ᠨᠢᠭᠡᠲᠤᠯᠲᠡᠢ ᠲᠦᠯᠦᠪᠵᠢᠭᠦᠯᠵᠦ᠂ ᠯᠠᠪᠳᠠᠭᠤᠨ ᠪᠠᠲᠤᠲᠠᠢ ᠲᠦᠯᠬᠢᠨ ᠠᠬᠢᠭᠤᠯᠵᠦ᠂ ᠴᠡᠷᠢᠭ ᠠᠷᠠᠳ ᠤᠨ ᠬᠠᠮ ᠬᠦᠭᠵᠢᠭᠦᠯᠦᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠦᠰᠦᠭᠡᠢ
ᠨᠡᠶᠢᠲᠡᠯᠡᠭᠰᠡᠨ ᠴᠠᠭ᠄
2019/2/23
     ᠰᠤᠷᠪᠤᠯᠵᠢᠯᠭ᠎ᠠ ᠶᠢᠨ ᠭᠤᠤᠯ ᠰᠡᠳᠦᠪ᠄ ᠨᠢᠭᠡᠲᠤᠯᠲᠡᠢ ᠲᠦᠯᠦᠪᠵᠢᠭᠦᠯᠵᠦ᠂ ᠯᠠᠪᠳᠠᠭᠤᠨ ᠪᠠᠲᠤᠲᠠᠢ ᠲᠦᠯᠬᠢᠨ ᠠᠬᠢᠭᠤᠯᠵᠦ᠂ ᠴᠡᠷᠢᠭ ᠠᠷᠠᠳ ᠤᠨ ᠬᠠᠮ ᠬᠦᠭᠵᠢᠭᠦᠯᠦᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠦᠰᠦᠭᠡᠢ      ᠰᠤᠷᠪᠤᠯᠵᠢᠯᠠᠭᠰᠠᠨ ᠴᠠᠭ᠄ 2019 ᠤᠨ ᠤ 1 ᠰᠠᠷ᠎ᠠ ᠶᠢᠨ 23᠎ ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠴᠢᠩᠱᠠᠨ ᠲᠤᠭᠤᠷᠢᠭ ᠤᠨ ᠬᠦᠭᠵᠢᠭᠦᠯᠦᠯᠲᠡ ᠪᠠ ᠦᠭᠡᠷᠡᠴᠢᠯᠡᠯᠲᠡ ᠎ ᠶᠢᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶᠠᠨ ᠳᠠᠷᠤᠭ᠎ᠠ     ᠱᠢ ᠰᠢᠶᠠᠩ ᠶᠠᠩ      ᠰᠤᠷᠪᠤᠯᠵᠢᠯᠠᠭ᠎ᠠ ᠬᠦᠯᠢᠶᠡᠭᠰᠡᠨ ᠠᠬᠤᠢ ᠪᠠᠶᠢᠳᠠᠯ᠄ ᠴᠢᠩᠱᠠᠨ ᠲᠤᠭᠤᠷᠢᠭ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠳᠤᠷᠠᠳᠤᠭᠰᠠᠨ《ᠴᠡᠷᠢᠭ ᠠᠷᠠᠳ ᠤᠨ ᠬᠠᠮ ᠬᠦᠭᠵᠢᠭᠦᠯᠦᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠴᠡᠷᠢᠭ ᠠᠷᠠᠳ ᠤᠨ ᠬᠠᠮᠵᠢᠯᠴᠠᠭᠤᠯᠤᠨ ᠭᠦᠨᠵᠡᠭᠡᠢ ᠬᠦᠭᠵᠢᠭᠦᠯᠬᠦ ᠶᠢᠨ ᠪᠦᠲᠦᠴᠡ ᠶᠢ ᠪᠦᠷᠢᠯᠳᠦᠭᠦᠯᠬᠦ》ᠶᠡᠷᠦᠩᠬᠡᠢ ᠱᠠᠭᠠᠷᠳᠠᠯᠭ᠎ᠠ ᠶᠢ ᠡᠷᠡᠰ ᠭᠤᠶᠢᠪᠢᠰᠢ ᠦᠭᠡᠢ ᠢᠶᠠᠷ ᠲᠤᠤᠱᠯᠠᠭᠤᠯᠤᠨ ᠨᠠᠶᠢᠲᠠᠪᠦᠷᠢᠵᠢᠭᠤᠯᠵᠦ᠂ ᠰᠢ ᠶᠢᠨ ᠫᠢᠩ ᠶᠡᠷᠦᠩᠬᠡᠢ ᠱᠦᠵᠢ ᠶᠢᠨ《ᠪᠠᠶᠢᠯᠳᠤᠬᠤ ᠪᠤᠳᠤᠯᠭ᠎ᠠ ᠶᠢᠨ ᠬᠦᠲᠦᠯᠦᠨ ᠳᠠᠭᠠᠭᠤᠯᠭ᠎ᠠ᠂ ᠦᠭᠡᠷᠡᠴᠢᠯᠡᠵᠦ ᠰᠢᠨ᠎ᠡ ᠶᠢ ᠡᠭᠦᠳᠬᠦ᠂ ᠴᠡᠷᠢᠭ ᠤᠨ ᠭᠠᠵᠠᠷ ᠤᠷᠤᠨ ᠤ ᠬᠠᠮᠲᠤᠷᠠᠯᠴᠭ᠎ᠠ᠂ ᠡᠭᠦᠷᠭᠡ ᠶᠢᠨ ᠨᠠᠶᠢᠲᠠᠪᠦᠷᠢᠵᠢᠭᠤᠯᠤᠯᠲᠠ ᠵᠡᠷᠭᠡ ᠶᠢ ᠴᠢᠩᠭᠠᠳᠬᠠᠬᠤ》ᠲᠤᠬᠠᠢ ᠴᠢᠬᠤᠯᠠ ᠵᠢᠭᠠᠪᠦᠷᠢ ᠶᠢ ᠨᠠᠷᠢᠨ ᠨᠢᠮᠪᠠᠢ ᠨᠠᠶᠢᠲᠠᠪᠦᠷᠢᠵᠢᠭᠤᠯᠵᠦ᠂ ᠤᠯᠤᠰ ᠢᠶᠠᠨ ᠴᠢᠨᠡᠭᠡᠯᠢᠭᠵᠢᠭᠦᠯᠬᠦ ᠪᠠ ᠴᠡᠷᠢᠭ ᠢᠶᠠᠨ ᠬᠦᠴᠦᠷᠬᠡᠭᠵᠢᠭᠦᠯᠬᠦ ᠶᠢ ᠬᠠᠷᠢᠯᠴᠠᠨ ᠨᠢᠭᠡᠳᠬᠦ ᠶᠢ ᠪᠠᠷᠢᠮᠲᠠᠯᠠᠵᠦ᠂ ᠴᠡᠷᠢᠭ ᠠᠷᠠᠳ ᠤᠨ ᠬᠠᠮ ᠬᠦᠭᠵᠢᠭᠦᠯᠦᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠡᠷᠢᠭ ᠤᠨ ᠠᠵᠦ ᠦᠢᠯᠡᠳᠪᠦᠷᠢ ᠶᠢᠨ ᠦᠢᠯᠡᠰ ᠤᠨ ᠳᠠᠩ ᠭᠠᠭᠴᠠ ᠴᠡᠷᠢᠭ ᠤᠨ ᠪᠦᠲᠦᠭᠡᠭᠳᠡᠭᠦᠨ ᠎ ᠤ ᠪᠦᠲᠦᠴᠡ ᠠᠴᠠ ᠴᠡᠷᠢᠭ ᠠᠷᠠᠳ ᠵᠡᠷᠭᠡᠪᠡᠷ ᠬᠦᠭᠵᠢᠬᠦ ᠬᠤᠪᠢᠷᠠᠯᠲᠠ ᠶᠢ ᠲᠦᠯᠬᠢᠨ ᠠᠬᠢᠭᠤᠯᠵᠦ᠂ ᠴᠡᠷᠢᠭ ᠠᠷᠠᠳ ᠬᠠᠮᠵᠢᠯᠴᠠᠭᠤᠯᠤᠨ ᠭᠦᠨᠵᠡᠭᠡᠢ ᠬᠦᠭᠵᠢᠭᠦᠯᠬᠦ ᠰᠢᠨ᠎ᠡ ᠵᠠᠮ ᠢ ᠰᠦᠪᠡᠭᠴᠢᠯᠡᠨ ᠪᠦᠷᠢᠯᠳᠦᠭᠦᠯᠬᠦ ᠪᠤᠯᠤᠨ᠎ᠠ᠃      ᠬᠦᠲᠦᠯᠦᠭᠴᠢ᠄ ᠴᠢᠩᠱᠠᠨ ᠲᠤᠭᠤᠷᠢᠭ ᠤᠨ ᠴᠡᠷᠢᠭ ᠠᠷᠠᠳ ᠤᠨ ᠬᠠᠮ ᠬᠦᠭᠵᠢᠭᠦᠯᠦᠯᠲᠡ ᠶᠢᠨ ᠤᠳᠤᠬᠢ ᠪᠠᠶᠢᠳᠠᠯ ᠢ ᠲᠠᠨᠢᠯᠴᠠᠭᠤᠯᠵᠦ ᠦᠭᠭᠦᠨ᠎ᠡ ᠤᠤ︖      ᠬᠦᠯᠢᠶᠡᠭᠰᠡᠨ ᠵᠤᠴᠢᠨ ᠱᠢ ᠰᠢᠶᠠᠩ ᠶᠠᠩ᠄ ᠮᠠᠨ ᠤ ᠲᠤᠭᠤᠷᠢᠭ ᠲᠤ ᠦᠪᠦᠷ ᠮᠤᠩᠭᠤᠯ ᠤᠨ ᠨᠢᠭᠡᠳᠦᠭᠡᠷ ᠮᠠᠰᠢᠨ ᠦᠢᠯᠡᠳᠬᠦ ᠪᠦᠯᠦᠭᠯᠡᠯ᠂ ᠤᠮᠠᠷᠠᠲᠦ ᠶᠢᠨ ᠬᠦᠨᠳᠦ ᠠᠵᠦ ᠦᠢᠯᠡᠳᠪᠦᠷᠢ ᠶᠢᠨ ᠪᠦᠯᠦᠭᠯᠡᠯ᠂ ᠪᠧᠢ ᠪᠧᠨ ᠬᠦᠨᠳᠦ ᠬᠡᠯᠪᠡᠷᠢ ᠶᠢᠨ ᠮᠠᠰᠢᠨ ᠲᠡᠷᠭᠡᠨ ᠤ ᠪᠦᠯᠦᠭᠯᠡᠯ ᠵᠡᠷᠭᠡ 4 ᠤᠯᠤᠰ ᠤᠨ ᠳᠡᠰ ᠤᠨ ᠴᠡᠷᠢᠭ ᠤᠨ ᠠᠵᠦ ᠦᠢᠯᠡᠳᠪᠦᠷᠢ ᠪᠠ ᠤᠯᠤᠰ ᠤᠨ ᠳᠡᠰ ᠤᠨ ᠴᠡᠷᠢᠭ ᠤᠨ ᠠᠵᠦ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠵᠡᠪᠰᠡᠭ ᠤᠨ ᠠᠵᠦ ᠦᠢᠯᠡᠳᠪᠦᠷᠢ ᠶᠢᠨ ᠪᠦᠯᠦᠭᠯᠡᠯ ᠤᠨ ᠲᠠᠪᠤ ᠬᠤᠶᠠᠷ ᠰᠤᠳᠤᠯᠬᠤ ᠭᠠᠵᠠᠷ ᠤᠨ ᠪᠠᠶᠢᠭᠤᠯᠤᠮᠵᠢ ᠪᠠᠶᠢᠳᠠᠭ᠃ 2006 ᠤᠨ ᠳᠤ᠂ ᠪᠤᠭᠤᠲᠦ ᠶᠢᠨ ᠲᠤᠨᠤᠭ ᠲᠦᠭᠦᠭᠡᠷᠦᠮᠵᠢ ᠦᠢᠯᠡᠳᠬᠦ ᠠᠵᠦ ᠦᠢᠯᠡᠰ ᠤᠨ ᠬᠦᠷᠢᠶᠡᠯᠡᠩ ᠢ ᠲᠦᠯᠦᠪᠯᠡᠨ ᠪᠠᠶᠢᠭᠤᠯᠵᠦ᠂ ᠮᠠᠨ ᠤ ᠲᠤᠭᠤᠷᠢᠭ ᠤᠨ ᠴᠡᠷᠢᠭ ᠠᠷᠠᠳ ᠤᠨ ᠬᠠᠮ ᠬᠦᠭᠵᠢᠭᠦᠯᠦᠯᠲᠡ ᠳᠤ ᠦᠷᠭᠡᠨ ᠳᠡᠯᠭᠡᠷ ᠬᠦᠭᠵᠢᠯᠲᠡ ᠶᠢᠨ ᠤᠷᠤᠨ ᠵᠠᠢ ᠢ ᠬᠠᠩᠭᠠᠭᠰᠠᠨ ᠪᠠᠶᠢᠨ᠎ᠠ᠃ ᠴᠡᠷᠢᠭ ᠤᠨ ᠠᠵᠦ ᠦᠢᠯᠡᠳᠪᠦᠷᠢ ᠶᠢᠨ ᠳᠠᠪᠠᠭᠤᠯᠢᠭ ᠤᠨᠴᠠᠯᠢᠭᠲᠦ ᠡᠬᠢ ᠪᠠᠶᠠᠯᠢᠭ ᠳᠤ ᠲᠦᠰᠢᠭᠯᠡᠵᠦ᠂ ᠴᠢᠩᠱᠠᠨ ᠲᠤᠭᠤᠷᠢᠭ ᠤᠨ ᠴᠡᠷᠢᠭ ᠤᠨ ᠠᠵᠦ ᠦᠢᠯᠡᠳᠪᠦᠷᠢ ᠶᠢᠨ ᠦᠢᠯᠡᠰ ᠳᠠᠩ ᠭᠠᠭᠴᠠ ᠴᠡᠷᠢᠭ ᠤᠨ ᠪᠦᠲᠦᠭᠡᠭᠳᠡᠭᠦᠨ ᠤ ᠪᠦᠲᠦᠴᠡ ᠠᠴᠠ ᠴᠡᠷᠢᠭ ᠠᠷᠠᠳ ᠵᠡᠷᠭᠡᠪᠡᠷ ᠬᠦᠭᠵᠢᠭᠦ ᠶᠢ ᠠᠭᠠᠵᠢᠮ ᠢᠶᠠᠷ ᠬᠤᠪᠢᠷᠠᠭᠤᠯᠵᠦ᠂ ᠰᠢᠨ᠎ᠡ ᠶᠢ ᠡᠭᠦᠳᠬᠦ ᠡᠬᠢ ᠪᠠᠶᠠᠯᠢᠭ ᠡᠯᠪᠡᠭ ᠪᠠᠶᠠᠨ᠂ ᠬᠤᠶᠠᠷ ᠢ ᠬᠦᠷᠢᠶᠡᠯᠡᠬᠦ ᠠᠭᠤᠷ ᠠᠮᠢᠰᠬᠤᠯ ᠢᠶᠠᠷ ᠰᠠᠶᠢᠨ ᠪᠠᠶᠢᠵᠦ᠂ ᠵᠠᠯᠭᠠᠭ᠎ᠠ ᠪᠠᠷ 9 ᠵᠢᠯ《ᠬᠤᠶᠠᠷ ᠢ ᠬᠦᠷᠢᠶᠡᠯᠡᠬᠦ ᠵᠢᠱᠢᠶᠡᠴᠢ ᠲᠤᠭᠤᠷᠢᠭ》᠎ ᠤᠨ ᠠᠯᠳᠠᠷ ᠴᠤᠯᠠ ᠶᠢ ᠬᠦᠷᠲᠡᠭᠰᠡᠨ ᠪᠠᠶᠢᠨ᠎ᠠ᠃ 2012 ᠤᠨ ᠤ 12 ᠰᠠᠷ᠎ᠠ᠂ ᠪᠤᠭᠤᠲᠦ ᠎ ᠶᠢᠨ ᠲᠤᠨᠤᠭ ᠲᠦᠭᠦᠭᠡᠷᠦᠮᠵᠢ ᠦᠢᠯᠡᠳᠬᠦ ᠠᠵᠦ ᠦᠢᠯᠡᠰ ᠤᠨ ᠬᠦᠷᠢᠶᠡᠯᠡᠩ ᠨᠢ ᠤᠯᠤᠰ ᠤᠨ ᠠᠵᠦ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠠᠴᠠ ᠬᠤᠶᠠᠳᠤᠭᠠᠷ ᠪᠦᠯᠦᠭ ᠰᠢᠨ᠎ᠡ ᠬᠡᠯᠪᠡᠷᠢ ᠶᠢᠨ ᠠᠵᠦ ᠦᠢᠯᠡᠰ ᠤᠨ ᠵᠢᠱᠢᠶᠡᠴᠢ ᠰᠠᠭᠤᠷᠢᠨ ᠭᠠᠵᠠᠷ(ᠴᠡᠷᠢᠭ ᠠᠷᠠᠳ ᠤᠶᠠᠯᠳᠤᠭᠰᠠᠨ)᠎ ᠢᠶᠠᠷ ᠨᠤᠲᠠᠯᠠᠨ ᠲᠤᠭᠲᠠᠭᠠᠵᠦ᠂ ᠤᠯᠤᠰ ᠤᠨ ᠪᠠᠲᠤᠯᠠᠨ ᠬᠠᠮᠠᠭᠠᠯᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠪᠠ ᠴᠡᠷᠢᠭ ᠤᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠢᠵᠢ ᠪᠦᠷᠢᠯᠳᠦᠭᠦᠯᠬᠦ ᠠᠵᠦ ᠠᠬᠤᠶᠢᠯᠠᠯ ᠠᠭᠠᠵᠢᠮ ᠢᠶᠠᠷ ᠬᠦᠷᠢᠶᠡᠯᠡᠩ ᠲᠤᠭᠤᠷᠢᠭ ᠲᠤ ᠲᠦᠪᠯᠡᠷᠡᠵᠦ᠂ ᠴᠡᠷᠢᠭ ᠠᠷᠠᠳ ᠬᠠᠮᠵᠢᠯᠴᠠᠭᠰᠠᠨ ᠠᠵᠦ ᠦᠢᠯᠡᠳᠪᠦᠷᠢ ᠶᠢᠨ ᠲᠦᠪᠯᠡᠷᠡᠯ ᠤᠨ ᠤᠷᠤᠨ ᠢ ᠠᠭᠠᠵᠢᠮ ᠢᠶᠠᠷ ᠪᠦᠷᠢᠯᠳᠦᠭᠰᠡᠨ ᠪᠠᠶᠢᠨ᠎ᠠ᠃ ᠤᠶᠢᠷ᠎ᠠ ᠶᠢᠨ ᠵᠢᠯ ᠤᠳ ᠲᠤ᠂ ᠴᠢᠩᠱᠠᠨ ᠲᠤᠭᠤᠷᠢᠭ ᠤᠨ ᠴᠡᠷᠢᠭ ᠤᠨ ᠠᠵᠦ ᠦᠢᠯᠡᠳᠪᠦᠷᠢ ᠎ ᠶᠢᠨ ᠬᠡᠰᠡᠭ ᠴᠡᠷᠢᠭ ᠠᠷᠠᠳ ᠬᠠᠮᠵᠢᠯᠴᠠᠭᠰᠠᠨ ᠦᠢᠯᠡᠳᠭᠦᠨ ᠨᠢ ᠪᠦᠬᠦ ᠤᠯᠤᠰ ᠴᠢᠨᠠᠭᠰᠢᠯᠠᠨ ᠪᠦᠬᠦ ᠳᠡᠯᠡᠬᠡᠢ ᠳᠤ ᠨᠡᠯᠢᠶᠡᠳ ᠳᠠᠪᠠᠭᠤᠯᠢᠭ ᠪᠠᠶᠢᠷᠢ ᠶᠢ ᠡᠵᠡᠯᠡᠵᠦ᠂ ᠦᠪᠦᠷ ᠮᠤᠩᠭᠤᠯ ᠤᠨ ᠨᠢᠭᠡᠳᠦᠭᠡᠷ ᠮᠠᠰᠢᠨ ᠦᠢᠯᠡᠳᠬᠦ ᠪᠦᠯᠦᠭᠯᠡᠯ ᠠᠮᠵᠢᠯᠲᠠ ᠲᠠᠢ ᠪᠠᠷ ᠶᠡᠭᠡ ᠴᠢᠳᠠᠮᠵᠢᠲᠦ ᠠᠦ᠋ᠲ᠋ᠤ᠋ ᠬᠤᠷᠲᠦ ᠶᠢᠨ ᠬᠠᠶᠢᠷᠴᠠᠭ᠂ ᠬᠦᠨᠳᠦ ᠬᠡᠪᠡᠷᠢ ᠶᠢᠨ ᠮᠠᠰᠢᠨᠲᠦ ᠲᠡᠷᠭᠡ ᠎ ᠶᠢᠨ ᠵᠠᠮᠬᠠᠭᠤᠯᠤᠭᠴᠢ ᠶᠢᠨ ᠲᠤᠷᠬᠢᠯᠲᠠ ᠶᠢ ᠮᠠᠨᠳᠠᠭᠤᠯᠬᠤ ᠪᠠ ᠪᠠᠭᠠᠰᠬᠠᠬᠤ ᠵᠡᠷᠭᠡ ᠨᠢᠭᠡ ᠪᠦᠯᠦᠭ ᠳᠡᠭᠡᠲᠦ ᠰᠢᠨᠵᠢᠯᠡᠭᠡ ᠮᠡᠷᠭᠡᠵᠢᠯ ᠤᠨ ᠦᠢᠯᠡᠳᠭᠦᠨ ᠢ ᠰᠤᠳᠤᠯᠤᠨ ᠦᠢᠯᠡᠳᠴᠦ᠂ ᠵᠠᠬ᠎ᠠ ᠳᠡᠯᠭᠡᠭᠦᠷ ᠳᠠᠬᠢ ᠡᠵᠡᠯᠡᠬᠦ ᠨᠤᠷᠮ᠎ᠠ ᠨᠢ 70%᠎ ᠠᠴᠠ ᠳᠡᠭᠡᠭᠰᠢ ᠪᠠᠶᠢᠵᠦ᠂ 330 ᠲᠤᠨ ᠤ ᠴᠠᠬᠢᠯᠭᠠᠨ ᠬᠦᠳᠡᠯᠭᠡᠭᠦᠷ ᠤᠨ ᠬᠦᠷᠳᠦᠲᠦ ᠠᠭᠤᠷᠬᠠᠢ ᠶᠢᠨ ᠬᠡᠷᠡᠭᠯᠡᠭᠡᠨ ᠤ ᠲᠡᠷᠭᠡ ᠨᠢ ᠤᠯᠠᠨ ᠤᠯᠤᠰ ᠤᠨ ᠵᠠᠬ᠎ᠠ ᠳᠡᠯᠭᠡᠭᠦᠷ ᠲᠤ ᠤᠷᠤᠪᠠ︔ ᠤᠮᠠᠷᠠᠲᠦ ᠶᠢᠨ ᠬᠦᠨᠳᠦ ᠠᠵᠦ ᠦᠢᠯᠡᠳᠪᠦᠷᠢ ᠶᠢᠨ ᠪᠦᠯᠦᠭᠯᠡᠯ ᠨᠢ ᠳᠡᠯᠡᠬᠡᠢ ᠶᠢᠨ ᠬᠠᠮᠤᠭ ᠤᠨ ᠶᠡᠭᠡ 3.6 ᠲᠦᠮᠡᠨ ᠲᠤᠨ ᠤ ᠲᠤᠮᠦ ᠬᠡᠯᠪᠡᠷᠢ ᠶᠢᠨ ᠡᠭᠴᠡ ᠰᠢᠭᠠᠭᠤᠷ ᠮᠠᠰᠢᠨ ᠢ ᠠᠮᠵᠢᠯᠲᠠ ᠲᠠᠢ ᠪᠠᠷ ᠰᠤᠳᠤᠯᠤᠨ ᠦᠢᠯᠡᠳᠴᠦ᠂ ᠳᠤᠮᠳᠠᠲᠦ ᠴᠦᠮ᠎ᠡ ᠶᠢᠨ ᠬᠤᠶᠠᠷ ᠲᠡᠭ ᠬᠤᠶᠠᠷ ᠤᠨ ᠦᠢᠯᠡᠳᠪᠦᠷᠢ ᠨᠢ AP1000 ᠲᠦᠷᠦᠯ ᠵᠦᠢᠯ ᠤᠨ ᠤᠯᠤᠰᠴᠢᠯᠠᠯᠲᠠ ᠶᠢ ᠪᠡᠶᠡᠯᠡᠭᠦᠯᠵᠦ᠂ ᠲᠠᠪᠤ ᠬᠤᠶᠠᠷ ᠤᠨ ᠰᠤᠳᠤᠯᠭᠠᠨ ᠤ ᠭᠠᠵᠠᠷ ᠤᠨ ᠦᠨᠳᠦᠷ ᠴᠢᠳᠠᠪᠬᠢᠲᠦ ᠬᠦᠩᠭᠡᠨᠴᠠᠭᠠᠨ ᠤ ᠬᠠᠶᠢᠯᠦᠰᠢ ᠶᠢᠨ ᠭᠠᠩᠨᠠᠬᠤ ᠰᠢᠷᠬᠡᠭ ᠵᠡᠷᠭᠡ ᠪᠡᠶ᠎ᠡ ᠪᠠᠨ ᠳᠠᠭᠠᠭᠠᠵᠦ ᠰᠤᠳᠤᠯᠤᠨ ᠪᠦᠲᠦᠭᠡᠭᠰᠡᠨ ᠲᠦᠷᠦᠯ ᠵᠦᠢᠯ ᠨᠢ ᠬᠦᠨᠳᠦ ᠴᠢᠬᠤᠯᠠ ᠰᠢᠨᠵᠢᠯᠡᠬᠦ ᠤᠬᠠᠭᠠᠨ ᠤ ᠰᠤᠳᠤᠯᠤᠯ ᠤᠨ ᠰᠢᠪᠲᠤᠯᠤᠯᠲᠠ ᠶᠢ ᠤᠯᠤᠭᠰᠠᠨ ᠪᠠᠶᠢᠨ᠎ᠠ᠃      ᠬᠦᠲᠦᠯᠦᠭᠴᠢ᠄ ᠴᠢᠩᠱᠠᠨ ᠲᠤᠭᠤᠷᠢᠭ ᠴᠡᠷᠢᠭ ᠠᠷᠠᠳ ᠤᠨ ᠬᠠᠮ ᠬᠦᠭᠵᠢᠭᠦᠯᠦᠯᠲᠡ ᠳᠤ ᠠᠵᠦ ᠦᠢᠯᠡᠰ ᠤᠨ ᠶᠠᠮᠠᠷ ᠪᠤᠳᠠᠲᠠᠢ ᠠᠷᠭ᠎ᠠ ᠪᠠᠷᠢᠯ ᠠᠪᠤᠭᠰᠠᠨ ᠪᠤᠢ︖      ᠬᠦᠯᠢᠶᠡᠭᠰᠡᠨ ᠵᠤᠴᠢᠨ ᠱᠢ ᠰᠢᠶᠠᠩ ᠶᠠᠩ᠄(ᠨᠢᠭᠡ)ᠡᠬᠢ ᠪᠠᠶᠠᠯᠢᠭ ᠢ ᠨᠢᠭᠡᠳᠭᠡᠵᠦ᠂ ᠰᠢᠨ᠎ᠡ ᠬᠠᠭᠤᠴᠢᠨ ᠬᠦᠳᠡᠯᠭᠡᠭᠡᠨ ᠤ ᠡᠨᠧᠷᠬᠢ ᠶᠢᠨ ᠰᠤᠯᠢᠭᠳᠠᠯ ᠢ ᠳᠠᠶᠢᠴᠢᠯᠠᠪᠠ᠃ ᠤᠯᠤᠰ ᠤᠨ ᠶᠡᠭᠡ ᠬᠦᠴᠦᠨ ᠢᠶᠠᠷ ᠲᠦᠯᠬᠢᠨ ᠠᠬᠢᠭᠤᠯᠤᠭᠰᠠᠨ ᠴᠡᠷᠢᠭ ᠠᠷᠠᠳ ᠤᠨ ᠬᠠᠮ ᠬᠦᠭᠵᠢᠭᠦᠯᠦᠯᠲᠡ ᠶᠢᠨ ᠲᠡᠤᠬᠡᠲᠦ ᠴᠢᠨᠠᠷᠲᠠᠢ ᠵᠠᠪᠰᠢᠶᠠᠨ ᠢ ᠴᠢᠩᠭ᠎ᠠ ᠠᠳᠬᠤᠵᠦ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠭᠡᠵᠦ᠂ ᠴᠡᠷᠢᠭ ᠠᠷᠠᠳ ᠠᠭᠤᠰᠤᠯᠴᠠᠯ ᠤᠨ ᠭᠤᠤᠯᠳᠠᠯᠭᠠᠲᠦ ᠲᠦᠷᠦᠯ ᠵᠦᠢᠯ ᠶᠢ ᠪᠠᠶᠢᠭᠤᠯᠬᠤ ᠶᠢ ᠲᠦᠯᠬᠢᠨ ᠠᠬᠢᠭᠤᠯᠵᠦ᠂ ᠮᠠᠨ ᠤ ᠲᠤᠭᠤᠷᠢᠭ ᠤᠨ ᠰᠢᠨ᠎ᠡ ᠬᠠᠭᠤᠴᠢᠨ ᠬᠦᠳᠡᠯᠭᠡᠭᠡᠨ ᠤ ᠡᠨᠧᠷᠬᠢ ᠶᠢᠨ ᠰᠤᠯᠢᠭᠳᠠᠯ ᠪᠠ ᠭᠠᠵᠠᠷ ᠤᠷᠤᠨ ᠤ ᠠᠵᠦ ᠠᠬᠤᠢ ᠶᠢᠨ ᠴᠢᠨᠠᠷ ᠰᠠᠶᠢᠲᠠᠢ ᠬᠦᠭᠵᠢᠯᠲᠡ ᠎ ᠶᠢ ᠲᠦᠯᠬᠢᠨ ᠠᠬᠢᠭᠤᠯᠪᠠ᠃ ᠨᠢᠭᠡ ᠲᠠᠯ᠎ᠠ ᠪᠠᠷ ᠴᠡᠷᠢᠭ ᠠᠷᠠᠳ ᠠᠭᠤᠰᠤᠯᠴᠠᠯ ᠢ ᠶᠡᠬᠡᠪᠡᠷ ᠬᠢᠵᠦ ᠰᠢᠯᠢᠳᠡᠭ ᠬᠢᠬᠦ ᠶᠢᠨ ᠲᠤᠭᠤᠷᠢᠨ ᠳᠤ᠂ ᠭᠤᠤᠯᠳᠠᠯᠭᠠᠲᠦ ᠲᠦᠷᠦᠯ ᠵᠦᠢᠯ ᠠᠴᠠ ᠭᠠᠷᠳᠠᠵᠦ᠂ ᠴᠡᠷᠢᠭ ᠤᠨ ᠠᠵᠦ ᠦᠢᠯᠡᠳᠪᠦᠷᠢ ᠶᠢᠨ ᠠᠵᠦ ᠠᠬᠤᠶᠢᠯᠠᠯ ᠤᠨ ᠶᠡᠷᠦᠩᠬᠡᠶᠢᠯᠡᠭᠰᠡᠨ ᠴᠢᠳᠠᠪᠦᠷᠢ ᠶᠢᠨ ᠪᠦᠲᠦᠭᠡᠨ ᠪᠠᠶᠢᠭᠤᠯᠤᠯᠲᠠ ᠢ ᠴᠢᠩᠭᠠᠳᠬᠠᠵᠦ᠂ ᠴᠡᠷᠢᠭ ᠠᠷᠠᠳ ᠎ ᠤᠨ ᠬᠠᠮ ᠬᠦᠭᠵᠢᠭᠦᠯᠦᠯᠲᠡ ᠶᠢ ᠠᠯᠬᠤᠮ ᠠᠯᠬᠤᠮ ᠢᠶᠠᠷ ᠭᠦᠨᠵᠡᠭᠡᠶᠢᠷᠡᠭᠦᠯᠵᠦ ᠠᠬᠢᠭᠤᠯᠪᠠ᠃ 2018 ᠤᠨ ᠳᠤ᠂ ᠴᠡᠷᠢᠭ ᠠᠷᠠᠳ ᠤᠨ ᠠᠭᠤᠰᠤᠯᠴᠠᠯ ᠤᠨ ᠭᠤᠤᠯᠳᠠᠯᠭᠠᠲᠦ ᠲᠦᠷᠦᠯ ᠵᠦᠢᠯ ᠢ 10 ᠭᠦᠢᠴᠡᠳᠭᠡᠵᠦ᠂ ᠶᠡᠷᠦᠩᠬᠡᠢ ᠪᠡᠯᠡ ᠮᠦᠩᠬᠦ 24 ᠳ᠋ᠦᠩᠰᠢᠭᠤᠷ ᠲᠦᠭᠦᠷᠢᠭ ᠤᠷᠤᠭᠤᠯᠵᠦ᠂ ᠵᠢᠯ ᠤᠨ ᠡᠴᠦᠰ ᠤᠨ ᠪᠠᠷᠢᠯᠭ᠎ᠠ ᠳᠠᠭᠤᠰᠤᠭᠰᠠᠨ ᠲᠦᠷᠦᠯ ᠵᠦᠢᠯ ᠨᠢ 5 ᠪᠤᠯᠤᠭᠰᠠᠨ ᠪᠠᠶᠢᠨ᠎ᠠ᠃ ᠨᠦᠭᠦᠭᠡ ᠲᠠᠯ᠎ᠠ ᠪᠠᠷ᠂ ᠴᠡᠷᠢᠭ ᠪᠠ ᠭᠠᠵᠠᠷ ᠤᠷᠤᠨ ᠠᠯᠤᠰᠯᠠᠬᠤ᠂ ᠬᠦᠷᠢᠶ᠎ᠡ ᠬᠡᠪᠴᠢᠶ᠎ᠠ ᠠᠯᠤᠰᠯᠠᠬᠤ᠂ ᠤᠷᠤᠨ ᠪᠦᠰᠡ ᠠᠯᠤᠰᠯᠠᠬᠤ ᠴᠢᠬᠤᠯᠠ ᠶᠡᠭᠡ ᠠᠰᠠᠭᠤᠳᠠᠯ ᠢ ᠨᠢᠭᠡᠲᠦᠯᠲᠡᠢ ᠲᠦᠯᠦᠪᠯᠡᠵᠦ ᠰᠢᠢᠳᠪᠦᠷᠢᠯᠡᠨ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠠ ᠮᠦᠩᠭᠦ ᠶᠢᠨ ᠲᠡᠳᠭᠦᠮᠵᠢ ᠶᠢᠨ ᠬᠦᠴᠦᠯᠡᠴᠡ ᠪᠠᠨ ᠶᠡᠬᠡᠳᠭᠡᠵᠦ᠂ ᠴᠡᠷᠢᠭ ᠠᠷᠠᠳ ᠤᠨ ᠬᠠᠮ ᠬᠦᠭᠵᠢᠭᠦᠯᠦᠯᠲᠡ ᠶᠢ ᠰᠢᠰᠲ᠋ᠧᠮ ᠲᠠᠢ ᠲᠦᠯᠦᠪᠯᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠡᠷᠢᠭ ᠤᠨ ᠠᠵᠦ ᠦᠢᠯᠡᠳᠪᠦᠷᠢ ᠶᠢᠨ ᠳᠠᠪᠠᠭᠤᠯᠢᠭ ᠢ ᠠᠵᠦ ᠠᠬᠤᠢ ᠨᠡᠶᠢᠭᠡᠮ ᠤᠨ ᠬᠦᠭᠵᠢᠯᠲᠡ ᠎ ᠶᠢᠨ ᠳᠠᠪᠠᠭᠤᠯᠢᠭ ᠲᠤ ᠦᠭᠡᠷᠡᠴᠢᠯᠡᠬᠦ ᠠᠯᠬᠤᠴᠠ ᠪᠠᠨ ᠲᠦᠷᠭᠡᠳᠭᠡᠪᠡ᠃ 2014 ᠤᠨ ᠠᠴᠠ ᠨᠠᠰᠢ᠂ ᠲᠤᠭᠤᠷᠢᠭ ᠎ ᠲᠤ ᠰᠠᠭᠤᠭ᠎ᠠ ᠴᠡᠷᠢᠭ ᠤᠨ ᠠᠵᠦ ᠦᠢᠯᠡᠳᠪᠦᠷᠢ ᠶᠢᠨ ᠠᠵᠦ ᠠᠬᠤᠶᠢᠯᠠᠯ ᠵᠢᠴᠢ ᠦᠷᠭᠦᠯᠵᠢᠯᠡᠯ ᠠᠵᠦ ᠠᠬᠤᠶᠢᠯᠠᠯ ᠳᠤ ᠲᠦᠷᠦ ᠶᠢᠨ ᠪᠤᠳᠤᠯᠭ᠎ᠠ ᠶᠢᠨ ᠮᠦᠩᠭᠦ ᠶᠢᠨ ᠲᠤᠰᠠᠯᠠᠮᠵᠢ ᠨᠡᠶᠢᠲᠡ 3.4 ᠳ᠋ᠦᠩᠰᠢᠭᠤᠷ ᠲᠦᠭᠦᠷᠢᠭ ᠢ ᠲᠡᠮᠡᠴᠡᠨ‌ᠤᠯᠤᠭᠰᠠᠨ ᠪᠠᠶᠢᠨ᠎ᠠ᠃ ᠴᠡᠷᠢᠭ ᠠᠷᠠᠳ ᠠᠭᠤᠰᠤᠯᠴᠠᠯ ᠤᠨ ᠭᠤᠤᠯᠳᠠᠯᠭᠠᠲᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠪᠠᠷ ᠳᠠᠮᠵᠢᠨ᠂ ᠴᠡᠷᠢᠭ ᠠᠷᠠᠳ ᠠᠭᠤᠰᠤᠯᠴᠠᠯ ᠤᠨ ᠠᠵᠦ ᠦᠢᠯᠡᠳᠪᠦᠷᠢ ᠶᠢᠨ ᠬᠦᠭᠵᠢᠯᠲᠡ ᠶᠢ ᠬᠡᠷᠡᠭᠵᠢᠭᠦᠯᠬᠦ ᠶᠢ ᠲᠦᠷᠭᠡᠳᠭᠡᠵᠦ᠂ ᠮᠠᠨ ᠤ ᠲᠤᠭᠤᠷᠢᠭ ᠤᠨ ᠠᠵᠦ ᠦᠢᠯᠡᠳᠪᠦᠷᠢ ᠶᠢᠨ ᠳᠠᠪᠠᠭᠤᠯᠢᠭ ᠡᠬᠢ ᠪᠠᠶᠠᠯᠢᠭ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠰᠢᠵᠦ ᠪᠠᠲᠤᠯᠠᠬᠤ ᠪᠠᠷ ᠪᠠᠷᠠᠬᠤ ᠦᠭᠡᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠠᠵᠦ ᠦᠢᠯᠡᠳᠪᠦᠷᠢ ᠶᠢᠨ ᠳᠠᠪᠠᠭᠤᠯᠢᠭ ᠡᠬᠢ ᠪᠠᠶᠠᠯᠢᠭ ᠢ ᠰᠤᠯᠠᠯᠬᠤ ᠪᠠᠷ ᠮᠠᠨ ᠤ ᠲᠤᠭᠤᠷᠢᠭ ᠤᠨ ᠰᠢᠨ᠎ᠡ ᠬᠠᠭᠤᠴᠢᠨ ᠬᠦᠳᠡᠯᠭᠡᠭᠡᠨ ᠤ ᠡᠨᠧᠷᠬᠢ ᠎ ᠶᠢᠨ ᠰᠤᠯᠢᠭᠳᠠᠯ ᠢ ᠳᠠᠶᠢᠴᠢᠯᠠᠵᠠᠢ᠃ ᠪᠤᠭᠤᠲᠦ ᠬᠤᠲᠠ ᠴᠡᠷᠢᠭ ᠠᠷᠠᠳ ᠠᠭᠤᠰᠤᠯᠴᠠᠯ ᠤᠨ ᠮᠡᠷᠭᠡᠵᠢᠯ ᠤᠨ ᠠᠷᠠᠯᠵᠢᠶᠠᠨ ᠤ ᠰᠦᠯᠵᠢᠶ᠎ᠡ᠂ ᠵᠡᠪᠰᠡᠭ ᠲᠤᠨᠤᠭ ᠲᠦᠭᠦᠭᠡᠷᠦᠮᠵᠢ ᠶᠢ ᠬᠤᠳᠠᠯᠳᠤᠨ ᠠᠪᠬᠤ ᠮᠡᠳᠡᠭᠡ ᠵᠠᠩᠭᠢ ᠶᠢᠨ ᠰᠦᠯᠵᠢᠶ᠎ᠡ ᠶᠢ ᠪᠠᠶᠢᠭᠤᠯᠤᠭᠰᠠᠨ ᠳᠤᠬᠢᠶᠠᠯ ᠢ ᠠᠰᠢᠭᠯᠠᠵᠦ᠂ ᠴᠢᠩᠱᠠᠨ ᠲᠤᠭᠤᠷᠢᠭ ᠤᠨ ᠴᠡᠷᠢᠭ ᠠᠷᠠᠳ ᠤᠨ ᠮᠡᠳᠡᠭᠡ ᠵᠠᠩᠭᠢ ᠶᠢ ᠬᠠᠮᠲᠦ ᠪᠠᠷ ᠡᠳ᠋ᠯᠡᠬᠦ ᠲᠠᠪᠴᠠᠩ ᠢ ᠪᠠᠶᠢᠭᠤᠯᠪᠠ᠃ ᠴᠢᠩᠱᠠᠨ ᠲᠤᠭᠤᠷᠢᠭ ᠤᠨ ᠴᠡᠷᠢᠭ ᠠᠷᠠᠳ ᠠᠭᠤᠰᠤᠯᠴᠠᠯ ᠤᠨ ᠠᠵᠦ ᠦᠢᠯᠡᠳᠪᠦᠷᠢ ᠶᠢᠨ ᠬᠤᠯᠪᠤᠭ᠎ᠠ ᠶᠢ ᠪᠠᠶᠢᠭᠤᠯᠵᠦ᠂ ᠦᠪᠦᠷ ᠮᠤᠩᠭᠤᠯ ᠤᠨ ᠨᠢᠭᠡᠳᠦᠭᠡᠷ ᠮᠠᠰᠢᠨ ᠦᠢᠯᠡᠳᠬᠦ ᠪᠦᠯᠦᠭᠯᠡᠯ᠂ ᠤᠮᠠᠷᠠᠲᠦ ᠶᠢᠨ ᠬᠦᠨᠳᠦ ᠠᠵᠦ ᠦᠢᠯᠡᠳᠪᠦᠷᠢ ᠶᠢᠨ ᠪᠦᠯᠦᠭᠯᠡᠯ ᠵᠡᠷᠭᠡ ᠲᠤᠭᠤᠷᠢᠭ ᠲᠤ ᠰᠠᠭᠤᠭ᠎ᠠ ᠴᠡᠷᠢᠭ ᠤᠨ ᠠᠵᠦ ᠦᠢᠯᠡᠳᠪᠦᠷᠢ ᠶᠢᠨ ᠠᠵᠦ ᠠᠬᠤᠶᠢᠯᠠᠯ ᠤᠨ ᠬᠠᠮᠲᠤᠷᠠᠭᠰᠠᠨ ᠬᠡᠷᠡᠭ ᠵᠦᠪᠳᠡᠯᠴᠡᠬᠦ ᠲᠤᠭᠲᠠᠯᠴᠠᠭ᠎ᠠ ᠶᠢ ᠪᠠᠶᠢᠭᠤᠯᠵᠦ᠂ ᠴᠢᠬᠤᠯᠠ ᠬᠡᠷᠡᠭ ᠵᠦᠪᠳᠡᠯᠴᠡᠬᠦ᠂ ᠠᠬᠤᠢ ᠲᠠᠯᠠᠪᠠᠢ ᠳᠤ ᠠᠵᠢᠯᠯᠠᠬᠤ ᠵᠡᠷᠭᠡ ᠬᠡᠯᠪᠡᠷᠢ ᠎ ᠪᠠᠷ ᠳᠠᠮᠵᠢᠨ᠂ ᠮᠡᠳᠡᠭᠡ ᠵᠠᠩᠭᠢ ᠶᠢᠨ ᠵᠠᠮ ᠰᠤᠪᠠᠭ ᠢ ᠨᠡᠪᠲᠡᠷᠡᠭᠦᠯᠵᠦ᠂ ᠴᠡᠷᠢᠭ ᠪᠠ ᠠᠷᠠᠳ ᠤᠨ ᠬᠦᠬᠦᠷᠭᠡ ᠬᠤᠯᠪᠤᠭᠠᠰᠦ ᠶᠢ ᠪᠠᠶᠢᠭᠤᠯᠵᠦ᠂ ᠴᠡᠷᠢᠭ ᠠᠷᠠᠳ ᠤᠨ ᠠᠭᠤᠰᠤᠯᠴᠠᠯ ᠤᠨ ᠠᠵᠢᠯ ᠢ ᠳᠦᠷᠢᠮ ᠤᠨ ᠵᠢᠷᠤᠮᠵᠢᠭᠤᠯᠤᠯᠲᠠ ᠳᠤᠤᠷ᠎ᠠ ᠬᠦᠴᠦᠨ ᠢᠶᠠᠨ ᠨᠢᠭᠡᠳᠭᠡᠵᠦ ᠲᠦᠯᠬᠢᠨ ᠠᠬᠢᠭᠤᠯᠵᠦ᠂ ᠦᠨᠳᠦᠷ ᠪᠦᠲᠦᠮᠵᠢᠲᠠᠢ ᠠᠵᠢᠯᠯᠠᠭᠰᠠᠨ ᠪᠠᠶᠢᠨ᠎ᠠ᠃      (ᠬᠤᠶᠠᠷ)《ᠴᠡᠷᠢᠭ ᠠᠴᠠ ᠠᠷᠠᠳ ᠲᠤ ᠰᠢᠯᠵᠢᠬᠦ》᠎ ᠶᠢ ᠰᠠᠶᠢᠲᠦᠷ ᠠᠳᠬᠤᠵᠦ᠂ ᠴᠡᠷᠢᠭ ᠤᠨ ᠠᠵᠦ ᠦᠢᠯᠡᠳᠪᠦᠷᠢ ᠶᠢᠨ ᠠᠵᠦ ᠦᠢᠯᠡᠳᠪᠦᠷᠢ ᠶᠢᠨ ᠰᠢᠨ᠎ᠡ ᠳᠠᠪᠠᠭᠤᠯᠢᠭ ᠢ ᠬᠦᠮᠦᠵᠢᠭᠦᠯᠵᠦ᠂ ᠬᠦᠭᠵᠢᠭᠦᠯᠪᠡ᠃ ᠴᠡᠷᠢᠭ ᠠᠷᠠᠳ ᠠᠭᠤᠰᠤᠯᠴᠠᠯ ᠤᠨ ᠭᠤᠤᠯᠳᠠᠯᠭᠠᠲᠦ ᠠᠵᠦ ᠠᠬᠤᠶᠢᠯᠠᠯ ᠠᠵᠦ ᠦᠢᠯᠡᠳᠪᠦᠷᠢ ᠶᠢᠨ ᠬᠠᠮᠲᠤᠷᠠᠯᠴᠠᠭ᠎ᠠ ᠶᠢ ᠠᠭᠤᠳᠠᠯᠠᠵᠦ᠂ ᠮᠡᠷᠭᠡᠵᠢᠯ ᠤᠨ ᠰᠢᠨᠡᠴᠢᠯᠡᠯᠲᠡ ᠪᠠᠷ ᠬᠦᠲᠦᠯᠬᠦ᠂ ᠲᠦᠷᠦᠯ ᠲᠡᠮᠲᠡᠭ ᠤᠨ ᠨᠦᠯᠦᠭᠡ ᠶᠢ ᠡᠭᠦᠳᠭᠦ ᠵᠡᠷᠭᠡ ᠲᠠᠯ᠎ᠠ ᠶᠢᠨ ᠵᠢᠱᠢᠶᠡᠴᠢ ᠦᠢᠯᠡᠳᠦᠯ ᠢ ᠠᠰᠢᠭᠯᠠᠵᠦ᠂ ᠪᠧᠢ ᠪᠧᠨ ᠬᠦᠨᠳᠦ ᠬᠡᠯᠪᠡᠷᠢ ᠶᠢᠨ ᠮᠠᠰᠢᠨ ᠲᠡᠷᠭᠡ᠂ ᠤᠮᠠᠷᠠᠲᠦ ᠎ ᠶᠢᠨ ᠬᠤᠪᠢ ᠤᠷᠤᠭᠤᠯᠤᠭᠰᠠᠨ ᠴᠠᠬᠢᠯᠭᠠᠨ ᠬᠦᠳᠡᠯᠭᠡᠭᠦᠷ ᠬᠦᠷᠲᠦᠲᠦ ᠠᠭᠤᠷᠬᠠᠢ ᠶᠢᠨ ᠬᠡᠷᠡᠭᠯᠡᠯᠲᠡ ᠶᠢᠨ ᠮᠠᠰᠢᠨ ᠲᠡᠷᠭᠡ᠂ ᠤᠮᠠᠷᠠᠲᠦ ᠶᠢᠨ ᠦᠢᠯᠡᠰ ᠪᠤᠰᠬᠠᠬᠤ ᠲᠡᠮᠦᠷ ᠵᠠᠮ ᠤᠨ ᠲᠡᠷᠭᠡ᠂ ᠦᠪᠦᠷ ᠮᠤᠩᠭᠤᠯ ᠤᠨ ᠨᠢᠭᠡᠳᠦᠭᠡᠷ ᠮᠠᠰᠢᠨ ᠦᠢᠯᠡᠳᠬᠦ ᠪᠦᠯᠦᠭᠯᠡᠯ ᠤᠨ ᠬᠤᠩ ᠶᠤᠸᠠᠨ ᠴᠠᠬᠢᠯᠭᠠᠨ ᠬᠡᠷᠡᠭᠰᠡᠯ ᠵᠡᠷᠭᠡ 17《ᠴᠡᠷᠢᠭ ᠠᠴᠠ ᠠᠷᠠᠳ ᠲᠤ ᠰᠢᠯᠵᠢᠭᠰᠡᠨ》ᠠᠵᠦ ᠠᠬᠤᠶᠢᠯᠠᠯ ᠢ ᠭᠤᠤᠯᠳᠠᠯᠭ᠎ᠠ ᠲᠠᠢ ᠬᠦᠮᠦᠵᠢᠭᠦᠯᠵᠦ ᠬᠦᠭᠵᠢᠭᠦᠯᠦᠨ᠂ ᠦᠨᠳᠦᠷ ᠴᠢᠳᠠᠪᠬᠢᠲᠦ ᠬᠦᠩᠭᠡᠨᠴᠠᠭᠠᠨ ᠬᠠᠶᠢᠯᠦᠰᠢ ᠶᠢᠨ ᠭᠠᠩᠨᠠᠭᠤᠷ ᠰᠢᠷᠬᠡᠭ ᠤᠨ ᠠᠵᠦ ᠦᠢᠯᠡᠰᠵᠢᠭᠦᠯᠦᠯᠲᠡ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠶᠡᠭᠡ ᠬᠦᠴᠦᠨ ᠢᠶᠠᠷ ᠲᠦᠯᠬᠢᠨ ᠠᠬᠢᠭᠤᠯᠤᠭᠰᠠᠨ ᠪᠠᠶᠢᠨ᠎ᠠ᠃ 2019 ᠤᠨ ᠳᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠮᠡᠷᠭᠡᠵᠢᠯ ᠤᠨ ᠪᠦᠲᠦᠮᠵᠢ ᠶᠢᠨ ᠬᠤᠪᠢᠷᠠᠯᠲᠠ ᠶᠢ ᠲᠦᠯᠬᠢᠨ ᠠᠬᠢᠭᠤᠯᠬᠤ ᠶᠢ ᠦᠷᠭᠦᠯᠵᠢᠯᠡᠨ ᠪᠠᠷᠢᠮᠲᠠᠯᠠᠵᠦ᠂ ᠦᠪᠦᠷ ᠮᠤᠩᠭᠤᠯ ᠤᠨ ᠨᠢᠭᠡᠳᠦᠭᠡᠷ ᠮᠠᠰᠢᠨ ᠦᠢᠯᠡᠳᠬᠦ ᠪᠦᠯᠦᠭᠯᠡᠯ ᠤᠨ ᠳᠠᠮᠵᠢᠭᠤᠯᠭ᠎ᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠨᠢᠭᠡᠳᠦᠭᠡᠷ ᠬᠤᠭᠤᠴᠠᠭ᠎ᠠ᠂ ᠤᠮᠠᠷᠠᠲᠦ ᠎ ᠶᠢᠨ ᠬᠦᠨᠳᠦ ᠠᠵᠦ ᠦᠢᠯᠡᠳᠪᠦᠷᠢ ᠶᠢᠨ ᠪᠦᠯᠦᠭᠯᠡᠯ ᠤᠨ ᠮᠡᠳᠡᠭᠡ ᠵᠠᠩᠭᠢᠴᠢᠯᠠᠯᠲᠠ᠂ ᠳᠤᠮᠳᠠᠲᠦ ᠶᠢᠨ ᠴᠦᠮ᠎ᠡ ᠶᠢᠨ ᠤᠮᠠᠷᠠᠲᠦ ᠶᠢᠨ ᠰᠠᠴᠤᠷᠠᠭ ᠤᠨ ᠭᠡᠷᠡᠯᠲᠦᠭᠦᠯᠭᠡ ᠶᠢᠨ ᠦᠷᠲᠡᠭᠡ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠵᠦ᠂ ᠴᠡᠷᠢᠭ ᠠᠷᠠᠳ ᠶᠢᠨ ᠬᠠᠮ ᠬᠦᠭᠵᠢᠭᠦᠯᠦᠯᠲᠡ ᠶᠢᠨ ᠬᠦᠷᠢᠶ᠎ᠡ ᠬᠡᠪᠴᠢᠶ᠎ᠡ ᠶᠢ ᠠᠭᠠᠵᠢᠮ ᠢᠶᠠᠷ ᠦᠷᠭᠡᠳᠭᠡᠪᠡ᠃      (ᠭᠤᠷᠪᠠ)《ᠠᠷᠠᠳ ᠤᠨ ᠴᠡᠷᠢᠭ ᠲᠤ ᠡᠯᠰᠡᠭᠳᠡᠬᠦ》᠎ ᠶᠢ ᠰᠠᠶᠢᠲᠦᠷ ᠠᠳᠬᠤᠵᠦ᠂ ᠴᠡᠷᠢᠭ ᠤᠨ ᠠᠵᠦ ᠦᠢᠯᠡᠳᠪᠦᠷᠢ ᠶᠢᠨ ᠢᠵᠢ ᠪᠦᠷᠢᠯᠳᠦᠭᠦᠯᠬᠦ ᠴᠢᠳᠠᠪᠦᠷᠢ ᠶᠢᠨ ᠰᠢᠨ᠎ᠡ ᠳᠡᠭᠡᠭᠰᠢᠯᠡᠭᠦᠯᠦᠯᠲᠡ ᠶᠢ ᠲᠦᠯᠬᠢᠨ ᠠᠬᠢᠭᠤᠯᠵᠦ᠂ ᠯᠢ ᠺᠧ ᠴᠠᠷᠠᠰᠤᠨ ᠤ ᠱᠤᠭᠤᠮᠠᠯ᠂ ᠰᠠᠢ ᠪᠧᠢ ᠶᠢᠨ ᠮᠠᠰᠢᠨ ᠵᠡᠷᠭᠡ 40 ᠴᠡᠷᠢᠭ ᠤᠨ ᠠᠵᠦ ᠦᠢᠯᠡᠳᠪᠦᠷᠢ ᠶᠢᠨ ᠢᠵᠢ ᠪᠦᠷᠢᠯᠳᠦᠭᠦᠯᠬᠦ ᠠᠵᠦ ᠠᠬᠤᠶᠢᠯᠠᠯ ᠵᠠᠯᠭᠠᠭ᠎ᠠ ᠪᠠᠷ ᠪᠠᠶᠢᠭᠤᠯᠤᠭᠳᠠᠵᠦ ᠠᠰᠢᠯᠯᠠᠯᠲᠠ ᠳᠤ ᠤᠷᠤᠵᠦ᠂ ᠴᠡᠷᠢᠭ ᠤᠨ ᠠᠵᠦ ᠦᠢᠯᠡᠳᠪᠦᠷᠢ ᠶᠢᠨ ᠠᠵᠦ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠦᠷᠢ ᠶᠢ ᠦᠷᠭᠡᠳᠭᠡᠭᠰᠡᠨ ᠢᠶᠠᠷ ᠪᠠᠷᠠᠬᠤ ᠦᠭᠡᠢ᠂ ᠴᠡᠷᠢᠭ ᠤᠨ ᠠᠵᠦ ᠦᠢᠯᠡᠳᠪᠦᠷᠢ ᠶᠢᠨ ᠠᠵᠦ ᠠᠬᠤᠶᠢᠯᠠᠯ ᠤᠨ ᠬᠦᠭᠵᠢᠯᠲᠡ ᠶᠢᠨ ᠤᠷᠤᠨ ᠵᠠᠢ ᠶᠢ ᠦᠷᠭᠡᠳᠭᠡᠭᠰᠡᠨ ᠪᠠᠶᠢᠨ᠎ᠠ᠃ ᠦᠪᠦᠷ ᠮᠤᠩᠭᠤᠯ ᠤᠨ ᠨᠢᠭᠡᠳᠦᠭᠡᠷ ᠮᠠᠰᠢᠨ ᠦᠢᠯᠡᠳᠬᠦ ᠪᠦᠯᠦᠭᠯᠡᠯ ᠪᠠ ᠤᠮᠠᠷᠠᠲᠦ ᠶᠢᠨ ᠵᠢᠶᠠ ᠿᠦᠢ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠦ ᠺᠤᠮᠫᠠᠨᠢ ᠶᠢᠨ ᠬᠠᠮᠲᠤᠷᠠᠭᠰᠠᠨ ᠦᠨᠳᠦᠷ ᠪᠦᠭᠡᠭᠡᠨᠡᠷᠡᠯ ᠡᠲ᠋ᠧᠨ ᠤ ᠮᠠᠲ᠋ᠧᠷᠢᠶᠠᠯ ᠤᠨ ᠲᠦᠷᠦᠯ ᠵᠦᠢᠯ 14 ᠰᠠᠤᠷᠢ ᠲᠠᠪᠲᠠᠨ ᠬᠡᠪᠰᠢᠭᠦᠯᠬᠦ ᠲᠦᠭᠦᠭᠡᠷᠦᠮᠵᠢ ᠠᠰᠢᠭᠯᠠᠯᠲᠠ ᠳᠤ ᠤᠷᠤᠭᠰᠠᠨ ᠪᠠᠶᠢᠨ᠎ᠠ᠃ ᠱᠤᠸᠠᠩ ᠮᠠ ᠪᠢᠴᠢᠯ ᠳᠦᠷᠪᠢᠨ ᠡᠨᠧᠷᠬᠢ ᠶᠢᠨ ᠬᠦᠳᠡᠯᠭᠡᠬᠦ ᠬᠦᠴᠦᠨ ᠤ ᠲᠤᠨᠤᠭᠯᠠᠯ ᠤᠨ ᠲᠦᠷᠦᠯ ᠵᠦᠢᠯ᠂ ᠶᠦᠨ ᠢ ᠯᠢᠲ᠋ᠢ ᠴᠢᠬᠢᠭᠳᠡᠭᠦᠯᠬᠦ ᠠᠷᠭ᠎ᠠ ᠪᠠᠷ ᠲᠤᠰᠠᠭᠠᠷᠯᠠᠬᠤ ᠪᠦᠷᠬᠦᠪᠴᠢ ᠶᠢ ᠦᠢᠯᠡᠳᠪᠦᠷᠢᠯᠡᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠠᠮᠵᠢᠯᠲᠠ ᠲᠠᠢ ᠤᠷᠤᠭᠤᠯᠵᠦ᠂ ᠴᠡᠷᠢᠭ ᠤᠨ ᠠᠵᠦ ᠦᠢᠯᠡᠳᠪᠦᠷᠢ ᠶᠢᠨ ᠠᠵᠦ ᠠᠬᠤᠶᠢᠯᠠᠯ ᠦᠷᠭᠦᠯᠵᠢᠯᠡᠨ ᠰᠠᠶᠢᠨ ᠲᠡᠰᠢ ᠲᠦᠯᠬᠢᠨ ᠬᠦᠭᠵᠢᠬᠦ ᠶᠢ ᠠᠬᠢᠭᠤᠯᠪᠠ᠃      ᠬᠦᠲᠦᠯᠦᠭᠴᠢ᠄ ᠴᠢᠩᠱᠠᠨ ᠲᠤᠭᠤᠷᠢᠭ ᠤᠨ ᠴᠡᠷᠢᠭ ᠠᠷᠠᠳ ᠤᠨ ᠠᠭᠤᠰᠤᠯᠴᠠᠯ ᠤᠨ ᠠᠵᠦ ᠠᠬᠤᠶᠢᠯᠠᠯ ᠤᠨ  ᠬᠦᠭᠵᠢᠭᠦᠯᠦᠯᠲᠡ ᠶᠢᠨ ᠳᠤᠮᠳᠠ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠳᠠᠪᠦᠷᠢᠲᠡᠨ ᠢ ᠬᠦᠮᠦᠵᠢᠭᠦᠯᠬᠦ ᠎ ᠳᠤ ᠶᠠᠮᠠᠷ ᠪᠤᠳᠠᠲᠠᠢ ᠠᠷᠭ᠎ᠠ ᠪᠠᠷᠢᠯ ᠢ ᠬᠡᠷᠡᠭᠵᠢᠭᠦᠯᠦᠭᠰᠡᠨ ᠪᠤᠢ︖      ᠬᠦᠯᠢᠶᠡᠭᠰᠡᠨ ᠵᠤᠴᠢᠨ ᠱᠢ ᠰᠢᠶᠠᠩ ᠶᠠᠩ᠄ ᠰᠢᠨ᠎ᠡ ᠶᠢ ᠡᠭᠦᠳᠬᠦ ᠬᠦᠳᠡᠯᠭᠡᠭᠦᠷ ᠤᠨ ᠪᠠᠶᠢᠯᠳᠤᠬᠤ ᠪᠤᠳᠤᠯᠭ᠎ᠠ ᠶᠢ ᠭᠦᠨᠵᠭᠡᠢ ᠬᠡᠷᠡᠭᠵᠢᠭᠦᠯᠵᠦ᠂ ᠪᠤᠭᠤᠲᠦ ᠶᠢᠨ ᠪᠡᠭᠡᠵᠢᠩ ᠤᠨ ᠶᠡᠭᠡ ᠰᠤᠷᠭᠠᠭᠤᠯᠢ ᠶᠢᠨ ᠰᠢᠨᠵᠢᠯᠡᠭᠡ ᠮᠡᠷᠭᠡᠵᠢᠯ ᠤᠨ ᠬᠦᠷᠢᠶᠡᠯᠡᠩ᠂ ᠦᠪᠦᠷ ᠮᠤᠩᠭᠤᠯ ᠤᠨ ᠪᠠᠯ ᠴᠢᠯᠠᠭᠤᠨ ᠤ ᠠᠯᠺᠧᠨ ᠢ ᠰᠤᠳᠤᠯᠬᠤ ᠬᠦᠷᠢᠶᠡᠯᠡᠩ ᠵᠡᠷᠭᠡ ᠠᠵᠦ ᠦᠢᠯᠡᠰ ᠎ ᠤᠨ ᠰᠠᠯᠠᠭᠠᠨ ᠤ ᠰᠤᠳᠤᠯᠭᠠᠨ ᠤ ᠲᠠᠪᠴᠠᠩ ᠢ ᠢᠳᠡᠪᠬᠢᠲᠡᠢ ᠤᠷᠤᠭᠤᠯᠵᠦ᠂ ᠴᠡᠷᠢᠭ ᠠᠷᠠᠳ ᠤᠨ ᠮᠡᠷᠭᠡᠵᠢᠯ ᠤᠨ ᠰᠢᠨᠡᠴᠢᠯᠡᠯᠲᠡ ᠶᠢᠨ ᠨᠡᠪᠴᠢᠯᠡᠭᠦᠷ ᠲᠤ ᠲᠠᠪᠴᠠᠩ ᠤᠨ ᠪᠠᠲᠤᠯᠠᠭ᠎ᠠ ᠪᠠ ᠤᠶᠤᠨ ᠤ ᠲᠤᠰᠠᠯᠠᠮᠵᠢ ᠶᠢ ᠬᠠᠩᠭᠠᠪᠠ᠃ ᠨᠢᠭᠡ ᠲᠠᠯ᠎ᠠ ᠪᠠᠷ᠂ ᠶᠡᠭᠡ ᠠᠵᠦ ᠠᠬᠤᠶᠢᠯᠠᠯ ᠤᠨ ᠤᠯᠤᠰ ᠤᠨ ᠭᠤᠤᠯᠳᠠᠯᠭ᠎ᠠ ᠲᠠᠢ ᠲᠤᠷᠰᠢᠯᠭ᠎ᠠ ᠶᠢᠨ ᠲᠠᠰᠤᠭ᠂ ᠡᠷᠳᠡᠮᠲᠡᠨ ᠠᠵᠢᠯᠲᠠᠨ ᠤ ᠠᠵᠢᠯ ᠤᠨ ᠦᠷᠲᠡᠭᠡ᠂ ᠮᠡᠷᠭᠡᠵᠢᠯ ᠤᠨ ᠰᠤᠳᠤᠯᠤᠨ ᠪᠦᠲᠦᠭᠡᠬᠦ ᠲᠦᠪ ᠵᠡᠷᠭᠡ ᠪᠦᠲᠦᠭᠡᠨ ᠪᠠᠶᠢᠭᠤᠯᠤᠯᠲᠠ ᠶᠢᠨ ᠬᠦᠴᠦᠨ ᠢᠶᠠᠨ ᠨᠡᠮᠡᠭᠳᠡᠭᠦᠯᠵᠦ᠂ ᠴᠡᠷᠢᠭ ᠠᠷᠠᠳ ᠠᠭᠤᠰᠤᠯᠴᠠᠯ ᠤᠨ ᠰᠢᠨ᠎ᠡ ᠶᠢ ᠡᠭᠦᠳᠬᠦ ᠵᠢᠱᠶᠡᠴᠢ ᠠᠵᠦ ᠠᠬᠤᠶᠢᠯᠠᠯ ᠢ ᠬᠦᠮᠦᠵᠢᠭᠦᠯᠵᠦ᠂ ᠴᠡᠷᠢᠭ ᠤᠨ ᠠᠵᠦ ᠦᠢᠯᠡᠳᠪᠦᠷᠢ ᠶᠢᠨ ᠠᠵᠦ ᠠᠬᠤᠶᠢᠯᠠᠯ᠂ ᠠᠷᠠᠳ ᠎ ᠠᠴᠠ ᠡᠵᠡᠩᠨᠡᠭᠰᠡᠨ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ᠂ ᠳᠡᠭᠡᠲᠦ ᠰᠤᠷᠭᠠᠭᠤᠯᠢ ᠰᠢᠨ᠎ᠡ ᠶᠢ ᠡᠭᠦᠳᠬᠦ ᠲᠠᠢ ᠬᠠᠮᠲᠤᠷᠠᠯᠴᠠᠬᠤ ᠶᠢ ᠲᠦᠯᠬᠢᠨ ᠠᠬᠢᠭᠤᠯᠵᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠮᠵᠢ ᠶᠢᠨ ᠬᠤᠪᠢᠷᠠᠯᠲᠠ ᠶᠢ ᠲᠦᠯᠬᠢᠨ ᠠᠬᠢᠭᠤᠯᠪᠠ᠃ ᠤᠳᠤ ᠪᠤᠯᠲᠠᠯ᠎ᠠ᠂ ᠨᠢᠭᠡᠨᠲᠡ 4 ᠤᠯᠤᠰ ᠤᠨ ᠳᠡᠰ ᠤᠨ ᠠᠵᠦ ᠠᠬᠤᠶᠢᠯᠠᠯ ᠤᠨ ᠮᠡᠷᠭᠡᠵᠢᠯ ᠤᠨ ᠲᠦᠪ᠂ 1 ᠤᠯᠤᠰ ᠤᠨ ᠳᠡᠰ ᠤᠨ ᠠᠵᠦ ᠠᠬᠤᠶᠢᠯᠠᠯ ᠤᠨ ᠭᠤᠤᠯᠳᠠᠯᠭ᠎ᠠ ᠲᠠᠢ ᠲᠤᠷᠰᠢᠯᠭ᠎ᠠ ᠶᠢᠨ ᠲᠠᠰᠤᠭ᠂ 48 ᠦᠪᠡᠷᠲᠡᠭᠡᠨ ᠵᠠᠰᠠᠬᠤ ᠤᠷᠤᠨ ᠤ ᠳᠡᠰ᠂ ᠬᠤᠲᠠ ᠶᠢᠨ ᠳᠡᠰ ᠤᠨ ᠰᠤᠳᠤᠯᠤᠨ ᠪᠦᠲᠦᠭᠡᠬᠦ ᠪᠠᠶᠢᠭᠤᠯᠭ᠎ᠠ ᠶᠢ ᠪᠠᠶᠢᠭᠤᠯᠤᠭᠰᠠᠨ ᠪᠠᠶᠢᠨ᠎ᠠ᠃ 2018 ᠤᠨ ᠤ 6 ᠰᠠᠷ᠎ᠠ᠂ ᠴᠢᠩᠱᠠᠨ ᠲᠤᠭᠤᠷᠢᠭ ᠤᠨ 8 ᠠᠵᠦ ᠠᠬᠤᠶᠢᠯᠠᠯ ᠨᠢ ᠪᠤᠭᠤᠲᠦ ᠬᠤᠲᠠ ᠶᠢᠨ ᠵᠠᠰᠠᠭ ᠤᠨ ᠤᠷᠳᠤᠨ ᠠᠴᠠ《ᠪᠤᠭᠤᠲᠦ ᠬᠤᠲᠠ ᠶᠢᠨ ᠠᠩᠬᠠᠳᠤᠭᠠᠷ ᠴᠡᠷᠢᠭ ᠠᠷᠠᠳ ᠠᠭᠤᠰᠤᠯᠴᠠᠯ ᠤᠨ ᠰᠢᠨᠵᠢᠯᠡᠭᠡ ᠮᠡᠷᠭᠡᠵᠢᠯ ᠤᠨ ᠵᠢᠱᠢᠶᠡᠴᠢ ᠠᠵᠦ ᠠᠬᠤᠶᠢᠯᠠᠯ》᠎ ᠢᠶᠠᠷ ᠨᠤᠲᠠᠯᠠᠨ ᠲᠤᠭᠲᠠᠭᠠᠭᠳᠠᠪᠠ᠃ ᠨᠦᠭᠦᠭᠡ ᠲᠠᠯ᠎ᠠ ᠪᠠᠷ᠂《ᠲᠠᠯ᠎ᠠ ᠨᠤᠲᠤᠭ ᠤᠨ ᠡᠷᠳᠡᠮ ᠴᠢᠳᠠᠪᠦᠷᠢᠲᠠᠨ》《 ᠪᠤᠭᠤᠲᠦ ᠬᠤᠲᠠ ᠎ ᠶᠢᠨ ᠡᠷᠳᠡᠮ ᠴᠢᠳᠠᠪᠦᠷᠢᠲᠡᠨ》᠎ ᠢ ᠬᠦᠲᠦᠯᠦᠨ ᠳᠠᠭᠠᠭᠤᠯᠵᠦ ᠵᠢᠱᠢᠶᠡᠴᠢ ᠦᠢᠯᠡᠳᠤᠯ ᠢ ᠭᠦᠢᠴᠡᠳ ᠪᠠᠳᠠᠷᠠᠭᠤᠯᠪᠠ᠃ ᠤᠳᠤ ᠪᠤᠯᠲᠠᠯ᠎ᠠ᠂《AP1000 ᠴᠦᠮ᠎ᠡ ᠶᠢᠨ ᠴᠠᠬᠢᠯᠭᠠᠨ ᠲᠦᠯᠡᠰᠢ ᠶᠢᠨ ᠪᠦᠷᠢᠯᠳᠦᠭᠦᠨ ᠢ ᠦᠢᠯᠡᠳᠬᠦ ᠮᠡᠷᠭᠡᠵᠢᠯ ᠎ ᠤᠨ ᠰᠢᠨ᠎ᠡ ᠶᠢ ᠡᠭᠦᠳᠬᠦ ᠴᠢᠳᠠᠪᠦᠷᠢᠲᠠᠨ ᠤ ᠪᠦᠯᠬᠦᠮ》《ᠶᠡᠭᠡ ᠴᠢᠳᠠᠮᠵᠢᠲᠦ ᠬᠠᠭᠠᠰ ᠳᠠᠮᠵᠢᠭᠤᠯᠤᠭᠴᠢ ᠯᠡᠶᠢᠰᠧᠷ ᠎ ᠢ ᠳᠠᠬᠢᠨ ᠦᠢᠯᠡᠳᠬᠦ ᠮᠡᠷᠭᠡᠵᠢᠯ》ᠵᠡᠷᠭᠡ ᠨᠡᠶᠢᠲᠡ 7《ᠲᠠᠯ᠎ᠠ ᠨᠤᠲᠤᠭ ᠤᠨ ᠡᠷᠳᠡᠮ ᠴᠢᠳᠠᠪᠦᠷᠢᠲᠠᠨ》᠎ ᠤ ᠠᠵᠦ ᠦᠢᠯᠡᠳᠪᠦᠷᠢ ᠶᠢᠨ ᠰᠢᠨ᠎ᠡ ᠶᠢ ᠡᠭᠦᠳᠬᠦ ᠦᠢᠯᠡᠰ ᠪᠤᠰᠬᠠᠬᠤ ᠴᠢᠳᠠᠪᠦᠷᠢᠲᠠᠨ ᠤ ᠪᠦᠯᠬᠦᠮ ᠢ ᠬᠠᠮᠲᠦ ᠪᠠᠷ ᠴᠤᠭᠴᠠᠯᠠᠵᠦ᠂ 5《ᠲᠠᠯ᠎ᠠ ᠨᠤᠲᠤᠭ ᠤᠨ ᠡᠷᠳᠡᠮ ᠴᠢᠳᠠᠪᠦᠷᠢᠲᠠᠨ》᠎ ᠤ ᠦᠨᠳᠦᠷ ᠴᠢᠳᠠᠮᠵᠢ ᠶᠢᠨ ᠬᠠᠮᠲᠦ ᠶᠢ ᠪᠦᠲᠦᠭᠡᠨ ᠪᠠᠶᠢᠭᠤᠯᠵᠦ᠂《ᠲᠠᠯ᠎ᠠ ᠨᠤᠲᠤᠭ ᠤᠨ ᠡᠷᠳᠡᠮ ᠴᠢᠳᠠᠪᠦᠷᠢᠲᠠᠨ》《 ᠪᠤᠭᠤᠲᠦ ᠬᠤᠲᠠ ᠶᠢᠨ ᠡᠷᠳᠡᠮ ᠴᠢᠳᠠᠪᠦᠷᠢᠲᠡᠨ》178 ᠬᠦᠮᠦᠨ ᠢ ᠮᠡᠳᠡᠭᠦᠯᠦᠭᠰᠡᠨ ᠪᠠᠶᠢᠨ᠎ᠠ᠃      ᠬᠦᠲᠦᠯᠦᠭᠴᠢ᠄ ᠴᠢᠩᠱᠠᠨ ᠲᠤᠭᠤᠷᠢᠭ ᠳᠠᠷᠠᠭᠠᠴᠢ ᠶᠢᠨ ᠠᠯᠬᠤᠮ ᠳᠤ ᠴᠡᠷᠢᠭ ᠠᠷᠠᠳ ᠤᠨ ᠬᠠᠮ ᠬᠦᠭᠵᠢᠭᠦᠯᠦᠯᠲᠡ ᠶᠢᠨ ᠠᠵᠢᠯ ᠶᠠᠮᠠᠷ ᠪᠤᠳᠠᠲᠠᠢ ᠲᠤᠬᠢᠷᠠᠭᠤᠯᠤᠯᠲᠠ ᠪᠠᠶᠢᠬᠤ ᠪᠤᠢ︖      ᠬᠦᠯᠢᠶᠡᠭᠰᠡᠨ ᠵᠤᠴᠢᠨ ᠱᠢ ᠰᠢᠶᠠᠩ ᠶᠠᠩ᠄(ᠨᠢᠭᠡ)ᠴᠡᠷᠢᠭ ᠠᠷᠠᠳ ᠠᠭᠤᠰᠤᠯᠴᠠᠯ ᠤᠨ ᠠᠵᠢᠯ ᠤᠨ ᠲᠤᠭᠲᠠᠯᠴᠠᠭ᠎ᠠ ᠶᠢ ᠪᠦᠷᠢᠨᠰᠢᠭᠦᠯᠦᠨ᠎ᠡ᠃《ᠴᠡᠷᠢᠭ ᠠᠷᠠᠳ ᠤᠨ ᠬᠠᠮ ᠬᠦᠭᠵᠢᠭᠦᠯᠦᠯᠲᠡ ᠶᠢᠨ ᠪᠠᠶᠢᠯᠳᠤᠬᠤ ᠪᠤᠳᠤᠯᠭ᠎ᠠ ᠎ ᠶᠢᠨ ᠬᠦᠲᠦᠯᠪᠦᠷᠢ》᠎ ᠶᠢᠨ ᠲᠤᠭᠤᠷᠢᠨ ᠳᠤ᠂ ᠲᠦᠪ᠂ ᠦᠪᠡᠷᠲᠡᠭᠡᠨ ᠵᠠᠰᠠᠬᠤ ᠤᠷᠤᠨ᠂ ᠪᠤᠭᠤᠲᠦ ᠬᠤᠲᠠ ᠶᠢᠨ ᠨᠡᠶᠢᠲᠡᠯᠡᠭᠰᠡᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠴᠢᠩᠭ᠎ᠠ ᠪᠠᠷᠢᠵᠦ᠂ ᠪᠤᠳᠠᠲᠠᠢ ᠳᠤ ᠲᠤᠭᠲᠠᠨᠢᠵᠦ᠂ ᠴᠢᠩᠱᠠᠨ ᠲᠤᠭᠤᠷᠢᠭ ᠤᠨ ᠴᠡᠷᠢᠭ ᠠᠷᠠᠳ ᠠᠭᠤᠰᠤᠯᠴᠠᠯ ᠤᠨ ᠬᠠᠮ ᠬᠦᠭᠵᠢᠭᠦᠯᠦᠯᠲᠡ ᠶᠢᠨ ᠪᠤᠳᠠᠲᠦ ᠠᠷᠭ᠎ᠠ ᠪᠠᠷᠢᠯ ᠎ ᠢ ᠲᠤᠭᠲᠠᠭᠠᠵᠦ᠂ ᠴᠢᠩᠱᠠᠨ ᠲᠤᠭᠤᠷᠢᠭ ᠤᠨ ᠴᠡᠷᠢᠭ ᠠᠷᠠᠳ ᠠᠭᠤᠰᠤᠯᠴᠠᠭᠰᠠᠨ ᠠᠵᠦ ᠦᠢᠯᠡᠳᠪᠦᠷᠢ ᠶᠢ ᠲᠦᠯᠬᠢᠨ ᠠᠬᠢᠭᠤᠯᠬᠤ ᠰᠠᠭᠤᠷᠢ ᠮᠦᠩᠬᠦ ᠶᠢ ᠪᠠᠶᠢᠭᠤᠯᠵᠦ᠂ ᠲᠤᠬᠢᠷᠠᠮᠵᠢᠲᠠᠢ ᠴᠡᠷᠢᠭ ᠠᠷᠠᠳ ᠤᠨ ᠬᠠᠮ ᠬᠦᠭᠵᠢᠭᠦᠯᠦᠯᠲᠡ ᠶᠢ ᠲᠦᠯᠬᠢᠨ ᠠᠬᠢᠭᠤᠯᠬᠤ ᠲᠦᠷᠦ ᠶᠢᠨ ᠪᠤᠳᠤᠯᠭ᠎ᠠ ᠶᠢ ᠨᠡᠶᠢᠲᠡᠯᠡᠵᠦ᠂ ᠮᠠᠨ ᠤ ᠲᠤᠭᠤᠷᠢᠭ ᠤᠨ ᠴᠡᠷᠢᠭ ᠠᠷᠠᠳ ᠠᠭᠤᠰᠤᠯᠴᠠᠯ ᠤᠨ ᠢᠵᠢ ᠪᠦᠷᠢᠯᠳᠦᠭᠦᠨ ᠤ ᠳᠦᠷᠢᠮ ᠤᠨ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃      (ᠬᠤᠶᠠᠷ)ᠴᠡᠷᠢᠭ ᠠᠷᠠᠳ ᠤᠨ ᠬᠤᠤᠰ ᠬᠡᠷᠡᠭᠯᠡᠯᠲᠦ ᠠᠵᠦ ᠦᠢᠯᠡᠳᠪᠦᠷᠢ ᠶᠢᠨ ᠬᠦᠭᠵᠢᠯᠲᠡ ᠶᠢᠨ ᠰᠢᠰᠲ᠋ᠧᠮ ᠢ ᠴᠤᠴᠠᠯᠠᠨ᠎ᠠ᠃ ᠮᠡᠷᠭᠡᠵᠢᠯ ᠳᠡᠭᠡᠷ᠎ᠡ ᠪᠠᠨ《ᠴᠡᠷᠢᠭ ᠠᠴᠠ ᠠᠷᠠᠳ ᠲᠤ ᠰᠢᠯᠵᠢᠬᠦ》᠂ ᠡᠬᠢ ᠪᠠᠶᠠᠯᠢᠭ ᠎ ᠠᠴᠠ《ᠠᠷᠠᠳ ᠤᠨ ᠴᠡᠷᠢᠭ ᠲᠤ ᠡᠯᠰᠡᠭᠳᠡᠬᠦ》ᠬᠤᠤᠰ ᠶᠡᠭᠡ ᠠᠭᠤᠰᠤᠯᠴᠠᠯ ᠤᠨ ᠴᠡᠭ ᠤᠨ ᠲᠤᠭᠤᠷᠢᠨ ᠳᠤ᠂ ᠤᠯᠠᠮᠵᠢᠯᠠᠯᠲᠦ ᠲᠤᠨᠤᠭ ᠲᠦᠭᠦᠭᠡᠷᠦᠮᠵᠢ ᠦᠢᠯᠡᠳᠬᠦ ᠠᠵᠦ ᠦᠢᠯᠡᠳᠪᠦᠷᠢ ᠶᠢᠨ ᠰᠠᠭᠤᠷᠢᠨ ᠳᠡᠭᠡᠷ᠎ᠡ᠂ ᠴᠦᠮ᠎ᠡ ᠶᠢᠨ ᠮᠡᠷᠭᠡᠵᠢᠯ ᠤᠨ ᠬᠡᠷᠡᠭᠯᠡᠯᠲᠡ᠂ ᠴᠡᠷᠢᠭ ᠤᠨ ᠶᠠᠪᠤᠳᠠᠯ ᠤᠨ ᠰᠤᠶᠤᠯ ᠵᠡᠷᠭᠡ ᠤᠨᠴᠠᠯᠢᠭᠲᠦ ᠠᠵᠦ ᠦᠢᠯᠡᠳᠪᠦᠷᠢ ᠶᠢᠨ ᠬᠦᠭᠵᠢᠯᠲᠡ ᠶᠢ ᠳᠠᠭᠠᠭᠤᠯᠤᠨ‌ᠠᠬᠢᠭᠤᠯᠤᠨ᠎ᠠ︔ ᠴᠡᠷᠢᠭ ᠤᠨ ᠶᠠᠪᠤᠳᠠᠯ ᠤᠨ ᠰᠤᠶᠤᠯ ᠤᠨ ᠪᠡᠶᠡᠴᠢᠯᠡᠨ ᠤᠶᠢᠯᠭᠠᠬᠤ ᠬᠦᠷᠢᠶᠡᠯᠡᠩ᠂ ᠴᠡᠷᠢᠭ ᠤᠨ ᠶᠠᠪᠤᠳᠠᠯ ᠤᠨ ᠰᠤᠶᠤᠯ ᠤᠨ ᠭᠤᠤᠯ ᠰᠡᠳᠦᠪᠲᠦ ᠴᠡᠴᠡᠷᠯᠢᠭ ᠢᠶᠠᠷ ᠲᠦᠯᠦᠭᠡᠯᠡᠭᠰᠡᠨ ᠴᠡᠷᠢᠭ ᠎ ᠤᠨ ᠶᠠᠪᠤᠳᠠᠯ ᠤᠨ ᠰᠤᠶᠤᠯ ᠤᠨ ᠠᠵᠦ ᠦᠢᠯᠡᠳᠪᠦᠷᠢ ᠶᠢᠨ ᠰᠠᠭᠤᠷᠢᠨ ᠭᠠᠵᠠᠷ᠂ ᠳᠡᠭᠡᠲᠦ ᠵᠡᠷᠭᠡ ᠶᠢᠨ ᠲᠤᠨᠤᠭ ᠲᠦᠭᠦᠭᠡᠷᠦᠮᠵᠢ ᠦᠢᠯᠡᠳᠬᠦ ᠠᠵᠦ ᠦᠢᠯᠡᠳᠪᠦᠷᠢ ᠪᠠᠷ ᠭᠤᠤᠯ ᠪᠤᠯᠭᠠᠵᠦ᠂ ᠤᠨᠴᠠᠯᠢᠭᠲᠦ ᠠᠵᠦ ᠦᠢᠯᠡᠳᠪᠦᠷᠢ ᠶᠢᠨ ᠬᠠᠮᠲᠦ ᠪᠠᠷ ᠬᠦᠭᠵᠢᠬᠦ ᠴᠡᠷᠢᠭ ᠠᠷᠠᠳ ᠠᠭᠤᠰᠤᠯᠴᠠᠯ ᠤᠨ ᠠᠵᠦ ᠦᠢᠯᠡᠳᠪᠦᠷᠢ ᠬᠦᠭᠵᠢᠯᠲᠡ ᠶᠢᠨ ᠪᠦᠲᠦᠴᠡ ᠶᠢ ᠪᠠᠶᠢᠭᠤᠯᠤᠨ᠎ᠠ᠃      (ᠭᠤᠷᠪᠠ)ᠴᠡᠷᠢᠭ ᠠᠷᠠᠳ ᠠᠭᠤᠰᠤᠯᠴᠠᠯ ᠢ ᠤᠷᠤᠭᠤᠯᠬᠤ᠂ ᠲᠡᠳᠭᠦᠬᠦ ᠬᠦᠴᠦᠨ ᠢᠶᠠᠨ ᠨᠡᠮᠡᠭᠳᠡᠭᠦᠯᠦᠨ᠎ᠡ᠃《ᠴᠡᠷᠢᠭ ᠠᠴᠠ ᠠᠷᠠᠳ ᠲᠤ ᠰᠢᠯᠵᠢᠬᠦ》《ᠠᠷᠠᠳ ᠤᠨ ᠴᠡᠷᠢᠭ ᠲᠤ ᠡᠯᠰᠡᠭᠳᠡᠬᠦ》ᠮᠡᠷᠭᠡᠵᠢᠯ ᠤᠨ ᠮᠡᠳᠡᠭᠡ ᠵᠠᠩᠭᠢ ᠪᠠ ᠬᠠᠮᠲᠤᠷᠠᠨ ᠠᠵᠢᠯᠯᠠᠬᠤ ᠰᠠᠨᠠᠭ᠎ᠠ ᠶᠢ ᠴᠠᠭ ᠲᠤᠬᠠᠢ ᠳᠤᠨᠢ ᠡᠵᠡᠮᠰᠢᠵᠦ᠂ ᠴᠡᠷᠢᠭ ᠠᠷᠠᠳ ᠠᠭᠤᠰᠤᠯᠴᠠᠭᠰᠠᠨ ᠪᠡᠯᠡ ᠤᠷᠤᠭᠤᠯᠬᠤ ᠳᠤᠭᠤᠶᠢᠯᠠᠩ ᠢ ᠪᠠᠶᠢᠭᠤᠯᠵᠦ᠂ ᠨᠠᠷᠢᠨ ᠨᠢᠮᠪᠠᠢ ᠲᠦᠯᠦᠪᠯᠡᠵᠦ᠂ ᠰᠢᠯᠢᠳᠡᠭ ᠬᠦᠴᠦᠷᠬᠡᠭ ᠬᠠᠷᠠᠯᠲᠠ ᠶᠢᠨ ᠠᠵᠦ ᠠᠬᠤᠶᠢᠯᠠᠯ ᠢ ᠰᠤᠩᠭᠤᠵᠦ᠂ ᠰᠢᠯᠢᠳᠡᠭ ᠨᠡᠶᠢᠭᠡᠮ ᠤᠨ ᠡᠬᠢ ᠪᠠᠶᠠᠯᠢᠭ ᠢ ᠲᠠᠲᠠᠵᠦ᠂ ᠨᠡᠶᠢᠭᠡᠮ ᠤᠨ ᠬᠦᠷᠦᠩᠭᠡ ᠴᠡᠷᠢᠭ ᠠᠷᠠᠳ ᠠᠭᠤᠰᠤᠯᠴᠠᠯ ᠤᠨ ᠪᠡᠯᠡ ᠤᠷᠤᠭᠤᠯᠬᠤ ᠳᠤ ᠤᠷᠤᠯᠴᠠᠬᠤ ᠶᠢ ᠵᠤᠷᠢᠭᠵᠢᠭᠤᠯᠤᠨ ᠬᠦᠲᠦᠯᠦᠨ᠎ᠡ᠃ ᠴᠡᠷᠢᠭ ᠠᠷᠠᠳ ᠠᠭᠤᠰᠤᠯᠴᠠᠯ ᠤᠨ ᠲᠦᠷᠦᠯ ᠵᠦᠢᠯ ᠤᠨ ᠲᠦᠯᠦᠪᠯᠡᠭᠡ᠂ ᠭᠠᠵᠠᠷ ᠰᠢᠷᠦᠢ᠂ ᠤᠷᠴᠢᠨ ᠲᠤᠭᠤᠷᠢᠨ ᠤ ᠦᠨᠡᠯᠡᠮᠵᠢ᠂ ᠲᠦᠷᠦᠯ ᠪᠠᠶᠢᠭᠤᠯᠵᠦ ᠬᠢᠨᠠᠨ ᠵᠦᠪᠰᠢᠶᠡᠷᠡᠬᠦ ᠨᠤᠭᠤᠭᠠᠨ ᠵᠠᠮ ᠢ ᠪᠠᠶᠢᠭᠤᠯᠵᠦ᠂ ᠤᠯᠠᠨ ᠠᠷᠭ᠎ᠠ ᠵᠠᠮ ᠢᠶᠠᠷ ᠲᠦᠷᠦ ᠶᠢᠨ ᠪᠤᠳᠤᠯᠭ᠎ᠠ᠂ ᠮᠦᠩᠭᠦ ᠶᠢᠨ ᠲᠤᠰᠠᠯᠠᠮᠵᠢ ᠶᠢ ᠤᠯᠵᠦ᠂ ᠴᠡᠷᠢᠭ ᠠᠷᠠᠳ ᠠᠭᠤᠰᠤᠯᠴᠠᠯ ᠤᠨ ᠲᠦᠷᠦᠯ ᠵᠦᠢᠯ ᠎ ᠢ ᠲᠡᠳᠭᠦᠵᠦ ᠬᠦᠴᠦᠷᠬᠡᠭᠵᠢᠭᠦᠯᠦᠨ᠎ᠡ᠃ ᠴᠡᠷᠢᠭ ᠤᠨ ᠠᠵᠦ ᠠᠬᠤᠶᠢᠯᠠᠯ ᠤᠨ ᠰᠠᠯᠠᠭᠠᠨ ᠤ ᠰᠤᠳᠤᠯᠭᠠᠨ ᠤ ᠲᠠᠪᠴᠠᠩ ᠎ ᠤᠨ ᠰᠢᠨ᠎ᠡ ᠶᠢ ᠡᠭᠦᠳᠬᠦ ᠨᠡᠪᠴᠢᠯᠡᠭᠦᠷ ᠤᠨ ᠦᠢᠯᠡᠳᠦᠯ ᠢ ᠪᠠᠳᠠᠷᠠᠭᠤᠯᠵᠦ᠂ ᠴᠡᠷᠢᠭ ᠠᠷᠠᠳ ᠤᠨ ᠬᠤᠤᠰ ᠬᠡᠷᠡᠭᠯᠡᠯᠲᠦ ᠮᠡᠷᠭᠡᠵᠢᠯ ᠤᠨ ᠦᠷ᠎ᠡ ᠪᠦᠲᠦᠮᠵᠢ ᠶᠢᠨ ᠬᠤᠪᠢᠷᠠᠯᠲᠠ ᠪᠠ ᠠᠵᠦ ᠦᠢᠯᠡᠳᠪᠦᠷᠢᠴᠢᠯᠡᠯᠲᠡ ᠶᠢ ᠲᠦᠯᠬᠢᠨ ᠠᠬᠢᠭᠤᠯᠵᠦ᠂ ᠴᠡᠷᠢᠭ ᠠᠷᠠᠳ ᠠᠭᠤᠰᠤᠯᠴᠠᠯ ᠤᠨ ᠰᠢᠨ᠎ᠡ ᠶᠢ ᠡᠭᠦᠳᠬᠦ ᠵᠢᠱᠢᠶᠡᠴᠢ ᠠᠵᠦ ᠠᠬᠤᠶᠢᠯᠠᠯ ᠢ ᠬᠦᠮᠦᠵᠢᠭᠦᠯᠵᠦ᠂ ᠴᠡᠷᠢᠭ ᠠᠷᠠᠳ ᠠᠭᠤᠰᠤᠯᠴᠠᠯ ᠤᠨ ᠠᠵᠦ ᠦᠢᠯᠡᠳᠪᠦᠷᠢ ᠶᠢᠨ ᠴᠤᠭᠯᠠᠷᠠᠯ ᠶᠢ ᠠᠭᠠᠵᠢᠮ ᠢᠶᠠᠷ ᠪᠠᠶᠢᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号