ᠴᠢᠩᠱᠠᠨ ᠲᠤᠭᠤᠷᠢᠭ ᠬᠤᠲᠠ ᠶᠢᠨ ᠬᠤᠷᠢᠶ᠎ᠠ ᠶᠢᠨ ᠬᠤᠶᠠᠳᠤᠭᠠᠷ ᠲᠤᠰᠬᠠᠢ ᠵᠦᠢᠯ ᠤᠨ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠴᠢᠩᠱᠠᠨ ᠲᠤᠭᠤᠷᠢᠭ ᠤᠨ ᠬᠠᠷ᠎ᠠ ᠪᠦᠯᠦᠭᠲᠡᠨ ᠬᠠᠷᠬᠢᠰ ᠬᠦᠮᠦᠨ ᠢ ᠠᠷᠢᠯᠭᠠᠬᠤ ᠲᠤᠰᠬᠠᠢ ᠵᠦᠢᠯ ᠤᠨ ᠲᠡᠮᠡᠴᠡᠭᠰᠡᠨ ᠪᠠᠶᠢᠳᠠᠯ ᠢ ᠲᠤᠭᠤᠷᠢᠨ ᠪᠠᠶᠢᠴᠠᠭᠠᠭᠰᠠᠨ ᠬᠠᠷᠢᠭᠤ ᠮᠡᠳᠡᠭᠦᠯᠦᠯᠲᠡ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-07-18
     7 ᠰᠠᠷ᠎ᠠ ᠶᠢᠨ 17᠎ ᠤ ᠡᠳᠦᠷ᠂ ᠬᠤᠲᠠ ᠶᠢᠨ ᠬᠤᠷᠢᠶ᠎ᠠ ᠶᠢᠨ《 ᠪᠦᠬᠦ ᠬᠤᠲᠠ ᠶᠢᠨ ᠰᠦᠷᠳᠡᠭᠦᠯᠦᠯ ᠢ ᠡᠰᠡᠷᠭᠦᠴᠡᠬᠦ᠂ ᠬᠤᠤᠷ ᠢ ᠴᠠᠭᠠᠵᠠᠯᠠᠬᠤ ᠠᠵᠢᠯ ᠵᠢᠴᠢ ᠬᠠᠷ᠎ᠠ ᠪᠦᠯᠦᠭᠲᠡᠨ ᠬᠠᠷᠬᠢᠰ ᠬᠦᠮᠦᠨ ᠢ ᠠᠷᠢᠯᠭᠠᠬᠤ ᠲᠤᠰᠬᠠᠢ ᠵᠦᠢᠯ ᠤᠨ ᠲᠡᠮᠡᠴᠡᠯ ᠢ ᠲᠦᠯᠬᠢᠨ ᠠᠬᠢᠭᠤᠯᠬᠤ ᠬᠤᠷᠠᠯ 》ᠪᠠ ᠬᠤᠲᠠ ᠶᠢᠨ ᠬᠤᠷᠢᠶ᠎ᠠ ᠶᠢᠨ ᠬᠤᠶᠠᠳᠤᠭᠠᠷ ᠲᠤᠰᠬᠠᠢ ᠵᠦᠢᠯ ᠤᠨ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠱᠠᠭᠠᠷᠳᠠᠯᠭ᠎ᠠ ᠶᠤᠰᠤᠭᠠᠷ᠂ ᠴᠢᠩᠱᠠᠨ ᠲᠤᠭᠤᠷᠢᠭ ᠳᠡᠭᠡᠲᠦ ᠬᠡᠮᠵᠢᠶ᠎ᠡ ᠪᠠᠷ ᠴᠢᠬᠤᠯᠴᠢᠯᠠᠨ᠂ ᠨᠠᠷᠢᠮ ᠬᠢᠨᠠᠮᠠᠭᠠᠢ ᠵᠤᠬᠢᠶᠠᠨ ᠪᠠᠶᠢᠭᠤᠯᠵᠦ᠂ ᠴᠠᠭ ᠲᠤᠬᠠᠢ ᠳᠤᠨᠢ《 ᠬᠤᠲᠠ ᠶᠢᠨ ᠬᠤᠷᠢᠶ᠎ᠠ ᠶᠢᠨ ᠬᠤᠶᠠᠳᠤᠭᠠᠷ ᠲᠤᠰᠬᠠᠢ ᠵᠦᠢᠯ ᠤᠨ ᠲᠤᠭᠤᠷᠢᠨ ᠪᠠᠶᠢᠴᠠᠭᠠᠬᠤ ᠳᠤᠭᠤᠶᠢᠯᠠᠩ ᠠᠴᠠ ᠴᠢᠩᠱᠠᠨ ᠲᠤᠭᠤᠷᠢᠭ ᠤᠨ ᠬᠠᠷ᠎ᠠ ᠪᠦᠯᠦᠭᠲᠡᠨ ᠬᠠᠷᠬᠢᠰ ᠬᠦᠮᠦᠨ ᠢ ᠠᠷᠢᠯᠭᠠᠬᠤ ᠲᠤᠰᠬᠠᠢ ᠵᠦᠢᠯ ᠤᠨ ᠲᠡᠮᠡᠴᠡᠭᠰᠡᠨ ᠪᠠᠶᠢᠳᠠᠯ ᠢ ᠲᠤᠭᠤᠷᠢᠨ ᠪᠠᠶᠢᠴᠠᠭᠠᠭᠰᠠᠨ ᠬᠠᠷᠢᠭᠤ ᠮᠡᠳᠡᠭᠦᠯᠦᠯᠲᠡ ᠶᠢᠨ ᠬᠤᠷᠠᠯ 》ᠪᠠ《 ᠪᠦᠬᠦ ᠲᠤᠭᠤᠷᠢᠭ ᠤᠨ ᠰᠦᠷᠳᠡᠭᠦᠯᠦᠯ ᠎ ᠢ ᠡᠰᠡᠷᠭᠦᠴᠡᠬᠦ᠂ ᠬᠤᠤᠷ ᠢ ᠴᠠᠭᠠᠵᠠᠯᠠᠬᠤ ᠠᠵᠢᠯ ᠵᠢᠴᠢ ᠬᠠᠷ᠎ᠠ ᠪᠦᠯᠦᠭᠲᠡᠨ ᠬᠠᠷᠬᠢᠰ ᠬᠦᠮᠦᠨ ᠢ ᠠᠷᠢᠯᠭᠠᠬᠤ ᠲᠤᠰᠬᠠᠢ ᠵᠦᠢᠯ ᠤᠨ ᠲᠡᠮᠡᠴᠡᠯ ᠢ ᠲᠦᠯᠬᠢᠨ ᠠᠬᠢᠭᠤᠯᠬᠤ ᠬᠤᠷᠠᠯ 》᠎ ᠢ ᠬᠤᠷᠠᠯᠳᠤᠭᠤᠯᠪᠠ᠃ ᠴᠢᠩᠱᠠᠨ ᠲᠤᠭᠤᠷᠢᠭ ᠤᠨ ᠬᠤᠷᠢᠶ᠎ᠠ ᠎ ᠶᠢᠨ ᠱᠦᠵᠢ ᠭᠦᠸᠧ ᠸᠧᠨ ᠬᠤᠸᠠᠨ᠂ ᠲᠤᠭᠤᠷᠢᠭ ᠤᠨ ᠬᠤᠷᠢᠶ᠎ᠠ ᠲᠤᠭᠤᠷᠢᠭ ᠤᠨ ᠵᠠᠰᠠᠭ ᠤᠨ ᠤᠷᠳᠤᠨ ᠤ ᠬᠠᠮᠢᠶ᠎ᠠ ᠪᠦᠬᠦᠢ ᠤᠳᠤᠷᠢᠳᠤᠯᠭ᠎ᠠ ᠪᠠ ᠲᠤᠭᠤᠷᠢᠭ ᠤᠨ ᠰᠦᠷᠳᠡᠭᠦᠯᠦᠯ ᠢ ᠡᠰᠡᠷᠭᠦᠴᠡᠬᠦ ᠤᠳᠤᠷᠢᠳᠬᠤ ᠳᠤᠭᠤᠶᠢᠯᠠᠩ᠂ ᠬᠤᠤᠷ ᠢ ᠴᠠᠭᠠᠵᠠᠯᠠᠬᠤ ᠵᠦᠪᠯᠡᠯ᠂ ᠬᠠᠷ᠎ᠠ ᠪᠦᠯᠦᠭᠲᠡᠨ ᠬᠠᠷᠬᠢᠰ ᠬᠦᠮᠦᠨ ᠢ ᠠᠷᠢᠯᠭᠠᠬᠤ ᠤᠳᠤᠷᠢᠳᠬᠤ ᠳᠤᠭᠤᠶᠢᠯᠠᠩ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠤᠷᠤᠯᠴᠠᠭᠰᠠᠨ ᠪᠦᠭᠡᠳ᠂ ᠡᠯ᠎ᠡ ᠵᠡᠭᠡᠯᠢ ᠭᠤᠲᠤᠮᠵᠢ(ᠪᠠᠯᠭᠠᠰᠤ)᠎ ᠶᠢᠨ ᠨᠠᠮ ᠪᠠ ᠵᠠᠰᠠᠭ ᠤᠨ ᠭᠤᠤᠯ ᠤᠳᠤᠷᠢᠳᠤᠯᠭ᠎ᠠ ᠪᠠ ᠤᠯᠤᠰ ᠲᠦᠷᠦ ᠪᠠ ᠬᠠᠤᠯᠢ ᠴᠠᠭᠠᠵᠠ ᠶᠢᠨ ᠱᠦᠵᠢ᠂ ᠲᠤᠭᠤᠷᠢᠭ ᠎ ᠤᠨ ᠰᠦᠷᠳᠡᠭᠦᠯᠦᠯ ᠢ ᠡᠰᠡᠷᠭᠦᠴᠡᠬᠦ ᠤᠳᠤᠷᠢᠳᠬᠤ ᠳᠤᠭᠤᠶᠢᠯᠠᠩ᠂ ᠬᠤᠤᠷ ᠢ ᠴᠠᠭᠠᠵᠠᠯᠠᠬᠤ ᠵᠦᠪᠯᠡᠯ᠂ ᠬᠠᠷ᠎ᠠ ᠪᠦᠯᠦᠭᠲᠡᠨ ᠬᠠᠷᠬᠢᠰ ᠬᠦᠮᠦᠨ ᠢ ᠠᠷᠢᠯᠭᠠᠬᠤ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠲᠠᠳ ᠬᠤᠷᠠᠯ ᠳᠤ ᠤᠷᠤᠯᠴᠠᠭᠰᠠᠨ ᠪᠠᠶᠢᠨ᠎ᠠ᠃      ᠬᠤᠷᠠᠯ ᠠᠴᠠ᠂ ᠪᠦᠬᠦ ᠲᠤᠭᠤᠷᠢᠭ ᠤᠨ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠪᠠᠷᠢᠮᠵᠢᠶ᠎ᠠ ᠪᠠ ᠬᠦᠰᠦᠨᠦᠭ ᠲᠠᠢ ᠬᠠᠷᠢᠴᠠᠭᠤᠯᠤᠨ᠂ ᠵᠦᠷᠢᠶ᠎ᠡ ᠪᠠᠨ ᠡᠷᠢᠵᠦ᠂ ᠬᠦᠴᠦᠯᠡᠴᠡ ᠪᠠᠨ ᠤᠯᠠᠮ ᠨᠢᠭᠡ ᠠᠯᠬᠤᠮ ᠡᠷᠴᠢᠮᠵᠢᠭᠦᠯᠦᠨ᠂ ᠭᠤᠤᠯᠳᠠᠯᠭ᠎ᠠ ᠎ ᠪᠠᠨ ᠲᠤᠲᠤᠷᠬᠠᠶᠢᠯᠠᠵᠦ᠂ ᠠᠷᠭ᠎ᠠ ᠪᠠᠷᠢᠯ ᠢᠶᠠᠨ ᠴᠢᠩᠭᠠᠳᠬᠠᠨ᠂ ᠳᠦᠷᠢᠮ ᠢᠶᠠᠨ ᠪᠠᠳᠤᠳᠬᠠᠵᠦ᠂ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ᠪᠦᠬᠦ ᠲᠤᠭᠤᠷᠢᠭ ᠤᠨ ᠰᠦᠷᠳᠡᠭᠦᠯᠦᠯ ᠢ ᠡᠰᠡᠷᠭᠦᠴᠡᠬᠦ᠂ ᠬᠤᠤᠷ ᠢ ᠴᠠᠭᠠᠵᠠᠯᠠᠬᠤ ᠠᠵᠢᠯ ᠵᠢᠴᠢ ᠬᠠᠷ᠎ᠠ ᠪᠦᠯᠦᠭᠲᠡᠨ ᠬᠠᠷᠬᠢᠰ ᠬᠦᠮᠦᠨ ᠢ ᠠᠷᠢᠯᠭᠠᠬᠤ ᠲᠤᠰᠬᠠᠢ ᠵᠦᠢᠯ ᠤᠨ ᠲᠡᠮᠡᠴᠡᠯ ᠤᠨ ᠨᠡᠩ ᠦᠨᠳᠦᠷ ᠱᠠᠭᠠᠷᠳᠠᠯᠭ᠎ᠠ ᠎ ᠶᠢ ᠪᠡᠶᠡᠯᠡᠭᠦᠯᠦᠨ᠂ ᠨᠡᠩ ᠶᠡᠭᠡ ᠠᠮᠵᠢᠯᠲᠠ ᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
>