7 ᠰᠠᠷ᠎ᠠ ᠶᠢᠨ 18 ᠤ ᠡᠳᠦᠷ᠂ ᠴᠢᠩᠱᠠᠨ ᠲᠤᠭᠤᠷᠢᠭ ᠠᠴᠠ ᠪᠦᠬᠦ ᠲᠤᠭᠤᠷᠢᠭ ᠤᠨ ᠰᠦᠯᠵᠢᠶᠡᠨ ᠳᠠᠬᠢ | ᠤᠯᠠᠨ ᠤ ᠪᠠᠶᠢᠳᠠᠯ ᠢ ᠬᠠᠮᠲᠤᠷᠠᠨ ᠵᠦᠪᠳᠡᠯᠴᠡᠬᠦ ᠬᠤᠷᠠᠯ ᠵᠢᠴᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠲᠤᠬᠢᠷᠠᠭᠤᠯᠬᠤ ᠬᠤᠷᠠᠯ ᠢ ᠬᠤᠷᠠᠯᠳᠤᠭᠤᠯᠵᠦ᠂ ᠳᠡᠭᠡᠲᠦ ᠬᠠᠭᠠᠰ ᠵᠢᠯ ᠤᠨ ᠤᠯᠠᠨ ᠤ ᠪᠠᠶᠢᠳᠠᠯ ᠤᠨ ᠠᠵᠢᠯ ᠪᠠ ᠦᠵᠡᠯ | ᠤᠬᠠᠮᠰᠠᠷ ᠤᠨ ᠠᠵᠢᠯ ᠤᠨ ᠬᠠᠷᠢᠭᠤᠴᠠᠯᠭᠠᠲᠦ ᠳᠦᠷᠢᠮ ᠤᠨ ᠨᠠᠶᠢᠲᠠᠪᠦᠷᠢᠵᠢᠭᠤᠯᠤᠭᠰᠠᠨ ᠪᠠᠶᠢᠳᠠᠯ ᠢ ᠡᠷᠭᠢᠴᠡᠭᠦᠯᠦᠨ | ᠳ᠋ᠦᠩᠨᠡᠬᠦ ᠶᠢᠨ ᠬᠠᠮᠲᠦ ᠳᠠᠷᠠᠭᠠᠴᠢ ᠶᠢᠨ ᠠᠯᠬᠤᠮ ᠤᠨ ᠠᠵᠢᠯ ᠳᠤ ᠲᠤᠬᠢᠷᠠᠭᠤᠯᠤᠯᠲᠠ ᠬᠢᠪᠡ᠃ | ᠴᠢᠩᠱᠠᠨ ᠲᠤᠭᠤᠷᠢᠭ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ | ᠮᠢᠶᠤᠤ ᠯᠢᠨ ᠸᠠᠩ᠂ ᠲᠤᠭᠤᠷᠢᠭ ᠤᠨ ᠲᠤᠲᠤᠭᠠᠲᠦ ᠶᠢ ᠬᠠᠮᠠᠭᠠᠯᠠᠬᠤ ᠬᠤᠪᠢᠶᠠᠷᠢ ᠲᠤᠪᠴᠢᠶᠠᠨ ᠤ ᠤᠯᠤᠰ ᠲᠦᠷᠦ ᠶᠢᠨ | ᠭᠡᠰᠢᠭᠦᠨ ᠹᠧᠩ ᠢᠦᠢ ᠵᠢᠶᠦ᠋ᠨ ᠵᠢᠴᠢ ᠲᠤᠭᠤᠷᠢᠭ ᠤᠨ ᠬᠠᠷᠢᠶ᠎ᠠ ᠳᠠᠬᠢ ᠡᠯ᠎ᠡ ᠪᠠᠶᠢᠭᠤᠯᠭ᠎ᠠ᠂ ᠪᠠᠶᠢᠭᠤᠯᠭ᠎ᠠ ᠶᠢᠨ ᠭᠤᠤᠯ | ᠤᠳᠤᠷᠢᠳᠤᠯᠭ᠎ᠠ᠂ ᠡᠯ᠎ᠡ ᠵᠡᠭᠡᠯᠢ ᠭᠤᠲᠤᠮᠵᠢ᠂ ᠪᠠᠯᠭᠠᠰᠤ ᠶᠢᠨ ᠭᠤᠤᠯ ᠤᠳᠤᠷᠢᠳᠤᠯᠭ᠎ᠠ ᠪᠠ ᠤᠬᠠᠭᠤᠯᠬᠤ ᠭᠡᠰᠢᠭᠦᠨ᠂ | ᠲᠤᠭᠤᠷᠢᠭ ᠤᠨ ᠬᠠᠮᠵᠢᠯᠴᠠᠨ ᠳᠡᠮᠵᠢᠬᠦ ᠬᠠᠮᠢᠶᠠᠷᠤᠯᠲᠠ ᠶᠢᠨ ᠪᠠᠶᠢᠭᠤᠯᠭ᠎ᠠ᠂ ᠲᠤᠭᠤᠷᠢᠭ ᠲᠤ ᠰᠠᠭᠤᠭ᠎ᠠ ᠶᠡᠭᠡ ᠠᠵᠦ | ᠠᠬᠤᠶᠢᠯᠠᠯ᠂ ᠶᠡᠭᠡ ᠳᠤᠮᠳᠠ ᠲᠤᠰᠬᠠᠢ ᠮᠡᠷᠭᠡᠵᠢᠯ ᠤᠨ ᠳᠡᠭᠡᠲᠦ ᠰᠤᠷᠭᠠᠭᠤᠯᠢ ᠤᠨ ᠦᠵᠡᠯ ᠤᠬᠠᠮᠰᠠᠷ ᠤᠨ ᠬᠡᠯᠪᠡᠷᠢ | ᠶᠢᠨ ᠠᠵᠢᠯ ᠤᠨ ᠤᠳᠤᠷᠢᠳᠤᠯᠭ᠎ᠠ ᠨᠠᠷ ᠬᠤᠷᠠᠯ ᠳᠤ ᠤᠷᠤᠯᠴᠠᠭᠰᠠᠨ ᠪᠠᠶᠢᠨ᠎ᠠ᠃ | ᠬᠤᠷᠠᠯ ᠳᠤ ᠪᠦᠬᠦ ᠲᠤᠭᠤᠷᠢᠭ ᠤᠨ ᠳᠡᠭᠡᠲᠦ ᠬᠠᠭᠠᠰ ᠵᠢᠯ ᠤᠨ ᠦᠵᠡᠯ ᠤᠬᠠᠮᠰᠠᠷ ᠤᠨ ᠠᠵᠢᠯ ᠢ ᠳ᠋ᠦᠩᠨᠡᠵᠦ᠂ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠡᠷᠬᠢᠨ ᠲᠠᠨᠢᠬᠤ ᠵᠢᠴᠢ ᠤᠳᠤᠬᠠᠨ ᠳᠤ ᠮᠠᠨ ᠤ ᠲᠤᠭᠤᠷᠢᠭ ᠤᠨ | ᠦᠵᠡᠯ ᠤᠬᠠᠮᠰᠠᠷ ᠤᠨ ᠬᠡᠯᠪᠡᠷᠢ ᠶᠢᠨ ᠬᠡᠪᠴᠢᠶ᠎ᠡ ᠪᠠ ᠰᠦᠯᠵᠢᠶᠡᠨ ᠳᠠᠬᠢ ᠤᠯᠠᠨ ᠤ ᠪᠠᠶᠢᠳᠠᠯ ᠤᠨ ᠠᠵᠢᠯ ᠤᠨ | ᠠᠩᠬᠠᠷᠤᠰᠢᠭᠤᠲᠠᠢ ᠠᠰᠠᠭᠤᠳᠠᠯ ᠪᠠ ᠠᠷᠭᠠᠴᠠᠭᠠᠬᠤ ᠠᠷᠭ᠎ᠠ ᠪᠠᠷᠢᠯ ᠳᠤ ᠰᠠᠨᠠᠯ ᠳᠤᠷᠠᠳᠤᠭᠰᠠᠨ ᠪᠠᠶᠢᠨ᠎ᠠ᠃ ᠬᠤᠷᠠᠯ ᠤᠨ | ᠬᠤᠷᠠᠯᠳᠤᠭᠰᠠᠨ ᠨᠢ ᠪᠦᠬᠦ ᠲᠤᠭᠤᠷᠢᠭ ᠤᠨ ᠤᠯᠤᠰ ᠲᠦᠷᠦ ᠶᠢᠨ ᠵᠤᠭᠰᠤᠴᠡ᠂ ᠦᠵᠡᠯ ᠰᠠᠨᠠᠭ᠎ᠠ ᠪᠠᠨ ᠨᠢᠭᠡᠳᠭᠡᠬᠦ | ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠨ᠎ᠡ ᠪᠠᠶᠢᠳᠠᠯ ᠤᠨ ᠳᠤᠤᠷ᠎ᠠ ᠦᠵᠡᠯ ᠰᠠᠨᠠᠭ᠎ᠠ ᠰᠤᠶᠤᠯ ᠢ | ᠤᠬᠠᠭᠤᠯᠬᠤ ᠵᠢᠴᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠳᠠᠪᠦᠷᠢ ᠪᠠ ᠬᠢᠷᠢ ᠲᠦᠪᠰᠢᠨ ᠢ ᠰᠠᠶᠢᠲᠦᠷ | ᠴᠢᠩᠭᠠᠳᠬᠠᠵᠦ᠂ ᠪᠦᠬᠦ ᠲᠤᠭᠤᠷᠢᠭ ᠤᠨ ᠠᠵᠦ ᠠᠬᠤᠢ ᠨᠡᠶᠢᠭᠡᠮ ᠤᠨ ᠡᠯ᠎ᠡ ᠲᠦᠷᠦᠯ ᠤᠨ ᠠᠵᠢᠯ ᠦᠢᠯᠡᠰ ᠤᠨ | ᠬᠦᠭᠵᠢᠯᠲᠡ ᠶᠢ ᠪᠡᠶᠡᠯᠡᠭᠦᠯᠬᠦ ᠳᠤ ᠦᠵᠡᠯ ᠰᠠᠨᠠᠭ᠎ᠠ ᠪᠠ ᠶᠠᠷᠢᠶ᠎ᠠ ᠬᠡᠯᠡᠯᠴᠡᠭᠡ ᠶᠢᠨ ᠪᠠᠲᠤᠯᠠᠭ᠎ᠠ ᠶᠢ ᠬᠠᠩᠭᠠᠭᠰᠠᠨ | ᠪᠠᠶᠢᠨ᠎ᠠ᠃ |