ᠸᠠᠨ ᠵᠢᠶᠦ᠋ᠨ ᠨᠡᠶᠢᠭᠡᠮ ᠲᠤᠭᠤᠷᠢᠭ《ᠭᠠᠯ ᠰᠡᠷᠭᠡᠶᠢᠯᠡᠬᠦ ᠶᠢ ᠨᠡᠶᠢᠭᠡᠮ ᠲᠤᠭᠤᠷᠢᠭ ᠲᠤ ᠤᠷᠤᠭᠤᠯᠬᠤ》ᠤᠬᠠᠭᠤᠯᠭ᠎ᠠ ᠶᠢᠨ ᠰᠤᠷᠢᠯᠲᠠ ᠶᠢᠨ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2018/7/16
     ᠤᠶᠢᠷ᠎ᠠ ᠳᠤ᠂ ᠸᠠᠨ ᠵᠢᠶᠦ᠋ᠨ ᠨᠡᠶᠢᠭᠡᠮ ᠲᠤᠭᠤᠷᠢᠭ ᠳᠤᠮᠳᠠᠲᠦ ᠤᠯᠤᠰ ᠤᠨ ᠠᠶᠦᠯᠭᠦᠢ ᠡᠷᠡᠭᠦᠯ ᠮᠡᠨᠳᠦ ᠶᠢᠨ ᠰᠤᠷᠭᠠᠨ ᠬᠦᠮᠦᠵᠢᠯ ᠤᠨ ᠪᠤᠭᠤᠲᠦ ᠦᠷᠲᠡᠭᠡᠨ ᠤ ᠯᠢ ᠵᠢᠶᠠ ᠰᠢᠨ ᠰᠤᠷᠭᠠᠭᠴᠢ ᠶᠢ ᠤᠷᠢᠵᠦ《 ᠭᠠᠯ ᠰᠡᠷᠭᠡᠶᠢᠯᠡᠬᠦ ᠎ ᠶᠢ ᠨᠡᠶᠢᠭᠡᠮ ᠲᠤᠭᠤᠷᠢᠭ ᠲᠤ ᠤᠷᠤᠭᠤᠯᠬᠤ 》ᠤᠬᠠᠭᠤᠯᠭ᠎ᠠ ᠶᠢᠨ ᠰᠤᠷᠢᠯᠲᠠ ᠶᠢᠨ ᠠᠵᠢᠯᠯᠠᠭ᠎ᠠ ᠶᠢ ᠦᠷᠨᠢᠭᠦᠯᠦᠭᠰᠡᠨ ᠪᠠᠶᠢᠨ᠎ᠠ᠃      ᠭᠠᠯ ᠰᠡᠷᠭᠡᠶᠢᠯᠡᠬᠦ ᠤᠬᠠᠭᠤᠯᠭ᠎ᠠ ᠶᠢ ᠤᠯᠠᠨ ᠲᠦᠮᠡᠨᠴᠢᠯᠡᠬᠦ ᠨᠢ᠂ ᠮᠡᠳᠡᠯᠭᠡ ᠶᠢᠨ ᠬᠡᠷᠡᠭᠯᠡᠭᠡᠲᠦ ᠴᠢᠨᠠᠷ ᠢ ᠴᠢᠩᠭᠠᠳᠬᠠᠬᠤ ᠳᠤ ᠪᠠᠶᠢᠳᠠᠭ᠃ ᠰᠤᠷᠭᠠᠭᠴᠢ ᠠᠴᠠ ᠤᠳᠤᠬᠠᠨ ᠤ ᠦᠪᠡᠷ ᠢ ᠪᠠᠨ ᠬᠠᠮᠠᠭᠠᠯᠠᠵᠦ ᠠᠪᠤᠷᠠᠬᠤ ᠴᠢᠳᠠᠪᠦᠷᠢ ᠳᠤᠤᠷ᠎ᠠ ᠪᠠᠶᠢᠬᠤ᠂ ᠰᠠᠭᠤᠭᠠᠯᠢ ᠠᠷᠠᠳ ᠤᠨ ᠭᠠᠯ ᠰᠡᠷᠭᠡᠶᠢᠯᠡᠬᠦ ᠠᠶᠦᠯᠭᠦᠢ ᠤᠬᠠᠮᠰᠠᠷ ᠪᠦᠤᠷ ᠲᠦᠤᠷ ᠵᠡᠷᠭᠡ ᠪᠤᠳᠠᠲᠠᠢ ᠪᠠᠶᠢᠳᠠᠯ ᠲᠠᠢ ᠤᠶᠠᠯᠳᠤᠭᠤᠯᠤᠨ᠂ ᠬᠦᠮᠦᠰ ᠲᠤ ᠭᠠᠯ ᠰᠡᠷᠭᠡᠶᠢᠯᠡᠬᠦ ᠠᠷᠭ᠎ᠠ ᠳᠡᠮ᠂ ᠭᠠᠯ ᠰᠡᠷᠭᠡᠶᠢᠯᠡᠬᠦ ᠠᠶᠦᠯᠭᠦᠢ ᠶᠢᠨ ᠶᠡᠷᠦ ᠶᠢᠨ ᠮᠡᠳᠡᠯᠭᠡ ᠶᠢ ᠨᠠᠷᠢᠨ ᠬᠢᠨᠠᠮᠠᠭᠠᠢ ᠲᠠᠶᠢᠯᠪᠦᠷᠢᠯᠠᠬᠤ ᠶᠢᠨ ᠬᠠᠮᠲᠦ ᠭᠠᠯ ᠤᠨ ᠭᠠᠮᠰᠢᠭ ᠢ ᠬᠡᠷᠬᠢᠨ ᠤᠨᠲᠠᠷᠠᠭᠠᠨ ᠠᠪᠤᠷᠠᠬᠤ᠂ ᠭᠠᠯ ᠤᠨ ᠲᠠᠯᠠᠪᠤᠷ ᠲᠤ ᠬᠡᠷᠬᠢᠨ ᠦᠪᠡᠷ ᠢ ᠪᠠᠨ ᠠᠪᠤᠷᠠᠵᠦ ᠠᠮᠢ ᠵᠢᠭᠤᠳᠠᠬᠤ ᠵᠢᠴᠢ ᠬᠦᠮᠦᠰ ᠶᠢ ᠵᠤᠬᠢᠶᠠᠨ ᠪᠠᠶᠢᠭᠤᠯᠵᠦ ᠲᠠᠷᠬᠠᠭᠠᠬᠤ ᠵᠡᠷᠭᠡ ᠶᠢ ᠠᠬᠤᠢ ᠲᠠᠯᠠᠪᠠᠢ ᠶᠢᠨ ᠰᠤᠷᠢᠯᠲᠠ ᠶᠢ ᠶᠠᠪᠤᠭᠳᠠᠭᠤᠯᠪᠠ᠃ ᠰᠤᠷᠭᠠᠭᠴᠢ ᠶᠢᠨ ᠲᠠᠶᠢᠯᠪᠦᠷᠢᠯᠠᠯᠲᠠ ᠪᠠ ᠪᠤᠳᠠᠲᠠᠢ ᠰᠤᠷᠢᠯᠲᠠ ᠪᠠᠷ ᠳᠠᠮᠵᠢᠨ᠂ ᠤᠯᠠᠨ ᠤ ᠭᠠᠯ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠯ ᠰᠡᠷᠭᠡᠶᠢᠯᠡᠬᠦ ᠠᠶᠦᠯᠭᠦᠢ ᠶᠢ ᠤᠷᠢᠳᠴᠢᠯᠠᠨ ᠰᠡᠷᠭᠡᠶᠢᠯᠡᠬᠦ ᠴᠢᠳᠠᠪᠦᠷᠢ ᠶᠢ ᠰᠠᠶᠢᠵᠢᠷᠠᠭᠤᠯᠤᠨ᠂ ᠨᠡᠶᠢᠭᠡᠮ ᠲᠤᠭᠤᠷᠢᠭ ᠤᠨ ᠠᠶᠦᠯᠭᠦᠢ ᠲᠤᠭᠲᠠᠭᠤᠨ ᠳᠤ ᠬᠦᠴᠦᠲᠡᠢ ᠪᠠᠲᠤᠯᠭ᠎ᠠ ᠶᠢ ᠬᠠᠩᠭᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号