ᠴᠢᠩᠱᠠᠨ ᠲᠤᠭᠤᠷᠢᠭ ᠤᠨ ᠬᠤᠷᠢᠶ᠎ᠠ ᠶᠢᠨ ᠤᠬᠠᠭᠤᠯᠬᠤ ᠬᠡᠯᠲᠡᠰ ᠭᠡᠨᠡᠳᠲᠡ ᠶᠢᠨ ᠤᠯᠠᠨ ᠤ ᠪᠠᠶᠢᠳᠠᠯ ᠢ ᠪᠠᠴᠢᠮ ᠠᠷᠭᠠᠴᠠᠵᠦ ᠰᠢᠢᠳᠪᠦᠷᠢᠯᠡᠬᠦ ᠠᠵᠢᠯ ᠤᠨ ᠲᠤᠬᠢᠷᠠᠭᠤᠯᠬᠤ ᠬᠤᠷᠠᠯ ᠢ ᠬᠤᠷᠠᠯᠳᠤᠪᠠ
ᠨᠡᠶᠢᠲᠡᠯᠡᠭᠰᠡᠨ ᠴᠠᠭ᠄
2018/7/12
     7 ᠰᠠᠷ᠎ᠠ ᠶᠢᠨ 11᠎ ᠤ ᠡᠳᠦᠷ᠂ ᠴᠢᠩᠱᠠᠨ ᠲᠤᠭᠤᠷᠢᠭ ᠤᠨ ᠬᠤᠷᠢᠶ᠎ᠠ ᠶᠢᠨ ᠤᠬᠠᠭᠤᠯᠬᠤ ᠬᠡᠯᠲᠡᠰ ᠭᠡᠨᠡᠳᠲᠡ ᠎ ᠶᠢᠨ ᠤᠯᠠᠨ ᠤ ᠪᠠᠶᠢᠳᠠᠯ ᠢ ᠪᠠᠴᠢᠮ ᠠᠷᠭᠠᠴᠠᠵᠦ ᠰᠢᠢᠳᠪᠦᠷᠢᠯᠡᠬᠦ ᠠᠵᠢᠯ ᠤᠨ ᠲᠤᠬᠢᠷᠠᠭᠤᠯᠬᠤ ᠬᠤᠷᠠᠯ ᠢ ᠬᠤᠷᠠᠯᠳᠤᠵᠦ᠂ ᠲᠤᠭᠤᠷᠢᠭ ᠤᠨ ᠬᠤᠷᠢᠶ᠎ᠠ ᠶᠢᠨ ᠠᠯᠪᠡᠨ ᠭᠡᠷ᠂ ᠵᠠᠰᠠᠭ ᠤᠨ ᠤᠷᠳᠤᠨ ᠤ ᠠᠯᠪᠠᠨ ᠭᠡᠷ᠂ ᠲᠤᠲᠤᠭᠠᠲᠦ ᠶᠢ ᠬᠠᠮᠠᠭᠠᠯᠠᠬᠤ ᠲᠤᠪᠴᠢᠶ᠎ᠠ᠂ ᠵᠠᠮ ᠬᠠᠷᠢᠯᠴᠠᠭ᠎ᠠ ᠴᠠᠭᠳᠠᠭᠠᠨ ᠤ ᠶᠡᠭᠡ ᠠᠩᠭᠢ᠂ ᠭᠠᠯ ᠰᠡᠷᠭᠡᠶᠢᠯᠡᠬᠦ᠂ ᠡᠷᠡᠭᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠤᠨ ᠲᠤᠪᠴᠢᠶ᠎ᠠ᠂ ᠠᠶᠦᠯᠭᠦᠢ ᠦᠢᠯᠡᠳᠪᠦᠷᠢᠯᠡᠬᠦ ᠬᠠᠮᠢᠶᠠᠷᠤᠯᠲᠠ ᠶᠢᠨ ᠲᠤᠪᠴᠢᠶ᠎ᠠ᠂ ᠰᠤᠨᠢᠨ ᠮᠡᠳᠡᠭᠡᠨ ᠤ ᠲᠦᠪ᠂ ᠰᠦᠯᠵᠢᠶᠡᠨ ᠤ ᠮᠡᠳᠡᠭᠡᠯᠡᠯ ᠤᠨ ᠠᠯᠪᠠᠨ ᠭᠡᠷ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠲᠠᠨ ᠨᠠᠷ ᠬᠤᠷᠠᠯ ᠳᠤ ᠤᠷᠤᠯᠴᠠᠭᠰᠠᠨ ᠪᠠᠶᠢᠨ᠎ᠠ᠃ ᠬᠤᠷᠠᠯ ᠨᠢ ᠭᠡᠨᠡᠳᠲᠡ ᠶᠢᠨ ᠤᠯᠠᠨ ᠤ ᠪᠠᠶᠢᠳᠠᠯ ᠤᠨ ᠰᠤᠨᠢᠨ ᠮᠡᠳᠡᠭᠡ ᠨᠡᠶᠢᠲᠡᠯᠡᠬᠦ᠂ ᠠᠬᠤᠢ ᠲᠠᠯᠠᠪᠠᠢ ᠳᠤ ᠬᠠᠮᠢᠶᠠᠷᠤᠨ ᠡᠷᠬᠡᠰᠢᠶᠡᠬᠦ᠂ ᠡᠩᠨᠡᠭᠡ ᠶᠢᠨ ᠬᠠᠮᠢᠶᠠᠷᠤᠯᠲᠠ ᠵᠡᠷᠭᠡ ᠭᠡᠨᠡᠳᠲᠡ ᠶᠢᠨ ᠬᠡᠷᠡᠭ ᠶᠠᠪᠤᠳᠠᠯ ᠢ ᠪᠠᠴᠢᠮ ᠠᠷᠭᠠᠴᠠᠵᠦ ᠰᠢᠢᠳᠪᠦᠷᠢᠯᠡᠬᠦ ᠪᠠ ᠵᠤᠬᠢᠴᠠᠯᠳᠤᠨ ᠬᠠᠮᠵᠢᠯᠴᠠᠬᠤ ᠬᠤᠯᠪᠤᠭᠳᠠᠯ ᠪᠦᠬᠦᠢ ᠠᠭᠤᠯᠭ᠎ᠠ ᠳᠤ ᠵᠦᠪᠳᠡᠯᠴᠡᠵᠦ ᠪᠠᠶᠢᠷᠢᠯᠠᠭᠤᠯᠤᠯᠲᠠ ᠬᠢᠵᠦ᠂ ᠡᠯ᠎ᠡ ᠪᠠᠶᠢᠭᠤᠯᠭ᠎ᠠ ᠶᠢ ᠲᠠᠨᠢᠯᠲᠠ ᠎ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠴᠢᠩᠭᠠᠳᠬᠠᠨ᠂ ᠭᠡᠨᠡᠳᠲᠡ ᠶᠢᠨ ᠬᠡᠷᠡᠭ ᠶᠠᠪᠤᠳᠠᠯ ᠎ ᠢ ᠬᠠᠮᠢᠶᠠᠷᠤᠨ ᠡᠷᠭᠡᠰᠢᠶᠡᠬᠦ ᠵᠢᠴᠢ ᠵᠠᠭᠤᠴᠢᠯᠠᠭᠤᠷ ᠪᠠ ᠵᠠᠭᠤᠴᠢᠯᠠᠭᠤᠷ ᠤᠨ ᠪᠤᠰᠤ ᠶᠢ ᠵᠤᠯᠭᠠᠭᠤᠯᠬᠤ ᠵᠡᠷᠭᠡ ᠬᠠᠮᠢᠶ᠎ᠠ ᠪᠦᠬᠦᠢ ᠠᠵᠢᠯ ᠢᠳᠡᠪᠬᠢᠲᠡᠢ ᠯᠠᠪᠳᠠᠭᠤᠨ ᠢᠶᠠᠷ ᠰᠠᠶᠢᠲᠦᠷ ᠬᠢᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号