ᠦᠨᠳᠦᠰᠦᠳᠡᠨ ᠤ ᠪᠦᠯᠭᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠶᠢ ᠪᠦᠬᠦ ᠲᠠᠯ᠎ᠠ ᠪᠠᠷ ᠬᠦᠨᠵᠡᠭᠡᠢ ᠪᠦᠭᠡᠳ ᠤᠷᠳᠤ ᠤᠳᠠᠭᠠᠨ ᠢᠶᠠᠷ ᠦᠷᠨᠢᠭᠦᠯᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠎ ᠶᠢᠨ ᠤᠬᠠᠮᠰᠠᠷ ᠢᠶᠠᠨ ᠪᠠᠳᠤᠳᠬᠠᠶ᠎ᠠ
ᠨᠡᠶᠢᠲᠡᠯᠡᠭᠰᠡᠨ ᠴᠠᠭ᠄
2019/4/1
     ᠰᠤᠷᠪᠤᠯᠵᠢᠯᠠᠭ᠎ᠠ ᠶᠢᠨ ᠭᠤᠤᠯ ᠰᠡᠳᠦᠪ᠄ ᠦᠨᠳᠦᠰᠦᠳᠡᠨ ᠤ ᠪᠦᠯᠭᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠶᠢ ᠪᠦᠬᠦ ᠲᠠᠯ᠎ᠠ ᠪᠠᠷ ᠬᠦᠨᠵᠡᠭᠡᠢ ᠪᠦᠭᠡᠳ ᠤᠷᠳᠤ ᠤᠳᠠᠭᠠᠨ ᠢᠶᠠᠷ ᠦᠷᠨᠢᠭᠦᠯᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢᠶᠠᠨ ᠪᠠᠳᠤᠳᠬᠠᠶ᠎ᠠ      ᠰᠤᠷᠪᠤᠯᠵᠢᠯᠠᠭ᠎ᠠ ᠬᠢᠭᠰᠡᠨ ᠴᠠᠭ᠄ 2019 ᠤᠨ ᠤ 2 ᠰᠠᠷ᠎ᠠ ᠶᠢᠨ 28᠎ ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠴᠢᠩᠱᠠᠨ ᠲᠤᠭᠤᠷᠢᠭ ᠤᠨ ᠦᠨᠳᠦᠰᠦᠳᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠲᠤᠪᠴᠢᠶᠠᠨ ᠤ ᠨᠠᠮ ᠤᠨ ᠲᠤᠭᠤᠶᠢᠯᠠᠩ ᠤᠨ ᠱᠦᠵᠢ᠂ ᠲᠤᠪᠴᠢᠶᠠᠨ ᠲᠠᠷᠤᠭ᠎ᠠ ᠤᠷᠠᠨ᠎ᠠ      ᠰᠤᠷᠪᠤᠯᠵᠢᠯᠠᠭ᠎ᠠ ᠬᠦᠯᠢᠶᠡᠭᠰᠡᠨ ᠠᠬᠤᠢ ᠪᠠᠶᠢᠳᠠᠯ᠄ ᠴᠢᠩᠱᠠᠨ ᠲᠤᠭᠤᠷᠢᠭ ᠰᠢ ᠶᠢᠨ ᠫᠢᠩ ᠨᠦᠭᠦᠷ ᠤᠨ ᠦᠨᠳᠦᠰᠦᠳᠡᠨ ᠤ ᠠᠵᠢᠯ ᠤᠨ ᠲᠤᠬᠠᠢ ᠦᠭᠦᠯᠡᠯᠳᠡ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤᠤᠬᠠᠬᠤ ᠶᠢ ᠦᠨᠳᠦᠰᠦᠨ ᠴᠢᠭᠯᠡᠯ ᠪᠤᠯᠭᠠᠨ ᠪᠠᠷᠢᠮᠳᠠᠯᠠᠵᠤ᠂ ᠡᠯ᠎ᠡ ᠦᠨᠳᠦᠰᠦᠳᠡᠨ ᠤ ᠬᠠᠷᠢᠯᠴᠠᠭ᠎ᠠ ᠰᠤᠯᠢᠯᠴᠠᠭ᠎ᠠ ᠠᠭᠤᠰᠤᠯᠴᠠᠯ ᠢ ᠴᠢᠩᠭᠠᠳᠬᠠᠬᠤ ᠶᠢ ᠦᠨᠳᠦᠰᠦᠨ ᠠᠷᠭ᠎ᠠ ᠵᠠᠮ ᠪᠤᠯᠭᠠᠵᠤ᠂ ᠭᠤᠶᠢᠪᠢᠰᠢ ᠦᠭᠡᠢ ᠪᠠᠷ ᠦᠨᠳᠦᠰᠦᠳᠡᠨ ᠤ ᠬᠡᠷᠡᠭ ᠶᠠᠪᠤᠳᠠᠯ ᠢ ᠬᠠᠤᠯᠢ ᠶᠤᠰᠤᠭᠠᠷ ᠵᠠᠰᠠᠨ ᠴᠡᠭᠴᠡᠯᠡᠵᠦ᠂ ᠦᠨᠳᠦᠰᠦᠳᠡᠨ ᠤ ᠪᠦᠯᠬᠦᠮᠳᠡᠯ ᠢ ᠠᠬᠢᠭᠤᠯᠤᠭᠰᠠᠨ ᠪᠠᠶᠢᠨ᠎ᠠ᠃      ᠬᠦᠳᠦᠯᠦᠭᠴᠢ᠄ ᠴᠢᠩᠱᠠᠨ ᠲᠤᠭᠤᠷᠢᠭ ᠤᠨ ᠦᠨᠳᠦᠰᠦᠳᠡᠨ ᠤ ᠪᠦᠯᠭᠦᠮᠳᠡᠯ ᠲᠠᠪᠰᠢᠯᠳᠠ ᠶᠢᠨ ᠡᠬᠦᠳᠦᠨ ᠪᠠᠶᠢᠭᠤᠯᠬᠤ ᠠᠵᠢᠯᠯᠠᠭ᠎ᠠ ᠶᠢᠨ ᠪᠠᠶᠢᠳᠠᠯ ᠶᠠᠮᠠᠷ ᠪᠤᠢ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠤᠷᠠᠨ᠎ᠠ᠄ ᠦᠢᠷ᠎ᠠ ᠶᠢᠨ ᠵᠢᠯ ᠤᠳ ᠲᠤ᠂ ᠮᠠᠨ ᠤ ᠲᠤᠭᠤᠷᠢᠭ ᠦᠨᠳᠦᠰᠦᠳᠡᠨ ᠤ ᠪᠦᠯᠭᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠡᠷᠴᠢᠮ ᠲᠠᠢ ᠦᠷᠨᠢᠭᠦᠯᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤᠳᠬᠠᠵᠤ᠂ ᠴᠢᠩᠱᠠᠨ ᠲᠤᠭᠤᠷᠢᠭ ᠎ ᠤᠨ ᠬᠤᠷᠢᠶᠠᠨ ᠤ《ᠰᠢᠨ᠎ᠡ ᠪᠠᠶᠢᠳᠠᠯ ᠳᠠᠬᠢ ᠦᠨᠳᠦᠰᠦᠳᠡᠨ ᠤ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ》᠎ ᠤᠨ ᠵᠤᠷᠢᠭ ᠰᠠᠨᠠᠭᠠᠨ ᠤ ᠶᠤᠰᠤᠭᠠᠷ᠂ ᠦᠨᠳᠦᠰᠦᠳᠡᠨ ᠤ ᠪᠦᠯᠭᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠪᠠᠶᠢᠭᠤᠯᠭ᠎ᠠ ᠳᠤ ᠤᠷᠤᠬᠤ᠂ ᠠᠵᠤ ᠠᠬᠤᠶᠢᠯᠠᠯ ᠳᠤ ᠤᠷᠤᠬᠤ᠂ ᠰᠤᠷᠭᠠᠭᠤᠯᠢ ᠎ ᠳᠤ ᠤᠷᠤᠬᠤ᠂ ᠵᠡᠭᠡᠯᠢ ᠭᠤᠳᠤᠮᠵᠢ ᠪᠠᠯᠭᠠᠰᠤᠨ ᠳᠤ ᠤᠷᠤᠬᠤ᠂ ᠨᠡᠶᠢᠭᠡᠮ ᠲᠤᠭᠤᠷᠢᠭ ᠲᠤ ᠤᠷᠤᠬᠤ᠂ ᠭᠡᠷ ᠪᠦᠯᠢ ᠳᠤ ᠤᠷᠤᠬᠤ᠂ ᠴᠡᠷᠢᠭ ᠤᠨ ᠬᠤᠸᠠᠷᠠᠨ ᠳᠤ ᠤᠷᠤᠬᠤ᠂ ᠱᠠᠰᠢᠨ ᠰᠤᠷᠳᠠᠬᠤᠨ ᠤ ᠲᠠᠯᠠᠪᠤᠷ ᠲᠤ ᠤᠷᠤᠬᠤ ᠶᠢ ᠢᠳᠡᠪᠬᠢᠳᠡᠢ ᠎ ᠪᠠᠷ ᠦᠷᠨᠢᠭᠦᠯᠦᠨ᠂ ᠲᠡᠷᠢᠬᠦᠨ ᠤ ᠨᠡᠶᠢᠳᠡᠯᠢᠭ ᠢ ᠪᠤᠢ ᠪᠤᠯᠭᠠᠵᠤ᠂ ᠦᠨᠳᠦᠰᠦᠳᠡᠨ ᠤ ᠪᠦᠯᠭᠦᠮᠳᠡᠯ ᠲᠠᠪᠰᠢᠯᠳᠠ ᠶᠢᠨ ᠵᠢᠱᠢᠶᠡᠴᠢ ᠪᠠᠶᠢᠭᠤᠯᠭ᠎ᠠ ᠶᠢ ᠡᠭᠦᠳᠦᠨ ᠪᠠᠶᠢᠭᠤᠯᠬᠤ ᠠᠵᠯᠯᠠᠭ᠎ᠠ ᠶᠢ ᠶᠡᠭᠡᠪᠡᠷ ᠦᠷᠨᠢᠭᠦᠯᠦᠨ᠂ ᠡᠬᠦᠨ ᠢᠶᠠᠷ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠤᠬᠠᠭᠤᠯᠬᠤ ᠭᠤᠤᠯ ᠹᠷᠤᠨᠲ᠂ ᠭᠤᠤᠯ ᠵᠠᠮ ᠰᠤᠪᠠᠭ ᠪᠤᠯᠭᠠᠵᠤ᠂ ᠪᠦᠬᠦ ᠲᠤᠭᠤᠷᠢᠭ ᠤᠨ ᠡᠯ᠎ᠡ ᠦᠨᠳᠦᠰᠦᠳᠡᠨ ᠤ ᠤᠯᠠᠨ ᠲᠦᠮᠡᠨ ᠢ ᠢᠳᠡᠪᠬᠢᠳᠡᠢ ᠪᠠᠷ ᠬᠦᠳᠡᠯᠦᠯᠴᠡᠬᠦ ᠶᠢ ᠲᠠᠶᠢᠴᠢᠯᠠᠨ ᠤᠷᠢᠶᠠᠯᠠᠵᠤ᠂ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠬᠦᠨᠵᠡᠭᠡᠢ ᠦᠷᠭᠡᠨ ᠲᠡᠯᠭᠡᠷ ᠤᠬᠠᠭᠤᠯᠵᠤ᠂ ᠡᠯ᠎ᠡ ᠦᠨᠳᠦᠰᠦᠳᠡᠨ ᠤ ᠬᠠᠮᠳᠤ ᠶᠢᠨ ᠤᠶᠤᠨ ᠰᠠᠨᠠᠭᠠᠨ ᠤ ᠭᠡᠷ ᠬᠦᠷᠢᠶᠡᠯᠡᠩ ᠢ ᠪᠦᠳᠦᠭᠡᠨ ᠪᠠᠶᠢᠭᠤᠯᠵᠤ᠂ ᠦᠨᠳᠦᠰᠦᠳᠡᠨ ᠎ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠳᠤ ᠬᠦᠴᠦᠨ ᠢᠶᠠᠨ ᠨᠡᠮᠡᠷᠢᠯᠡᠭᠰᠡᠨ ᠪᠠᠶᠢᠨ᠎ᠠ᠃ ᠡᠭᠦᠳᠦᠨ ᠪᠠᠶᠢᠭᠤᠯᠬᠤ ᠠᠵᠢᠯ ᠤᠨ ᠶᠠᠪᠤᠴᠠ ᠶᠢ ᠲᠦᠷᠢᠮᠵᠢᠭᠦᠯᠵᠦ᠂ ᠡᠭᠦᠳᠦᠨ ᠪᠠᠶᠢᠭᠤᠯᠬᠤ ᠠᠵᠢᠯᠯᠠᠭ᠎ᠠ ᠶᠢ ᠵᠢᠯᠤᠭᠤᠳᠬᠤ ᠪᠠᠷ ᠲᠠᠮᠵᠢᠨ᠂ ᠦᠨᠳᠦᠰᠦᠳᠡᠨ ᠤ ᠪᠦᠯᠭᠦᠮᠳᠡᠯ ᠲᠠᠪᠰᠢᠯᠳᠠ ᠶᠢᠨ ᠵᠢᠱᠢᠶᠡᠴᠢ ᠪᠠᠶᠢᠭᠤᠯᠭ᠎ᠠ ᠶᠢ ᠡᠭᠦᠳᠦᠨ ᠪᠠᠶᠢᠭᠤᠯᠬᠤ᠂ ᠲᠠᠨᠢᠯᠴᠠᠭᠤᠯᠬᠤ᠂ ᠰᠢᠯᠭᠠᠨ ᠠᠪᠬᠤ ᠶᠢ ᠤᠯᠠᠮ ᠲᠦᠷᠢᠮᠵᠢᠯᠡᠯ ᠲᠠᠢ᠂ ᠰᠢᠨᠵᠢᠯᠡᠬᠦ ᠤᠬᠠᠭᠠᠨᠴᠢᠯᠠᠯᠳᠠ ᠲᠠᠢ ᠪᠤᠯᠭᠠᠵᠠᠢ᠃ ᠤᠷᠢᠳ ᠬᠤᠵᠢᠳ  ᠬᠤᠳᠠ ᠶᠢᠨ ᠲᠡᠰ ‍ᠤᠨ‌ᠦᠨᠳᠦᠰᠦᠳᠡᠨ ᠤ ᠪᠦᠯᠭᠦᠮᠳᠡᠯ ᠲᠠᠪᠰᠢᠯᠳᠠ ᠶᠢᠨ ᠵᠢᠱᠢᠶᠡᠴᠢ ᠪᠠᠶᠢᠭᠤᠯᠭ᠎ᠠ ᠎ ᠶᠢ 139 ᠨᠡᠷᠡᠶᠢᠳᠴᠦ᠂ ᠡᠭᠦᠨ ᠤ ᠲᠤᠳᠤᠷ᠎ᠠ 79 ᠵᠢᠱᠢᠶᠡᠴᠢ ᠪᠠᠶᠢᠭᠤᠯᠭ᠎ᠠ᠂ 19 ᠵᠢᠱᠢᠶᠡᠴᠢ ᠰᠤᠷᠭᠠᠭᠤᠯᠢ᠂ 9 ᠵᠢᠱᠢᠶᠡᠴᠢ ᠨᠡᠶᠢᠭᠡᠮ ᠲᠤᠭᠤᠷᠢᠭ᠂ 32 ᠵᠢᠱᠢᠶᠡᠴᠢ ᠠᠵᠤ ᠠᠬᠤᠶᠢᠯᠠᠯ ᠪᠠᠭᠳᠠᠳᠠᠭ᠃ ᠲᠤᠭᠤᠷᠢᠭ ᠤᠨ ᠲᠡᠰ ᠤᠨ ᠦᠨᠳᠦᠰᠦᠳᠡᠨ ᠤ ᠪᠦᠯᠭᠦᠮᠳᠡᠯ ᠲᠠᠪᠰᠢᠯᠳᠠ ᠶᠢᠨ ᠵᠢᠱᠢᠶᠡᠴᠢ ᠪᠠᠶᠢᠭᠤᠯᠭ᠎ᠠ ᠶᠢ 244 ᠨᠡᠷᠡᠶᠢᠳᠴᠦ᠂ ᠡᠭᠦᠨ ᠳᠤ᠂95 ᠵᠢᠱᠢᠶᠡᠴᠢ ᠪᠠᠶᠢᠭᠤᠯᠭ᠎ᠠ᠂ 42 ᠵᠢᠱᠢᠶᠡᠴᠢ ᠰᠤᠷᠭᠠᠭᠤᠯᠢ᠂ 10 ᠵᠢᠱᠢᠶᠡᠴᠢ ᠵᠡᠭᠡᠯᠢ ᠭᠤᠳᠤᠮᠵᠢ ᠪᠠᠯᠭᠠᠰᠤ᠂ 46 ᠵᠢᠱᠢᠶᠡᠴᠢ ᠨᠡᠶᠢᠭᠡᠮ ᠲᠤᠭᠤᠷᠢᠭ᠂ 47 ᠵᠢᠱᠢᠶᠡᠴᠢ ᠠᠵᠤ ᠠᠬᠤᠶᠢᠯᠠᠯ᠂ 3 ᠵᠢᠱᠢᠶᠡᠴᠢ ᠲᠤᠰᠬᠤᠨ ᠪᠠ 1 ᠵᠢᠱᠢᠶᠡᠴᠢ ᠲᠤᠭᠠᠩ ᠪᠠᠶᠢᠳᠠᠭ᠃ ᠦᠨᠳᠦᠰᠦᠳᠡᠨ ᠤ ᠪᠦᠯᠭᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠡᠨ ᠲᠠᠯᠭᠡᠷᠡᠩᠭᠦᠢ᠂ ᠬᠦᠨᠵᠡᠭᠡᠢ ᠦᠷᠨᠢᠭᠦᠯᠬᠦ ᠪᠠᠷ ᠲᠠᠮᠵᠢᠨ᠂ ᠴᠦᠬᠡᠨ ᠲᠤᠭᠠᠳᠤ ᠦᠨᠳᠦᠰᠦᠳᠡᠨ ᠤ ᠤᠯᠠᠨ ᠲᠦᠮᠡᠨ ᠤ ᠦᠨᠳᠦᠰᠦᠳᠡᠨ ᠤ ᠬᠠᠷᠢᠶᠠᠯᠠᠭᠳᠠᠬᠤ ᠰᠡᠳᠭᠢᠯᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠦᠨᠳᠦᠰᠦᠳᠡᠨ ᠤ ᠡᠷᠭᠡ ᠲᠡᠭᠰᠢ᠂ ᠪᠦᠯᠭᠦᠮᠳᠡᠯ ᠲᠠᠢ᠂ ᠬᠠᠷᠢᠯᠴᠠᠨ ᠬᠠᠪᠰᠤᠷᠤᠯᠴᠠᠬᠤ᠂ ᠡᠶ᠎ᠡ ᠵᠤᠭᠢᠴᠠᠯᠳᠠᠢ ᠨᠡᠶᠢᠭᠡᠮ ᠵᠢᠷᠤᠮᠳᠤ ᠦᠨᠳᠦᠰᠦᠳᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠪᠠᠳᠤᠳᠬᠠᠨ ᠬᠦᠭᠵᠢᠭᠦᠯᠪᠡ᠃      ᠬᠦᠳᠦᠯᠦᠭᠴᠢ᠄ ᠴᠢᠩᠱᠠᠨ ᠲᠤᠭᠤᠷᠢᠭ ᠦᠨᠳᠦᠰᠦᠳᠡᠨ ᠤ ᠭᠡᠷᠡᠭ ᠶᠠᠪᠤᠳᠠᠯ ᠤᠨ ᠬᠠᠮᠢᠶᠠᠷᠤᠯᠳᠠ ᠶᠢᠨ ᠲᠠᠯ᠎ᠠ ᠳᠤ ᠶᠠᠮᠠᠷᠬᠦ ᠰᠢᠨ᠎ᠡ ᠠᠷᠭ᠎ᠠ ᠪᠠᠷᠢᠯ ᠪᠠᠶᠢᠳᠠᠭ ᠪᠤᠢ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠤᠷᠠᠨ᠎ᠠ᠄ ᠴᠢᠩᠱᠠᠨ ᠲᠤᠭᠤᠷᠢᠭ ᠠᠵᠢᠯ ᠤᠨ ᠠᠷᠭ᠎ᠠ ᠪᠠᠷᠢᠯ ᠢᠶᠠᠨ ᠴᠢᠩᠭᠠᠳᠬᠠᠬᠤ ᠳᠤ ᠬᠦᠴᠦᠯᠡᠨ᠂ ᠬᠤᠳᠠ ᠶᠢᠨ ᠦᠨᠳᠦᠰᠦᠳᠡᠨ ᠤ ᠠᠵᠢᠯ ᠤᠨ ᠤᠯᠠᠮ ᠨᠠᠷᠢᠯᠢᠭᠵᠢᠭᠤᠨ᠂ ᠨᠡᠶᠢᠭᠡᠮᠴᠢᠯᠡᠯᠳᠡ ᠲᠠᠢ ᠪᠤᠯᠬᠤ ᠶᠢ ᠪᠡᠶᠡᠯᠡᠬᠦᠯᠵᠡᠢ᠃ ᠲᠤᠰᠢᠶᠠᠯ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠬᠤᠳᠠ ᠶᠢᠨ ᠦᠨᠳᠦᠰᠦᠳᠡᠨ ᠤ ᠠᠵᠢᠯ ᠤᠨ ᠰᠠᠭᠤᠷᠢ ᠶᠢ ᠪᠠᠬᠢᠵᠢᠭᠦᠯᠦᠨ᠂《ᠵᠡᠭᠡᠯᠢ ᠭᠤᠳᠤᠮᠵᠢ ︵ᠪᠠᠯᠭᠠᠰᠤ︶᠂ ᠨᠡᠶᠢᠭᠡᠮ ᠲᠤᠭᠤᠷᠢᠭ ︵ᠲᠤᠰᠬᠤᠨ︶᠎ ᠤ ᠦᠨᠳᠦᠰᠦᠳᠡᠨ ᠤ ᠠᠵᠢᠯ ᠤᠨ ᠲᠤᠰᠠᠯᠠᠭᠴᠢ ᠶᠢᠨ ᠠᠵᠢᠯ ᠤᠨ ᠲᠤᠰᠢᠶᠠᠯ ᠬᠠᠷᠢᠭᠤᠴᠠᠯᠭ᠎ᠠ》᠎ ᠶᠢ ᠲᠦᠷᠢᠮᠵᠢᠭᠦᠯᠦᠨ ᠲᠤᠭᠳᠠᠭᠠᠵᠠᠢ᠃ ᠵᠡᠭᠡᠯᠢ ᠭᠤᠳᠤᠮᠵᠢ ᠨᠡᠶᠢᠭᠡᠮ ᠲᠤᠭᠤᠷᠢᠭ ᠤᠨ《ᠵᠢᠷᠭᠤᠭᠠᠨ ᠬᠦᠰᠦᠨᠦᠭ ᠲᠦᠷᠪᠡᠨ ᠲᠤᠪᠬᠢᠮᠠᠯ》ᠬᠡᠮᠡᠬᠦ ᠦᠨᠳᠦᠰᠦᠳᠡᠨ ᠤ ᠠᠵᠢᠯ ᠤᠨ ᠲᠠᠩᠰᠠ ᠡᠪᠭᠡᠮᠡᠯ ᠢ ᠪᠦᠷᠢᠨᠰᠢᠭᠦᠯᠵᠤ ᠪᠠᠶᠢᠭᠤᠯᠤᠨ᠂ ᠦᠨᠳᠦᠰᠦᠳᠡᠨ ᠤ ᠠᠵᠢᠯ ᠤᠨ ᠨᠠᠷᠢᠪᠴᠢᠯᠠᠯᠳᠠ ᠶᠢ ᠪᠡᠶᠡᠯᠡᠭᠦᠯᠪᠡ᠃《ᠠᠷᠪᠠᠨ ᠬᠤᠶᠠᠳᠤᠭᠠᠷ ᠲᠠᠪᠤᠨ ᠵᠢᠯ ᠤᠨ ᠲᠦᠯᠦᠪᠯᠡᠭᠡ》᠂《ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠯᠡᠭᠡ》᠎ ᠶᠢᠨ ᠬᠤᠭᠤᠴᠠᠭᠠᠨ ᠳᠤ᠂ ᠪᠦᠬᠦ ᠤᠯᠤᠰ ᠤᠨ ᠦᠨᠳᠦᠰᠦᠳᠡᠨ ᠤ ᠤᠨᠴᠠᠭᠠᠢ ᠬᠡᠷᠭᠯᠡᠭᠡᠨ ᠤ ᠲᠠᠸᠠᠷ ᠤᠨ ᠲᠤᠭᠳᠠᠭᠰᠠᠨ ᠴᠡᠭ ᠤᠨ ᠠᠵᠤ ᠠᠬᠤᠶᠢᠯᠠᠯ ᠢ ᠮᠡᠳᠡᠭᠦᠯᠬᠦ ᠠᠵᠢᠯ ᠢ ᠢᠳᠡᠪᠬᠢᠳᠡᠢ ᠦᠷᠨᠢᠭᠦᠯᠵᠦ᠂ ᠨᠠᠷᠢᠨ ᠰᠡᠭᠦᠯᠳᠦ ᠬᠤᠨᠢᠨ ᠤ ᠮᠠᠯᠵᠢᠯ ᠤᠨ ᠰᠢᠨᠵᠢᠯᠡᠭᠡ ᠮᠡᠷᠭᠡᠵᠢᠯ ᠎ ᠤᠨ ᠬᠢᠵᠠᠭᠠᠷᠳᠤ ᠺᠤᠮᠫᠠᠨᠢ ᠵᠡᠷᠭᠡ 2 ᠠᠵᠤ ᠠᠬᠤᠶᠢᠯᠠᠯ ᠢ ᠠᠮᠵᠢᠯᠳᠠᠳᠠᠢ ᠪᠠᠷ ᠲᠤᠭᠳᠠᠭᠰᠠᠨ ᠴᠡᠭ ᠤᠨ ᠠᠵᠤ ᠠᠬᠤᠶᠢᠯᠠᠯ ᠢᠶᠠᠷ ᠨᠡᠷᠡᠶᠢᠳᠴᠦ᠂ ᠴᠠᠭ ᠲᠤᠬᠠᠢ ᠳᠤᠨᠢ ᠬᠦᠦ ᠮᠦᠩᠭᠦ ᠶᠢ ᠤᠷᠤᠯᠠᠨ ᠦᠭᠬᠦ ᠬᠠᠷᠠᠭᠠᠯᠵᠠᠯ ᠤᠨ ᠲᠦᠷᠦ ᠎ ᠶᠢᠨ ᠪᠤᠳᠤᠯᠭ᠎ᠠ ᠶᠢ ᠡᠳ᠋ᠯᠡᠭᠦᠯᠪᠡ᠃《ᠲᠠᠯᠪᠢᠬᠤ ᠬᠠᠮᠢᠶᠠᠷᠬᠤ ᠦᠢᠯᠡᠴᠢᠯᠡᠬᠦ》ᠦᠭᠡᠷᠡᠴᠢᠯᠡᠯᠳᠡ ᠶᠢ ᠢᠳᠡᠪᠬᠢᠳᠡᠢ ᠬᠦᠨᠵᠡᠭᠡᠶᠢᠷᠡᠭᠦᠯᠦᠭᠰᠡᠨ ᠪᠠᠶᠢᠨ᠎ᠠ᠃ ᠬᠦᠮᠦᠨ ᠢᠶᠠᠷ ᠦᠨᠳᠦᠰᠦ ᠪᠤᠯᠭᠠᠬᠤ ᠦᠵᠡᠯ ᠰᠠᠨᠠᠭ᠎ᠠ ᠶᠢ ᠪᠤᠢ ᠪᠤᠯᠭᠠᠨ᠂ ᠬᠡᠷᠡᠭ ᠬᠦᠢᠴᠡᠳᠬᠡᠬᠦ ᠶᠠᠪᠤᠴᠠ ᠪᠠᠨ ᠤᠯᠠᠮ ᠨᠢᠭᠡ ᠠᠯᠬᠤᠮ ᠲᠦᠭᠦᠮᠴᠢᠯᠡᠨ᠂《ᠲᠠᠯᠪᠢᠬᠤ ᠬᠠᠮᠢᠶᠠᠷᠬᠤ ᠦᠢᠯᠡᠴᠢᠯᠡᠬᠦ》ᠤᠶᠢᠯᠠᠭᠠᠭᠳᠠᠬᠤᠨ ᠢ ᠬᠦᠢᠴᠡᠳ ᠢᠯᠡᠷᠡᠭᠦᠯᠵᠦ᠂ ᠯᠠᠯᠤ ᠶᠢᠨ ᠢᠳᠡᠭᠡᠨ ᠤ ᠡᠵᠡᠩᠨᠡᠯᠳᠡ ᠶᠢᠨ ᠵᠦᠪᠰᠢᠶᠡᠷᠡᠯ ᠤᠨ ᠦᠨᠡᠮᠯᠡᠯ ᠢ ᠬᠢᠨᠠᠨ ᠵᠦᠪᠰᠢᠶᠡᠷᠡᠬᠦ ᠦᠶ᠎ᠡ ᠳᠤ᠂ ᠤᠤᠯ ᠤᠨ ᠲᠦᠷᠪᠡᠨ ᠵᠢᠯ ᠪᠦᠷᠢ ᠳᠤ ᠰᠢᠨ᠎ᠡ ᠵᠦᠪᠰᠢᠶᠡᠷᠡᠯ ᠤᠨ ᠦᠨᠡᠮᠯᠡᠯ ᠰᠤᠯᠢᠳᠠᠭ ᠪᠠᠶᠢᠭᠰᠠᠨ ᠢ ᠰᠢᠨ᠎ᠡ ᠵᠦᠪᠰᠢᠶᠡᠷᠡᠯ ᠤᠨ ᠦᠨᠡᠮᠯᠡᠯ ᠤᠯᠤᠭᠰᠠᠨ ᠪᠤᠶᠤ ᠦᠨᠡᠮᠯᠡᠯ ᠢᠶᠠᠨ ᠰᠤᠯᠢᠭᠰᠠᠨ ᠤ ᠲᠠᠷᠠᠭ᠎ᠠ ᠦᠨᠡᠮᠯᠡᠯ ᠨᠢ ᠤᠷᠳᠤ  ᠬᠤᠭᠤᠴᠠᠭ᠎ᠠ ᠪᠠᠷ ᠬᠦᠴᠦᠨ ᠲᠠᠢ ᠪᠤᠯᠭᠠᠪᠠ᠃ ᠲᠤᠭᠤᠷᠢᠭ ᠤᠨ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠲᠠᠢ ᠬᠠᠮᠳᠤᠷᠠᠯᠴᠠᠨ《ᠯᠠᠯᠤ ᠶᠢᠨ ᠢᠳᠡᠭᠡᠨ ᠤ ᠠᠵᠢᠯ ᠢ ᠬᠠᠮᠳᠤᠪᠠᠷ ᠬᠢᠨᠠᠵᠤ ᠬᠠᠮᠢᠶᠠᠷᠬᠤ ᠭᠡᠷᠡᠭᠵᠢᠭᠦᠯᠬᠦ ᠠᠵᠢᠯ ᠤᠨ ᠲᠦᠰᠦᠯ》᠎ ᠢ ᠲᠤᠭᠳᠠᠭᠠᠵᠤ᠂ ᠴᠢᠩᠱᠠᠨ ᠲᠤᠭᠤᠷᠢᠭ ᠤᠨ ᠬᠠᠮᠳᠤᠷᠠᠭᠰᠠᠨ ᠬᠢᠨᠠᠯᠳᠠ ᠬᠠᠮᠢᠶᠠᠷᠤᠯᠳᠠ ᠶᠢᠨ ᠲᠠᠪᠴᠠᠩ ᠢ ᠡᠬᠢᠯᠡᠨ ᠬᠡᠷᠡᠭᠯᠡᠵᠦ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠤᠯᠠᠮ ᠨᠢᠭᠡ ᠠᠯᠬᠤᠮ ᠬᠦᠨᠵᠡᠭᠡᠶᠢᠷᠡᠭᠦᠯᠦᠨ᠂ ᠯᠠᠯᠤ ᠶᠢᠨ ᠢᠳᠡᠭᠡᠨ ᠤ ᠬᠢᠨᠠᠯᠳᠠ ᠬᠠᠮᠢᠶᠠᠷᠤᠯᠳᠠ ᠶᠢᠨ ᠲᠦᠷᠢᠮᠵᠢᠯᠳᠡ᠂ ᠪᠠᠶᠢᠩᠭᠤᠵᠢᠬᠤ ᠶᠢ ᠲᠦᠯᠬᠢᠨ ᠠᠬᠢᠭᠤᠯᠪᠠ᠃ ᠲᠦᠷᠦᠯ ᠵᠦᠢᠯ ᠳᠤ ᠬᠦᠴᠦ ᠲᠠᠯᠪᠢᠨ᠂ ᠬᠤᠳᠠ ᠶᠢᠨ ᠦᠨᠳᠦᠰᠦᠳᠡᠨ ᠤ ᠠᠵᠢᠯ ᠤᠨ ᠵᠢᠱᠢᠶᠡᠴᠢ ᠨᠡᠶᠢᠭᠡᠮ ᠲᠤᠭᠤᠷᠢᠭ ᠪᠠ ᠵᠢᠱᠢᠶᠡᠴᠢ ᠰᠤᠷᠭᠠᠭᠤᠯᠢ ᠶᠢ ᠪᠦᠬᠦ ᠬᠦᠴᠦᠨ ᠢᠶᠠᠷ ᠪᠠᠶᠢᠭᠤᠯᠵᠠᠢ᠃ ᠬᠤᠳᠠ ᠶᠢᠨ ᠦᠨᠳᠦᠰᠦᠳᠡᠨ ᠤ ᠵᠢᠱᠢᠶᠡᠴᠢ ᠨᠡᠶᠢᠭᠡᠮ ᠲᠤᠭᠤᠷᠢᠭ ᠪᠤᠯᠬᠤ ᠸᠠᠨ ᠵᠢᠶ᠋ᠶᠦ᠋ᠨ ᠤ ᠴᠦᠬᠡᠨ ᠲᠤᠭᠠᠳᠤ ᠦᠨᠳᠦᠰᠦᠳᠡᠨ ᠤ ᠤᠨᠴᠠᠯᠢᠭᠳᠤ ᠤᠷᠳᠤᠨ ᠢ ᠡᠭᠦᠳᠦᠨ ᠪᠠᠶᠢᠭᠤᠯᠵᠤ᠂ ᠦᠨᠳᠦᠰᠦᠳᠡᠨ ᠤ ᠤᠷᠠᠨ ᠪᠢᠴᠢᠯᠭᠡ᠂ ᠵᠢᠷᠤᠭ᠂ ᠭᠠᠷ ᠤᠷᠠᠯᠠᠯ ᠤᠨ ᠪᠤᠯᠪᠠᠰᠤᠷᠠᠯ ᠪᠠ ᠡᠭᠦᠳᠦᠨ ᠪᠦᠳᠦᠭᠡᠬᠦ ᠬᠢᠴᠢᠶᠡᠯ ᠢ ᠦᠷᠨᠢᠭᠦᠯᠵᠦ᠂ ᠮᠤᠩᠭᠤᠯ ᠬᠡᠯᠡ ᠪᠢᠴᠢᠭ᠂ ᠮᠤᠷᠢᠨ ᠬᠤᠭᠤᠷ ᠰᠤᠷᠤᠯᠴᠠᠬᠤ ᠪᠤᠯᠪᠠᠰᠤᠷᠠᠯ ᠤᠨ ᠠᠩᠬᠢ ᠶᠢ ᠡᠷᠬᠢᠯᠡᠵᠦ᠂ ᠬᠦᠨ ᠵᠤᠵᠠᠭᠠᠨ ᠦᠨᠳᠦᠰᠦᠳᠡᠨ ᠤ ᠰᠤᠶᠤᠯ ᠤᠨ ᠠᠭᠤᠷ ᠠᠮᠢᠰᠬᠤᠯ ᠢ ᠪᠤᠢ ᠪᠤᠯᠭᠠᠵᠠᠢ᠃ ᠬᠠᠳᠠ ᠨᠡᠶᠢᠭᠡᠮ ᠲᠤᠭᠤᠷᠢᠭ ᠲᠤ ᠴᠢᠩᠱᠠᠨ ᠲᠤᠭᠤᠷᠢᠭ ᠤᠨ ᠴᠦᠬᠡᠨ ᠲᠤᠭᠠᠳᠤ ᠦᠨᠳᠦᠰᠦᠳᠡᠨ ᠤ ᠦᠢᠯᠡᠴᠢᠯᠡᠭᠡᠨ ᠤ ᠲᠦᠪ ᠢ ᠪᠠᠶᠢᠭᠤᠯᠵᠤ᠂ ᠦᠪᠡᠷᠮᠢᠴᠡ ᠤᠨᠴᠠᠯᠢᠭ ᠪᠦᠬᠦᠢ《ᠡᠶ᠎ᠡ ᠨᠡᠶᠢᠷᠠᠮᠳᠭᠤ ᠬᠦᠷᠰᠢ ᠭᠡᠷ》ᠴᠦᠭᠡᠨ ᠲᠤᠭᠠᠳᠤ ᠦᠨᠳᠦᠰᠦᠳᠡᠨ ᠤ ᠠᠵᠢᠯ ᠤᠨ ᠦᠢᠯᠡᠴᠢᠯᠡᠭᠡᠨ ᠤ ᠲᠦᠷᠦᠯ ᠲᠡᠮᠳᠡᠭ ᠤᠨ ᠰᠠᠭᠤᠷᠢᠨ ᠭᠠᠵᠠᠷ ᠢ ᠴᠤᠭᠴᠠᠯᠠᠨ ᠪᠠᠶᠢᠭᠤᠯᠪᠠ᠃ ᠤᠰᠤᠳᠤ ᠵᠡᠭᠡᠯᠢ ᠭᠤᠳᠤᠮᠵᠢ ᠶᠢᠨ ᠯᠢ ᠮᠢᠨ ᠨᠡᠶᠢᠭᠡᠮ ᠲᠤᠭᠤᠷᠢᠭ ᠲᠤ ᠴᠦᠬᠡᠨ ᠲᠤᠭᠠᠳᠤ ᠦᠨᠳᠦᠰᠦᠳᠡᠨ ᠤ ᠦᠢᠯᠡᠴᠢᠯᠡᠭᠡᠨ ᠤ ᠤᠯᠠᠭ᠎ᠠ ᠦᠷᠳᠡᠭᠡ ᠶᠢ ᠴᠤᠭᠴᠠᠯᠠᠵᠤ᠂ ᠴᠦᠭᠡᠨ ᠲᠤᠭᠠᠳᠤ ᠦᠨᠳᠦᠰᠦᠳᠡᠨ ᠤ ᠲᠦᠷᠦ ᠶᠢᠨ ᠪᠤᠳᠤᠯᠭ᠎ᠠ᠂ ᠬᠠᠤᠯᠢ ᠲᠦᠷᠢᠮ ᠤᠨ ᠤᠬᠠᠭᠤᠯᠭ᠎ᠠ ᠬᠢᠭᠦ᠂ ᠬᠠᠤᠯᠢ ᠴᠠᠭᠠᠵᠠ ᠶᠢᠨ ᠲᠤᠰᠠᠯᠠᠮᠵᠢ᠂ ᠦᠢᠯᠡᠰ ᠪᠦᠳᠦᠭᠡᠬᠦ ᠠᠵᠢᠯ ᠤᠯᠭᠤᠬᠤ᠂ ᠶᠠᠳᠠᠭᠤ ᠶᠢ ᠲᠡᠳᠬᠦᠵᠦ ᠬᠦᠴᠢᠷᠳᠡᠯ ᠲᠤᠯᠭᠠᠷᠠᠭᠰᠠᠳ ᠲᠤ ᠬᠠᠪᠰᠤᠷᠤᠮᠵᠢ ᠦᠵᠡᠭᠦᠯᠬᠦ 5 ᠰᠠᠶᠢᠨ ᠲᠤᠷᠠᠴᠤᠤᠯ ᠤᠨ ᠡᠩᠨᠡᠭᠡ ᠶᠢ ᠪᠠᠶᠢᠭᠤᠯᠪᠠ᠃ ᠵᠢᠷᠭᠠᠯᠠᠩᠳᠤ ᠡᠮᠦᠨ᠎ᠡ ᠵᠠᠮ ᠤᠨ ᠪᠠᠭ᠎ᠠ ᠰᠤᠷᠭᠠᠭᠤᠯᠢ ᠎ ᠳᠤ《ᠦᠨᠳᠦᠰᠦᠳᠡᠨ ᠤ ᠪᠦᠯᠬᠦᠮᠳᠡᠯ ᠨᠢᠭᠡ ᠭᠡᠷ ᠪᠦᠯᠢ ᠮᠡᠳᠦ ᠲᠤᠳᠤᠨᠤ》ᠦᠨᠳᠦᠰᠦᠳᠡᠨ ᠤ ᠰᠤᠷᠭᠠᠨ ᠬᠦᠮᠦᠵᠢᠯ ᠎ ᠤᠨ ᠲᠡᠯᠭᠡᠨ ᠦᠵᠡᠭᠦᠯᠬᠦ ᠲᠢᠩᠭᠢᠮ ᠢ ᠪᠠᠶᠢᠭᠤᠯᠤᠭᠰᠠᠨ ᠪᠦᠭᠡᠳ10 ᠰᠠᠷ᠎ᠠ ᠳᠤ ᠠᠩᠬᠠᠳᠠᠭᠴᠢ ᠲᠠᠯ᠎ᠠ ᠨᠤᠳᠤᠭ ᠤᠨ ᠰᠤᠶᠤᠯ ᠤᠨ ᠨᠠᠶᠢᠷ ᠢ ᠶᠠᠪᠤᠭᠳᠠᠭᠤᠯᠵᠠᠢ᠃ ᠤᠮᠠᠷᠠᠳᠤ ᠬᠦᠨᠳᠦ ᠠᠵᠤ ᠦᠢᠯᠡᠳᠪᠦᠷᠢ ᠶᠢᠨ ᠭᠤᠷᠪᠠᠳᠤᠭᠠᠷ ᠲᠤᠮᠳᠠᠳᠤ ᠰᠤᠷᠭᠠᠭᠤᠯᠢ ᠳᠤ ᠮᠤᠩᠭᠤᠯ ᠦᠭᠡ ᠬᠡᠯᠡ ᠦᠰᠦᠭ ᠪᠢᠴᠢᠭ᠂ ᠤᠷᠠᠨ ᠵᠢᠷᠤᠭ᠂ ᠲᠠᠭᠤᠤ ᠪᠦᠵᠢᠭ᠂ ᠬᠦᠭᠵᠢᠮᠳᠡᠭᠦᠷ ᠪᠡ ᠠᠷᠠᠰᠤᠨ ᠰᠡᠶᠢᠯᠦᠮᠡᠯ ᠵᠡᠷᠭᠡ ᠦᠨᠳᠦᠰᠦᠳᠡᠨ ᠤ ᠰᠤᠶᠤᠯ ᠤᠨ ᠬᠢᠴᠢᠶᠡᠯ ᠢ ᠡᠷᠬᠢᠯᠡᠭᠦᠯᠵᠦ᠂ ᠦᠨᠳᠦᠰᠦᠳᠡᠨ ᠤ ᠰᠤᠶᠤᠯ ᠎ ᠢ ᠢᠳᠡᠪᠬᠢᠳᠡᠢ ᠪᠠᠷ ᠵᠠᠯᠭᠠᠮᠵᠢᠯᠠᠨ ᠤᠯᠠᠮᠵᠢᠯᠠᠵᠤ᠂ ᠡᠯ᠎ᠡ ᠦᠨᠳᠦᠰᠦᠳᠡᠨ ᠤ ᠰᠤᠯᠢᠯᠴᠠᠭ᠎ᠠ᠂ ᠬᠠᠷᠢᠯᠴᠠᠭ᠎ᠠ᠂ ᠠᠭᠤᠰᠤᠯᠴᠠᠯ ᠎ ᠢ ᠠᠬᠢᠭᠤᠯᠵᠠᠢ᠃      ᠬᠦᠳᠦᠯᠦᠭᠴᠢ᠄ ᠴᠢᠩᠱᠠᠨ ᠲᠤᠭᠤᠷᠢᠭ ᠤᠨ ᠴᠦᠭᠡᠨ ᠲᠤᠭᠠᠳᠤ ᠦᠨᠳᠦᠰᠦᠳᠡᠨ ᠤ ᠬᠦᠭᠵᠢᠭᠦᠯᠦᠯᠳᠡ ᠶᠢᠨ ᠪᠡᠯᠡ ᠮᠦᠩᠭᠦ ᠶᠢᠨ ᠭᠡᠷᠡᠭᠯᠡᠯᠳᠡ ᠪᠡ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠳᠠᠯ ᠨᠢ ᠶᠠᠮᠠᠷ ᠪᠤᠢ︖      ᠴᠦᠬᠡᠨ ᠲᠤᠭᠠᠳᠤ ᠦᠨᠳᠦᠰᠦᠳᠡᠨ ᠤ ᠬᠦᠭᠵᠢᠭᠦᠯᠦᠯᠳᠡ ᠶᠢᠨ ᠪᠡᠯᠡ ᠮᠦᠩᠬᠦ ᠪᠤᠯ ᠲᠦᠪ ᠤᠨ ᠡᠳ᠋ ᠤᠨ ᠵᠠᠰᠠᠭ ᠬᠢᠭᠡᠳ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠠᠴᠠ ᠶᠠᠳᠠᠭᠤ ᠬᠦᠴᠢᠷᠳᠡᠯᠳᠠᠢ ᠴᠦᠬᠡᠨ ᠲᠤᠭᠠᠳᠤ ᠦᠨᠳᠦᠰᠦᠳᠡᠨ ᠤ ᠭᠠᠵᠠᠷ ᠤᠷᠤᠨ ᠳᠤ ᠶᠠᠳᠠᠭᠤ ᠶᠢ ᠲᠡᠳᠭᠦᠵᠦ ᠪᠤᠭᠤᠮᠳᠠ ᠰᠢᠪᠳᠤᠯᠠᠬᠤ᠂ ᠬᠢᠯᠢ ᠬᠢᠵᠠᠭᠠᠷ ᠤᠷᠤᠨ ᠢ ᠮᠠᠨᠳᠤᠭᠤᠯᠤᠨ ᠬᠦᠭᠵᠢᠭᠦᠯᠵᠦ ᠠᠷᠠᠳ ᠢ ᠪᠠᠶᠠᠯᠢᠭᠵᠢᠭᠤᠯᠬᠤ ᠶᠢ ᠲᠡᠮᠵᠢᠬᠦ ᠳᠤ ᠵᠤᠷᠢᠭᠤᠯᠵᠤ ᠪᠠᠶᠢᠭᠤᠯᠤᠭᠰᠠᠨ᠂ ᠬᠦᠮᠦᠨ ᠠᠮᠠ ᠪᠠᠷ ᠴᠦᠭᠡᠪᠳᠦᠷ ᠦᠨᠳᠦᠰᠦᠳᠡᠨ ᠤ ᠬᠦᠭᠵᠢᠯᠳᠡ ᠶᠢ ᠲᠡᠳᠭᠦᠭᠦ᠂ ᠴᠦᠭᠡᠨ ᠲᠤᠭᠠᠳᠤ ᠦᠨᠳᠦᠰᠦᠳᠡᠨ ᠤ ᠤᠨᠴᠠᠯᠢᠭᠳᠤ ᠲᠤᠰᠬᠤᠨ ᠪᠠᠯᠭᠠᠰᠤ ᠪᠠ ᠴᠦᠭᠡᠨ ᠲᠤᠭᠠᠳᠤ ᠦᠨᠳᠦᠰᠦᠳᠡᠨ ᠤ ᠤᠯᠠᠮᠵᠢᠯᠠᠯᠳᠤ ᠭᠠᠷ ᠤᠷᠠᠯᠠᠯ ᠤᠨ ᠬᠠᠮᠠᠭᠠᠯᠠᠯᠳᠠ ᠪᠠ ᠬᠦᠭᠵᠢᠭᠦᠯᠦᠯᠳᠡ ᠶᠢ ᠦᠷᠨᠢᠭᠦᠯᠬᠦ᠂ ᠴᠦᠭᠡᠨ ᠲᠤᠭᠠᠳᠤ ᠦᠨᠳᠦᠰᠦᠳᠡᠨ ᠤ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠦᠭᠦᠴᠡᠯ ᠢ ᠰᠠᠶᠢᠵᠢᠷᠠᠭᠤᠯᠬᠤ ᠲᠤᠰᠬᠠᠢ ᠲᠦᠷᠦᠯ ᠤᠨ ᠪᠡᠯᠡ ᠮᠦᠩᠭᠦ ᠪᠤᠯᠬᠤ ᠶᠤᠮ᠃     ᠮᠠᠨ ᠤ ᠲᠤᠭᠤᠷᠢᠭ ᠴᠦᠭᠡᠨ ᠲᠤᠭᠠᠳᠤ ᠦᠨᠳᠦᠰᠦᠳᠡᠨ ᠤ ᠬᠦᠭᠵᠢᠭᠦᠯᠦᠯᠳᠡ ᠶᠢᠨ ᠪᠡᠯᠡ ᠮᠦᠩᠭᠦ ᠶᠢ ᠬᠡᠷᠡᠭᠯᠡᠬᠦ ᠎ ᠶᠢ ᠬᠦᠴᠦᠳᠡᠢ ᠲᠦᠷᠢᠮᠵᠢᠭᠦᠯᠵᠦ᠂ ᠦᠨᠳᠦᠰᠦᠳᠡᠨ ᠤ ᠪᠦᠯᠭᠦᠮᠳᠡᠯ ᠬᠢᠭᠡᠳ ᠬᠢᠯᠢ ᠬᠢᠵᠠᠭᠠᠷ ᠤᠷᠤᠨ ᠤ ᠠᠮᠤᠷ ᠲᠤᠭᠳᠠᠭᠤᠨ ᠪᠠᠶᠢᠬᠤ ᠶᠢ ᠯᠠᠪᠳᠠᠭᠤᠨ ᠪᠠᠳᠤᠳᠠᠢ ᠲᠦᠯᠭᠢᠨ ᠠᠬᠢᠭᠤᠯᠵᠤ᠂ ᠴᠦᠭᠡᠨ ᠲᠤᠭᠠᠳᠤ ᠦᠨᠳᠦᠰᠦᠳᠡᠨ ᠤ ᠬᠦᠭᠵᠢᠯᠳᠡ ᠶᠢ ᠨᠡᠩ ᠶᠡᠭᠡ ᠲᠤᠪᠤᠶᠢᠮ᠎ᠠ ᠪᠠᠶᠢᠷᠢᠨ ᠳᠤ ᠲᠠᠯᠪᠢᠵᠤ᠂ ᠦᠨᠳᠦᠰᠦᠳᠡᠨ ᠤ ᠰᠤᠷᠭᠠᠨ ᠬᠦᠮᠦᠵᠢᠯ ᠪᠠ ᠰᠤᠶᠤᠯ ᠤᠨ ᠦᠢᠯᠡᠰ ᠢ ᠬᠦᠭᠵᠢᠭᠦᠯᠬᠦ᠂ ᠲᠤᠰᠬᠤᠨ ᠤ ᠠᠷᠠᠳ ᠤᠨ ᠠᠮᠢᠳᠤᠷᠠᠯ ᠤᠨ ᠤᠷᠴᠢᠨ ᠲᠤᠭᠤᠷᠢᠨ ᠢ ᠰᠠᠶᠢᠵᠢᠷᠠᠭᠤᠯᠬᠤ᠂ ᠴᠦᠬᠡᠨ ᠲᠤᠭᠠᠳᠤ ᠦᠨᠳᠦᠰᠦᠳᠡᠨ ᠳᠤ ᠦᠢᠯᠡᠴᠢᠯᠡᠬᠦ ᠬᠢᠷᠢ ᠲᠦᠪᠰᠢᠨ ᠢ ᠲᠡᠭᠡᠭᠰᠢᠯᠡᠭᠦᠯᠬᠦ᠂ ᠴᠦᠭᠡᠨ ᠲᠤᠭᠠᠳᠤ ᠦᠨᠳᠦᠰᠦᠳᠡᠨ ᠢ ᠲᠠᠶᠢᠴᠢᠯᠠᠨ ᠲᠠᠭᠠᠭᠤᠯᠵᠤ ᠦᠢᠯᠡᠰ ᠪᠦᠳᠦᠭᠡᠬᠦ ᠵᠡᠷᠭᠡ ᠲᠠᠯ᠎ᠠ ᠶᠢᠨ ᠲᠤᠭᠤᠷᠢᠨ ᠎ ᠳᠤ᠂ ᠪᠦᠬᠦ ᠲᠤᠭᠤᠷᠢᠭ ᠤᠨ ᠬᠠᠮᠢᠶ᠎ᠠ ᠪᠦᠬᠦᠢ ᠪᠠᠶᠢᠭᠤᠯᠭ᠎ᠠ ᠤᠳ ᠢ ᠵᠤᠬᠢᠶᠠᠨ ᠪᠠᠶᠢᠭᠤᠯᠵᠤ᠂ ᠦᠪᠡᠷ ᠤᠨ ᠢᠶᠠᠨ ᠲᠠᠪᠠᠭᠤᠯᠢᠭ ᠲᠠᠯ᠎ᠠ ᠪᠠᠨ ᠠᠰᠢᠭᠯᠠᠵᠤ᠂ ᠭᠠᠵᠠᠷ ᠤᠷᠤᠨ ᠤ ᠪᠠᠶᠢᠳᠠᠯ ᠳᠤ ᠵᠤᠬᠢᠴᠠᠭᠤᠯᠵᠤ᠂ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠦᠨ᠂ ᠭᠤᠤᠯᠳᠠᠯᠭ᠎ᠠ ᠪᠠᠨ ᠲᠤᠪᠤᠶᠢᠯᠭᠠᠨ᠂ ᠮᠠᠨ ᠤ ᠲᠤᠭᠤᠷᠢᠭ ᠤᠨ ᠠᠵᠤ ᠠᠬᠤᠢ ᠶᠢᠨ ᠬᠦᠭᠵᠢᠯᠳᠡ ᠎ ᠶᠢᠨ ᠲᠦᠯᠦᠪᠵᠢᠭᠦᠯᠭᠡ ᠪᠠ ᠦᠨᠳᠦᠰᠦᠳᠡᠨ ᠤ ᠠᠵᠢᠯ ᠲᠠᠢ ᠤᠶᠠᠯᠳᠤᠭᠤᠯᠤᠨ᠂ ᠲᠤᠭᠤᠷᠢᠭ ᠤᠨ ᠲᠡᠰ ᠤᠨ ᠴᠦᠬᠡᠨ ᠲᠤᠭᠠᠳᠤ ᠦᠨᠳᠦᠰᠦᠳᠡᠨ ᠤ ᠬᠦᠭᠵᠢᠭᠦᠯᠦᠯᠳᠡ ᠶᠢᠨ ᠪᠡᠯᠡ ᠮᠦᠩᠭᠦ ᠶᠢᠨ ᠲᠦᠷᠦᠯ ᠵᠦᠢᠯ ᠤᠨ ᠬᠦᠮᠦᠷᠭᠡ ᠶᠢ ᠪᠠᠶᠢᠭᠤᠯᠤᠨ᠂ ᠬᠦᠳᠡᠯᠦᠩᠭᠦᠢ ᠬᠠᠮᠢᠶᠠᠷᠤᠯᠳᠠ ᠪᠠᠷ ᠴᠦᠬᠡᠨ ᠲᠤᠭᠠᠳᠤ ᠦᠨᠳᠦᠰᠦᠳᠡᠨ ᠤ ᠬᠦᠭᠵᠢᠭᠦᠯᠦᠯᠳᠡ ᠶᠢᠨ ᠪᠡᠯᠡ ᠮᠦᠩᠭᠦ ᠶᠢᠨ ᠦᠢᠯᠡᠳᠦᠯ ᠢ ᠦᠨᠡᠨᠬᠦ ᠪᠠᠳᠠᠷᠠᠭᠤᠯᠵᠤ᠂ ᠴᠦᠬᠡᠨ ᠲᠤᠭᠠᠳᠤ ᠦᠨᠳᠦᠰᠦᠳᠡᠨ ᠤ ᠬᠦᠭᠵᠢᠭᠦᠯᠦᠯᠳᠡ ᠶᠢᠨ ᠪᠡᠯᠡ ᠮᠦᠩᠭᠦ ᠶᠢᠨ ᠲᠦᠷᠦᠯ ᠵᠦᠢᠯ ᠢ ᠢᠳᠡᠪᠬᠢᠳᠡᠢ ᠪᠠᠷ ᠬᠦᠢᠴᠡᠳᠭᠡᠪᠡ᠃ ᠡᠭᠦᠨ ᠤ ᠬᠠᠮᠳᠤ ᠲᠤᠭᠤᠷᠢᠭ ᠤᠨ ᠦᠨᠳᠦᠰᠦᠳᠡᠨ ᠱᠠᠰᠢᠨ ᠰᠤᠷᠳᠠᠬᠤᠨ ᠤ ᠲᠤᠪᠴᠢᠶ᠎ᠠ ᠠᠴᠠ ᠴᠦᠬᠡᠨ ᠲᠤᠭᠠᠳᠤ ᠦᠨᠳᠦᠰᠦᠳᠡᠨ ᠤ ᠬᠦᠭᠵᠢᠭᠦᠯᠦᠯᠳᠡ ᠎ ᠶᠢᠨ ᠪᠡᠯᠡ ᠮᠦᠩᠭᠦ ᠶᠢᠨ ᠬᠢᠨᠠᠯᠳᠠ ᠪᠠ ᠲᠦᠷᠢᠮᠵᠢᠭᠦᠨ ᠭᠡᠷᠡᠭᠯᠡᠯᠳᠡ ᠳᠤ ᠴᠢᠭᠯᠡᠭᠦᠯᠦᠨ᠂ ᠴᠦᠬᠡᠨ ᠲᠤᠭᠠᠳᠤ ᠦᠨᠳᠦᠰᠦᠳᠡᠨ ᠤ ᠬᠦᠭᠵᠢᠬᠦᠯᠦᠯᠳᠡ ᠶᠢᠨ ᠪᠡᠯᠡ ᠮᠦᠩᠭᠦ ᠶᠢᠨ ᠲᠦᠷᠦᠯ ᠵᠦᠢᠯ ᠤᠨ ᠠᠵᠢᠯ ᠤᠨ ᠲᠤᠭᠤᠶᠢᠯᠠᠩ ᠢ ᠪᠡᠶᠢᠭᠤᠯᠵᠤ᠂ ᠴᠦᠬᠡᠨ ᠲᠤᠭᠠᠳᠤ ᠦᠨᠳᠦᠰᠦᠳᠡᠨ ᠤ ᠬᠦᠭᠵᠢᠭᠦᠯᠦᠯᠳᠡ ᠶᠢᠨ ᠪᠡᠯᠡ ᠮᠦᠩᠭᠦ ᠶᠢᠨ ᠲᠦᠷᠦᠯ ᠵᠦᠢᠯ ᠢ ᠮᠡᠳᠡᠭᠦᠯᠭᠦ᠂ ᠪᠠᠶᠢᠴᠠᠭᠠᠨ ᠰᠤᠳᠤᠯᠬᠤ᠂ ᠲᠦᠷᠦᠯ ᠵᠦᠢᠯ ᠢ ᠰᠤᠩᠭᠤᠨ‌‍ᠰᠢᠯᠢᠬᠦ᠂ ᠰᠢᠯᠭᠠᠨ ᠨᠤᠳᠠᠯᠠᠬᠤ᠂ ᠨᠡᠶᠢᠳᠡᠯᠡᠬᠦ᠂ ᠰᠢᠯᠭᠠᠨ‌ᠠᠪᠬᠤ ᠪᠡ ᠪᠡᠯᠡ ᠮᠦᠩᠭᠦ ᠶᠢ ᠰᠢᠯᠵᠢᠭᠦᠯᠦᠨ ᠦᠭᠬᠦ ᠶᠢ ᠰᠢᠯᠭᠠᠨ ᠲᠤᠭᠳᠠᠭᠠᠬᠤ ᠵᠡᠷᠭᠡ ᠭᠤᠭᠴᠤᠭ᠎ᠠ ᠶᠢ ᠲᠦᠷᠢᠮᠵᠢᠭᠦᠯᠦᠭᠰᠡᠨ ᠪᠠᠶᠢᠨ᠎ᠠ᠃ 2013 ᠤᠨ ᠠᠴᠠ ᠨᠠᠰᠢ᠂ ᠨᠡᠶᠢᠳᠡ 17 ᠴᠦᠬᠡᠨ ᠲᠤᠭᠠᠳᠤ ᠦᠨᠳᠦᠰᠦᠳᠡᠨ ᠤ ᠬᠦᠭᠵᠢᠭᠦᠯᠦᠯᠳᠡ ᠶᠢᠨ ᠪᠡᠯᠡ ᠮᠦᠩᠭᠦ ᠶᠢᠨ ᠲᠦᠷᠦᠯ  ᠵᠦᠢᠯ ᠢ ᠬᠦᠢᠴᠡᠳᠭᠡᠵᠦ᠂ ᠴᠦᠬᠡᠨ ᠲᠤᠭᠠᠳᠤ ᠦᠨᠳᠦᠰᠦᠳᠡᠨ ᠎ ᠤ ᠬᠦᠭᠵᠢᠭᠦᠯᠦᠯᠳᠡ ᠶᠢᠨ ᠪᠡᠯᠡ ᠮᠦᠩᠬᠦ ᠶᠢᠨ ᠲᠦᠷᠦᠯ ᠵᠦᠢᠯ ᠢ ᠬᠦᠢᠴᠡᠳᠭᠡᠬᠦ ᠪᠠᠷ ᠲᠠᠮᠵᠢᠨ᠂ ᠴᠢᠩᠱᠠᠨ ᠲᠤᠭᠤᠷᠢᠭ ᠎ ᠤᠨ ᠴᠦᠬᠡᠨ ᠲᠤᠭᠠᠳᠤ ᠦᠨᠳᠦᠰᠦᠳᠡᠨ ᠤ ᠰᠤᠶᠤᠯ ᠤᠨ ᠠᠵᠤ ᠦᠢᠯᠡᠰ ᠤᠨ ᠬᠦᠭᠵᠢᠯᠳᠡ ᠶᠢ ᠤᠯᠠᠮ ᠨᠢᠭᠡ ᠠᠯᠬᠤᠮ ᠲᠦᠯᠭᠢᠨ ᠠᠬᠢᠭᠤᠯᠵᠤ᠂ ᠪᠠᠯᠭᠠᠰᠤ ᠲᠤᠰᠬᠤᠨ ᠤ ᠴᠦᠬᠡᠨ ᠲᠤᠭᠠᠳᠤ ᠦᠨᠳᠦᠰᠦᠳᠡᠨ ᠤ ᠤᠯᠠᠨ ᠲᠦᠮᠡᠨ ᠤ ᠠᠮᠢᠳᠤᠷᠠᠯ ᠤᠨ ᠤᠷᠴᠢᠨ ᠲᠤᠭᠤᠷᠢᠨ ᠢ ᠰᠠᠶᠢᠵᠢᠷᠠᠭᠤᠯᠵᠤ᠂ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ  ᠴᠦᠬᠡᠨ ᠲᠤᠭᠠᠳᠤ ᠦᠨᠳᠦᠰᠦᠳᠡᠨ ᠤ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢ ᠲᠡᠭᠡᠭᠰᠢᠯᠡᠬᠦᠵᠦ᠂ ᠭᠠᠵᠠᠷ ᠤᠷᠤᠨ ᠤ ᠲᠠᠷᠢᠶᠠᠯᠠᠩ ᠮᠠᠯᠵᠢᠯ ᠤᠨ ᠪᠦᠳᠦᠭᠡᠭᠳᠡᠭᠦᠨ ᠤ ᠠᠷᠠᠯᠵᠢᠶᠠᠨ ᠤ ᠰᠤᠯᠢᠯᠴᠠᠭ᠎ᠠ ᠶᠢ ᠠᠬᠢᠭᠤᠯᠵᠤ᠂ ᠴᠦᠬᠡᠨ ᠲᠤᠭᠠᠳᠤ ᠦᠨᠳᠦᠰᠦᠳᠡᠨ ᠤ ᠤᠯᠠᠨ ᠲᠦᠮᠡᠨ ᠳᠤ ᠰᠠᠶᠢᠨ ᠭᠡᠷᠡᠭ ᠪᠤᠳᠠᠳᠤ ᠶᠠᠪᠤᠳᠠᠯ ᠬᠢᠵᠦ ᠠᠰᠢᠭ ᠬᠦᠷᠳᠡᠭᠡᠭᠰᠡᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号