ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠳᠡᠭᠡᠲᠦ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠮᠠ ᠯᠢ ᠿᠦᠩ ᠨᠠᠷ ᠴᠢᠩᠱᠠᠨ ᠲᠤᠭᠤᠷᠢᠭ ᠤᠨ ᠠᠷᠠᠳ ᠤᠨ ᠰᠢᠭᠦᠭᠦ ᠬᠤᠷᠢᠶ᠎ᠠ ᠳᠤ ᠮᠤᠷᠢᠯᠠᠨ ᠰᠠᠭᠠᠲᠠᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2018/7/10
     ᠤᠶᠢᠷ᠎ᠠ ᠳᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠳᠡᠭᠡᠲᠦ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠮᠠ ᠯᠢ ᠿᠦᠩ ᠳᠠᠭᠠᠯᠳᠤᠨ ᠶᠠᠪᠤᠭᠴᠢᠳ ᠲᠠᠢ ᠬᠠᠮᠲᠦ᠂ ᠪᠤᠭᠤᠲᠦ ᠬᠤᠲᠠ ᠶᠢᠨ ᠳᠤᠮᠳᠠ ᠵᠡᠷᠭᠡ ᠶᠢᠨ ᠠᠷᠠᠳ ᠤᠨ ᠰᠢᠭᠦᠬᠦ ᠬᠤᠷᠢᠶᠠᠨ ᠤ ᠳᠡᠳ᠋ ᠬᠤᠷᠢᠶᠠᠨ ᠳᠠᠷᠤᠭ᠎ᠠ ᠵᠠᠩ ᠴᠢᠩ ᠰᠢᠶᠠᠩ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠲᠤᠨᠤᠭᠯᠠᠯ ᠤᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠳ᠋ᠦ᠋ ᠸᠧᠢ ᠭᠤᠸᠠᠩ ᠪᠠᠷ᠎ᠠ ᠪᠤᠯᠵᠦ᠂ ᠴᠢᠩᠱᠠᠨ ᠲᠤᠭᠤᠷᠢᠭ ᠤᠨ ᠠᠷᠠᠳ ᠤᠨ ᠰᠢᠭᠦᠬᠦ ᠬᠤᠷᠢᠶᠠᠨ ᠳᠤ ᠬᠦᠷᠴᠦ᠂ ᠬᠠᠤᠯᠢ ᠴᠠᠭᠠᠵᠠ ᠶᠢᠨ ᠬᠡᠷᠡᠭᠵᠢᠭᠦᠯᠬᠦ ᠪᠠᠲᠤᠯᠠᠯᠭ᠎ᠠ ᠶᠢᠨ ᠠᠵᠢᠯ ᠤᠨ ᠦᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠦ ᠵᠢᠯᠤᠭᠤᠳᠤᠭᠰᠠᠨ ᠪᠠᠶᠢᠨ᠎ᠠ᠃ ᠴᠢᠩᠱᠠᠨ ᠲᠤᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠤ ᠳᠠᠷᠤᠭ᠎ᠠ ᠬᠦᠳᠡ ᠨᠦᠬᠦᠷ ᠴᠢᠩᠱᠠᠨ ᠲᠤᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠤᠶᠢᠷ᠎ᠠ ᠶᠢᠨ ᠵᠢᠯ ᠤᠳ ᠠᠴᠠ ᠨᠠᠰᠢ ᠪᠤᠳᠠᠰ ᠤᠨ ᠲᠤᠨᠤᠭᠯᠠᠯ ᠤᠨ ᠪᠦᠲᠦᠭᠡᠨ ᠪᠠᠶᠢᠭᠤᠯᠤᠯᠲᠠ ᠪᠠ ᠰᠢᠭᠦᠬᠦ ᠲᠢᠩᠭᠢᠮ ᠤᠨ ᠰᠢᠭᠦᠨ ᠲᠠᠰᠤᠯᠬᠤ ᠲᠦᠷᠦᠯ ᠵᠦᠢᠯ ᠤᠨ ᠦᠨᠳᠦᠰᠦᠨ ᠪᠠᠶᠢᠳᠠᠯ ᠳᠤ ᠲᠤᠰᠬᠠᠢ ᠰᠡᠳᠦᠪᠲᠦ ᠮᠡᠳᠡᠭᠦᠯᠦᠯᠲᠡ ᠬᠢᠭᠰᠡᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号