ᠴᠢᠩ ᠹᠦ᠋ ᠪᠠᠯᠭᠠᠰᠤ ᠠᠷᠪᠠᠳᠤᠭᠠᠷ ᠤᠳᠠᠭᠠᠨ ᠤ ᠦᠨᠳᠦᠰᠦᠲᠡᠨ ᠱᠠᠰᠢᠨ ᠰᠤᠷᠳᠠᠬᠤᠨ ᠮᠤᠩᠭᠤᠯ ᠬᠡᠯᠡ ᠪᠢᠴᠢᠭ ᠤᠨ ᠬᠠᠤᠯᠢ ᠳᠦᠷᠢᠮ ᠤᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2018/7/17
     ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠬᠤᠷᠠᠯ ᠤᠨ ᠵᠤᠷᠢᠭ ᠰᠠᠨᠠᠭ᠎ᠠ ᠎ ᠶᠢ ᠪᠦᠬᠦ ᠲᠠᠯ᠎ᠠ ᠪᠠᠷ ᠲᠤᠤᠱᠯᠠᠭᠤᠯᠵᠦ᠂ ᠡᠯ᠎ᠡ ᠦᠨᠳᠦᠰᠦᠲᠡᠨ ᠤ ᠺᠠᠳ᠋ᠷ ᠤᠯᠠᠨ ᠲᠦᠮᠡᠨ ᠤ ᠦᠨᠳᠦᠰᠦᠲᠡᠨ ᠱᠠᠰᠢᠨ ᠰᠤᠷᠳᠠᠬᠤᠨ ᠮᠤᠩᠭᠤᠯ ᠬᠡᠯᠡ ᠪᠢᠴᠢᠭ ᠤᠨ ᠬᠠᠤᠯᠢ ᠴᠠᠭᠠᠵᠠ ᠶᠢᠨ ᠤᠬᠠᠮᠰᠠᠷ ᠢ ᠴᠢᠩᠭᠠᠳᠬᠠᠨ᠂ ᠴᠦᠬᠡᠨ ᠲᠤᠭᠠᠲᠦ ᠦᠨᠳᠦᠰᠦᠲᠡᠨ ᠤ ᠤᠷᠤᠨ ᠤ ᠠᠵᠦ ᠠᠬᠤᠢ ᠨᠡᠶᠢᠭᠡᠮ ᠤᠨ ᠪᠦᠬᠦ ᠲᠠᠯ᠎ᠠ ᠶᠢᠨ ᠬᠦᠭᠵᠢᠯᠲᠠ ᠶᠢ ᠬᠠᠤᠯᠢ ᠶᠤᠰᠤᠭᠠᠷ ᠪᠠᠲᠤᠯᠠᠬᠤ ᠪᠠ ᠠᠬᠢᠭᠤᠯᠵᠦ᠂ ᠡᠷᠬᠡ ᠲᠡᠭᠰᠢ᠂ ᠪᠦᠯᠬᠦᠮᠳᠡᠯ᠂ ᠬᠠᠷᠢᠯᠴᠠᠨ ᠬᠠᠪᠰᠤᠷᠤᠯᠴᠠᠬᠤ᠂ ᠡᠶ᠎ᠡ ᠨᠠᠶᠢᠷᠠᠮᠳᠠᠭᠤ ᠨᠡᠶᠢᠭᠡᠮ ᠵᠢᠷᠦᠮ ᠤᠨ ᠦᠨᠳᠦᠰᠦᠲᠡᠨ ᠤ ᠬᠠᠷᠢᠴᠠᠭ᠎ᠠ ᠶᠢ ᠪᠠᠲᠤᠳᠬᠠᠨ ᠬᠦᠭᠵᠢᠭᠦᠯᠬᠦ ᠶᠢᠨ ᠲᠦᠯᠦᠭᠡ᠂ ᠴᠢᠩ ᠹᠦ᠋ ᠪᠠᠯᠭᠠᠰᠤ 7 ᠰᠠᠷ᠎ᠠ ᠶᠢᠨ 5᠎ ᠤ ᠡᠳᠦᠷ ᠠᠴᠠ 7 ᠰᠠᠷ᠎ᠠ ᠶᠢᠨ 10᠎ ᠤ ᠡᠳᠦᠷ ᠲᠤ᠂ ᠪᠦᠬᠦ ᠪᠠᠯᠭᠠᠰᠤᠨ ᠳᠤ《 ᠬᠠᠮᠲᠦᠪᠠᠷ ᠪᠦᠯᠬᠦᠮᠳᠡᠨ ᠲᠡᠮᠡᠴᠡᠵᠦ ᠬᠠᠮᠲᠦᠪᠠᠷ ᠴᠡᠴᠡᠭᠯᠡᠨ ᠬᠦᠭᠵᠢᠶ᠎ᠡ 》ᠬᠡᠬᠦ ᠠᠷᠪᠠᠳᠤᠭᠠᠷ ᠤᠳᠠᠭᠠᠨ ᠤ ᠦᠨᠳᠦᠰᠦᠲᠡᠨ ᠱᠠᠰᠢᠨ ᠰᠤᠷᠳᠠᠬᠤᠨ ᠮᠤᠩᠭᠤᠯ ᠬᠡᠯᠡ ᠪᠢᠴᠢᠭ ᠤᠨ ᠬᠠᠤᠯᠢ ᠳᠦᠷᠢᠮ ᠤᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠦᠷᠨᠢᠭᠦᠯᠦᠭᠰᠡᠨ ᠪᠠᠶᠢᠨ᠎ᠠ᠃      ᠲᠤᠰ ᠤᠳᠠᠭᠠᠨ ᠤ ᠦᠨᠳᠦᠰᠦᠲᠡᠨ ᠱᠠᠰᠢᠨ ᠰᠤᠷᠳᠠᠬᠤᠨ ᠤ ᠮᠤᠩᠭᠤᠯ ᠬᠡᠯᠡ ᠪᠢᠴᠢᠭ ᠤᠨ ᠬᠠᠤᠯᠢ ᠳᠦᠷᠢᠮ ᠎ ᠤᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠨᠢ ᠦᠨᠳᠦᠰᠦᠲᠡᠨ ᠤ ᠪᠦᠯᠬᠦᠮᠳᠡᠯ ᠢ ᠠᠬᠢᠭᠤᠯᠵᠦ᠂ ᠱᠠᠰᠢᠨ ᠰᠤᠷᠳᠠᠬᠤᠨ ᠡᠶ᠎ᠡ ᠨᠠᠶᠢᠷᠠᠮᠳᠠᠭᠤ ᠶᠢ ᠠᠬᠢᠭᠤᠯᠬᠤ ᠭᠤᠤᠯ ᠰᠢᠵᠢᠮ ᠤᠨ ᠲᠤᠭᠤᠷᠢᠨ ᠳᠤ᠂ ᠡᠯᠪᠡᠭ ᠪᠠᠶᠠᠯᠢᠭ ᠠᠭᠤᠯᠭ᠎ᠠ ᠎ ᠲᠠᠢ ᠦᠨᠳᠦᠰᠦᠲᠡᠨ ᠱᠠᠰᠢᠨ ᠰᠤᠷᠳᠠᠬᠤᠨ ᠮᠤᠩᠭᠤᠯ ᠬᠡᠯᠡ ᠪᠢᠴᠢᠭ ᠤᠨ ᠬᠠᠤᠯᠢ ᠳᠦᠷᠢᠮ ᠤᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠡᠨ ᠢᠶᠠᠷ ᠦᠷᠨᠢᠭᠦᠯᠵᠦ᠂ ᠦᠷᠭᠡᠨ ᠤᠯᠠᠨ ᠺᠠᠳ᠋ᠷ ᠤᠯᠠᠨ ᠲᠦᠮᠡᠨ ᠤ ᠬᠠᠤᠯᠢ ᠶᠢ ᠮᠡᠳᠡᠵᠦ᠂ ᠬᠠᠤᠯᠢ ᠶᠢ ᠤᠶᠢᠯᠭᠠᠨ᠂ ᠬᠠᠤᠯᠢ ᠶᠢ ᠰᠠᠬᠢᠵᠦ᠂ ᠨᠠᠮ ᠤᠨ ᠦᠨᠳᠦᠰᠦᠲᠡᠨ ᠱᠠᠰᠢᠨ ᠰᠤᠷᠳᠠᠬᠤᠨ ᠮᠤᠩᠭᠤᠯ ᠬᠡᠯᠡ ᠪᠢᠴᠢᠭ ᠤᠨ ᠲᠦᠷᠦ ᠶᠢᠨ ᠪᠤᠳᠤᠯᠭ᠎ᠠ ᠶᠢ ᠤᠬᠠᠮᠰᠠᠷ ᠠᠴᠠ ᠪᠠᠨ ᠲᠤᠤᠱᠯᠠᠭᠤᠯᠤᠨ ᠨᠠᠶᠢᠲᠠᠪᠦᠷᠢᠵᠢᠭᠤᠯᠵᠦ᠂ ᠴᠢᠩ ᠹᠦ᠋ ᠪᠠᠯᠭᠠᠰᠤ ᠶᠢᠨ ᠬᠠᠤᠯᠢ ᠶᠤᠰᠤᠭᠠᠷ ᠪᠠᠯᠭᠠᠰᠤ ᠪᠠᠨ ᠵᠠᠰᠠᠬᠤ ᠶᠠᠪᠤᠴᠠ ᠶᠢ ᠠᠬᠢᠭᠤᠯᠤᠨ᠂ ᠴᠢᠩ ᠹᠦ᠋ ᠪᠠᠯᠭᠠᠰᠤ ᠶᠢᠨ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠨᠠᠶᠢᠷᠠᠮᠳᠠᠭᠤ ᠲᠤᠭᠲᠠᠭᠤᠨ ᠢ ᠬᠠᠮᠠᠭᠠᠯᠠᠬᠤ ᠳᠤ ᠰᠠᠶᠢᠨ ᠰᠠᠶᠢᠬᠠᠨ ᠬᠠᠤᠯᠢ ᠳᠦᠷᠢᠮ ᠤᠨ ᠤᠷᠴᠢᠨ ᠢ ᠪᠤᠢ ᠪᠤᠯᠭᠠᠭᠰᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号