ᠴᠢᠩᠱᠠᠨ ᠲᠤᠭᠤᠷᠢᠭ 2018 ᠤᠨ ᠤ ᠠᠭᠤᠯᠠ ᠶᠢᠨ ᠦᠶᠡᠷ ᠤᠨ ᠭᠠᠢ ᠭᠠᠮᠰᠢᠭ ᠢ ᠬᠤᠷᠢᠭᠯᠠᠬᠤ ᠪᠤᠳᠠᠲᠦ ᠳᠠᠶᠢᠨ ᠤ ᠰᠤᠷᠢᠯᠲᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2018/7/10
     7 ᠰᠠᠷ᠎ᠠ ᠶᠢᠨ 9᠎ ᠤ ᠡᠳᠦᠷ ᠤᠨ ᠦᠳᠡ ᠶᠢᠨ ᠡᠮᠦᠨ᠎ᠡ᠂ ᠴᠢᠩᠱᠠᠨ ᠲᠤᠭᠤᠷᠢᠭ 2018 ᠤᠨ ᠤ ᠠᠭᠤᠯᠠ ᠎ ᠶᠢᠨ ᠦᠶᠡᠷ ᠤᠨ ᠭᠠᠢ ᠭᠠᠮᠰᠢᠭ ᠢ ᠬᠤᠷᠢᠭᠯᠠᠬᠤ ᠪᠤᠳᠠᠲᠦ ᠳᠠᠶᠢᠨ ᠤ ᠰᠤᠷᠢᠯᠲᠠ ᠶᠢ ᠦᠷᠨᠢᠭᠦᠯᠦᠭᠰᠡᠨ ᠪᠠᠶᠢᠨ᠎ᠠ᠃ ᠲᠤᠭᠤᠷᠢᠭ ᠤᠨ ᠦᠶᠡᠷ ᠢ ᠰᠡᠷᠭᠡᠶᠢᠯᠡᠬᠦ ᠭᠠᠩ ᠲᠠᠢ ᠲᠡᠮᠡᠴᠡᠬᠦ ᠵᠢᠯᠤᠭᠤᠳᠬᠤ ᠭᠠᠵᠠᠷ ᠤᠨ ᠠᠯᠪᠠᠨ ᠭᠡᠷ᠂ ᠲᠤᠭᠤᠷᠢᠭ ᠎ ᠤᠨ ᠠᠷᠳ ᠤᠨ ᠵᠡᠪᠰᠡᠭᠲᠦ ᠬᠦᠴᠦᠨ ᠤ ᠬᠡᠯᠲᠡᠰ᠂ ᠲᠤᠭᠤᠷᠢᠭ ᠤᠨ ᠡᠷᠡᠭᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠎ ᠤᠨ ᠲᠤᠪᠴᠢᠶ᠎ᠠ᠂ ᠱᠢᠩ ᠱᠧᠩ ᠪᠠᠯᠭᠠᠰᠤ᠂ ᠫᠦᠸᠧ ᠯᠦᠸᠧ ᠹᠦ᠋ ᠲᠤᠰᠬᠤᠨ ᠤ ᠨᠠᠮ ᠤᠨ ᠡᠭᠦᠷ ᠤᠨ ᠡᠪᠯᠡᠯ᠂ ᠲᠤᠰᠬᠤᠨ ᠤ ᠵᠦᠪᠯᠡᠯ ᠵᠢᠴᠢ ᠡᠯ᠎ᠡ ᠦᠶᠡᠷ ᠢ ᠰᠡᠷᠭᠡᠶᠢᠯᠡᠬᠦ ᠭᠠᠩ ᠲᠠᠢ ᠲᠡᠮᠡᠴᠡᠬᠦ ᠵᠢᠯᠤᠭᠤᠳᠬᠤ ᠭᠠᠵᠠᠷ ᠤᠨ ᠭᠡᠰᠢᠭᠦᠳ ᠪᠠᠶᠢᠭᠤᠯᠭ᠎ᠠ ᠨᠦᠭᠦᠳ ᠲᠤᠰ ᠤᠳᠠᠭᠠᠨ ᠤ ᠰᠤᠷᠢᠯᠲᠠ ᠳᠤ ᠤᠷᠤᠯᠴᠠᠪᠠ᠃ ᠲᠤᠰ ᠤᠳᠠᠭᠠᠨ ᠤ ᠰᠤᠷᠢᠯᠲᠠ ᠎ ᠶᠢᠨ ᠵᠤᠷᠢᠯᠭ᠎ᠠ ᠨᠢ ᠪᠤᠯ ᠴᠢᠩᠱᠠᠨ ᠲᠤᠭᠤᠷᠢᠭ ᠤᠨ ᠺᠠᠳ᠋ᠷ᠂ ᠤᠯᠠᠨ ᠲᠦᠮᠡᠨ ᠤ ᠦᠶᠡᠷ ᠢ ᠰᠡᠷᠭᠡᠶᠢᠯᠡᠬᠦ ᠠᠶᠦᠯᠭᠦᠢ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠲᠦᠮᠡᠨ ᠤᠯᠠᠨ ᠲᠦᠮᠡᠨ ᠠᠭᠤᠯᠠ ᠶᠢᠨ ᠦᠶᠡᠷ ᠤᠨ ᠭᠠᠢ ᠭᠠᠮᠰᠢᠭ ᠲᠤᠯᠭᠠᠷᠠᠬᠤ ᠦᠶᠡᠰ ᠲᠤ ᠦᠪᠡᠷ ᠢ ᠪᠠᠨ ᠠᠪᠤᠷᠠᠬᠤ ᠴᠢᠳᠠᠪᠦᠷᠢ ᠪᠠ ᠠᠮᠢ ᠵᠢᠭᠤᠳᠠᠬᠤ ᠴᠢᠳᠠᠪᠦᠷᠢ ᠶᠢ ᠳᠡᠭᠡᠭᠰᠢᠯᠡᠭᠦᠯᠦᠨ᠂ ᠰᠤᠷᠢᠯᠲᠠ ᠪᠠᠷ ᠳᠠᠮᠵᠢᠨ ᠺᠠᠳ᠋ᠷ ᠤᠯᠠᠨ ᠲᠦᠮᠡᠨ ᠪᠠ ᠡᠯ᠎ᠡ ᠰᠠᠯᠠᠭ᠎ᠠ ᠮᠦᠴᠢᠷ ᠤᠨ ᠬᠤᠭᠤᠷᠤᠨᠳᠤᠬᠢ ᠵᠤᠬᠢᠴᠠᠭᠤᠯᠬᠤ ᠴᠢᠳᠠᠪᠦᠷᠢ ᠶᠢ ᠳᠡᠭᠡᠭᠰᠢᠯᠡᠭᠦᠯᠵᠦ᠂ ᠺᠠᠳ᠋ᠷ ᠤᠯᠠᠨ ᠲᠦᠮᠡᠨ ᠤ ᠠᠰᠢᠭᠲᠠᠢ ᠠᠮᠢ ᠵᠢᠭᠤᠳᠠᠵᠦ ᠦᠪᠡᠷ ᠢ ᠎ ᠪᠠᠨ ᠠᠪᠤᠷᠠᠬᠤ ᠴᠢᠳᠠᠪᠦᠷᠢ ᠶᠢ ᠡᠵᠡᠮᠰᠢᠯᠡᠭᠦᠯᠦᠭᠰᠡᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号