ᠪᠤᠭᠤᠲᠦ ᠬᠤᠲᠠ ᠶᠢᠨ ᠬᠠᠩᠭᠠᠨ ᠪᠤᠷᠤᠯᠠᠭᠤᠯᠬᠤ ᠬᠤᠷᠰᠢᠶ᠎ᠠ ᠶᠢᠨ ᠡᠷᠬᠢᠯᠡᠭᠴᠢ ᠵᠠᠩ ᠪᠢᠨ ᠴᠢᠩᠱᠠᠨ ᠲᠤᠭᠤᠷᠢᠭ ᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2018/7/17
     ᠴᠢᠩᠱᠠᠨ ᠲᠤᠭᠤᠷᠢᠭ ᠤᠨ ᠬᠠᠩᠭᠠᠨ ᠪᠤᠷᠤᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠨ ᠦᠭᠡᠷᠡᠴᠢᠯᠡᠯᠲᠡ ᠶᠢᠨ ᠠᠯᠬᠤᠮ ᠢ ᠦᠳᠲᠤᠷ ᠲᠦᠷᠭᠡᠨ ᠲᠦᠯᠭᠢᠨ ᠠᠬᠢᠭᠤᠯᠵᠦ᠂ ᠲᠠᠷᠢᠶᠠᠯᠠᠩ ᠤᠨ ᠦᠢᠯᠡᠰ ᠤᠨ ᠨᠡᠶᠢᠭᠡᠮᠴᠢᠯᠡᠯᠲᠡ ᠶᠢᠨ ᠦᠢᠯᠡᠴᠢᠯᠡᠭᠡᠨ ᠤ ᠰᠢᠰᠲ᠋ᠧᠮ ᠢ ᠪᠦᠲᠦᠭᠡᠨ ᠪᠠᠶᠢᠭᠤᠯᠤᠨ᠂ ᠴᠢᠩᠱᠠᠨ ᠲᠤᠭᠤᠷᠢᠭ ᠤᠨ ᠲᠠᠷᠢᠶᠠᠯᠠᠩ ᠦᠢᠯᠡᠰ ᠤᠨ ᠤᠳᠤᠬᠢᠴᠢᠯᠠᠯᠲᠠ ᠶᠢᠨ ᠬᠦᠭᠵᠢᠯᠲᠡ ᠶᠢ ᠠᠬᠢᠭᠤᠯᠵᠦ᠂ ᠲᠠᠷᠢᠶᠠᠴᠢᠨ ᠢ ᠲᠤᠰᠠᠯᠠᠵᠦ ᠤᠷᠤᠯᠭ᠎ᠠ ᠶᠢ ᠨᠡᠮᠡᠭᠳᠡᠭᠦᠯᠬᠦ ᠶᠢᠨ ᠲᠦᠯᠦᠭᠡ᠂ ᠤᠶᠢᠷ᠎ᠠ ᠳᠤ᠂ ᠴᠢᠩᠱᠠᠨ ᠲᠤᠭᠤᠷᠢᠭ ᠤᠨ ᠬᠠᠩᠭᠠᠨ ᠪᠤᠷᠤᠯᠠᠭᠤᠯᠬᠤ ᠬᠤᠷᠰᠢᠶ᠎ᠠ ᠠᠴᠠ ᠪᠤᠭᠤᠲᠦ ᠬᠤᠲᠠ ᠎ ᠶᠢᠨ ᠬᠠᠩᠭᠠᠨ ᠪᠤᠷᠤᠯᠠᠭᠤᠯᠬᠤ ᠬᠤᠷᠰᠢᠶ᠎ᠠ ᠶᠢᠨ ᠡᠷᠬᠢᠯᠡᠭᠴᠢ ᠵᠠᠩ ᠪᠢᠨ ᠢ ᠤᠷᠢᠵᠦ᠂ ᠴᠢᠩᠱᠠᠨ ᠲᠤᠭᠤᠷᠢᠭ ᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠦᠨᠳᠦᠰᠦᠲᠡᠨ ᠤ ᠬᠡᠤᠬᠡᠳ ᠤᠨ ᠴᠡᠴᠷᠯᠢᠭ ᠤᠨ ᠰᠢᠨ᠎ᠡ ᠰᠤᠷᠭᠤᠭ ᠢᠳᠡᠭᠡᠨ ᠢ ᠬᠦᠷᠭᠡᠵᠦ ᠪᠠᠶᠢᠭ᠎ᠠ《 ᠲᠦᠪ ᠬᠤᠭᠤᠯᠠᠨ ᠦᠷᠦᠭᠡ 》᠂ ᠴᠢᠨᠳᠠᠭᠠᠨ ᠴᠠᠭᠠᠨ ᠭᠤᠤᠯ ᠤᠨ ᠦᠨᠳᠦᠰᠦᠨ ᠱᠠᠲᠤᠨ ᠤ ᠬᠠᠩᠭᠠᠨ ᠪᠤᠷᠤᠯᠠᠭᠤᠯᠬᠤ ᠬᠤᠷᠰᠢᠶ᠎ᠠ ᠵᠡᠷᠭᠡ ᠭᠠᠵᠠᠷ ᠲᠤ ᠪᠠᠶᠢᠴᠠᠭᠠᠯᠲᠠ ᠬᠢᠭᠰᠡᠨ ᠪᠠᠶᠢᠨ᠎ᠠ᠃ ᠪᠠᠶᠢᠴᠠᠭᠠᠯᠲᠠ ᠶᠢᠨ ᠳᠤᠮᠳᠠ᠂ ᠵᠠᠩ ᠪᠢᠨ ᠡᠷᠬᠢᠯᠡᠭᠴᠢ ᠴᠢᠩᠱᠠᠨ ᠲᠤᠭᠤᠷᠢᠭ ᠤᠨ ᠬᠠᠩᠭᠠᠨ ᠪᠤᠷᠤᠯᠠᠭᠤᠯᠬᠤ ᠬᠤᠷᠰᠢᠶ᠎ᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠ ᠪᠠᠳᠠᠷᠠᠭᠤᠯᠤᠭᠰᠠᠨ ᠲᠦᠯᠬᠢᠴᠡ ᠦᠢᠯᠡᠳᠦᠯ ᠳᠤ ᠭᠦᠢᠴᠡᠳ ᠨᠤᠲᠠᠯᠠᠯᠲᠠ ᠦᠭᠴᠦ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠪᠠ ᠦᠨᠳᠦᠰᠦᠨ ᠱᠠᠲᠤᠨ ᠤ ᠬᠤᠷᠰᠢᠶ᠎ᠠ ᠎ ᠶᠢᠨ ᠬᠦᠭᠵᠢᠯᠲᠡ ᠳᠤ ᠵᠢᠯᠤᠭᠤᠳᠬᠤ ᠴᠢᠨᠠᠷ ᠲᠠᠢ ᠰᠠᠨᠠᠭᠤᠯᠭ᠎ᠠ ᠳᠤᠷᠠᠳᠤᠵᠦ᠂《 ᠲᠦᠪ ᠬᠤᠭᠤᠯᠠᠨ ᠦᠷᠦᠭᠡ 》᠎ ᠤᠨ ᠡᠵᠡᠩᠨᠡᠯᠲᠡ ᠳᠤ ᠨᠤᠲᠠᠯᠠᠯᠲᠠ ᠦᠭᠭᠦᠭᠰᠡᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号