7 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠳᠤᠮᠳᠠᠲᠦ ᠤᠯᠤᠰ ᠤᠨ ᠤᠳᠬ᠎ᠠ ᠵᠤᠬᠢᠶᠠᠯ | ᠤᠷᠠᠯᠢᠭ ᠤᠨ ᠬᠤᠯᠪᠤᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠯᠢ ᠢ | ᠨᠢᠭᠡ ᠪᠦᠯᠦᠭ ᠬᠦᠮᠦᠰ ᠦᠪᠦᠷ ᠮᠤᠩᠭᠤᠯ ᠤᠨ ᠤᠳᠬ᠎ᠠ ᠵᠤᠬᠢᠶᠠᠯ ᠤᠷᠠᠯᠢᠭ ᠤᠨ ᠬᠤᠯᠪᠤᠭ᠎ᠠ ᠶᠢᠨ ᠦᠭᠡᠷᠡᠴᠢᠯᠡᠯᠲᠡ | ᠶᠢ ᠬᠦᠨᠵᠡᠭᠡᠶᠢᠷᠡᠭᠦᠯᠦᠭᠰᠡᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠬᠤ ᠰᠠᠭᠤᠳᠠᠯ ᠤᠨ ᠬᠤᠷᠠᠯ ᠨᠢ ᠬᠦᠬᠡᠬᠤᠲᠠ | ᠶᠢᠨ ᠰᠢᠨ ᠴᠧᠩ ᠵᠤᠴᠢᠳ ᠤᠨ ᠪᠠᠭᠤᠳᠠᠯ ᠳᠤ ᠬᠤᠷᠠᠯᠳᠤᠪᠠ᠃ ᠴᠢᠩᠱᠠᠨ ᠲᠤᠭᠤᠷᠢᠭ ᠤᠨ ᠤᠳᠬ᠎ᠠ ᠵᠤᠬᠢᠶᠠᠯ | ᠤᠷᠠᠯᠢᠭ ᠤᠨ ᠬᠤᠯᠪᠤᠭ᠎ᠠ ᠨᠢ ᠪᠤᠭᠤᠲᠦ ᠬᠤᠲᠠ ᠶᠢᠨ ᠬᠤᠰᠢᠭᠤ ᠰᠢᠶᠠᠨ ᠲᠤᠭᠤᠷᠢᠭ ᠤᠨ ᠤᠳᠬ᠎ᠠ ᠵᠤᠬᠢᠶᠠᠯ | ᠤᠷᠠᠯᠢᠭ ᠤᠨ ᠬᠤᠯᠪᠤᠭ᠎ᠠ ᠶᠢᠨ ᠴᠤᠷ ᠤᠨ ᠭᠠᠭᠴᠠ ᠲᠦᠯᠦᠭᠡᠯᠡᠭᠴᠢ ᠪᠠᠷ ᠬᠤᠷᠠᠯ ᠳᠤ ᠤᠷᠤᠯᠴᠠᠬᠤ ᠶᠢᠨ ᠬᠠᠮᠲᠦ | ᠲᠤᠷᠰᠢᠯᠠᠭ᠎ᠠ ᠪᠠᠨ ᠰᠤᠯᠢᠯᠴᠠᠭᠰᠠᠨ ᠪᠠᠶᠢᠨ᠎ᠠ᠃ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠪᠠᠢ ᠢᠦᠢ ᠭᠠᠩ ᠬᠤᠷᠠᠯ ᠳᠤ ᠤᠷᠤᠯᠴᠠᠵᠦ᠂ ᠦᠪᠦᠷ ᠮᠤᠩᠭᠤᠯ ᠤᠨ ᠤᠳᠬ᠎ᠠ | ᠵᠤᠬᠢᠶᠠᠯ ᠤᠷᠠᠯᠢᠭ ᠤᠨ ᠬᠤᠯᠪᠤᠭ᠎ᠠ ᠶᠢᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠭᠰᠡᠨ ᠠᠵᠢᠯ ᠤᠨ ᠰᠡᠳᠭᠢᠴᠡ ᠪᠠ | ᠰᠠᠨᠠᠯ ᠢᠶᠠᠨ ᠵᠢᠭᠠᠨ ᠭᠠᠷᠭᠠᠵᠦ᠂ ᠳᠤᠮᠳᠠᠳᠦ ᠤᠯᠤᠰ ᠤᠨ ᠤᠳᠬ᠎ᠠ ᠵᠤᠬᠢᠶᠠᠯ ᠤᠷᠠᠯᠢᠭ ᠤᠨ ᠬᠤᠯᠪᠤᠭᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠯᠢ ᠢ ᠠᠴᠠ ᠴᠢᠬᠤᠯᠠ ᠶᠠᠷᠢᠶ᠎ᠠ ᠲᠠᠯᠪᠢᠨ᠂ ᠦᠪᠦᠷ | ᠮᠤᠩᠭᠤᠯ ᠤᠨ ᠤᠳᠬ᠎ᠠ ᠵᠤᠬᠢᠶᠠᠯ ᠤᠷᠠᠯᠢᠭ ᠤᠨ ᠠᠵᠢᠠᠯ ᠤᠨ ᠤᠯᠤᠭᠰᠠᠨ ᠦᠷ᠎ᠡ ᠪᠦᠲᠦᠭᠡᠯ ᠢ ᠨᠤᠲᠠᠯᠠᠵᠦ᠂ ᠦᠪᠦᠷ | ᠮᠤᠩᠭᠤᠯ ᠤᠨ ᠤᠳᠬ᠎ᠠ ᠵᠤᠬᠢᠶᠠᠯ ᠤᠷᠠᠯᠢᠭ ᠤᠨ ᠬᠤᠯᠪᠤᠭ᠎ᠠ ᠶᠢᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠭᠰᠡᠨ | ᠬᠦᠭᠵᠢᠭᠦᠯᠬᠦ ᠳᠤ ᠲᠠᠪᠤᠨ ᠲᠠᠯ᠎ᠠ ᠶᠢᠨ ᠵᠢᠯᠤᠭᠤᠳᠬᠤ ᠴᠢᠨᠠᠷᠲᠠᠢ ᠰᠠᠨᠠᠯ ᠢ ᠳᠤᠷᠠᠳᠤᠭᠰᠠᠨ ᠪᠠᠶᠢᠨ᠎ᠠ᠃ | | |