᠪᠰᠢᠶᠡᠷᠡᠯ ᠢᠶᠠᠷ ᠳᠠᠮᠵᠢᠨ᠂《 ᠴᠢᠩᠱᠠᠨ ᠲᠤᠭᠤᠷᠢᠭ ᠎ ᠤᠨ ᠳᠠᠯᠠᠨ ᠬᠠᠷ᠎ᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠤᠷᠲᠦ ᠤᠳᠠᠭᠠᠨ ᠬᠡᠪ ᠢᠶᠠᠷ ᠪᠠᠶᠢᠯᠭᠠᠬᠤ ᠶᠢ ᠶᠡᠷᠦᠩᠬᠡᠶᠢᠯᠡᠨ ᠵᠠᠰᠠᠬᠤ ᠲᠦᠰᠦᠯ 》᠎ ᠢ ᠳᠠᠷᠤᠮᠠᠯᠠᠨ ᠲᠠᠷᠬᠠᠭᠠᠵᠦ᠂ ᠪᠤᠳᠠᠲᠦ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠬᠡᠷᠡᠭᠵᠢᠭᠦᠯᠲᠦᠭᠡᠢ᠃          ᠪᠤᠭᠤᠲᠦ ᠬᠤᠲᠠ ᠶᠢᠨ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ                                                  2018 ᠤᠨ ᠤ 3 ᠰᠠᠷ᠎ᠠ ᠶᠢᠨ 5᠎ ᠤ ᠡᠳᠦᠷ       ᠴᠢᠩᠱᠠᠨ ᠲᠤᠭᠤᠷᠢᠭ ᠤᠨ ᠳᠠᠯᠠᠨ ᠬᠠᠷ᠎ᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠤᠷᠲᠦ ᠤᠳᠠᠭᠠᠨ ᠬᠡᠪ ᠢᠶᠠᠷ ᠪᠠᠶᠢᠯᠭᠠᠬᠤ ᠶᠢ ᠶᠡᠷᠦᠩᠬᠡᠶᠢᠯᠡᠨ ᠵᠠᠰᠠᠬᠤ ᠲᠦᠰᠦᠯ                    ᠨᠢᠭᠡᠳᠦᠭᠡᠷ ᠪᠦᠯᠦᠭ       ᠶᠡᠷᠦᠩᠬᠡᠢ ᠳᠦᠷᠢᠮ            ᠨᠢᠭᠡᠳᠦᠭᠡᠷ ᠵᠦᠢᠯ       ᠴᠢᠩᠱᠠᠨ ᠲᠤᠭᠤᠷᠢᠭ ᠤᠨ ᠳᠠᠯᠠᠨ ᠬᠠᠷ᠎ᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠤᠷᠲᠦ ᠤᠳᠠᠭᠠᠨ ᠬᠡᠪ ᠢᠶᠠᠷ ᠪᠠᠶᠢᠯᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠦ᠂ ᠠᠮᠢᠳᠦ ᠪᠤᠳᠠᠰ ᠤᠨ ᠤᠯᠠᠨ ᠶᠠᠩᠵᠤᠲᠦ ᠴᠢᠨᠠᠷ᠂ ᠤᠷᠤᠨ ᠪᠦᠰᠡ ᠶᠢᠨ ᠠᠮᠢ ᠠᠬᠤᠢ ᠶᠢᠨ ᠠᠮᠦᠷ ᠲᠦᠪᠰᠢᠨ ᠢ ᠬᠠᠮᠠᠭᠠᠯᠠᠬᠤ ᠶᠢᠨ ᠲᠦᠯᠦᠭᠡ᠂《 ᠪᠦᠬᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠭᠠᠵᠠᠷ ᠰᠢᠷᠤᠢ ᠤᠨ ᠬᠠᠮᠢᠶᠠᠷᠤᠯᠲᠠ ᠶᠢᠨ ᠬᠠᠤᠯᠢ 》《 ᠪᠦᠬᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠳᠦᠷᠢᠮ 》《 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠳᠠᠯᠠᠨ ᠬᠠᠷ᠎ᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠳᠦᠷᠢᠮ 》ᠵᠡᠷᠭᠡ ᠬᠤᠯᠪᠤᠭᠳᠠᠯ ᠪᠦᠬᠦᠢ ᠲᠤᠭᠲᠠᠭᠠᠯ ᠢ ᠦᠨᠳᠦᠰᠦᠯᠡᠨ᠂《 ᠴᠢᠩᠱᠠᠨ ᠲᠤᠭᠤᠷᠢᠭ ᠤᠨ ᠳᠠᠯᠠᠨ ᠬᠠᠷ᠎ᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠤᠷᠲᠦ ᠤᠳᠠᠭᠠᠨ ᠬᠡᠪ ᠢᠶᠠᠷ ᠪᠠᠶᠢᠯᠭᠠᠬᠤ ᠶᠢ ᠶᠡᠷᠦᠩᠬᠡᠶᠢᠯᠡᠨ ᠵᠠᠰᠠᠬᠤ ᠲᠦᠰᠦᠯ 》 ︵ᠳᠤᠤᠷ᠎ᠠ《 ᠲᠦᠰᠦᠯ 》ᠭᠡᠵᠦ ᠲᠤᠪᠴᠢᠯᠠᠪᠠ︶᠎ ᠢ ᠲᠤᠭᠲᠠᠭᠠᠪᠠ᠃      ᠬᠤᠶᠠᠳᠤᠭᠠᠷ ᠵᠦᠢᠯ      《 ᠲᠦᠰᠦᠯ 》᠎ ᠨᠢ ᠴᠢᠩᠱᠠᠨ ᠲᠤᠭᠤᠷᠢᠭ ᠤᠨ ᠳᠠᠯᠠᠨ ᠬᠠᠷ᠎ᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠵᠢᠴᠢ ᠭᠠᠳᠠᠷ ᠤᠷᠴᠢᠨ ᠤ ᠬᠠᠮᠠᠭᠠᠯᠠᠯᠲᠠ ᠶᠢᠨ ᠤᠷᠤᠨ ᠤ ᠭᠠᠵᠠᠷ ᠰᠢᠷᠤᠢ ᠪᠠ ᠠᠭᠤᠯᠠ ᠠᠭᠤᠷᠬᠠᠢ ᠵᠡᠷᠭᠡ ᠡᠬᠢ ᠪᠠᠶᠠᠯᠢᠭ ᠤᠨ ᠬᠠᠮᠢᠶᠠᠷᠤᠯᠲᠠ ᠳᠤ ᠬᠡᠷᠡᠭᠯᠡᠭᠳᠡᠨ᠎ᠡ᠃      ᠭᠤᠷᠪᠠᠳᠤᠭᠠᠷ ᠵᠦᠢᠯ       ᠲᠣᠭᠤᠷᠢᠭ ᠤᠨ ᠲᠠᠷᠢᠶᠠᠯᠠᠩ ᠮᠠᠯ ᠠᠵᠦ ᠠᠬᠤᠢ ᠣᠢ ᠰᠢᠭᠤᠢ ᠤᠰᠤᠨ ᠠᠰᠢᠭᠯᠠᠯᠲᠠ ᠶᠢᠨ ᠲᠤᠪᠴᠢᠶ᠎ᠠ᠂ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠲᠣᠪᠴᠢᠶ᠎ᠠ᠂ ᠴᠢᠩᠱᠠᠨ ᠤ ᠣᠷᠴᠢᠨ ᠬᠠᠮᠠᠭᠠᠯᠠᠯᠲᠠ ᠶᠢᠨ ᠬᠤᠪᠢᠶᠠᠷᠢ ᠲᠤᠪᠴᠢᠶ᠎ᠠ᠂ ᠴᠢᠩᠱᠠᠨ ᠤ ᠤᠯᠤᠰ ᠤᠨ ᠭᠠᠵᠠᠷ ᠰᠢᠷᠤᠢ ᠶᠢᠨ ᠬᠤᠪᠢᠶᠠᠷᠢ ᠲᠤᠪᠴᠢᠶ᠎ᠠ᠂ ᠳᠠᠯᠠᠨ ᠬᠠᠷ᠎ᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠴᠢᠩᠱᠠᠨ ᠤ ᠬᠠᠮᠢᠶᠠᠷᠤᠯᠲᠠ ᠶᠢᠨ ᠦᠷᠲᠡᠭᠡ᠂ ᠲᠤᠭᠤᠷᠢᠭ ᠤᠨ ᠤᠢ ᠰᠢᠭᠤᠢ ᠶᠢᠨ ᠲᠤᠲᠤᠭᠠᠲᠦ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠠᠴᠠ ᠲᠤᠰ ᠲᠤᠰ ᠪᠠᠶᠢᠭᠤᠯᠭ᠎ᠠ ᠶᠢᠨ ᠬᠠᠷᠢᠭᠤᠴᠠᠯᠭ᠎ᠠ ᠪᠠ ᠬᠠᠮᠢᠶᠠᠷᠤᠯᠲᠠ ᠶᠢᠨ ᠡᠷᠬᠡ ᠮᠡᠳᠡᠯ ᠤᠨ ᠬᠡᠮᠵᠢᠶ᠎ᠡ ᠪᠠᠨ ᠦᠨᠳᠦᠰᠦᠯᠡᠵᠦ᠂ ᠬᠠᠤᠯᠢ ᠶᠤᠰᠤᠭᠠᠷ ᠵᠠᠰᠠᠭ ᠶᠠᠪᠤᠭᠤᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠂ ᠬᠠᠮᠵᠢᠯᠴᠠᠨ ᠵᠤᠬᠢᠴᠠᠯᠳᠤᠵᠦ᠂ ᠬᠠᠮᠠᠭᠠᠯᠠᠯᠲᠠ ᠶᠢᠨ ᠤᠷᠤᠨ ᠤ ᠶᠡᠷᠦᠩᠬᠡᠢ ᠵᠠᠰᠠᠯᠲᠠ ᠶᠢᠨ ᠬᠡᠪᠰᠢᠭᠦᠯᠦᠯᠲᠡ᠂ ᠳᠦᠷᠢᠮᠵᠢᠭᠦᠯᠡᠯᠲᠡ ᠶᠢ ᠯᠠᠪᠲᠠᠢ ᠪᠠᠲᠤᠯᠠᠨ᠎ᠠ᠃      ᠳᠦᠷᠪᠡᠳᠦᠭᠡᠷ ᠵᠦᠢᠯ     ᠠᠯᠢᠪᠠ ᠪᠠᠶᠢᠭᠤᠯᠭ᠎ᠠ ᠪᠠ ᠬᠤᠪᠢ ᠬᠦᠮᠦᠨ ᠬᠠᠮᠠᠭᠠᠯᠠᠯᠲᠠ ᠶᠢᠨ ᠤᠷᠤᠨ ᠤ ᠬᠦᠷᠢᠶ᠎ᠡ ᠬᠡᠪᠴᠢᠶᠡᠨ ᠳᠠᠬᠢ ᠪᠠᠶᠢᠭᠠᠯᠢ ᠶᠢᠨ ᠡᠬᠢ ᠪᠠᠶᠠᠯᠢᠭ ᠢ ᠡᠪᠳᠡᠬᠦ ᠶᠢ ᠡᠷᠡᠰ ᠴᠠᠭᠠᠵᠢᠯᠠᠨ᠎ᠠ᠃                        ᠬᠤᠶᠠᠳᠤᠭᠠᠷ ᠪᠦᠯᠦᠭ       ᠡᠭᠦᠷᠭᠡ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ          ᠲᠠᠪᠤᠳᠤᠭᠠᠷ ᠵᠦᠢᠯ       ᠴᠢᠩᠱᠠᠨ ᠲᠤᠭᠤᠷᠢᠭ ᠤᠨ ᠤᠷᠴᠢᠨ ᠬᠠᠮᠠᠭᠠᠯᠠᠯᠲᠠ ᠶᠢᠨ ᠬᠤᠪᠢᠶᠠᠷᠢ ᠲᠤᠪᠴᠢᠶ᠎ᠠ ᠎ ᠨᠢ ᠬᠠᠮᠠᠭᠠᠯᠠᠯᠲᠠ ᠶᠢᠨ ᠤᠷᠤᠨ ᠵᠢᠴᠢ ᠭᠠᠳᠠᠷ ᠤᠷᠴᠢᠨ ᠤ ᠬᠠᠮᠠᠭᠠᠯᠠᠯᠲᠠ ᠶᠢᠨ ᠤᠷᠤᠨ ᠤ ᠪᠠᠶᠢᠭᠠᠯᠢ ᠶᠢᠨ ᠡᠬᠢ ᠪᠠᠶᠠᠯᠢᠭ ᠢ ᠡᠪᠳᠡᠬᠦ ᠪᠤᠶᠤ ᠬᠠᠮᠠᠭᠠᠯᠠᠯᠲᠠ ᠶᠢᠨ ᠤᠷᠤᠨ ᠤ ᠠᠮᠢ ᠠᠬᠤᠢ ᠶᠢᠨ ᠠᠮᠦᠷ ᠲᠦᠪᠰᠢᠨ ᠳᠤ ᠰᠦᠷᠳᠡᠭᠦᠯᠦᠯ ᠡᠭᠦᠰᠴᠦ ᠮᠡᠳᠡᠬᠦ ᠡᠯ᠎ᠡ ᠲᠦᠷᠦᠯ ᠤᠨ ᠬᠠᠤᠯᠢ ᠵᠦᠷᠢᠴᠡᠭᠰᠡᠨ ᠶᠠᠯᠠᠲᠦ ᠠᠵᠢᠯᠯᠠᠭ᠎ᠠ ᠶᠢ ᠭᠤᠤᠯᠯᠠᠨ ᠬᠢᠨᠠᠨ ᠬᠠᠮᠢᠶᠠᠷᠬᠤ ᠪᠠ ᠴᠤᠬᠢᠯᠲᠠ ᠦᠭᠴᠦ ᠰᠢᠢᠳᠭᠡᠨ᠎ᠡ᠃      ᠵᠢᠷᠭᠤᠳᠤᠭᠠᠷ ᠵᠦᠢᠯ       ᠴᠢᠩᠱᠠᠨ ᠲᠤᠭᠤᠷᠢᠭ ᠤᠨ ᠤᠯᠤᠰ ᠤᠨ ᠭᠠᠵᠠᠷ ᠰᠢᠷᠤᠢ ᠶᠢᠨ ᠬᠤᠪᠢᠶᠠᠷᠢ ᠲᠤᠪᠴᠢᠶ᠎ᠠ ᠨᠢ ᠬᠠᠮᠠᠭᠠᠯᠠᠯᠲᠠ ᠶᠢᠨ ᠤᠷᠤᠨ ᠤ ᠳᠤᠳᠤᠭᠠᠲᠦ ᠵᠢᠴᠢ ᠭᠠᠳᠠᠷ ᠤᠷᠴᠢᠨ ᠤ ᠬᠠᠮᠠᠭᠠᠯᠠᠯᠲᠠ ᠶᠢᠨ ᠤᠷᠤᠨ ᠎ ᠤ ᠭᠠᠵᠠᠷ ᠰᠢᠷᠤᠢ ᠬᠠᠮᠠᠭᠠᠯᠠᠬᠤ ᠶᠢ ᠬᠠᠷᠢᠭᠤᠴᠠᠨ᠎ᠠ᠃ ᠠᠯᠢᠪᠠ ᠪᠠᠶᠢᠭᠤᠯᠭ᠎ᠠ ᠪᠠ ᠬᠤᠪᠢ ᠬᠦᠮᠦᠨ ᠬᠠᠮᠠᠭᠠᠯᠠᠯᠲᠠ ᠶᠢᠨ ᠤᠷᠤᠨ ᠤ ᠭᠠᠵᠠᠷ ᠰᠢᠷᠤᠢ ᠤᠨ ᠡᠬᠢ ᠪᠠᠶᠠᠯᠢᠭ ᠢ ᠰᠦᠢᠳᠭᠡᠵᠦ ᠡᠪᠳᠡᠬᠦ ᠶᠢ ᠡᠷᠡᠰ ᠬᠤᠷᠢᠭᠯᠠᠵᠦ᠂ ᠬᠠᠮᠠᠭᠠᠯᠠᠯᠲᠠ ᠶᠢᠨ ᠤᠷᠤᠨ ᠤ ᠳᠤᠳᠤᠭᠠᠲᠦ ᠳᠤ ᠠᠲᠠᠷ ᠬᠠᠭᠠᠯᠪᠦᠷᠢᠯᠠᠬᠤ᠂ ᠠᠭᠤᠷᠬᠠᠢ ᠨᠡᠭᠡᠭᠡᠬᠦ᠂ ᠡᠯᠡᠰᠦ ᠮᠠᠯᠲᠠᠬᠤ ᠵᠡᠷᠭᠡ ᠠᠵᠢᠯᠯᠠᠭ᠎ᠠ ᠶᠢ ᠰᠢᠯᠭᠠᠨ ᠲᠤᠭᠲᠠᠭᠠᠬᠤ ᠪᠠ ᠪᠠᠶᠢᠴᠠᠭᠠᠨ ᠰᠢᠢᠳᠪᠦᠷᠢᠯᠡᠨ᠎ᠡ᠃      ᠳᠤᠯᠤᠭᠠᠳᠤᠭᠠᠷ ᠵᠦᠢᠯ        ᠲᠣᠭᠤᠷᠢᠭ ᠤᠨ ᠲᠠᠷᠢᠶᠠᠯᠠᠩ ᠮᠠᠯ ᠠᠵᠦ ᠠᠬᠤᠢ ᠣᠢ ᠰᠢᠭᠤᠢ ᠤᠰᠤᠨ ᠠᠰᠢᠭᠯᠠᠯᠲᠠ ᠶᠢᠨ ᠲᠤᠪᠴᠢᠶ᠎ᠠ ᠨᠢ ᠤᠢ ᠰᠢᠭᠤᠢ ᠶᠢᠨ ᠦᠢᠯᠡᠰ ᠤᠨ ᠵᠠᠰᠠᠭ ᠵᠠᠬᠢᠷᠭᠠᠨ ᠤ ᠭᠤᠤᠯ ᠬᠠᠮᠢᠶᠠᠷᠬᠤ ᠰᠠᠯᠠᠭ᠎ᠠ ᠮᠦᠴᠢᠷ ᠪᠤᠯᠤᠭᠰᠠᠨ ᠤ ᠬᠤᠪᠢ ᠳᠤ᠂ ᠤᠯᠤᠰ ᠤᠨ ᠦᠮᠴᠢᠯᠡᠯᠲᠦ ᠤᠢ ᠶᠢᠨ ᠲᠠᠯᠠᠪᠠᠢ(ᠠᠭᠤᠯᠠ ᠶᠢᠨ ᠤᠢ ᠰᠢᠭᠤᠢ ᠶᠢᠨ ᠦᠷᠲᠡᠭᠡ)᠂ ᠲᠤᠭᠤᠷᠢᠭ ᠤᠨ ᠤᠢ ᠰᠢᠭᠤᠢ ᠶᠢᠨ ᠲᠤᠳᠤᠭᠠᠲᠦ ᠶᠢ ᠬᠠᠮᠠᠭᠠᠯᠠᠬᠤ ᠲᠤᠪᠴᠢᠶᠠᠨ ᠤ ᠡᠯ᠎ᠡ ᠲᠦᠷᠦᠯ ᠤᠨ ᠠᠵᠢᠯ ᠢ ᠶᠠᠷᠦᠩᠬᠡᠶᠢᠯᠡᠨ ᠵᠤᠬᠢᠴᠠᠭᠤᠯᠵᠦ᠂ ᠬᠠᠮᠢᠶᠠᠷᠤᠨ ᠵᠢᠯᠤᠭᠤᠳᠬᠤ ᠶᠢ ᠬᠠᠷᠢᠭᠤᠴᠠᠨ᠂ ᠬᠠᠮᠠᠭᠠᠯᠠᠯᠲᠠ ᠎ ᠶᠢᠨ ᠤᠷᠤᠨ ᠤ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠬᠤ ᠪᠠ ᠵᠢᠯᠤᠭᠤᠳᠤᠮᠵᠢ ᠪᠠᠨ ᠴᠢᠩᠭᠠᠳᠬᠠᠨ᠎ᠠ᠃      ᠨᠠᠢᠮᠠᠳᠤᠭᠠᠷ ᠵᠦᠢᠯ       ᠲᠤᠭᠤᠷᠢᠭ ᠤᠨ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠲᠤᠪᠴᠢᠶ᠎ᠠ ᠨᠢ ᠬᠠᠤᠯᠢ ᠶᠤᠰᠤᠭᠠᠷ ᠬᠠᠮᠠᠭᠠᠯᠠᠯᠲᠠ ᠶᠢᠨ ᠤᠷᠤᠨ ᠤ ᠠᠭᠤᠷᠬᠠᠢ ᠶᠢᠨ ᠠᠵᠦ ᠠᠬᠤᠶᠢᠯᠠᠯ ᠤᠨ ᠬᠤᠷᠢᠭᠯᠠᠵᠦ ᠦᠭᠡᠶᠢᠰᠭᠡᠬᠦ ᠠᠵᠢᠯ ᠢ ᠰᠠᠶᠢᠲᠦᠷ ᠬᠢᠵᠦ᠂ ᠨᠢᠭᠡᠨᠲᠡ ᠵᠦᠪᠰᠢᠶᠡᠷᠡᠯ ᠢᠶᠠᠷ ᠳᠠᠮᠵᠢᠨ ᠬᠠᠮᠠᠭᠠᠯᠠᠯᠲᠠ ᠶᠢᠨ ᠤᠷᠤᠨ ᠳᠤ ᠤᠷᠤᠭᠰᠠᠨ ᠪᠤᠰᠤᠳ ᠡᠯ᠎ᠡ ᠲᠦᠷᠦᠯ ᠤᠨ ᠠᠵᠦ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠦ ᠬᠠᠮᠢᠶᠠᠷᠴᠦ᠂ ᠤᠨᠴᠠᠭᠠᠶᠢᠯᠠᠨ ᠬᠠᠮᠠᠭᠠᠯᠠᠯᠲᠠ ᠶᠢᠨ ᠤᠷᠤᠨ ᠤ ᠭᠠᠵᠠᠷ ᠰᠢᠨᠵᠢᠯᠡᠭᠡᠨ ᠤ ᠭᠠᠢ ᠭᠠᠮᠰᠢᠭ ᠢ ᠵᠠᠰᠠᠪᠦᠷᠢᠯᠠᠬᠤ ᠶᠠᠪᠤᠴᠠ ᠳᠠᠬᠢ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠠᠵᠢᠯ ᠶᠢ ᠬᠠᠷᠢᠭᠤᠴᠠᠨ᠎ᠠ᠃      ᠶᠢᠰᠦᠳᠦᠭᠡᠷ ᠵᠦᠢᠯ       ᠳᠠᠯᠠᠨ ᠬᠠᠷ᠎ᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠴᠢᠩᠱᠠᠨ ᠤ ᠬᠠᠮᠢᠶᠠᠷᠤᠯᠲᠠ ᠶᠢᠨ ᠦᠷᠲᠡᠭᠡ ᠨᠢ ᠬᠠᠮᠠᠭᠠᠯᠠᠯᠲᠠ ᠶᠢᠨ ᠤᠷᠤᠨ ᠤ ᠬᠠᠮᠢᠶᠠᠷᠤᠯᠲᠠ ᠶᠢᠨ ᠪᠠᠶᠢᠭᠤᠯᠤᠮᠵᠢ ᠪᠤᠯᠤᠭᠰᠠᠨ ᠬᠤᠪᠢ ᠳᠤ᠂ ᠬᠠᠮᠠᠭᠠᠯᠠᠯᠲᠠ ᠶᠢᠨ ᠤᠷᠤᠨ ᠤ ᠲᠤᠳᠤᠷᠠᠬᠢ ᠦᠢᠯᠡᠳᠪᠦᠷᠢ ᠠᠭᠤᠷᠬᠠᠢ ᠶᠢᠨ ᠠᠵᠦ ᠠᠬᠤᠶᠢᠯᠠᠯ ᠢ ᠴᠡᠪᠡᠷᠯᠡᠵᠦ ᠬᠤᠷᠢᠭᠯᠠᠭᠰᠠᠨ ᠤ ᠳᠠᠷᠠᠭ᠎ᠠ ᠭᠤᠤᠯᠯᠠᠨ ᠬᠢᠨᠠᠨ ᠬᠠᠮᠢᠶᠠᠷᠴᠦ᠂ ᠪᠠᠶᠢᠭᠠᠯᠢ ᠶᠢᠨ ᠡᠬᠢ ᠪᠠᠶᠠᠯᠢᠭ ᠢ ᠬᠠᠮᠢᠶᠠᠷᠴᠦ ᠠᠷᠠᠴᠢᠯᠠᠬᠤ ᠪᠠᠨ ᠴᠢᠩᠭᠠᠳᠬᠠᠨ᠂ ᠲᠠᠷᠬᠠᠢ ᠪᠤᠲᠠᠷᠬᠠᠢ ᠪᠤᠯᠠᠰᠢ ᠶᠢ ᠴᠡᠭᠴᠡᠯᠡᠨ ᠵᠠᠰᠠᠬᠤ᠂ ᠭᠠᠯ ᠰᠡᠷᠭᠡᠶᠢᠯᠡᠵᠦ ᠮᠠᠯ ᠠᠵᠦ ᠠᠬᠤᠢ ᠢ ᠴᠠᠭᠠᠵᠠᠯᠠᠬᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠠᠶᠠᠯᠠᠯ ᠵᠢᠭᠤᠯᠴᠢᠯᠠᠯ ᠢ ᠨᠡᠭᠡᠭᠡᠨ ᠬᠦᠭᠵᠢᠭᠦᠯᠬᠦ ᠵᠡᠷᠭᠡ ᠠᠵᠢᠯ ᠢ ᠬᠠᠷᠢᠭᠤᠴᠠᠨ᠎ᠠ᠃      ᠠᠷᠪᠠᠳᠤᠭᠠᠷ ᠵᠦᠢᠯ       ᠲᠤᠭᠤᠷᠢᠭ ᠤᠨ ᠤᠢ ᠰᠢᠭᠤᠢ ᠶᠢᠨ ᠲᠤᠲᠤᠭᠠᠲᠦ ᠶᠢ ᠬᠠᠮᠠᠭᠠᠯᠠᠬᠤ ᠲᠤᠪᠴᠢᠶ᠎ᠠ ᠎ ᠨᠢ ᠬᠠᠮᠠᠭᠠᠯᠠᠯᠲᠠ ᠶᠢᠨ ᠤᠷᠤᠨ ᠳᠤ ᠬᠠᠤᠯᠢ ᠪᠤᠰᠤ ᠪᠠᠷ ᠵᠢᠭᠠᠰᠤᠴᠢᠯᠠᠬᠤ᠂ ᠡᠮ ᠲᠡᠭᠦᠬᠦ᠂ ᠤᠭᠲᠤᠯᠠᠵᠦ ᠴᠠᠪᠴᠢᠬᠤ᠂ ᠮᠠᠯ ᠬᠠᠷᠢᠭᠤᠯᠬᠤ᠂ ᠠᠩᠨᠠᠬᠤ᠂ ᠠᠲᠠᠷ ᠬᠠᠭᠠᠯᠪᠦᠷᠢᠯᠠᠬᠤ᠂ ᠠᠭᠤᠷᠬᠠᠢ ᠨᠡᠭᠡᠭᠡᠬᠦ᠂ ᠴᠢᠯᠠᠭᠤ ᠭᠠᠷᠭᠠᠬᠤ᠂ ᠡᠯᠡᠰᠦ ᠮᠠᠯᠲᠠᠬᠤ᠂ ᠭᠠᠯ ᠠᠰᠠᠭᠠᠵᠦ ᠦᠢᠯᠡᠳᠪᠦᠷᠢᠯᠡᠬᠦ ᠵᠡᠷᠭᠡ ᠬᠠᠤᠯᠢ ᠵᠦᠷᠢᠴᠡᠭᠰᠡᠨ ᠶᠠᠯᠠᠲᠦ ᠠᠵᠢᠯᠯᠠᠭ᠎ᠠ ᠳᠤ ᠴᠢᠩᠭ᠎ᠠ ᠬᠦᠴᠦᠲᠡᠢ ᠴᠤᠬᠢᠯᠲᠠ ᠦᠭᠴᠦ᠂ ᠬᠠᠮᠠᠭᠠᠯᠠᠯᠲᠠ ᠶᠢᠨ ᠤᠷᠤᠨ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠳᠤ ᠰᠠᠶᠢᠨ ᠰᠠᠶᠢᠬᠠᠨ ᠬᠠᠤᠯᠢ ᠳᠦᠷᠢᠮ ᠤᠨ ᠠᠭᠤᠷ ᠠᠮᠢᠰᠬᠤᠯ ᠢ ᠡᠭᠦᠳᠬᠦ ᠶᠢ ᠬᠠᠷᠢᠭᠤᠴᠠᠨ᠎ᠠ᠃      ᠠᠷᠪᠠᠨ ᠨᠢᠭᠡᠳᠦᠭᠡᠷ ᠵᠦᠢᠯ       ᠬᠢᠨᠠᠯᠲᠠ ᠲᠠᠯᠪᠢᠨ ᠬᠠᠮᠢᠶᠠᠷᠬᠤ ᠪᠠᠶᠢᠭᠤᠯᠤᠮᠵᠢ ᠶᠢᠨ ᠬᠤᠯᠪᠤᠭᠠᠯᠠᠨ ᠠᠵᠢᠯᠯᠠᠬᠤ ᠴᠢᠨᠠᠷ ᠪᠠ ᠬᠡᠪ ᠤᠨ ᠪᠠᠶᠢᠳᠠᠯ ᠢ ᠪᠠᠲᠤᠯᠠᠨ᠎ᠠ᠃ ᠳᠡᠭᠡᠷ᠎ᠡ ᠳᠤᠷᠠᠳᠤᠭᠰᠠᠨ ᠡᠯ᠎ᠡ ᠡᠭᠦᠷᠭᠡ ᠴᠢᠳᠠᠪᠦᠷᠢ ᠲᠠᠢ ᠰᠠᠯᠠᠭ᠎ᠠ ᠮᠦᠴᠢᠷ ᠤᠳ ᠲᠤᠭᠤᠷᠢᠭ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠤᠷᠳᠤᠨ ᠤ ᠨᠢᠭᠡᠳᠦᠯᠲᠡᠢ ᠤᠳᠤᠷᠢᠳᠤᠯᠭ᠎ᠠ ᠳᠤᠤᠷ᠎ᠠ᠂ ᠭᠤᠤᠯᠳᠠᠯᠭᠠᠲᠦ ᠤᠷᠤᠨ ᠪᠤᠶᠤ ᠭᠤᠤᠯ ᠬᠤᠭᠤᠴᠠᠭᠠᠨ ᠳᠤ(ᠭᠠᠯ ᠰᠡᠷᠭᠡᠶᠢᠯᠡᠬᠦ ᠴᠢᠩᠭ᠎ᠠ ᠬᠤᠷᠢᠭᠯᠠᠯᠲᠠ ᠶᠢᠨ ᠬᠤᠭᠤᠴᠠᠭ᠎ᠠ᠂ ᠬᠠᠮᠲᠦᠷᠠᠨ ᠬᠠᠤᠯᠢ ᠬᠡᠷᠡᠭᠵᠢᠭᠦᠯᠬᠦ ᠬᠤᠭᠤᠴᠠᠭ᠎ᠠ)᠂ ᠠᠯᠬᠤᠭ᠎ᠠ ᠨᠢᠭᠡᠲᠡᠢ᠂ ᠬᠠᠮᠲᠤᠷᠤᠯᠴᠠᠭ᠎ᠠ ᠪᠠᠨ ᠵᠤᠬᠢᠴᠠᠭᠤᠯᠤᠨ᠂ ᠬᠦᠴᠦ ᠪᠠᠨ ᠬᠠᠮᠳᠤᠳᠬᠠᠵᠦ᠂ ᠬᠠᠮᠠᠭᠠᠯᠠᠯᠲᠠ ᠶᠢᠨ ᠤᠷᠤᠨ ᠤ ᠬᠢᠨᠠᠨ ᠬᠠᠮᠢᠶᠠᠷᠬᠤ ᠠᠵᠢᠯ ᠢ ᠰᠠᠶᠢᠲᠦᠷ ᠬᠢᠵᠦ᠂ ᠪᠤᠳᠠᠲᠠᠢ ᠬᠢᠵᠦ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠠᠵᠢᠯᠯᠠᠬᠠᠤ ᠬᠤᠯᠪᠤᠭᠠᠯᠠᠨ ᠵᠠᠰᠠᠬᠤ ᠬᠠᠮᠠᠭᠠᠯᠠᠯᠲᠠ ᠶᠢᠨ ᠤᠷᠤᠨ ᠤ ᠬᠠᠮᠢᠶᠠᠷᠤᠯᠲᠠ ᠶᠢᠨ ᠪᠦᠲᠦᠭᠡᠨ ᠪᠠᠶᠢᠭᠤᠯᠤᠯᠲᠠ ᠶᠢ ᠬᠡᠪ ᠢᠶᠠᠷ ᠪᠠᠶᠢᠯᠭᠠᠬᠤ ᠤᠷᠲᠦ ᠤᠳᠠᠭᠠᠨ ᠠᠵᠢᠯ ᠤᠨ ᠪᠠᠶᠢᠭᠤᠯᠤᠮᠵᠢ ᠶᠢ ᠪᠦᠷᠢᠯᠳᠦᠭᠦᠯᠦᠨ᠂ ᠬᠠᠮᠲᠤᠪᠠᠷ ᠬᠠᠮᠠᠭᠠᠯᠠᠯᠲᠠ ᠶᠢᠨ ᠤᠷᠤᠨ ᠤ ᠬᠠᠮᠢᠶᠠᠷᠤᠯᠲᠠ ᠶᠢᠨ ᠠᠵᠢᠯ ᠢ ᠰᠠᠶᠢᠲᠦᠷ ᠬᠢᠬᠦ ᠬᠡᠷᠡᠭᠲᠡᠢ᠃      ᠠᠷᠪᠠᠨ ᠬᠤᠶᠠᠳᠤᠭᠠᠷ ᠵᠦᠢᠯ       ᠤᠷᠲᠦ ᠤᠳᠠᠭᠠᠨ ᠬᠡᠪ ᠢᠶᠠᠷ ᠪᠠᠶᠢᠯᠭᠠᠬᠤ ᠶᠢ ᠶᠡᠷᠦᠩᠬᠡᠶᠢᠯᠡᠨ ᠵᠠᠰᠠᠬᠤ ᠲᠦᠰᠦᠯ ᠤᠨ ᠠᠷᠭ᠎ᠠ ᠬᠡᠮᠵᠢᠶ᠎ᠡ ᠶᠢ ᠪᠠᠲᠤᠯᠠᠨ᠎ᠠ᠃ ᠠᠭᠤᠯᠠ ᠠᠭᠤᠷᠬᠠᠢ ᠶᠢᠨ ᠠᠵᠦ ᠠᠬᠤᠶᠢᠯᠠᠯ ᠢ ᠪᠦᠷᠢᠮᠤᠰᠤᠨ ᠬᠤᠷᠢᠭᠯᠠᠵᠦ ᠬᠠᠮᠠᠭᠠᠯᠠᠯᠲᠠ ᠶᠢᠨ ᠤᠷᠤᠨ ᠠᠴᠠ ᠭᠠᠷᠭᠠᠭᠰᠠᠨ ᠤ ᠰᠡᠭᠦᠯᠡᠷ᠂ ᠳᠤᠮᠳᠠ ᠰᠤᠪᠠᠭ᠂ ᠶᠤᠤᠽᠢ ᠰᠤᠪᠠᠭ᠂ ᠶᠢᠨ ᠵᠢᠶᠠᠩ ᠰᠤᠪᠠᠭ᠂ ᠲᠢᠶᠠᠨ ᠵᠢᠶᠠ ᠰᠤᠪᠠᠭ᠂ ᠳ᠋ᠠ ᠳ᠋ᠠᠢ ᠰᠤᠪᠠᠭ ᠵᠡᠷᠭᠡ 5 ᠭᠤᠤᠯ ᠰᠤᠪᠠᠭ ᠤᠨ ᠠᠮᠠᠰᠠᠷ ᠲᠤ ᠬᠡᠪ ᠢᠶᠠᠷ ᠪᠠᠶᠢᠯᠭᠠᠬᠤ ᠤᠷᠲᠦ ᠤᠳᠠᠭᠠᠨ ᠵᠠᠰᠠᠵᠦ ᠬᠠᠮᠢᠶᠠᠷᠬᠤ ᠬᠠᠮᠠᠭᠠᠯᠠᠯᠲᠠ ᠶᠢᠨ ᠴᠡᠭ ᠢ ᠰᠢᠨ᠎ᠡ ᠪᠠᠷ 5 ᠪᠠᠶᠢᠭᠤᠯᠵᠦ᠂ 24 ᠴᠠᠭ ᠤᠨ ᠵᠢᠵᠢᠭᠦᠷᠯᠡᠨ ᠰᠠᠬᠢᠬᠤ ᠠᠷᠭ᠎ᠠ ᠪᠠᠷᠢᠯ ᠢ ᠬᠡᠷᠡᠭᠯᠡᠵᠦ᠂ ᠬᠠᠰᠢᠵᠦ ᠬᠦᠷᠢᠶᠡᠯᠡᠨ ᠲᠤᠰᠠᠭᠠᠷᠯᠠᠬᠤ ᠠᠷᠭ᠎ᠠ ᠪᠠᠷ ᠳᠠᠮᠵᠢᠨ ᠬᠢᠨᠠᠨ ᠬᠠᠮᠢᠶᠠᠷᠤᠨ᠎ᠠ᠃ ᠬᠠᠮᠢᠶᠠᠷᠴᠦ ᠬᠠᠮᠠᠭᠠᠯᠠᠬᠤ ᠴᠡᠭ ᠨᠢ ᠳᠡᠭᠡᠷ᠎ᠡ ᠳᠤᠷᠠᠳᠤᠭᠰᠠᠨ ᠡᠯ᠎ᠡ ᠬᠠᠮᠢᠶᠠᠷᠤᠯᠲᠠ ᠎ ᠶᠢᠨ ᠰᠠᠯᠠᠭ᠎ᠠ ᠮᠦᠴᠢᠷ ᠤᠨ ᠬᠡᠬᠡᠷ᠎ᠡ ᠲᠠᠯ᠎ᠠ ᠳᠤ ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠬᠦ ᠶᠢᠨ ᠨᠡᠶᠢᠲᠡ ᠶᠢᠨ ᠠᠯᠪᠠᠨ ᠤ ᠠᠵᠢᠯᠯᠠᠬᠤ ᠭᠡᠷ ᠪᠤᠯᠤᠨ᠎ᠠ᠃                  ᠭᠤᠷᠪᠠᠳᠤᠭᠠᠷ ᠪᠦᠯᠦᠭ       ᠳᠠᠭᠠᠯᠳᠤᠭᠤᠯᠤᠭᠰᠠᠨ ᠵᠦᠢᠯ            ᠠᠷᠪᠠᠨ ᠭᠤᠷᠪᠠᠳᠤᠭᠠᠷ ᠵᠦᠢᠯ      《 ᠲᠦᠰᠦᠯ 》᠎ ᠢ ᠳᠠᠯᠠᠨ ᠬᠠᠷ᠎ᠠ ᠠᠭᠤᠯᠠ ᠶᠢᠨ ᠤᠯᠤᠰ ᠤᠨ ᠳᠡᠰ ᠎ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠴᠢᠩᠱᠠᠨ ᠤ ᠬᠠᠮᠢᠶᠠᠷᠤᠯᠲᠠ ᠶᠢᠨ ᠦᠷᠲᠡᠭᠡ ᠬᠠᠷᠢᠭᠤᠴᠠᠨ ᠲᠠᠶᠢᠯᠪᠦᠷᠢᠯᠠᠨ᠎ᠠ᠃      ᠠᠷᠪᠠᠨ ᠳᠦᠷᠪᠡᠳᠦᠭᠡᠷ ᠵᠦᠢᠯ      《 ᠲᠦᠰᠦᠯ 》᠎ ᠢ ᠬᠡᠪᠯᠡᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                    ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                            2018 ᠤᠨ ᠤ 3 ᠰᠠᠷ᠎ᠠ ᠶᠢᠨ 5᠎ ᠤ ᠡᠳᠦᠷ ᠳᠠᠷᠤᠮᠠᠯᠠᠨ ᠲᠠᠷᠬᠠᠭᠠᠪᠠ
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号