ᠦᠢᠯᠡᠳᠬᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠵᠦ᠂ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2020/10/13
     ᠰᠤᠷᠪᠤᠯᠵᠢᠯᠠᠭ᠎ᠠ ᠶᠢᠨ ᠭᠤᠤᠯ ᠰᠡᠳᠦᠪ᠄ ᠦᠢᠯᠡᠳᠬᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠵᠦ᠂ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ      ᠰᠤᠷᠪᠤᠯᠵᠢᠯᠠᠭᠰᠠᠨ ᠴᠠᠭ᠄ 2020 ᠣᠨ ᠤ 7 ᠰᠠᠷ᠎ᠠ ᠶᠢᠨ 17᠎ ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠴᠢᠩᠱᠠᠨ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠬᠠᠨ ᠰᠢᠶᠤᠤ ᠫᠢᠩ      ᠠᠬᠤᠢ ᠪᠠᠶᠢᠳᠠᠯ᠄ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠡᠪ ᠪᠠᠢᠳᠠᠯ ᠳᠣᠣᠷ᠎ᠠ᠂ ᠴᠢᠩᠱᠠᠨ ᠲᠣᠭᠤᠷᠢᠭ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠦ᠂ ᠪᠣᠳᠠᠲᠤ ᠴᠣᠭᠴᠠ ᠶᠢᠨ ᠠᠵᠤ ᠠᠬᠤᠶ ᠶᠢ ᠬᠦᠴᠦᠯᠡᠨ ᠬᠥᠭᠵᠢᠭᠦᠯᠵᠦ᠂ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠲᠤᠭᠤᠷᠢᠨ ᠳᠤ᠂ ︽ᠭᠤᠷᠪᠠ ᠶᠢ ᠠᠭᠤᠰᠤᠯᠴᠠᠭᠤᠯᠬᠤ᠂ ᠨᠢᠭᠡ ᠶᠢ ᠬᠥᠳᠡᠯᠭᠡᠭᠦᠷ ᠪᠣᠯᠭᠠᠬᠤ︾ ︵ᠠᠵᠤ ᠠᠬᠤᠶᠢᠯᠠᠯ ᠪᠠ ᠭᠠᠵᠠᠷ ᠣᠷᠣᠨ ᠢ ᠠᠭᠤᠰᠤᠯᠴᠠᠭᠤᠯᠬᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ᠂ ᠬᠤᠶᠠᠷ ᠢ ᠠᠭᠤᠰᠤᠯᠴᠠᠭᠤᠯᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ︶ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠤᠱᠯᠠᠭᠤᠯᠵᠤ᠂ ᠴᠢᠩᠱᠠᠨ ᠲᠣᠭᠤᠷᠢᠭ ᠤᠨ ᠲᠣᠨᠤᠭ ᠲᠥᠬᠦᠭᠡᠷᠦᠮᠵᠢ ᠦᠢᠯᠡᠳᠬᠦ ᠦᠢᠡᠯᠰ ᠤᠨ ᠠᠭᠤᠰᠤᠯᠴᠠᠬᠤ᠂ ᠪᠦᠯᠦᠭᠵᠢᠬᠦ᠂ ᠰᠦᠯᠵᠢᠶᠡᠵᠢᠬᠦ᠂ ᠤᠶᠤᠨᠴᠢᠯᠠᠬᠤ ᠴᠢᠭᠯᠡᠯ ᠳᠠᠰᠢ ᠬᠥᠭᠵᠢᠬᠦ ᠶᠢ ᠶᠡᠬᠡᠪᠡᠷ ᠠᠬᠢᠭᠤᠯᠪᠠ᠃      ᠬᠥᠲᠥᠯᠥᠭᠴᠢ᠄ ᠴᠢᠩᠱᠠᠨ ᠲᠣᠭᠤᠷᠢᠭ ᠤᠨ ᠲᠤᠨᠤᠭ ᠦᠢᠯᠡᠳᠬᠦ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠶᠠᠮᠠᠷ ᠶᠠᠮᠠᠷ ᠭᠤᠤᠯ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠪᠠᠶᠢᠬᠤ ᠪᠣᠶ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠬᠠᠨ ᠰᠢᠶᠤᠤ ᠫᠢᠩ᠄ ᠨᠢᠭᠡ ᠳᠤ ᠠᠵᠤ ᠠᠬᠤᠶᠢᠯᠠᠯ ᠤᠨ ᠦᠰᠦᠨ ᠪᠤᠶᠢᠵᠢᠬᠤ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠠᠵᠤ ᠦᠢᠯᠡᠳᠪᠦᠷᠢ ᠶᠢᠨ ᠲᠠᠰ ᠳᠡᠪᠰᠢᠬᠦ ᠶᠢ ᠲᠦᠷᠭᠡᠳᠬᠡᠨ᠎ᠡ᠃ ᠮᠠᠨ ᠤ ᠲᠤᠭᠤᠷᠢᠭ ᠴᠡᠷᠢᠭ ᠤᠨ ᠠᠵᠤ ᠦᠢᠯᠡᠳᠪᠦᠷᠢ ᠶᠢᠨ ᠣᠨᠴᠠᠯᠢᠭ ᠢ ᠳᠣᠪᠤᠶᠢᠯᠭᠠᠭᠰᠠᠨ ᠠᠵᠤ ᠠᠬᠤᠶᠢᠯᠠᠯ ᠪᠠ ᠣᠷᠣᠨ ᠨᠤᠲᠤᠭ ᠤᠨ ᠠᠭᠤᠰᠤᠯᠴᠠᠯ ᠤᠨ ᠬᠡᠷᠡᠭᠵᠢᠭᠦᠯᠬᠦ ᠲᠥᠰᠦᠯ ᠢ ᠨᠡᠶᠢᠲᠡᠯᠡᠵᠦ᠂ ᠠᠭᠤᠰᠤᠯᠴᠠᠨ ᠬᠥᠭᠵᠢᠬᠦ ᠲᠠᠪᠴᠠᠩ ᠢ ᠴᠢᠷᠮᠠᠶᠢᠨ ᠪᠠᠶᠢᠭᠤᠯᠵᠤ᠂ ᠤᠯᠤᠰ ᠤᠨ ᠥᠮᠴᠢᠯᠡᠯᠲᠡ ᠠᠵᠤ ᠠᠬᠤᠶᠢᠯᠠᠯ ᠤᠨ ᠠᠵᠤ ᠠᠬᠤᠢ ᠶᠢᠨ ᠰᠠᠭᠤᠷᠢ ᠴᠢᠯᠠᠭᠤ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠶᠢ ᠪᠠᠲᠤᠯᠠᠪᠠ᠃ 1 — 6 ᠰᠠᠷ᠎ᠠ᠂ ᠨᠢᠭᠡᠳᠦᠭᠡᠷ ᠮᠠᠰᠢᠨ ᠦᠢᠯᠡᠳᠬᠦ ᠪᠦᠯᠦᠭᠯᠡᠯ᠂ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠴᠡᠷᠢᠭ ᠠᠷᠠᠳ ᠤᠨ ᠬᠡᠷᠡᠭᠰᠡᠯ ᠤᠨ ᠵᠠᠬᠢᠶᠠᠯᠠᠭ᠎ᠠ ᠶᠢᠨ ᠬᠠᠭᠤᠳᠠᠰᠤ ᠬᠠᠷᠢᠴᠠᠩᠭᠤᠢ ᠪᠠᠷ ᠳᠦᠭᠦᠷᠡᠩ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7.91% ᠨᠡᠮᠡᠭᠳᠡᠵᠦ᠂ ᠲᠡᠩᠴᠡᠭᠦᠷᠢᠲᠡᠢ ᠪᠣᠯᠵᠠᠢ᠃ ᠲᠥᠪ ᠤᠨ ᠥᠪᠥᠷ ᠮᠣᠩᠭᠤᠯ ᠤᠨ 7 ᠠᠵᠤ ᠠᠬᠤᠶᠢᠯᠠᠯ ᠵᠢᠱᠢᠯᠲᠡ ᠪᠠᠷ 194 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7.29%᠎ ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ 78.3%᠎ ᠶᠢ ᠡᠵᠡᠯᠡᠪᠡ᠃ ᠬᠤᠶᠠᠷ ᠲᠤ ᠴᠢᠨᠠᠷ ᠰᠠᠶᠢᠲᠠᠶ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠬᠥᠲᠥᠯᠦᠨ ᠳᠠᠭᠠᠭᠤᠯᠤᠨ᠎ᠠ᠃ ᠴᠢᠨᠠᠷ ᠰᠠᠶᠢᠲᠠᠶ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠲᠥᠷᠥᠯ ᠵᠦᠢᠯ ᠢᠶᠠᠷ ᠬᠦᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠨᠢᠭᠡ ᠪᠦᠯᠦᠭ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ᠂ ᠣᠶᠤᠨᠯᠢᠭ ᠦᠢᠯᠡᠳᠬᠦ᠂《ᠭᠤᠷᠪᠠ ᠰᠢᠨ᠎ᠡ ᠨᠢᠭᠡ ᠳᠡᠭᠡᠳᠦ》ᠠᠵᠤ  ᠦᠢᠯᠡᠰ ᠤᠨ ᠲᠥᠷᠥᠯ ᠵᠦᠢᠯ ᠢ ᠭᠤᠤᠯᠳᠠᠯᠭ᠎ᠠ ᠲᠠᠢ ᠬᠡᠷᠡᠭᠵᠢᠭᠦᠯᠵᠦ᠂ ᠠᠵᠤ ᠦᠢᠯᠡᠰ ᠤᠨ ᠳᠡᠰ ᠳᠠᠪᠬᠤᠷᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠤᠤᠯᠯᠠᠬᠤ ᠥᠷᠢᠰᠥᠯᠳᠦᠬᠦ ᠬᠦᠴᠦᠨ ᠪᠠ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠨᠡᠮᠡᠭᠳᠡᠭᠦᠯᠪᠡ᠃ 6 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠲᠤᠭᠤᠷᠢᠭ ᠤᠨ 31 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠲᠦᠷᠦᠯ ᠵᠦᠢᠯ ᠪᠦᠬᠦᠨ ᠢᠶᠠᠷ ᠢᠶᠠᠨ ᠠᠵᠢᠯ ᠢᠶᠠᠨ ᠡᠬᠢᠯᠡᠭᠦᠯᠵᠦ᠂ 19.23 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠵᠦ᠂ ᠵᠢᠯ ᠤᠨ ᠲᠥᠯᠥᠪᠯᠡᠭᠡ ᠶᠢᠨ ᠪᠡᠯᠡ ᠣᠷᠣᠭᠤᠯᠤᠯᠲᠠ ᠶᠢᠨ 47.72%᠎ ᠢ ᠪᠡᠶᠡᠯᠡᠭᠦᠯᠵᠡᠶ᠃ ᠭᠤᠷᠪᠠ ᠳᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠲᠠᠪᠦᠷᠢᠵᠢᠭᠤᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠣᠭᠲᠠᠭᠤᠨ ᠢᠶᠠᠷ ᠰᠡᠷᠭᠦᠬᠦ ᠳᠤ ᠬᠦᠴᠦᠨ ᠨᠡᠮᠡᠷᠢᠯᠡᠨ᠎ᠡ᠃ ᠬᠢᠵᠢᠭ ᠤᠨ ᠪᠠᠢᠳᠠᠯ ᠤᠨ ᠬᠤᠭᠤᠴᠠᠭᠠᠨ ᠳᠤ ᠤᠯᠤᠰ ᠠᠴᠠ ᠪᠠ ᠡᠯ᠎ᠡ ᠱᠠᠲᠤᠨ ᠤ ᠣᠷᠣᠨ ᠨᠤᠲᠤᠭ ᠤᠨ ᠵᠠᠰᠠᠭ ᠤᠨ ᠤᠷᠳᠤᠨ ᠤ ᠨᠡᠶᠢᠲᠡᠯᠡᠭᠰᠡᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ᠂ ᠪᠢᠳᠡ ᠤᠬᠠᠭᠤᠯᠭ᠎ᠠ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠳᠤ ᠪᠡᠯᠡ ᠮᠥᠩᠭᠦ ᠶᠢᠨ ᠳᠡᠮᠵᠢᠯᠭᠡ ᠣᠯᠬᠤ ᠪᠠᠷ ᠴᠢᠷᠮᠠᠶᠢᠵᠤ᠂ ᠡᠭᠦᠨ ᠤ ᠬᠠᠮᠲᠤ ᠭᠤᠤᠯᠳᠠᠯᠭ᠎ᠠ ᠲᠠᠢ ᠠᠵᠤ ᠠᠬᠤᠶᠢᠯᠠᠯ ᠤᠨ ᠳᠠᠭᠠᠭᠠᠴᠢᠯᠠᠨ ᠬᠤᠯᠪᠣᠭᠠᠯᠠᠵᠤ ᠲᠣᠮᠢᠯᠠᠨ ᠰᠠᠭᠤᠯᠭᠠᠬᠤ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠦ᠂ ᠳᠡᠭᠡᠷ᠎ᠡ ᠬᠠᠭᠠᠰ ᠵᠢᠯ ᠳᠤ ᠠᠵᠤ ᠠᠬᠤᠶᠢᠯᠠᠯ ᠨᠡᠶᠢᠲᠡ 8336 ᠲᠦᠮᠡᠨ ᠲᠥᠭᠦᠷᠢᠭ ᠤᠨ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠬᠦᠷᠲᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢ ᠬᠦᠪᠴᠢᠯᠡᠪᠡ᠃      ᠬᠥᠲᠥᠯᠥᠭᠴᠢ᠄ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠳᠡᠯᠭᠡᠭᠦᠷ ᠢ ᠪᠤᠢ ᠪᠣᠯᠭᠠᠵᠤ᠂ ᠴᠢᠨᠠᠷ ᠰᠠᠶᠢᠲᠠᠢ ᠬᠦᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠪᠠᠶᠢᠬᠤ ᠪᠤᠢ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠬᠠᠨ ᠰᠢᠶᠤᠤ ᠫᠢᠩ᠄ ᠨᠢᠭᠡ ᠳᠤ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠠᠵᠤ ᠠᠬᠤᠶᠢᠯᠠᠯ ᠬᠢᠭᠡᠳ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ ᠶᠢᠨ ᠬᠠᠮᠲᠤᠷᠠᠯᠴᠠᠭ᠎ᠠ ᠶᠢ ᠠᠬᠢᠭᠤᠯᠬᠤ ᠪᠠᠷ ᠳᠠᠮᠵᠢᠭᠤᠯᠤᠨ᠂ ᠲᠣᠨᠣᠭᠯᠠᠯ ᠦᠢᠯᠡᠳᠬᠦ ᠠᠵᠤ ᠦᠢᠯᠡᠰ ᠤᠨ  ᠬᠦᠭᠵᠢᠯᠲᠡ ᠶᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠯᠦᠭᠡ ᠨᠠᠷᠢᠯᠢᠭ ᠤᠨᠤᠪᠴᠢᠲᠠᠢ ᠢᠶᠠᠷ ᠵᠤᠯᠭᠠᠭᠤᠯᠬᠤ ᠬᠡᠷᠡᠭᠲᠡᠶ᠃ ᠣᠳᠣᠬᠠᠨ ᠳᠤ ᠲᠣᠮᠣ ᠬᠡᠯᠪᠡᠷᠢ ᠶᠢᠨ ᠴᠡᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯᠤᠨ ᠴᠢᠩᠬᠤᠸᠠ᠂ ᠪᠡᠭᠡᠵᠢᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠭᠡ ᠰᠤᠷᠭᠠᠭᠤᠯᠢ ᠵᠡᠷᠭᠡ 20 ᠭᠠᠷᠤᠶ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠮᠡᠷᠭᠡᠵᠢᠯ ᠤᠨ ᠬᠠᠮᠵᠢᠯᠴᠠᠭ᠎ᠠ ᠦᠷᠨᠢᠭᠦᠯᠵᠦ᠂ ᠠᠵᠤ ᠠᠬᠤᠶᠢᠯᠠᠯ ᠤᠨ ᠮᠡᠷᠭᠡᠵᠢᠯ ᠤᠨ ᠲᠦᠪᠰᠢᠨ ᠪᠠ ᠰᠢᠨ᠎ᠡ ᠶᠢ ᠡᠭᠦᠳᠬᠦ ᠵᠥᠭᠡᠯᠡᠨ ᠪᠣᠳᠠᠲᠤ ᠬᠦᠴᠦᠨ ᠢ ᠪᠦᠲᠦᠮᠵᠢᠲᠡᠢ ᠳᠡᠭᠡᠭᠰᠢᠯᠡᠭᠦᠯᠵᠡᠶ᠃ ᠬᠤᠶᠠᠷ ᠲᠤ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢ ᠴᠢᠩᠭᠠᠷᠠᠭᠤᠯᠤᠨ᠎ᠠ᠃ 2019 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠪᠠᠯᠠ ᠮᠥᠩᠭᠦ ᠶᠢ ᠰᠠᠯᠭᠠᠨ ᠥᠭᠬᠦ ᠠᠵᠢᠯ ᠢ ᠲᠦᠷᠭᠡᠳᠭᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠪᠠᠯᠠ ᠮᠥᠩᠭᠦ ᠶᠢᠨ ᠣᠷᠣᠭᠤᠯᠤᠯᠲᠠ ᠶᠢᠨ ᠪᠠᠴᠢᠮ ᠪᠠᠶᠢᠳᠠᠯ ᠢ  ᠰᠢᠢᠳᠪᠦᠷᠢᠯᠡᠨ᠎ᠡ᠃ ᠨᠡᠶᠢᠲᠡ 18 ᠠᠵᠤ ᠠᠬᠤᠶᠢᠯᠠᠯ ᠤᠨ 39 ᠲᠥᠷᠥᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠰᠢᠨᠵᠢᠯᠡᠭᠡ ᠮᠡᠷᠭᠡᠵᠢᠯ ᠤᠨ ᠲᠤᠰᠬᠠᠶ ᠪᠡᠯᠡ ᠮᠥᠩᠭᠦ ᠶᠢ ᠲᠠᠨᠢᠯᠴᠠᠭᠤᠯᠵᠦ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠠᠵᠢᠯ ᠢ ᠥᠨᠳᠥᠷ ᠪᠦᠲᠦᠮᠵᠢᠲᠡᠶ ᠠᠬᠢᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠬᠦ ᠶᠢ ᠵᠢᠯᠣᠭᠤᠳᠤᠨ᠎ᠠ᠃ ᠭᠤᠷᠪᠠ ᠳᠤ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ︽ᠪᠠᠴᠢᠮ ᠪᠠᠶᠢᠳᠠᠯ ᠢ ᠠᠷᠭᠠᠴᠠᠬᠤ ᠠᠮᠤᠷ ᠲᠦᠪᠰᠢᠨ ᠤ ᠡᠭᠦᠯᠡᠨ ᠲᠠᠪᠴᠠᠩ︾᠎ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠮᠢᠶᠣᠣ ᠳ᠋ᠦᠨ ᠺᠣᠮᠫᠠᠨᠢ ᠶᠢᠨ ᠰᠤᠳᠤᠯᠤᠨ ᠨᠡᠭᠡᠭᠡᠭᠰᠡᠨ ︽ᠮᠢᠶᠣᠣ ᠳ᠋ᠦᠨ ᠬᠢᠵᠢᠭ ᠤᠨ ᠪᠠᠶᠢᠳᠠᠯ ᠤᠨ ᠲᠣᠮᠣ ᠳ᠋ᠠᠶᠢᠲ᠋ᠠ ᠶᠢᠨ ᠠᠵᠢᠯᠲᠠᠨ ᠢ ᠬᠢᠨᠠᠨ ᠬᠡᠮᠵᠢᠬᠦ ᠰᠢᠰᠲ᠋ᠧᠮ︾᠎ ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠬᠠᠩᠭᠠᠭᠴᠢ ᠬᠤᠳᠠᠯᠳᠤᠭᠠᠴᠢᠨ︾᠎ ᠤ ᠨᠡᠷᠡᠰ ᠲᠤ ᠣᠷᠣᠭᠤᠯᠤᠨ᠎ᠠ︔ ︽ᠶᠢᠩ ᠯᠢ ᠳ᠋ᠦᠸᠧ︾ ᠮᠡᠳᠡᠭᠡ ᠵᠠᠩᠭᠢᠴᠢᠯᠠᠯᠲᠠ ᠶᠢᠨ ᠲᠠᠪᠴᠠᠩ ᠪᠣᠯᠤᠨ ᠠ ᠯᠢ ᠪᠠ ᠪᠠ ᠰᠦᠯᠵᠢᠶᠡᠨ ᠤ ᠮᠡᠷᠭᠡᠵᠢᠯ ᠤᠨ ᠺᠣᠮᠫᠠᠨᠢ ᠯᠤᠭ᠎ᠠ ᠬᠠᠮᠲᠤᠷᠠᠯᠴᠠᠭᠠᠨ ᠤ ᠰᠠᠨᠠᠮᠵᠢ ᠲᠠᠢ ᠪᠣᠯᠬᠤ ᠶᠢ ᠠᠬᠢᠭᠤᠯᠤᠨ᠎ᠠ︔ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠲᠠᠪᠴᠠᠩ ᠤᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠬᠢᠯᠡᠭᠦᠯᠵᠦ᠂ ᠦᠢᠯᠡᠳᠪᠦᠷᠢᠯᠡᠯ ᠤᠨ ᠦᠢᠯᠡᠳᠪᠦᠷᠢ ᠶᠢᠨ ᠲᠠᠰᠤᠭ ᠢ ᠥᠭᠡᠷᠡᠴᠢᠯᠡᠬᠦ᠂ ᠰᠦᠯᠵᠢᠶᠡᠨ ᠤ ᠣᠷᠴᠢᠨ ᠲᠣᠭᠤᠷᠢᠨ ᠢ ᠪᠠᠶᠢᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠲᠦᠯᠬᠢᠨ ᠠᠬᠢᠭᠤᠯᠤᠨ᠎ᠠ᠃ ︽ᠤᠶᠤᠨᠲᠤ ᠬᠦᠷᠢᠶᠡᠯᠡᠩ ᠲᠣᠭᠤᠷᠢᠭ︾᠎ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠦ᠂ ᠰᠠᠭᠤᠷᠢ ᠰᠦᠯᠵᠢᠶ᠎ᠡ᠂ ᠮᠠᠰᠢᠨ ᠤ ᠬᠡᠷ ᠤᠨ ᠪᠥᠲᠥᠭᠡᠨ ᠪᠠᠶᠢᠭᠤᠯᠤᠯᠲᠠ ᠵᠢᠴᠢ 5G ᠰᠠᠭᠤᠷᠢ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠬᠦᠷᠢᠶᠡᠯᠡᠩ ᠲᠣᠭᠤᠷᠢᠭ ᠤᠨ ᠲᠣᠭᠠᠴᠢᠯᠠᠭᠰᠠᠨ ᠡᠵᠡᠩᠨᠡᠯᠲᠡ ᠬᠠᠮᠢᠶᠠᠷᠤᠯᠲᠠ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃      ᠬᠥᠲᠥᠯᠥᠭᠴᠢ᠄ ᠣᠳᠣᠬᠠᠨ ᠳᠤ᠂ ᠴᠢᠩᠱᠠᠨ ᠲᠣᠭᠤᠷᠢᠭ ᠤᠨ  ᠲᠤᠨᠤᠭ ᠲᠦᠭᠦᠭᠡᠷᠦᠮᠵᠢ ᠦᠢᠯᠡᠳᠬᠦ ᠦᠢᠯᠡᠰ ᠤᠨ ᠬᠥᠭᠵᠢᠯᠲᠡ ᠶᠢᠨ ᠳᠤᠮᠳᠠ ᠶᠠᠮᠠᠷ ᠶᠠᠮᠠᠷ ᠠᠰᠠᠭᠤᠳᠠᠯ ᠣᠷᠣᠰᠢᠵᠤ ᠪᠠᠶᠢᠬᠤ ᠪᠤᠢ︖ ᠶᠠᠮᠠᠷ ᠶᠠᠮᠠᠷ ᠪᠣᠳᠠᠲᠠᠶ ᠠᠷᠭᠠᠴᠠᠬᠤ ᠰᠠᠨᠠᠭᠤᠯᠭ᠎ᠠ ᠪᠠᠶᠢᠬᠤ ᠪᠣᠶ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠬᠠᠨ ᠰᠢᠶᠤᠤ ᠫᠢᠩ᠄ ᠴᠢᠩᠱᠠᠨ ᠲᠣᠭᠤᠷᠢᠭ ᠤᠨ ᠲᠣᠨᠤᠭ ᠲᠥᠬᠦᠭᠡᠷᠦᠮᠵᠢ ᠦᠢᠯᠡᠳᠬᠦ ᠦᠶ᠋ᠯᠡᠰ ᠤᠨ ᠬᠥᠭᠵᠢᠯᠲᠡ ᠶᠢᠨ ᠳᠤᠮᠳᠠ ᠳᠣᠤᠷᠠᠬᠢ ᠳᠥᠷᠪᠡᠨ ᠲᠠᠯ᠎ᠠ ᠶᠢᠨ ᠠᠰᠠᠭᠤᠳᠠᠯ ᠣᠷᠣᠰᠢᠵᠤ ᠪᠠᠶᠢᠨ᠎ᠠ᠄ ᠨᠢᠭᠡ ᠳᠤ ᠬᠥᠲᠥᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠨᠢ ᠬᠢᠵᠠᠭᠠᠷ ᠲᠠᠢ᠃ ᠬᠤᠶᠠᠷ ᠲᠤ ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠪᠠᠬᠢᠯᠡᠯᠲᠡ ᠶᠢ ᠰᠢᠪᠲᠤᠯᠬᠤ ᠴᠢᠬᠤᠯᠠᠲᠠᠶ ᠪᠠᠶᠢᠨ᠎ᠠ᠃ ᠭᠤᠷᠪᠠ ᠳᠤ ᠴᠢᠬᠤᠯᠠ ᠶᠡᠭᠡ ᠲᠥᠷᠥᠯ ᠵᠦᠢᠯ ᠤᠨ ᠨᠥᠭᠡᠴᠡ ᠬᠦᠷᠦᠯᠴᠡᠬᠦ ᠦᠭᠡᠢ ᠪᠠᠶᠢᠨ᠎ᠠ᠃ ᠳᠥᠷᠪᠡ ᠳᠤ ᠠᠵᠤ ᠦᠢᠯᠡᠰ ᠤᠨ ᠳᠡᠰ ᠳᠠᠪᠬᠤᠷᠭ᠎ᠠ ᠥᠨᠳᠥᠷ ᠪᠤᠰᠤ᠂ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠤᠰᠤ ᠪᠠᠶᠢᠨ᠎ᠠ᠃      ᠠᠷᠭᠠᠴᠠᠬᠤ ᠪᠣᠳᠣᠯᠭ᠎ᠠ ᠶᠢᠨ ᠰᠠᠨᠠᠭᠤᠯᠭ᠎ᠠ᠄ ᠨᠢᠭᠡ ᠳᠤ ᠬᠥᠲᠥᠴᠢ ᠠᠵᠤ ᠠᠬᠤᠶᠢᠯᠠᠯ ᠢ ᠲᠡᠳᠬᠦᠨ ᠳᠡᠮᠵᠢᠵᠦ᠂ ᠭᠠᠵᠠᠷ ᠣᠷᠣᠨ ᠤ ᠵᠠᠬ᠎ᠠ ᠳᠡᠯᠭᠡᠭᠦᠷ ᠤᠨ ᠬᠤᠪᠢ ᠶᠢ ᠵᠠᠪᠳᠤᠨ ᠡᠵᠡᠯᠡᠬᠦ ᠬᠡᠷᠡᠭᠲᠡᠶ᠃ ᠪᠧᠶ ᠪᠧᠨ ᠰᠢᠨ᠎ᠡ ᠡᠨᠧᠷᠭᠢ ᠶᠢᠨ ᠬᠤᠳᠠᠯᠳᠤᠭᠠᠨ ᠤ ᠮᠠᠰᠢᠨ ᠲᠡᠷᠭᠡᠨ ᠤ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠬᠤ ᠪᠠᠷ ᠲᠣᠬᠢᠶᠠᠯ ᠪᠣᠯᠭᠠᠵᠤ᠂ ᠪᠧᠶ ᠪᠧᠨ ᠬᠦᠨᠳᠦ ᠺᠠᠷᠲ ᠤᠨ ᠵᠠᠬ᠎ᠠ ᠳᠡᠯᠭᠡᠭᠦᠷ ᠡᠵᠡᠯᠡᠬᠦ ᠨᠣᠷᠮ᠎ᠠ ᠶᠢ ᠲᠠᠰᠤᠷᠠᠯᠲᠠ ᠤᠢᠭᠡᠢ ᠥᠷᠭᠡᠳᠬᠡᠵᠦ᠂ ᠬᠠᠮᠢᠶ᠎ᠠ ᠪᠦᠬᠦᠢ ᠳᠦᠬᠦᠷᠵᠢᠭᠰᠡᠨ ᠠᠵᠤ ᠠᠬᠤᠶᠢᠯᠠᠯ ᠢ ᠣᠷᠣᠭᠤᠯᠤᠨ ᠪᠤᠶᠢᠵᠢᠭᠤᠯᠵᠤ᠂ ᠠᠵᠤ ᠦᠢᠯᠡᠰ ᠤᠨ ᠪᠥᠭᠡᠮᠨᠡᠷᠡᠯ ᠢ ᠪᠤᠢ ᠪᠣᠯᠭᠠᠨ᠎ᠠ᠃ ᠬᠤᠶᠠᠷ ᠲᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠤᠨ᠎ᠠ᠃ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠬᠦᠷᠢᠶᠡᠯᠡᠩ ᠲᠣᠭᠤᠷᠢᠭ ᠤᠨ ᠰᠣᠯᠪᠢᠴᠠᠨ ᠬᠥᠭᠵᠢᠬᠦ᠂ ᠴᠢᠨᠠᠷ ᠰᠠᠶᠢᠲᠠᠢ ᠬᠥᠭᠵᠢᠬᠦ ᠶᠢ ᠠᠬᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠨᠥᠬᠦᠪᠥᠷᠢᠯᠡᠬᠦ᠂ ᠬᠡᠯᠬᠢᠶ᠎ᠡ ᠶᠢ ᠴᠢᠩᠭᠠᠳᠬᠠᠬᠤ ᠲᠥᠷᠥᠯ ᠵᠦᠢᠯ ᠤᠨ ᠲᠣᠭᠤᠷᠢᠨ ᠳᠤ᠂ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠬᠠᠮᠲᠤᠷᠠᠯᠴᠠᠨ ᠬᠦᠷᠢᠶᠡᠯᠡᠩ ᠲᠣᠭᠤᠷᠢᠭ ᠢ ᠬᠠᠮᠲᠤᠪᠠᠷ ᠪᠠᠶᠢᠭᠤᠯᠵᠦ᠂ ᠠᠵᠤ ᠦᠢᠯᠡᠰ ᠤᠨ ᠲᠥᠪᠯᠡᠷᠡᠯ᠂ ᠪᠦᠭᠡᠮᠨᠡᠷᠡᠯ᠂ ᠡᠷᠴᠢᠮᠯᠢᠭ ᠬᠥᠭᠵᠢᠯᠲᠡ ᠶᠢ ᠠᠬᠢᠭᠤᠯᠤᠨ᠎ᠠ᠃ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠳᠠᠭᠠᠭᠠᠴᠠ ᠶᠢ ᠳᠡᠭᠡᠭᠰᠢᠯᠡᠭᠦᠯᠦᠨ᠎ᠡ᠃ ᠭᠤᠷᠪᠠ ᠳᠤ ᠲᠥᠷᠥᠯ ᠵᠦᠢᠯ ᠤᠨ ᠨᠥᠭᠡᠴᠡ ᠪᠠ ᠠᠷᠭ᠎ᠠ ᠪᠣᠳᠣᠯᠭ᠎ᠠ ᠶᠢ ᠴᠢᠩᠭᠠᠳᠬᠠᠵᠤ᠂ ᠠᠵᠤ ᠠᠬᠤᠢ ᠶᠢᠨ ᠬᠥᠭᠵᠢᠯᠲᠡ ᠶᠢᠨ ᠨᠡᠮᠡᠭᠳᠡᠯ ᠤᠨ ᠲᠦᠢᠯ ᠢ ᠪᠠᠶᠢᠭᠤᠯᠬᠤ ᠬᠡᠷᠡᠭᠲᠡᠶ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢ ᠴᠢᠩᠭ᠎ᠠ ᠠᠳᠬᠤᠵᠤ᠂ ᠭᠠᠵᠠᠷ ᠣᠷᠣᠨ ᠤ ᠡᠬᠢ ᠪᠠᠶᠠᠯᠢᠭ ᠤᠨ ᠳᠠᠪᠠᠭᠤᠯᠢᠭ᠂ ᠣᠷᠴᠢᠨ ᠲᠣᠭᠤᠷᠢᠨ ᠤ ᠳᠠᠪᠠᠭᠤᠯᠢᠭ᠂ ᠴᠢᠳᠠᠪᠤᠷᠢᠲᠠᠨ ᠤ ᠳᠠᠪᠠᠭᠤᠯᠢᠭ ᠲᠤ ᠰᠠᠭᠤᠷᠢᠯᠠᠨ᠂ ᠮᠠᠨ ᠤ ᠲᠤᠭᠤᠷᠢᠭ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠠᠰᠢᠭᠲᠠᠶ ᠨᠢᠭᠡ ᠪᠦᠯᠦᠭ ᠰᠠᠶᠢᠨ ᠲᠦᠷᠦᠯ ᠵᠦᠢᠯ᠂ ᠲᠣᠮᠣ ᠲᠥᠷᠥᠯ ᠵᠦᠢᠯ ᠢ ᠢᠳᠡᠪᠬᠢᠲᠡᠶ ᠣᠷᠣᠭᠤᠯᠤᠨ ᠠᠪᠴᠢᠷᠠᠬᠤ ᠪᠠ ᠨᠥᠭᠡᠴᠡᠯᠡᠬᠦ ᠬᠡᠷᠡᠭᠲᠡᠶ᠃ ᠲᠦᠷᠪᠡ ᠳᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠭᠤᠤᠯᠯᠠᠬᠤ ᠦᠷᠢᠰᠦᠯᠳᠤᠬᠦ ᠬᠦᠴᠦᠨ ᠢ ᠴᠢᠩᠭᠠᠷᠠᠭᠤᠯᠤᠨ᠎ᠠ᠃ ᠡᠯ᠎ᠡ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠤᠬᠠᠮᠰᠠᠷ ᠢᠶᠠᠨ ᠨᠡᠮᠡᠭᠳᠡᠭᠦᠯᠬᠦ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ ᠤᠨ ᠳᠡᠭᠡᠲᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ︽ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠠᠪᠤᠷᠭᠤ ᠬᠥᠮᠦᠨ︾᠎ ᠤ ᠠᠵᠤ ᠠᠬᠤᠶᠢᠯᠠᠯ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠲᠥᠪ᠂ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠵᠡᠷᠭᠡ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠪᠤᠶᠢᠵᠢᠭᠤᠯᠤᠨ ᠲᠣᠭᠲᠠᠭᠠᠵᠤ᠂ ᠨᠦᠬᠦᠴᠡᠯ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠳᠠᠮᠵᠢᠨ᠎ᠠ᠃  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号