ᠴᠢᠩ ᠶᠤᠸᠠᠨ ᠨᠡᠶᠢᠭᠡᠮ ᠲᠤᠭᠤᠷᠢᠭ ᠰᠢᠲᠠᠮᠠᠬᠠᠢ ᠬᠡᠢ ᠶᠢ ᠠᠶᠤᠯᠭᠦᠢ ᠬᠡᠷᠡᠭᠯᠡᠬᠦ ᠤᠬᠠᠭᠤᠯᠬᠤ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2018/7/10
     ᠤᠶᠢᠷ᠎ᠠ ᠳᠤ᠂ ᠴᠢᠩ ᠶᠤᠸᠠᠨ ᠨᠡᠶᠢᠭᠡᠮ ᠲᠤᠭᠤᠷᠢᠭ ᠬᠠᠷᠢᠶᠠᠨ ᠤ ᠬᠡᠪᠴᠢᠶᠡᠨ ᠳᠡᠭᠡᠨ《 ᠰᠢᠲᠠᠬᠠᠮᠠᠢ ᠬᠡᠢ ᠶᠢᠨ ᠠᠶᠤᠯᠭᠦᠢ ᠬᠡᠷᠡᠭᠯᠡᠬᠦ ᠤᠬᠠᠭᠤᠯᠭ᠎ᠠ ᠨᠢ ᠨᠡᠶᠢᠭᠡᠮ ᠲᠤᠭᠤᠷᠢᠭ ᠲᠤ ᠤᠷᠤᠬᠤ 》ᠠᠵᠢᠯᠯᠠᠭ᠎ᠠ ᠶᠢ ᠦᠷᠨᠢᠭᠦᠯᠦᠭᠰᠡᠨ ᠪᠠᠶᠢᠨ᠎ᠠ᠃ ᠠᠵᠢᠯᠯᠠᠭᠠᠨ ᠤ ᠶᠠᠪᠤᠴᠠ ᠳᠤ᠂ ᠠᠵᠢᠯᠲᠠᠳ ᠬᠦᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠬᠡᠯᠪᠡᠷᠢ ᠪᠠᠷ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠲᠤ ᠰᠢᠲᠠᠮᠠᠬᠠᠢ ᠬᠡᠢ ᠶᠢᠨ ᠮᠡᠳᠡᠯᠭᠡ᠂ ᠠᠶᠦᠯᠭᠦᠢ ᠰᠢᠲᠠᠮᠠᠬᠠᠢ ᠬᠡᠢ ᠬᠡᠷᠡᠭᠯᠡᠬᠦ ᠶᠡᠷᠦ ᠶᠢᠨ ᠮᠡᠳᠡᠯᠭᠡ᠂ ᠰᠢᠲᠠᠬᠠᠮᠠᠢ ᠬᠡᠢ ᠶᠢᠨ ᠬᠡᠷᠡᠭ ᠶᠠᠪᠤᠳᠠᠯ ᠢ ᠰᠢᠢᠳᠪᠦᠷᠢᠯᠡᠬᠦ ᠠᠷᠭ᠎ᠠ ᠶᠢ ᠨᠠᠷᠢᠨ ᠬᠢᠨᠠᠮᠠᠭᠠᠢ ᠲᠠᠶᠢᠯᠪᠦᠷᠢᠯᠠᠨ ᠦᠭᠴᠦ᠂ ᠰᠢᠲᠠᠬᠠᠮᠠᠢ ᠬᠡᠢ ᠶᠢ ᠬᠡᠷᠡᠭᠯᠡᠬᠦ ᠶᠠᠪᠤᠴᠡ ᠳᠤᠮᠳᠠ ᠦᠷᠭᠦᠯᠵᠢ ᠳᠤᠬᠢᠶᠠᠯᠳᠤᠳᠠᠭ ᠨᠢᠭᠤᠴᠨ ᠠᠶᠤᠯ ᠢ ᠭᠤᠤᠯᠳᠠᠯᠭ᠎ᠠ ᠲᠠᠢ ᠲᠠᠶᠢᠯᠪᠦᠷᠢᠯᠠᠭᠰᠠᠨ ᠪᠠᠶᠢᠨ᠎ᠠ᠃ ᠠᠵᠢᠯᠯᠠᠭᠠᠨ ᠤ ᠠᠬᠤᠢ ᠲᠠᠯᠠᠪᠠᠢ ᠳᠤ ᠰᠠᠭᠤᠭᠠᠯᠢ ᠠᠷᠠᠳ ᠲᠤ《 ᠰᠠᠭᠤᠭᠠᠯᠢ ᠠᠷᠠᠳ ᠤᠨ ᠠᠶᠦᠯᠭᠦᠢ ᠰᠢᠲᠠᠮᠠᠬᠠᠢ ᠬᠡᠢ ᠬᠡᠷᠡᠭᠯᠡᠬᠦ ᠮᠡᠳᠡᠯᠭᠡ ᠎ ᠶᠢᠨ 60 ᠠᠰᠠᠭᠤᠯᠲᠠ 》ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 60 ᠭᠠᠷᠤᠢ ᠬᠤᠪᠢ ᠲᠠᠷᠬᠠᠭᠠᠪᠠ᠃ ᠲᠤᠰ ᠤᠳᠠᠭᠠᠨ ᠤ《 ᠰᠢᠲᠠᠬᠠᠮᠠᠢ ᠬᠡᠢ ᠶᠢᠨ ᠠᠶᠤᠯᠭᠦᠢ ᠬᠡᠷᠡᠭᠯᠡᠬᠦ ᠤᠬᠠᠭᠤᠯᠭ᠎ᠠ ᠨᠢ ᠨᠡᠶᠢᠭᠡᠮ ᠲᠤᠭᠤᠷᠢᠭ ᠲᠤ ᠤᠷᠤᠬᠤ 》ᠠᠵᠢᠯᠯᠠᠭ᠎ᠠ ᠨᠢ᠂ ᠰᠠᠭᠤᠭᠠᠯᠢ ᠠᠷᠠᠳ ᠤᠨ ᠠᠶᠦᠯᠭᠦᠢ ᠪᠠᠷ ᠰᠢᠲᠠᠮᠠᠬᠠᠢ ᠬᠡᠢ ᠶᠢ ᠤᠬᠠᠮᠰᠠᠷ ᠢ ᠨᠡᠮᠡᠭᠳᠡᠭᠦᠯᠵᠦ᠂ ᠰᠢᠲᠠᠬᠠᠮᠠᠢ ᠬᠡᠢ ᠶᠢᠨ ᠬᠡᠷᠡᠭ ᠶᠠᠪᠤᠳᠠᠯ ᠡᠭᠦᠰᠦᠭᠰᠡᠨ ᠤ ᠳᠠᠷᠠᠭᠠᠬᠢ ᠰᠢᠢᠳᠪᠦᠷᠢᠯᠡᠬᠦ ᠠᠷᠭ᠎ᠠ ᠶᠢ ᠡᠵᠡᠮᠰᠢᠨ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠲᠠᠭᠠᠰᠢᠶᠠᠯ ᠢ ᠬᠦᠷᠲᠡᠭᠰᠡᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号