ᠤᠶᠢᠷ᠎ᠠ ᠳᠤ᠂ ᠳ᠋ᠦᠩ ᠾᠧ ᠲᠤᠭᠤᠷᠢᠭ ᠤᠨ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ᠂ ᠲᠤᠭᠤᠷᠢᠭ ᠤᠨ | ᠬᠠᠷᠢᠶ᠎ᠠ ᠶᠢᠨ ᠬᠡᠰᠡᠭ ᠵᠡᠭᠡᠯᠢ ᠭᠤᠲᠤᠮᠵᠢ ᠶᠢᠨ ᠤᠳᠤᠷᠢᠳᠤᠯᠭ᠎ᠠ ᠨᠠᠷ ᠬᠤᠰᠢᠭᠤᠴᠢ ᠵᠠᠮ ᠤᠨ ᠵᠡᠭᠡᠯᠢ ᠭᠤᠲᠤᠮᠵᠢ ᠶᠢᠨ | ᠴᠢᠩ ᠶᠤᠸᠠᠨ ᠨᠡᠶᠢᠭᠡᠮ ᠲᠤᠭᠤᠷᠢᠭ ᠲᠤ ᠬᠦᠷᠴᠦ ᠪᠠᠶᠢᠴᠠᠭᠠᠨ ᠰᠤᠳᠤᠯᠵᠦ ᠰᠤᠷᠤᠯᠴᠠᠬᠤ ᠶᠢᠨ ᠬᠠᠮᠲᠦ ᠨᠡᠶᠢᠭᠡᠮ | ᠲᠤᠭᠤᠷᠢᠭ ᠤᠨ ᠴᠡᠷᠢᠭ ᠤᠨ ᠵᠡᠪᠰᠡᠭ ᠤᠨ ᠦᠢᠯᠡᠳᠪᠦᠷᠢ ᠶᠢᠨ ᠬᠦᠮᠦᠰ ᠤᠨ ᠦᠵᠡᠭᠦᠯᠭᠡ ᠶᠢᠨ ᠲᠢᠩᠭᠢᠮ ᠪᠠ ᠨᠡᠶᠢᠭᠡᠮ | ᠲᠤᠭᠤᠷᠢᠭ ᠤᠨ ᠴᠢᠭᠡᠴᠢ ᠵᠠᠰᠠᠭ ᠤᠨ ᠰᠤᠶᠤᠯ ᠤᠨ ᠬᠠᠨ᠎ᠠ ᠶᠢ ᠲᠤᠭᠤᠷᠢᠨ ᠦᠵᠡᠭᠰᠡᠨ ᠪᠠᠶᠢᠨ᠎ᠠ᠃ ᠡᠭᠦᠪᠡᠷ᠂ ᠴᠢᠩ | ᠶᠤᠸᠠᠨ ᠨᠡᠶᠢᠭᠡᠮ ᠲᠤᠭᠤᠷᠢᠭ ᠨᠢ ᠨᠠᠮ ᠤᠨ ᠭᠡᠰᠢᠭᠦᠨ ᠤ ᠠᠵᠢᠯᠯᠠᠭ᠎ᠠ ᠳᠤ ᠲᠦᠰᠢᠭᠯᠡᠨ᠂ ᠤᠯᠤᠰ ᠢᠶᠠᠨ ᠬᠠᠶᠢᠷᠠᠯᠠᠬᠤ | ᠰᠤᠷᠭᠠᠨ ᠬᠦᠮᠦᠵᠢᠯ ᠢ ᠦᠷᠨᠢᠭᠦᠯᠬᠦ ᠪᠠᠷ ᠭᠠᠷᠳᠠᠵᠦ᠂ ᠡᠯ᠎ᠡ ᠠᠵᠦ ᠠᠬᠤᠶᠢᠯᠠᠯ ᠠᠵᠢᠯ ᠦᠢᠯᠡᠰ᠂ ᠨᠡᠶᠢᠭᠡᠮ ᠲᠤᠭᠤᠷᠢᠭ᠂ | ᠰᠤᠷᠭᠠᠭᠤᠯᠢ ᠶᠢᠨ ᠰᠤᠷᠪᠤᠯᠵᠢᠯᠠᠬᠤ ᠪᠠᠷ ᠢᠷᠡᠭᠰᠡᠳ ᠢ 20 ᠭᠠᠷᠤᠢ ᠤᠳᠠᠭ᠎ᠠ ᠶᠢᠨ 400 ᠭᠠᠷᠤᠢ ᠲᠤᠭᠤᠷᠢᠨ | ᠦᠵᠡᠭᠰᠡᠳ ᠢ ᠬᠦᠯᠢᠶᠡᠨ ᠠᠪᠤᠭᠰᠠᠨ ᠪᠠᠶᠢᠨ᠎ᠠ᠃ | ᠪᠤᠭᠤᠲᠦ ᠬᠤᠲᠠ ᠴᠢᠨᠠᠭᠰᠢᠯᠠᠪᠠᠯ ᠦᠪᠡᠷᠲᠡᠭᠡᠨ ᠵᠠᠰᠠᠬᠤ ᠤᠷᠤᠨ ᠤ ᠠᠩᠬᠠᠳᠠᠭᠴᠢ ᠨᠡᠶᠢᠭᠡᠮ ᠲᠤᠭᠤᠷᠢᠭ ᠤᠨ | ᠱᠠᠲᠤᠨ ᠤ ᠴᠡᠷᠢᠭ ᠤᠨ ᠵᠡᠪᠰᠡᠭ ᠤᠨ ᠦᠢᠯᠡᠳᠪᠦᠷᠢ ᠶᠢᠨ ᠰᠤᠶᠤᠯ ᠢ ᠪᠠᠳᠠᠷᠠᠭᠤᠯᠵᠦ᠂ ᠴᠡᠷᠢᠭ ᠤᠨ ᠵᠡᠪᠰᠡᠭ ᠤᠨ | ᠦᠢᠯᠡᠳᠪᠦᠷᠢ ᠶᠢᠨ ᠬᠦᠮᠦᠰ ᠤᠨ ᠵᠤᠷᠢᠭ ᠰᠠᠨᠠᠭ᠎ᠠ ᠪᠠᠷ ᠭᠤᠤᠯ ᠰᠡᠳᠤᠪ ᠪᠤᠯᠭᠠᠭᠰᠠᠨ ᠦᠵᠡᠭᠦᠯᠭᠡ ᠶᠢᠨ ᠲᠢᠩᠭᠢᠮ | ᠪᠤᠯᠤᠭᠰᠠᠨ ᠤ ᠬᠤᠪᠢ ᠳᠤ᠂ ᠴᠢᠩ ᠶᠤᠸᠠᠨ ᠨᠡᠶᠢᠭᠡᠮ ᠲᠤᠭᠤᠷᠢᠭ ᠤᠨ ᠴᠡᠷᠢᠭ ᠤᠨ ᠵᠡᠪᠰᠡᠭ ᠤᠨ ᠦᠢᠯᠡᠳᠪᠦᠷᠢ ᠶᠢᠨ | ᠬᠦᠮᠦᠰ ᠤᠨ ᠵᠢᠵᠢᠭ ᠦᠵᠡᠭᠦᠯᠭᠡ ᠶᠢᠨ ᠲᠢᠩᠭᠢᠮ ᠨᠢ ᠴᠡᠷᠢᠭ ᠤᠨ ᠵᠡᠪᠰᠡᠭ ᠤᠨ ᠦᠢᠯᠡᠳᠪᠦᠷᠢ ᠶᠢᠨ ᠬᠦᠮᠦᠰ ᠤᠨ | ᠲᠡᠤᠭᠡ ᠶᠢ ᠪᠦᠷᠢᠨ ᠪᠦᠲᠦᠨ ᠢᠶᠠᠷ ᠢᠯᠡᠷᠡᠭᠦᠯᠵᠦ᠂ ᠬᠤᠶᠢᠴᠢ ᠦᠶ᠎ᠡ ᠶᠢᠨ ᠬᠢᠨ ᠴᠡᠷᠢᠭ ᠤᠨ ᠵᠡᠪᠰᠡᠭ ᠤᠨ | ᠦᠢᠯᠡᠳᠪᠦᠷᠢ ᠶᠢᠨ ᠬᠦᠮᠦᠰ ᠤᠨ ᠰᠤᠶᠤᠯ ᠢ ᠦᠪᠯᠡᠨ ᠤᠯᠠᠮᠵᠢᠯᠠᠬᠤ ᠶᠢ ᠵᠤᠷᠢᠭᠵᠢᠭᠤᠯᠤᠨ᠂ ᠲᠤᠭᠤᠷᠢᠨ ᠦᠵᠡᠵᠦ | ᠰᠤᠷᠤᠯᠴᠠᠬᠤ ᠪᠠᠷ ᠳᠠᠮᠵᠢᠨ᠂ ᠡᠯ᠎ᠡ ᠪᠠᠶᠢᠭᠤᠯᠭ᠎ᠠ ᠶᠢᠨ ᠨᠠᠮ ᠤᠨ ᠭᠡᠰᠢᠭᠦᠳ ᠲᠡᠤᠭᠡ ᠶᠢ ᠡᠷᠭᠢᠴᠡᠭᠦᠯᠵᠦ᠂ ᠢᠷᠡᠭᠡᠳᠦᠢ | ᠪᠠᠨ ᠪᠠᠷᠠᠯᠠᠵᠦ᠂ ᠲᠡᠮᠡᠴᠡᠯ ᠤᠨ ᠬᠠᠷᠠᠯᠲᠠ ᠪᠠᠨ ᠪᠠᠳᠤᠳᠬᠠᠨ᠂ ᠨᠠᠮᠴᠢ ᠴᠢᠨᠠᠷ ᠤᠨ ᠪᠤᠯᠪᠠᠰᠤᠷᠠᠯ ᠢᠶᠠᠨ ᠴᠢᠩᠭᠠᠳᠬᠠᠭᠰᠠᠨ | ᠪᠠᠶᠢᠨ᠎ᠠ᠃ | | | | |