ᠵᠠᠯᠠᠭᠤᠴᠤᠳ ᠪᠠᠭᠠᠴᠤᠳ ᠪᠠᠭ᠎ᠠ ᠠᠴᠠ ᠪᠠᠨ ᠦᠪᠡᠷ ᠢ ᠪᠠᠨ ᠬᠠᠮᠠᠭᠠᠯᠠᠬᠤ ᠤᠬᠠᠮᠰᠠᠷ ᠢ ᠪᠤᠢ ᠪᠤᠯᠭᠠᠵᠦ᠂ | ᠵᠠᠯᠠᠭᠤᠴᠤᠳ ᠪᠠᠭᠠᠴᠤᠳ ᠤᠨ ᠭᠠᠢ ᠭᠠᠮᠰᠢᠭ ᠤᠨ ᠠᠶᠤᠯ ᠠᠴᠠ ᠵᠠᠶᠢᠯᠠᠰᠬᠢᠬᠤ ᠴᠢᠳᠠᠪᠦᠷᠢ ᠶᠢ ᠴᠢᠩᠭᠠᠳᠬᠠᠬᠤ ᠶᠢᠨ | ᠲᠦᠯᠦᠭᠡ᠂ ᠡᠸᠤ ᠯᠤ᠋ ᠨᠡᠶᠢᠭᠡᠮ ᠲᠤᠭᠤᠷᠢᠭ 7 ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ ᠵᠤᠬᠢᠶᠠᠯᠴᠢ | ᠵᠠᠮ ᠤᠨ ᠪᠠᠭ᠎ᠠ ᠰᠤᠷᠭᠠᠭᠤᠯᠢ ᠲᠠᠢ ᠬᠠᠮᠲᠤᠷᠠᠨ ᠵᠠᠯᠠᠭᠤᠴᠤᠳ ᠪᠠᠭᠠᠴᠤᠳ ᠤᠨ ᠪᠠᠴᠢᠮ ᠪᠠᠶᠢᠳᠠᠯ ᠢ ᠠᠷᠭᠠᠴᠠᠭᠠᠬᠤ | ᠠᠴᠠ ᠵᠠᠶᠢᠯᠠᠵᠦ ᠲᠠᠷᠬᠠᠭᠠᠬᠤ ᠰᠤᠷᠢᠯᠲᠠ ᠶᠢ ᠦᠷᠨᠢᠭᠦᠯᠦᠭᠰᠡᠨ ᠪᠠᠶᠢᠨ᠎ᠠ᠃ | ᠲᠤᠰ ᠤᠳᠠᠭᠠᠨ ᠤ ᠪᠤᠯᠪᠠᠰᠤᠷᠠᠯ ᠨᠢ ᠪᠠᠴᠢᠮ ᠪᠠᠶᠢᠳᠠᠯ ᠢ ᠠᠷᠭᠠᠴᠠᠭᠠᠬᠤ ᠤᠷᠢᠶᠠᠯᠭ᠎ᠠ ᠶᠢᠨ ᠰᠠᠶᠢᠨ ᠳᠤᠷ᠎ᠠ | ᠶᠢᠨ ᠦᠢᠯᠡᠴᠢᠯᠡᠭᠡᠨ ᠤ ᠪᠠᠭ ᠤᠨ ᠬᠢᠨᠠᠨ ᠵᠢᠯᠤᠭᠤᠳᠤᠭᠴᠢ ᠹᠦ᠋ ᠢᠦᠢ ᠪᠠᠭᠰᠢ ᠠᠴᠠ ᠪᠠᠭ᠎ᠠ ᠰᠤᠷᠭᠠᠭᠤᠯᠢ ᠶᠢᠨ | ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠳᠤ ᠬᠢᠰᠭᠢᠯᠡᠬᠦ ᠬᠡᠷᠡᠭ ᠶᠠᠪᠤᠳᠠᠯ ᠡᠭᠦᠰᠭᠦ ᠠᠴᠠ ᠬᠡᠷᠬᠢᠨ ᠵᠠᠶᠢᠯᠠᠬᠤ | ᠵᠢᠴᠢ ᠬᠢᠰᠭᠢᠯᠡᠬᠦ ᠬᠡᠷᠡᠭ ᠶᠠᠪᠤᠳᠠᠯ ᠡᠭᠦᠰᠦᠭᠰᠡᠨ ᠤ ᠳᠠᠷᠠᠭ᠎ᠠ ᠬᠡᠷᠬᠢᠨ ᠦᠪᠡᠷ ᠢ ᠪᠠᠨ ᠬᠠᠮᠠᠭᠠᠯᠠᠬᠤ ᠵᠡᠷᠭᠡ ᠪᠠᠴᠢᠮ | ᠪᠠᠶᠢᠳᠠᠯ ᠢ ᠠᠷᠭᠠᠴᠠᠭᠠᠬᠤ ᠠᠴᠠ ᠵᠠᠶᠢᠯᠠᠵᠦ ᠲᠠᠷᠬᠠᠭᠠᠬᠤ ᠲᠤᠬᠠᠢ ᠮᠡᠳᠡᠯᠭᠡ ᠶᠢ ᠲᠠᠶᠢᠯᠪᠦᠷᠢᠯᠠᠭᠰᠠᠨ ᠪᠠᠶᠢᠨ᠎ᠠ᠃ ᠲᠤᠰ | ᠤᠳᠠᠭᠠᠨ ᠤ ᠰᠤᠷᠢᠯᠲᠠ ᠨᠢ ᠵᠠᠯᠠᠭᠤᠴᠤᠳ ᠪᠠᠭᠠᠴᠤᠳ ᠤᠨ ᠠᠶᠦᠯᠭᠦᠢ ᠶᠢ ᠰᠡᠷᠭᠡᠶᠢᠯᠡᠬᠦ ᠤᠬᠠᠮᠰᠠᠷ ᠪᠠ ᠴᠢᠳᠠᠮᠵᠢ᠂ | ᠲᠡᠳᠡᠨᠤᠰ ᠤᠨ ᠭᠡᠨᠡᠳᠲᠠ ᠶᠢᠨ ᠬᠡᠷᠡᠭ ᠶᠠᠪᠤᠳᠠᠯ ᠳᠤᠤᠷ᠎ᠠ ᠲᠦᠷᠭᠡᠨ ᠵᠠᠶᠢᠯᠠᠵᠦ ᠲᠠᠷᠬᠠᠭᠠᠬᠤ ᠴᠢᠳᠠᠪᠦᠷᠢ ᠶᠢ | ᠳᠡᠭᠡᠭᠰᠢᠯᠡᠭᠦᠯᠵᠦ᠂ ᠪᠠᠭᠰᠢ ᠰᠤᠷᠤᠭᠴᠢ ᠶᠢᠨ ᠲᠠᠭᠠᠰᠢᠶᠠᠯ ᠪᠠ ᠪᠠᠭ᠋ᠠᠷᠤᠯ ᠢ ᠬᠦᠷᠲᠡᠭᠰᠡᠨ ᠪᠠᠶᠢᠨ᠎ᠠ᠃ | | | |