ᠬᠤᠲᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠦᠨ᠎ᠡ
ᠨᠡᠶᠢᠲᠡᠯᠡᠭᠰᠡᠨ ᠴᠠᠭ᠄
2020/10/14
     ᠰᠤᠷᠪᠤᠯᠵᠢᠯᠠᠭᠰᠠᠨ ᠭᠤᠣᠯ ᠰᠡᠳᠦᠪ᠄ ᠬᠤᠲᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠦᠨ᠎ᠡ      ᠰᠤᠷᠪᠤᠯᠵᠢᠯᠠᠭᠰᠠᠨ ᠴᠠᠭ᠄ 2020 ᠣᠨ ᠤ 8 ᠰᠠᠷ᠎ᠠ ᠶᠢᠨ 3᠎ ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠴᠢᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ    ᠼᠤᠤ ᠵᠢᠤᠢ      ᠠᠬᠤᠢ ᠪᠠᠶᠢᠳᠠᠯ᠄ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠪᠠ ᠠᠷᠪᠠᠨ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠷᠠᠳ ᠤᠨ ᠶᠠᠪᠤᠳᠠᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠬᠤ᠂ ︽ᠠᠷᠠᠳ ᠤᠨ ᠶᠠᠪᠤᠳᠠᠯ ᠠᠷᠠᠳ ᠤᠨ ᠲᠥᠯᠥᠭᠡ᠂ ᠠᠷᠠᠳ ᠤᠨ ᠶᠠᠪᠤᠳᠠᠯ ᠠᠷᠠᠳ ᠲᠦᠮᠡᠨ ᠢᠶᠠᠨ ᠬᠠᠶᠢᠷᠠᠯᠠᠬᠤ︾ ᠠᠵᠢᠯ ᠤᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠡᠭᠦᠷᠭᠡ ᠯᠦᠭᠡ ᠨᠢᠭᠲᠠ ᠤᠶᠠᠯᠳᠤᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠶᠠᠪᠤᠳᠠᠯ ᠤᠨ ᠠᠵᠢᠯ ᠤᠨ ᠦᠨᠳᠦᠰᠦᠨ ᠵᠦᠢᠯ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ︔ ᠦᠨᠳᠦᠰᠦᠨ ᠱᠠᠲᠤᠨ ᠤ ᠵᠠᠰᠠᠭ ᠤᠨ ᠡᠷᠬᠡ ᠶᠢ ᠲᠥᠪᠯᠡᠷᠡᠭᠦᠯᠵᠦ᠂ ᠠᠷᠠᠳ ᠤᠨ ᠶᠠᠪᠤᠳᠠᠯ ᠤᠨ ᠠᠵᠢᠯ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ︔ ᠬᠠᠶᠢᠷ᠎ᠠ ᠰᠡᠳᠬᠢᠯᠭᠡ ᠪᠠᠨ ᠨᠢᠭᠲᠠᠷᠠᠭᠤᠯᠤᠨ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠠᠷᠠᠳ ᠤᠨ ᠶᠠᠪᠤᠳᠠᠯ ᠤᠨ ᠠᠵᠢᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ︔ ᠨᠡᠶᠢᠭᠡᠮ ᠤᠨ ᠬᠦᠴᠦᠨ ᠢ ᠨᠢᠭᠲᠠᠷᠠᠭᠤᠯᠵᠤ᠂ ᠠᠷᠠᠳ ᠤᠨ ᠶᠠᠪᠤᠳᠠᠯ ᠤᠨ ᠠᠵᠢᠯ ᠢ ᠣᠯᠠᠨ ᠡᠰᠢᠵᠢᠭᠦᠯᠦᠨ ᠬᠠᠮᠲᠤ ᠪᠠᠷ ᠵᠠᠰᠠᠬᠤ ᠶᠢ ᠳᠡᠭᠡᠭᠰᠢᠯᠡᠭᠦᠯᠦᠨ᠎ᠡ︔ ᠨᠡᠶᠢᠭᠡᠮ ᠤᠨ ᠬᠡᠷᠡᠭ ᠶᠠᠪᠤᠳᠠᠯ ᠳᠤ ᠰᠡᠳᠬᠢᠯ ᠲᠠᠯᠪᠢᠵᠤ᠂ ᠠᠷᠠᠳ ᠤᠨ ᠶᠠᠪᠤᠳᠠᠯ ᠤᠨ ᠠᠵᠢᠯ ᠤᠨ ᠪᠠᠲᠤᠯᠠᠭ᠎ᠠ ᠶᠢᠨ ᠠᠷᠭ᠎ᠠ ᠪᠠᠷᠢᠯ ᠢ ᠳᠡᠭᠡᠭᠰᠢᠯᠡᠭᠦᠯᠦᠨ᠎ᠡ᠃      ᠬᠥᠲᠥᠯᠥᠭᠴᠢ᠄ ᠴᠢᠩᠱᠠᠨ ᠲᠣᠭᠤᠷᠢᠭ ᠪᠣᠯ ᠪᠥᠬᠦ ᠤᠯᠤᠰ ᠤᠨ ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠮᠥᠨ᠂ ᠪᠣᠳᠠᠲᠠᠶ ᠶᠠᠮᠠᠷ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠶᠢᠬᠤ ᠪᠣᠶ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠼᠤᠤ ᠵᠢᠤᠢ᠄ ᠴᠢᠩᠱᠠᠨ ᠲᠣᠭᠤᠷᠢᠭ ︽ᠪᠥᠬᠦ ᠤᠯᠤᠰ ᠤᠨ ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ︾᠎ ᠶᠢᠨ ᠭᠠᠵᠠᠷ ᠣᠷᠣᠨ ᠪᠣᠯᠵᠣ᠂ ︽ᠨᠠᠷᠢᠯᠢᠭ ᠬᠠᠮᠢᠶᠠᠷᠤᠯᠲᠠ᠂ ᠨᠠᠷᠢᠯᠢᠭ ᠦᠢᠯᠡᠴᠢᠯᠡᠭᠡ᠂ ᠤᠯᠠᠨ ᠡᠰᠢᠲᠦ ᠠᠪᠤᠷᠠᠨ ᠲᠤᠰᠠᠯᠠᠯᠲᠠ ᠪᠠᠷ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠬᠦ︾᠎ ᠪᠠᠷ ᠭᠤᠤᠯ ᠰᠡᠳᠦᠪ ᠪᠤᠯᠭᠠᠭᠰᠠᠨ‌ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠦᠷᠨᠢᠭᠦᠯᠦᠨ᠎ᠡ︔ ᠨᠢᠭᠡ ᠳᠤ ᠣᠯᠠᠨ ᠲᠦᠮᠡᠨ ᠳᠤᠲᠠᠭᠤ ᠭᠦᠶᠦᠨ᠎ᠡ᠃ ᠬᠢᠨᠠᠨ ᠵᠥᠪᠰᠢᠶᠡᠷᠡᠬᠦ ᠡᠷᠬᠡ ᠶᠢ ᠨᠡᠶᠢᠭᠡᠮ ᠲᠣᠭᠤᠷᠢᠭ ᠤᠨ ᠨᠢᠭᠡᠳᠦᠭᠡᠷ ᠱᠠᠲᠤᠨ ᠳᠤ ᠪᠠᠭᠤᠯᠭᠠᠵᠤ᠂ ᠨᠡᠶᠢᠭᠡᠮ ᠲᠣᠭᠤᠷᠢᠭ ᠤᠨ ᠣᠯᠠᠨ ᠲᠦᠮᠡᠨ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠤᠨ ᠬᠠᠮᠢᠶᠠᠷᠤᠯᠲᠠ ᠦᠢᠯᠡᠴᠢᠯᠡᠭᠡᠨ ᠤ ᠥᠷᠲᠡᠭᠡ ᠳᠤ ᠬᠦᠷᠴᠦ ︽ᠨᠢᠭᠡ ᠥᠷᠲᠡᠭᠡ ᠮᠠᠶ᠋ᠢᠭ︾᠎ ᠤᠨ ᠲᠠᠪᠴᠠᠩ ᠳᠤ ᠬᠦᠷᠴᠦ ᠠᠰᠠᠭᠤᠨ ᠯᠠᠪᠯᠠᠵᠤ ᠭᠦᠢᠴᠡᠳᠭᠡᠵᠦ᠂ ᠣᠯᠠᠨ ᠲᠦᠮᠡᠨ ᠳᠤ ᠦᠢᠯᠡᠴᠢᠯᠡᠬᠦ ᠡᠴᠦᠰ ᠤᠨ ᠨᠢᠭᠡ ᠺᠢᠯᠣᠮᠧᠲᠷ ᠢ ᠪᠡᠶᠡᠯᠡᠭᠦᠯᠪᠡ᠃ ᠬᠤᠶᠠᠷ ᠲᠤ ᠤᠯᠠᠨ ᠲᠦᠮᠡᠨ ᠳᠤᠲᠠᠭᠤ ᠬᠦᠯᠢᠶᠡᠪᠡ᠃ ᠬᠢᠨᠠᠨ ᠵᠥᠪᠰᠢᠶᠡᠷᠡᠬᠦ ᠶᠠᠪᠤᠴᠠ ᠶᠢ ᠳᠥᠭᠦᠮᠴᠢᠯᠡᠵᠦ᠂ ᠣᠯᠠᠨ ᠲᠦᠮᠡᠨ ᠤ 13 ᠡᠳᠦᠷ ᠤᠨ ᠬᠢᠨᠠᠨ ᠵᠥᠪᠰᠢᠶᠡᠷᠡᠬᠦ ᠴᠠᠭ ᠳᠣᠲᠣᠷ᠎ᠠ ᠠᠪᠤᠷᠠᠨ ᠲᠤᠰᠠᠯᠠᠬᠤ ᠳᠤ ᠲᠥᠬᠦᠮ ᠦᠵᠡᠭᠦᠯᠪᠡ᠃ ᠭᠤᠷᠪᠠ ᠳᠤ ᠣᠯᠠᠨ ᠲᠦᠮᠡᠨ ᠢᠯᠡᠭᠦᠬᠡᠨ ᠠᠰᠢᠭ ᠭᠥᠷᠳᠡᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠣᠯᠠᠨ ᠡᠰᠢᠵᠢᠭᠰᠡᠨ ᠦᠢᠯᠡᠴᠢᠯᠡᠭᠡ ᠶᠢ ᠬᠤᠳᠠᠯᠳᠤᠨ ᠠᠪᠴᠤ᠂ ᠬᠦᠴᠢᠷᠳᠡᠯᠲᠡᠶ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠳᠠᠬᠢ ᠣᠯᠠᠨ ᠡᠰᠢᠴᠢᠯᠡᠭᠰᠡᠨ ᠬᠡᠷᠡᠭᠴᠡᠭᠡ ᠶᠢ ᠬᠠᠩᠭᠠᠬᠤ ᠳᠤ ᠬᠠᠨᠳᠤᠭᠤᠯᠤᠨ᠂ ᠵᠣᠷᠢᠭ ᠰᠠᠨᠠᠭ᠎ᠠ ᠶᠢ ᠲᠡᠳᠬᠦᠨ ᠡᠷᠬᠡ ᠣᠯᠭᠤᠬᠤ᠂ ᠬᠡᠤᠬᠡᠴᠤᠳ ᠢ ᠬᠠᠯᠠᠮᠵᠢᠯᠠᠨ ᠬᠠᠶᠢᠷᠠᠯᠠᠬᠤ᠂ ᠨᠠᠰᠤᠲᠠᠳ ᠲᠤ ᠦᠢᠯᠡᠴᠢᠯᠡᠬᠦ ᠵᠡᠷᠭᠡ ᠲᠠᠯ᠎ᠠ ᠪᠠᠷ ᠬᠦᠴᠢᠷᠳᠡᠯᠲᠡᠶ ᠣᠯᠠᠨ ᠲᠦᠮᠡᠨ ᠤ ᠥᠪᠡᠷᠮᠢᠴᠡ ᠣᠨᠴᠠᠯᠢᠭ ᠪᠦᠬᠦᠢ ᠵᠠᠬᠢᠶᠠᠯᠠᠭ᠎ᠠ ᠶᠢᠨ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠬᠦᠴᠢᠷᠳᠡᠯᠲᠡᠶ ᠣᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃      ᠬᠥᠲᠥᠯᠥᠭᠴᠢ᠄ ᠴᠢᠩᠱᠠᠨ ᠲᠣᠭᠤᠷᠢᠭ ᠤᠨ ︽ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ︾᠎ ᠨᠢ ᠶᠠᠮᠠᠷ ᠨᠡᠶᠢᠭᠡᠮ ᠲᠤᠭᠤᠷᠢᠭ ᠤᠨ ᠦᠢᠯᠡᠴᠢᠯᠡᠭᠡᠨ ᠤ ᠪᠠᠶᠢᠭᠤᠯᠤᠮᠵᠢ ᠪᠣᠶ︖ ᠴᠢᠩᠱᠠᠨ ᠲᠣᠭᠤᠷᠢᠭ ᠲᠤ ᠣᠳᠣᠬᠠᠨ ᠳᠤ ᠬᠡᠳᠦᠨ ᠭᠠᠵᠠᠷ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ᠪᠠᠶᠢᠬᠤ ᠪᠤᠶ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠼᠤᠤ ᠵᠢᠤᠢ᠄ ᠴᠢᠩᠱᠠᠨ ᠲᠣᠭᠤᠷᠢᠭ ᠤᠨ ︽ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ︾ ᠪᠣᠯ 2018 ᠣᠨ ᠤ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠪᠥᠬᠦ ᠬᠤᠲᠠ ᠳᠤ ᠠᠩᠬ᠎ᠠ ᠤᠳᠠᠭ᠎ᠠ ᠬᠡᠷ ᠪᠦᠯᠢ ᠶᠢᠨ ᠨᠡᠶᠢᠭᠡᠮ ᠲᠣᠭᠤᠷᠢᠭ ᠤᠨ ᠨᠢᠭᠡ ᠨᠠᠰᠤᠲᠠᠨ ᠨᠢᠭᠡ ᠪᠠᠭ᠎ᠠ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ︵ᠳᠠᠷᠤᠢ ᠴᠢᠩᠱᠠᠨ ᠲᠣᠭᠤᠷᠢᠭ ᠤᠨ ︽ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ︾︶᠂ ᠲᠠᠪᠴᠠᠩ ᠨᠢ ᠨᠡᠶᠢᠭᠡᠮ ᠲᠣᠭᠤᠷᠢᠭ ᠲᠤ ᠪᠣᠳᠠᠰ᠂ ᠤᠶᠤᠨ ᠰᠠᠨᠠᠭ᠎ᠠ᠂ ᠭᠡᠷ ᠤᠨ ᠶᠠᠪᠤᠳᠠᠯ᠂ ᠡᠮ ᠡᠮᠨᠡᠯᠭᠡ ᠤᠨ ᠦᠢᠯᠡᠴᠢᠯᠡᠭᠡ ᠬᠠᠩᠭᠠᠵᠦ᠂ ᠡᠭᠦᠨ ᠳᠤ ᠨᠡᠶᠢᠭᠡᠮ ᠲᠣᠭᠤᠷᠢᠭ ᠤᠨ ᠬᠤᠭᠤᠯᠠᠨ ᠭᠡᠷ᠂ ᠰᠣᠶᠣᠯ ᠲᠠᠮᠢᠷ ᠤᠨ ᠬᠥᠳᠡᠯᠭᠡᠭᠡᠨ ᠤ ᠲᠥᠪ᠂ ᠪᠠᠭᠠᠴᠤᠳ ᠬᠡᠤᠬᠡᠳ ᠤᠨ ᠳᠥᠷᠪᠡᠨ ᠴᠠᠭ ᠬᠠᠭᠠᠰ᠂ ᠡᠷᠡᠭᠦᠯᠵᠢᠭᠦᠯᠬᠦ ᠹᠢᠽᠢᠺ ᠵᠠᠰᠠᠯ᠂ ᠰᠡᠳᠬᠢᠴᠡ ᠶᠢᠨ ᠲᠠᠶᠢᠳᠬᠤᠷᠠᠭᠤᠯᠤᠯ ᠵᠡᠷᠭᠡ ᠦᠢᠯᠡᠴᠢᠯᠡᠭᠡ ᠪᠠᠭᠲᠠᠨ᠎ᠠ᠃ ︽ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ︾᠎ ᠤᠨ ᠠᠵᠢᠯᠯᠠᠭᠠᠨ ᠤ ᠶᠠᠪᠤᠴᠠ ᠳᠤᠮᠳᠠ᠂ ᠴᠢᠩᠱᠠᠨ ᠤ ᠣᠨᠴᠠᠯᠢᠭ ᠪᠦᠬᠦᠢ ︽ᠵᠠᠰᠠᠭ ᠤᠨ ᠣᠷᠳᠣᠨ ᠠᠴᠠ ᠵᠢᠭᠠᠬᠠᠨ ᠨᠥᠬᠦᠪᠥᠷᠢᠯᠡᠬᠦ᠂ ᠠᠵᠤ ᠠᠬᠤᠶᠢᠯᠠᠯ ᠨᠢ ᠵᠢᠭᠠᠬᠠᠨ ᠨᠠᠶᠢᠷ ᠲᠠᠯᠪᠢᠬᠤ᠂ ᠬᠤᠪᠢ ᠬᠥᠮᠦᠨ ᠨᠢ ᠪᠠᠭ᠎ᠠ ᠰᠠᠭ᠎ᠠ ᠭᠠᠷᠭᠠᠬᠤ︾ ︽ᠭᠤᠷᠪᠠᠨ ᠨᠢᠭᠡ ᠴᠠᠭ︾᠎ ᠤᠨ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ ᠪᠣᠶ ᠪᠣᠯᠭᠠᠬᠤ ᠶᠢᠨ ᠬᠠᠮᠲᠤ᠂ ᠢᠳᠡᠭᠡᠨ ᠤᠮᠳᠠᠭᠠᠨ᠂ ᠡᠷᠡᠭᠦᠯᠵᠢᠯ ᠤᠨ ᠹᠢᠽᠢᠺ ᠵᠠᠰᠠᠯ ᠵᠡᠷᠭᠡ ᠦᠢᠯᠡᠴᠢᠯᠡᠭᠡᠨ ᠤ ᠦᠨ᠎ᠡ ᠬᠠᠩᠰᠢ ᠶᠢ ᠵᠠᠬ᠎ᠠ ᠳᠡᠯᠭᠡᠭᠦᠷ ᠤᠨ ᠦᠨ᠎ᠡ ᠬᠠᠩᠰᠢ ᠠᠴᠠ ᠳᠣᠤᠷ᠎ᠠ ᠪᠠᠶᠢᠯᠭᠠᠨ᠎ᠠ᠃      ᠣᠳᠣᠬᠠᠨ ᠳᠤ᠂ ᠴᠢᠩᠱᠠᠨ ᠲᠣᠭᠤᠷᠢᠭ ᠤᠨ︽ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ︾ 17 ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠡᠶᠡᠯᠡᠭᠦᠯᠦᠭᠡᠰᠨ ᠪᠥᠭᠡᠳ ᠠᠵᠢᠯᠯᠠᠭᠠᠨ ᠳᠤ ᠤᠷᠤᠪᠠ᠃ ᠲᠤᠰ ᠲᠤᠰ ᠨᠠᠷᠠᠨ ᠭᠡᠷᠡᠯ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ︵ᠴᠠᠬᠢᠯᠭᠠᠨ ᠬᠦᠴᠦᠨ ᠤ ᠭᠡᠷ ᠪᠦᠯᠢ ᠶᠢᠨ ᠬᠠᠷᠢᠶᠠᠲᠤ ᠬᠦᠷᠢᠶᠡᠨ ᠳᠤ ᠪᠠᠶᠢᠨ᠎ᠠ︶᠂ ᠳᠤᠯᠠᠭᠠᠨ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ︵ᠳᠤᠯᠠᠭᠠᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠥᠷᠲᠡᠭᠡᠨ ᠳᠤ ᠪᠠᠶᠢᠨ᠎ᠠ︶᠂ ᠤᠭᠲᠤᠯᠭ᠎ᠠ ᠬᠤᠶᠠᠳᠤᠭᠠᠷ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ︵ᠤᠤᠯ ᠤᠨ ᠤᠭᠲᠤᠯᠭ᠎ᠠ ᠬᠤᠶᠠᠳᠤᠭᠠᠷ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠥᠷᠲᠡᠭᠡᠨ ᠳᠤ ᠪᠠᠶᠢᠨ᠎ᠠ︶᠂ ᠨᠡᠬᠡᠮᠡᠯ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ︵ᠨᠡᠬᠡᠮᠡᠯ ᠨᠠᠰᠤᠵᠢᠯ ᠤᠨ ᠦᠢᠯᠡᠴᠢᠯᠡᠭᠡᠨ ᠤ ᠲᠥᠪ ᠲᠤ ᠪᠠᠶᠢᠨ᠎ᠠ︶᠂ ᠴᠠᠩ ᠵᠧᠩ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ︵ᠴᠠᠩ ᠵᠧᠩ ᠨᠡᠶᠢᠭᠡᠮ ᠲᠣᠭᠤᠷᠢᠭ ᠤᠨ 85 ᠳ᠋ᠤᠭᠠᠷ ᠠᠰᠠᠷ ᠤᠨ ᠪᠠᠷᠠᠭᠤᠨ  ᠲᠠᠯ᠎ᠠ︶᠂ ᠵᠢᠶᠠᠨ ᠬᠤᠸᠠ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ︵ᠤᠤᠯ ᠤᠨ ᠪᠠᠶᠢᠭᠤᠯᠤᠭᠰᠠᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠥᠷᠲᠡᠭᠡ︶᠂ ᠡᠸᠤ ᠯᠦ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ︵ᠨᠢᠭᠡᠳᠦᠭᠡᠷ ᠮᠠᠰᠢᠨ ᠦᠢᠯᠡᠳᠬᠦ ᠪᠦᠯᠦᠭᠯᠡᠯ ᠤᠨ ᠳᠤᠯᠤᠳᠤᠭᠠᠷ ᠪᠠᠭ᠎ᠠ ᠰᠤᠷᠭᠠᠭᠤᠯᠢ ᠶᠢᠨ ᠡᠮᠦᠨ᠎ᠡ ᠡᠭᠦᠳᠡᠨ ᠤ ᠡᠰᠡᠷᠭᠦ ᠲᠠᠯ᠎ᠠ ᠳᠤ ᠪᠠᠶᠢᠨ᠎ᠠ︶᠂ ᠬᠠᠳᠠ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ︵ᠴᠠᠬᠢᠯᠭᠠᠨ ᠬᠦᠴᠦᠨ ᠤ ᠭᠤᠷᠪᠠᠳᠤᠭᠠᠷ ᠪᠠᠶᠢᠭᠤᠯᠤᠯᠲᠠ ᠶᠢᠨ ᠵᠢᠵᠢᠭ ᠲᠣᠭᠤᠷᠢᠭ᠂ ᠬᠦᠳᠡᠯᠮᠦᠷᠢ 6 ᠲᠣᠭᠤᠷᠢᠭ︶᠂ ᠪᠧᠶ ᠵᠢᠶᠠ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ︵ᠪᠧᠶ ᠵᠢᠶᠠ ᠨᠡᠶᠢᠭᠡᠮ ᠲᠣᠭᠤᠷᠢᠭ ᠤᠨ ᠵᠤᠯ ᠵᠢᠷᠭᠠᠯ ᠬᠤᠶᠠᠳᠤᠭᠠᠷ ᠪᠠᠭ᠎ᠠ ᠲᠣᠭᠤᠷᠢᠭ︶᠂ ᠪᠧᠶ ᠵᠢᠶᠠ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ᠤᠨ ᠬᠤᠶᠠᠳᠤᠭᠠᠷ ᠥᠷᠲᠡᠭᠡ ︵ᠤᠤᠯ ᠤᠨ ᠬᠤᠰᠢᠭᠤᠴᠢ ᠬᠡᠷᠡᠭ ᠡᠷᠬᠢᠯᠡᠬᠦ ᠭᠠᠵᠠᠷ ᠤᠨ ᠠᠯᠪᠠᠨ ᠠᠰᠠᠷ︶᠂ ᠹᠦ᠋ ᠳ᠋ᠡ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ︵ᠹᠦ᠋ ᠳ᠋ᠡ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠦᠷᠲᠡᠭᠡ᠂ ᠤᠮᠠᠷᠠᠲᠤ ᠬᠦᠨᠳᠦ ᠠᠵᠢᠯ ᠠᠴᠠ ᠪᠠᠭᠤᠭᠰᠠᠳ ᠤᠨ ᠬᠠᠮᠢᠶᠠᠷᠤᠯᠲᠠ ᠶᠢᠨ ᠭᠠᠵᠠᠷ ᠤᠨ ᠪᠠᠷᠠᠭᠤᠨ ᠲᠠᠯ᠎ᠠ︶᠂ ᠪᠧᠶ ᠰᠢᠨ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ︵ᠪᠧᠶ ᠰᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠥᠷᠲᠡᠭᠡ᠂ ᠲᠠᠪᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠤᠮᠠᠷᠠᠲᠤ 300 ᠮᠧᠲᠷ︶᠂ ᠶᠢᠨ ᠯᠢᠨ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ︵᠎ ᠶᠢᠨ ᠯᠢᠨ ᠨᠡᠶᠢᠭᠡᠮ ᠲᠣᠭᠤᠷᠢᠭ ᠤᠨ ᠨᠢᠭᠡ ᠮᠧᠲᠷ ᠤᠨ ᠨᠡᠷᠡᠨ ᠭᠡᠷᠡᠯ ᠳᠤ ᠪᠠᠶᠢᠷᠢᠯᠠᠵᠤ᠂ ᠲᠤᠰ ᠭᠠᠵᠠᠷ ᠤᠨ ᠲᠠᠯᠠᠪᠠᠢ ᠨᠢ ᠬᠢᠵᠠᠭᠠᠷᠯᠠᠭᠳᠠᠭᠰᠠᠨ ᠠᠴᠠ ᠵᠥᠪᠬᠡᠨ ᠨᠡᠶᠢᠭᠡᠮ ᠲᠣᠭᠤᠷᠢᠭ ᠤᠨ ᠬᠤᠭᠤᠯᠠᠨ ᠭᠡᠷ ᠤᠨ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠨ᠎ᠠ︶᠂ ᠰᠦᠩ ᠱᠢ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ︵ᠰᠢᠩ ᠱᠧᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠪᠠᠷᠠᠭᠤᠨ ᠲᠠᠯ᠎ᠠ ᠶᠢᠨ 200 ᠮᠧᠲᠷ︶᠂ ᠪᠦᠦ ᠯᠢ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ︵ᠪᠦᠦ ᠯᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠥᠷᠲᠡᠭᠡ ᠳᠤ ᠪᠤᠶ︶᠂ ᠴᠢᠩ ᠶᠤᠸᠠᠨ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ︵ᠤᠮᠠᠷᠠᠲᠦ ᠶᠢᠨ ᠬᠦᠨᠳᠦ ᠠᠵᠦ ᠦᠢᠯᠡᠳᠪᠦᠷᠢ ᠶᠢᠨ ᠭᠤᠷᠪᠠᠳᠤᠭᠠᠷ ᠳᠤᠮᠳᠠᠲᠦ ᠰᠣᠷᠭᠠᠭᠤᠯᠢ ᠶᠢᠨ ᠪᠠᠷᠠᠭᠤᠨ ᠡᠭᠦᠳᠡᠨ ᠤ ᠪᠠᠷᠠᠭᠤᠨᠰᠢ 200 ᠮᠧᠲᠷ︶᠂ ᠴᠢᠩ ᠶᠦᠨ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ︵ᠤᠤᠯ ᠤᠨ ᠴᠢᠩ ᠶᠦᠨ ᠨᠡᠶᠢᠭᠡᠮ ᠲᠤᠭᠤᠷᠢᠭ ᠤᠨ ᠦᠢᠯᠡᠴᠢᠯᠡᠭᠡᠨ ᠤ ᠥᠷᠲᠡᠭᠡ ᠳᠤ ᠪᠠᠶᠢᠪᠠ︶᠃      ᠡᠭᠦᠨ ᠤ ᠬᠠᠮᠲᠤ᠂ ᠴᠢᠩᠱᠠᠨ ᠲᠣᠭᠤᠷᠢᠭ ᠸᠢᠴᠠᠲ ᠢ ᠠᠰᠢᠭᠯᠠᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠡᠯ᠎ᠡ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ᠳᠤ ᠲᠦᠰᠢᠭᠯᠡᠨ ᠨᠡᠶᠢᠭᠡᠮ ᠲᠣᠭᠤᠷᠢᠭ ᠤᠨ ᠨᠠᠰᠤᠲᠠᠨ ᠪᠠᠭᠠᠴᠤᠳ ᠤᠨ ᠦᠢᠯᠡᠴᠢᠯᠡᠭᠡ ᠶᠢ ᠭᠡᠷ ᠪᠦᠯᠢ ᠲᠡᠰᠢ  ᠦᠷᠭᠡᠳᠭᠡᠵᠦ᠂ ᠲᠡᠷᠡᠴᠢᠯᠡᠨ ᠲᠠᠪᠴᠠᠩ ᠳᠡᠭᠡᠷ᠎ᠡ ᠡᠯ᠎ᠡ ᠲᠥᠷᠥᠯ ᠤᠨ ᠨᠠᠰᠤᠵᠢᠯ ᠤᠨ ᠠᠰᠠᠷᠠᠮᠵᠢ ᠪᠠ ᠬᠡᠤᠬᠡᠳ ᠤᠨ ᠠᠰᠠᠷᠠᠮᠵᠢ ᠶᠢᠨ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠴᠠᠭ ᠢᠮᠠᠭᠲᠠ ᠨᠡᠶᠢᠲᠡᠯᠡᠵᠦ᠂ ᠮᠠᠨ ᠤ ᠲᠤᠭᠤᠷᠢᠭ ᠤᠨ ᠣᠯᠠᠨ ᠲᠦᠮᠡᠨ ᠭᠠᠳᠠᠭᠰᠢ ᠭᠠᠷᠬᠤ ᠥᠬᠡᠶ ᠪᠣᠯ ᠨᠡᠶᠢᠭᠡᠮ ᠲᠣᠭᠤᠷᠢᠭ ᠤᠨ ᠬᠠᠮᠢᠶ᠎ᠠ ᠪᠥᠬᠦᠶ ᠦᠢᠯᠡᠴᠢᠯᠡᠭᠡ ᠶᠢ ᠭᠥᠷᠳᠡᠵᠦ ᠪᠣᠯᠤᠨ᠎ᠠ᠃      ᠬᠥᠲᠥᠯᠥᠭᠴᠢ᠄ ᠴᠢᠩᠱᠠᠨ ᠲᠣᠭᠤᠷᠢᠭ ᠪᠣᠯ ᠪᠦᠬᠦ ᠤᠯᠤᠰ ᠤᠨ ᠨᠡᠶᠢᠭᠡᠮ ᠲᠣᠭᠤᠷᠢᠭ ᠤᠨ ᠵᠠᠰᠠᠯᠲᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠲᠤᠷᠰᠢᠯᠲᠠ ᠶᠢᠨ  ᠴᠢᠭ ᠤᠨ ᠣᠷᠣᠨ᠂ ᠬᠡᠳᠦᠨ ᠵᠢᠯ ᠤᠨ ᠲᠤᠷᠰᠢ᠂ ᠦᠷ᠎ᠡ ᠪᠦᠲᠦᠮᠵᠢ ᠶᠠᠮᠠᠷ ᠪᠤᠢ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠼᠤᠤ ᠵᠢᠤᠢ᠄ ᠮᠠᠨ ᠤ ᠲᠤᠭᠤᠷᠢᠭ 2012 ᠣᠨ ᠳᠤ ︽ᠵᠡᠭᠡᠯᠢ ᠭᠤᠳᠤᠮᠵᠢ ᠶᠢ ᠨᠠᠷᠢᠯᠢᠭᠵᠢᠭᠤᠯᠬᠤ᠂ ᠨᠡᠶᠢᠭᠡᠮ ᠲᠣᠭᠤᠷᠢᠭ ᠢ ᠬᠦᠴᠦᠷᠬᠡᠭᠵᠢᠭᠦᠯᠬᠦ᠂ ᠦᠢᠯᠡᠴᠢᠯᠡᠭᠡ ᠶᠢ ᠠᠬᠢᠭᠤᠯᠬᠤ︾ ᠦᠨᠳᠦᠰᠦᠨ ᠱᠠᠲᠤᠨ ᠤ ᠵᠠᠰᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠤᠯᠤᠰ ᠤᠨ ᠬᠤᠶᠠᠳᠤᠭᠠᠷ ᠪᠦᠯᠦᠭ ᠨᠡᠶᠢᠭᠡᠮ ᠲᠣᠭᠤᠷᠢᠭ ᠤᠨ ᠵᠠᠰᠠᠯᠲᠠ ᠪᠠ ᠦᠢᠯᠡᠴᠢᠯᠡᠭᠡᠨ ᠤ ᠰᠢᠨ᠎ᠡ ᠶᠢ ᠡᠭᠦᠳᠬᠦ ᠲᠤᠷᠰᠢᠯᠲᠠ ᠶᠢᠨ ᠲᠣᠭᠤᠷᠢᠭ ᠪᠣᠯᠤᠨ᠎ᠠ᠃ ᠤᠢᠢᠷ᠎ᠠ ᠶᠢᠨ ᠵᠢᠯ ᠤᠳ ᠲᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠨᠢ ᠭᠤᠤᠯᠳᠠᠭᠤ ᠰᠠᠭᠤᠭᠠᠯᠢ ᠠᠷᠠᠳ ᠤᠯᠠᠨ ᠳᠤ ᠦᠶ᠋ᠯᠡᠴᠢᠯᠡᠬᠦ ᠠᠷᠭ᠎ᠠ ᠪᠠᠷᠢᠯ ᠪᠠ ᠦᠷ᠎ᠡ ᠪᠦᠲᠦᠮᠵᠢ ᠳᠡᠭᠡᠷ᠎ᠡ ᠢᠯᠡᠷᠡᠵᠦ ᠪᠠᠶᠢᠨ᠎ᠠ᠃      ᠨᠢᠭᠡ ᠳᠤ ᠪᠦᠬᠦ ᠲᠤᠭᠤᠷᠢᠭ ᠢ 529 ᠲᠣᠣᠷᠯᠢᠭ ᠪᠣᠯᠭᠠᠨ ᠨᠠᠷᠢᠯᠢᠭᠵᠢᠭᠤᠯᠵᠤ᠂ ᠡᠯ᠎ᠡ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠭᠠᠷ ᠤᠲᠠᠰᠤᠨ ᠤ E ᠲᠤᠩ ᠢ ᠭᠦᠢᠴᠡᠳ ᠠᠰᠢᠭᠯᠠᠵᠤ᠂ ᠬᠠᠷᠢᠶ᠎ᠠ ᠳᠠᠬᠢ ᠦᠨᠡᠨ ᠪᠣᠳᠠᠲᠠᠶ᠂ ᠬᠥᠳᠡᠯᠦᠩᠭᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠴᠤᠭᠯᠠᠭᠤᠯᠵᠤ᠂ ᠪᠦᠬᠦ ᠰᠦᠯᠵᠢᠶ᠎ᠡ ᠶᠢ ᠬᠦᠴᠦᠯᠡᠨ ᠪᠦᠷᠬᠦᠵᠦ᠂ ᠰᠠᠭᠤᠭᠠᠯᠢ ᠠᠷᠠᠳ ᠭᠡᠷ ᠠᠴᠠ ᠪᠠᠨ ᠭᠠᠷᠬᠤ ᠦᠭᠡᠢ ᠪᠠᠷ ᠭᠡᠷ ᠲᠡᠭᠡᠨ ᠠᠵᠢᠯ ᠠᠴᠠ ᠪᠠᠨ ᠠᠮᠠᠷᠠᠬᠤ ᠬᠢᠷᠢ ᠬᠡᠮ ᠤᠨ ᠭᠡᠷᠡᠴᠢᠯᠡᠯᠲᠡ᠂ 80 ᠨᠠᠰᠤᠨ ᠤ ᠥᠨᠳᠥᠷ ᠨᠠᠰᠤᠨ ᠤ ᠨᠡᠮᠡᠭᠦᠷᠢ ᠶᠢᠨ ᠭᠡᠷᠡᠴᠢᠯᠡᠯᠲᠡ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠪᠠᠶᠢᠴᠠᠭᠠᠯᠲᠠ ᠵᠡᠷᠭᠡ ᠶᠢ ᠭᠦᠢᠴᠡᠳᠬᠡᠵᠦ᠂ ᠤᠯᠠᠨ ᠲᠦᠮᠡᠨ ᠤ ᠮᠡᠳᠡᠷᠡᠬᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠦᠨᠡᠨ ᠬᠦ ᠴᠢᠩᠭᠠᠳᠬᠠᠨ᠎ᠠ᠃ ᠬᠤᠶᠠᠷ ᠲᠤ ᠡᠯ᠎ᠡ ᠨᠡᠶᠢᠭᠡᠮ ᠲᠣᠭᠤᠷᠢᠭ ᠲᠤ《ᠨᠢᠭᠡ ᠥᠷᠲᠡᠭᠡ ᠮᠠᠶ᠋ᠢᠭ》᠎ ᠤᠨ  ᠦᠢᠯᠡᠴᠢᠯᠡᠭᠡᠨ ᠤ ᠲᠠᠩᠬᠢᠮ ᠪᠠᠶᠢᠭᠤᠯᠵᠦ᠂ ︽ᠨᠢᠭᠡ ᠯᠡ ᠠᠮᠠ ᠬᠡᠯᠪᠡᠷᠢ︾᠎ ᠶᠢᠨ ᠭᠥᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡ ᠶᠢ ᠬᠡᠷᠡᠭᠵᠢᠭᠦᠯᠵᠦ᠂ ︽ᠨᠢᠭᠡ ᠯᠡ ᠥᠷᠲᠡᠭᠡᠨ ᠤ ᠬᠡᠯᠪᠡᠷᠢ ᠶᠢᠨ ᠪᠥᠬᠦ ᠠᠵᠢᠯ ᠤᠨ ᠪᠠᠶᠢᠷᠢ ᠳᠤ ᠨᠡᠪᠲᠡᠷᠡᠬᠦ + ᠪᠥᠬᠦ ᠶᠠᠪᠤᠴᠠ ᠪᠠᠷ ᠣᠷᠣᠯᠠᠨ ᠭᠦᠢᠴᠡᠳᠭᠡᠬᠦ︾ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ︽ᠨᠢᠭᠡ ᠬᠥᠮᠦᠨ ᠨᠢ ᠠᠵᠢᠯ ᠤᠨ ᠪᠠᠶᠢᠷᠢ ᠳᠠᠭᠠᠨ ᠪᠠᠶᠢᠵᠤ᠂ ᠤᠴᠢᠷ ᠶᠠᠪᠤᠳᠠᠯ ᠢ ᠨᠢ ᠨᠡᠶᠢᠳᠡᠮ ᠰᠢᠢᠳᠪᠦᠷᠢᠯᠡᠬᠦ︾᠎ ᠶᠢ ᠪᠡᠶᠡᠯᠡᠭᠦᠯᠬᠦ ᠬᠡᠷᠡᠭᠲᠡᠶ᠃ ᠡᠮᠦᠨ᠎ᠡ ᠲᠠᠪᠴᠠᠩ ᠨᠢ ᠠᠷᠠᠳ ᠲᠤ ᠳᠥᠭᠦᠮ ᠦᠵᠡᠭᠦᠯᠬᠦ 64 ᠵᠦᠢᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠭᠡᠵᠦ ᠪᠣᠯᠤᠨ᠎ᠠ᠂ ᠡᠭᠦᠨ ᠳᠤ ᠭᠡᠷᠡᠴᠢᠯᠡᠬᠦ ᠲᠥᠷᠥᠯ᠂ ᠰᠢᠭᠤᠳ ᠭᠦᠢᠴᠡᠳᠭᠡᠬᠦ ᠲᠥᠷᠥᠯ᠂ ᠬᠤᠶᠠᠳᠤᠭᠠᠷ ᠳᠡᠰ ᠤᠨ ᠬᠢᠨᠠᠨ ᠵᠥᠪᠰᠢᠶᠡᠷᠡᠬᠦ ᠲᠥᠷᠥᠯ᠂ ᠭᠤᠷᠪᠠᠳᠤᠭᠠᠷ ᠳᠡᠰ ᠤᠨ ᠬᠢᠨᠠᠨ ᠵᠥᠪᠰᠢᠶᠡᠷᠡᠬᠦ ᠲᠥᠷᠥᠯ ᠵᠢᠴᠢ ᠪᠤᠰᠤᠳ ᠦᠢᠯᠡᠴᠢᠯᠡᠭᠡᠨ ᠤ ᠲᠥᠷᠥᠯ ᠢ ᠪᠠᠭᠲᠠᠭᠠᠨ᠎ᠠ᠃ ᠡᠭᠦᠨ ᠳᠤ᠂ ᠭᠡᠷᠡᠴᠢᠯᠡᠬᠦ ᠲᠥᠷᠥᠯ᠂ ᠰᠢᠭᠤᠳ ᠡᠷᠬᠢᠯᠡᠬᠦ ᠲᠥᠷᠥᠯ ᠵᠢᠴᠢ ᠪᠤᠰᠤᠳ ᠦᠢᠯᠡᠴᠢᠯᠡᠭᠡᠨ ᠤ ᠲᠥᠷᠥᠯ᠂ ᠡᠭᠦᠨ ᠳᠤ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ ᠦᠷᠡᠵᠢᠯ ᠤᠨ ᠰᠦᠢᠳᠬᠡᠯ ᠲᠤᠰᠢᠶᠠᠬᠤ ᠵᠡᠷᠭᠡ ᠦᠢᠯᠡᠴᠢᠯᠡᠭᠡ ᠶᠢ ᠪᠠᠭᠲᠠᠭᠠᠵᠤ᠂ ︽ᠨᠢᠭᠡ ᠯᠡ ᠠᠮᠠ ᠬᠡᠯᠪᠡᠷᠢ︾᠎ ᠶᠢᠨ ᠬᠦᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡᠨ ᠤ ᠰᠢᠰᠲ᠋ᠧᠮ ᠢᠶᠠᠷ ᠳᠠᠮᠵᠢᠭᠤᠯᠤᠨ᠂ ︽ᠢᠷᠡᠬᠦ ᠲᠠᠢ ᠵᠡᠷᠭᠡ ᠰᠢᠢᠳᠪᠦᠷᠢᠯᠡᠵᠦ᠂ ᠲᠡᠷᠡ ᠳᠠᠷᠤᠶ ᠳᠤᠨᠢ ᠰᠢᠢᠳᠪᠦᠷᠢᠯᠡᠵᠦ ᠳᠠᠭᠤᠰᠬᠠᠬᠤ︾᠎ ᠶᠢ ᠪᠡᠶᠡᠯᠡᠭᠦᠯᠬᠦ ᠬᠡᠷᠡᠭᠲᠡᠢ︔ ᠬᠤᠶᠠᠷ ᠭᠤᠷᠪᠠᠳᠤᠭᠠᠷ ᠳᠡᠰ ᠤᠨ ᠬᠢᠨᠠᠨ ᠵᠥᠪᠰᠢᠶᠡᠷᠡᠬᠦ ᠵᠦᠢᠯᠡᠰ ᠢ ᠰᠠᠭᠤᠭᠠᠯᠢ ᠠᠷᠠᠳ ᠭᠤᠶᠤᠴᠢᠯᠠᠯ ᠢᠶᠠᠨ ᠲᠤᠰᠢᠶᠠᠵᠤ᠂ ᠨᠡᠶᠢᠭᠡᠮ ᠲᠣᠭᠤᠷᠢᠭ ᠤᠨ ᠪᠦᠬᠦ ᠶᠠᠪᠤᠴᠠ ᠪᠠᠷ ᠣᠷᠣᠯᠠᠨ ᠭᠦᠢᠴᠡᠳᠭᠡᠵᠦ᠂ ᠠᠷᠠᠳ ᠤᠨ ᠲᠦᠯᠦᠭᠡ ᠵᠣᠪᠠᠨᠢᠯ ᠢ ᠦᠨᠡᠨᠬᠦ ᠠᠷᠢᠯᠭᠠᠬᠤ ᠬᠡᠷᠡᠭᠲᠡᠶ᠃ ᠭᠤᠷᠪᠠ ᠳᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠪᠦᠬᠦ ᠲᠤᠭᠤᠷᠢᠭ ᠤᠨ 29 ᠰᠠᠯᠠᠭ᠎ᠠ ᠮᠥᠴᠢᠷ ᠤᠨ 227 ᠲᠥᠷᠥᠯ ᠤᠨ ᠲᠤᠬᠠᠶᠢᠯᠠᠭᠰᠠᠨ ᠠᠵᠢᠯ ᠢ ᠰᠢᠰᠲ᠋ᠧᠮ ᠳᠤ ᠤᠷᠤᠭᠤᠯᠵᠦ᠂ ᠰᠠᠭᠤᠷᠢ ᠳᠡᠯᠭᠡᠭᠦᠷ ᠤᠨ ᠠᠷᠠᠳ ᠢ ᠦᠢᠮᠡᠭᠦᠯᠬᠦ᠂ ᠭᠠᠯ ᠤᠨ ᠠᠶᠤᠯ ᠤᠨ ᠳᠠᠯᠳᠠ ᠭᠡᠮ᠂ ᠬᠤᠪᠢ ᠪᠠᠷ ᠢᠶᠠᠨ ᠪᠦᠲᠦᠭᠡᠨ ᠪᠠᠶᠢᠭᠤᠯᠬᠤ᠂ ᠵᠠᠮ ᠡᠪᠳᠡᠷᠡᠬᠦ᠂ ᠵᠠᠮ ᠡᠵᠡᠯᠡᠭᠰᠡᠨ ᠡᠵᠡᠩᠨᠡᠯᠲᠡ᠂ ᠭᠡᠷ ᠪᠦᠯᠢ ᠶᠢᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠵᠡᠷᠭᠡ ᠠᠰᠠᠭᠤᠳᠠᠯ ᠤᠨ ᠲᠥᠷᠥᠯ ᠪᠠ ᠯᠠᠪᠯᠠᠯᠭ᠎ᠠ ᠥᠭᠬᠦ ᠲᠦᠷᠦᠯ ᠤᠨ ᠵᠦᠢᠯᠡᠰ ᠪᠠᠭᠲᠠᠨ᠎ᠠ᠃ ᠲᠣᠤᠷᠯᠠᠭᠴᠢ ᠡᠷᠦᠬᠡ ᠳᠤ ᠣᠷᠣᠵᠤ ᠲᠣᠭᠤᠷᠢᠨ ᠪᠠᠶᠢᠴᠠᠭᠠᠬᠤ ᠶᠠᠪᠤᠴᠠ ᠳᠤ ᠡᠭᠦᠷᠭᠡ ᠴᠢᠳᠠᠪᠤᠷᠢᠲᠤ ᠰᠠᠯᠠᠭ᠎ᠠ ᠮᠦᠴᠢᠷ ᠎ ᠤᠨ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ ᠣᠯᠵᠤ ᠮᠡᠳᠡᠭᠰᠡᠨ᠂ ᠡᠰᠡᠬᠦᠯ᠎ᠡ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠰᠠᠭᠤᠨ ᠯᠠᠪᠯᠠᠬᠤ ᠠᠰᠠᠭᠤᠳᠠᠯ ᠪᠠᠶᠢᠵᠤ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮ ᠢ ᠴᠠᠭ ᠲᠤᠬᠠᠶ ᠳᠤᠨᠢ ᠨᠡᠪᠲᠡᠷᠡᠭᠦᠯᠵᠦ᠂ ᠬᠦᠴᠦᠨ ᠴᠢᠳᠠᠪᠬᠢ ᠰᠲ᠋ᠣᠺ ᠢ ᠡᠯ᠎ᠡ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠪᠠᠷ ᠨᠢ ᠡᠯ᠎ᠡ ᠬᠤᠯᠪᠣᠭᠳᠠᠯ ᠪᠦᠬᠦᠢ ᠨᠢᠭᠡᠴᠡ ᠳᠤ ᠰᠢᠯᠵᠢᠭᠦᠯᠦᠨ ᠶᠠᠪᠤᠭᠤᠯᠵᠤ᠂ ᠲᠣᠭᠲᠠᠭᠰᠠᠨ ᠬᠤᠭᠤᠴᠠᠭᠠᠨ ᠳᠤ ᠰᠢᠢᠳᠪᠦᠷᠢᠯᠡᠵᠦ ᠳᠠᠭᠤᠰᠬᠠᠬᠤ ᠪᠤᠶᠤ ᠬᠠᠷᠢᠭᠤᠯᠲᠠ ᠥᠭᠴᠦ᠂ ᠰᠠᠭᠤᠭᠠᠯᠢ ᠠᠷᠠᠳ ᠤᠨ ᠳᠤᠰᠬᠠᠬᠰᠠᠨ ᠠᠰᠠᠭᠤᠳᠠᠯ ᠢ ᠲᠦᠷᠭᠡᠨ ᠰᠢᠢᠳᠪᠦᠷᠢᠯᠡᠭᠳᠡᠨ᠎ᠡ᠃      ᠬᠥᠲᠥᠯᠥᠭᠴᠢ᠄ ᠴᠢᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠣᠷᠤᠭ ᠳᠠᠩᠰᠠᠯᠠᠭᠤᠯᠬᠤ ᠠᠵᠢᠯ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠢᠯᠡᠳᠦᠯᠭᠡᠵᠢᠭᠦᠯᠬᠦ ᠪᠣᠶ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠼᠤᠤ ᠵᠢᠤᠢ᠄ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠶᠡᠭᠡ ᠣᠷᠴᠢᠨ ᠨᠥᠬᠦᠴᠡᠯ ᠳᠣᠣᠷ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠬᠠᠨᠳᠤᠯᠭᠠᠲᠦ ᠴᠢᠨᠠᠷ᠂ ᠪᠦᠲᠦᠮᠵᠢᠲᠦ ᠴᠢᠨᠠᠷ ᠢ ᠴᠢᠩᠭᠠᠳᠬᠠᠵᠦ᠂ ᠵᠠᠰᠠᠭ ᠵᠠᠬᠢᠷᠭᠠᠨ ᠤ ᠡᠷᠬᠡ ᠲᠤᠰᠢᠶᠠᠯ ᠤᠨ ᠵᠦᠢᠯᠡᠰ ᠢ ᠨᠠᠷᠢᠨ ᠨᠢᠮᠪᠠᠶ ᠢᠯᠭᠠᠷᠠᠭᠤᠯᠤᠭᠰᠠᠨ ᠰᠠᠭᠤᠷᠢᠨ ᠳᠡᠭᠡᠷ᠎ᠡ᠂ ᠣᠷᠤᠭ ᠳᠠᠩᠰᠠᠯᠠᠬᠤ ᠶᠢᠨ ︽ᠦᠨᠡᠮᠯᠡᠯ ᠢ ᠬᠠᠰᠤᠵᠤ ᠠᠷᠠᠳ ᠲᠤ ᠲᠥᠬᠦᠮ ᠦᠵᠡᠭᠦᠯᠬᠦ︾ ᠲᠤᠰᠬᠠᠶ ᠠᠵᠢᠯᠯᠠᠭ᠎ᠠ ᠶᠢ ᠡᠩ ᠲᠡᠷᠢᠭᠦᠨ ᠳᠤ ᠦᠷᠨᠢᠭᠦᠯᠪᠡ᠃ ᠨᠢᠭᠡ ᠳᠤ ︽ᠬᠠᠤᠯᠢ ᠲᠣᠭᠲᠠᠭᠠᠯ ᠳᠤ ᠨᠡᠶᠢᠴᠡᠬᠦ᠂ ᠲᠣᠪᠴᠢ ᠠᠪᠰᠠᠷᠬᠠᠨ ᠪᠥᠭᠡᠳ ᠬᠡᠷᠡᠭᠴᠡᠭᠡᠲᠡᠶ᠂ ᠤᠶᠢᠯᠭᠠᠮᠵᠢᠲᠠᠢ᠂ ᠢᠯᠡ ᠲᠣᠳᠣ ᠪᠠᠶᠢᠬᠤ︾ ᠵᠠᠷᠴᠢᠮ ᠶᠣᠰᠣᠭᠠᠷ᠂ ︽ᠤᠷᠤᠭ ᠤᠨ ᠪᠦᠷᠢᠳᠬᠡᠯ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠵᠦᠭᠯᠡᠭᠦᠷ︾᠎ ᠢ ᠴᠠᠭ ᠲᠤᠬᠠᠶ ᠳᠤᠨᠢ ᠰᠢᠨᠡᠳᠬᠡᠨ ᠨᠠᠶᠢᠷᠠᠭᠤᠯᠵᠤ᠂ ᠬᠡᠷᠡᠭᠰᠡᠬᠦ ᠮᠠᠲ᠋ᠧᠷᠢᠶᠠᠯ᠂ ᠰᠢᠢᠳᠪᠦᠷᠢᠯᠡᠬᠦ ᠶᠠᠪᠤᠴᠠ᠂ ᠭᠥᠯᠢᠶᠡᠨ ᠠᠪᠴᠤ ᠰᠢᠢᠳᠪᠦᠷᠢᠯᠡᠬᠦ ᠴᠠᠭ ᠬᠢᠵᠠᠭᠠᠷ᠂ ᠠᠵᠢᠯᠯᠠᠬᠤ ᠴᠠᠭ᠂ ᠬᠢᠨᠠᠯᠲᠠ ᠲᠠᠯᠪᠢᠬᠤ ᠳ᠋ᠢᠶᠠᠩᠬᠤᠸᠠ ᠵᠡᠷᠭᠡ ᠶᠢ ᠨᠠᠩ ᠨᠠᠷᠢᠯᠢᠭᠵᠢᠭᠤᠯᠤᠨ ᠲᠣᠳᠣᠷᠬᠠᠶ ᠪᠣᠯᠭᠠᠵᠤ᠂ ︽ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ ᠲᠤᠰᠢᠶᠠᠬᠤ ᠶᠤᠰᠤᠲᠠᠢ ᠪᠤᠰᠤᠳ ᠮᠠᠲ᠋ᠧᠷᠢᠶᠠᠯ︾ ᠵᠡᠷᠭᠡ ᠪᠠᠯᠠᠷᠬᠠᠶ ᠴᠢᠨᠠᠷᠲᠠᠶ ᠥᠭᠦᠯᠡᠯᠲᠡ ᠭᠠᠷᠭᠠᠬᠤ ᠶᠢ ᠲᠠᠰᠤ ᠵᠤᠭᠰᠤᠭᠠᠵᠦ᠂ ᠤᠴᠢᠷ ᠶᠠᠪᠤᠳᠠᠯ ᠪᠦᠲᠦᠭᠡᠬᠦ ᠳᠤ ᠣᠯᠠᠨ ᠲᠦᠮᠡᠨ ᠲᠣᠪ ᠲᠣᠳᠣᠷᠬᠠᠶ ᠮᠡᠳᠡᠨ᠎ᠡ᠃ ᠡᠭᠦᠨ ᠠᠴᠠ ᠭᠠᠳᠠᠨ᠎ᠠ᠂ ᠬᠠᠮᠢᠶ᠎ᠠ ᠪᠥᠬᠦᠶ ᠠᠭᠤᠯᠭ᠎ᠠ ᠶᠢ ᠴᠤ ᠳᠠᠩᠰᠠᠯᠠᠬᠤ ᠴᠣᠩᠬᠤᠨ ᠤ ᠢᠯᠡ ᠪᠠᠶᠢᠷᠢᠨ ᠳᠤ ᠬᠡᠷᠡᠮ ᠨᠠᠭᠠᠵᠤ ᠲᠠᠯᠪᠢᠵᠠᠶ᠃ ᠬᠤᠶᠠᠷ ᠲᠤ ᠳᠡᠩᠰᠡᠯᠡᠨ ᠲᠡᠮᠳᠡᠭᠯᠡᠬᠦ ᠴᠤᠪᠤᠷᠠᠯ ᠢ ᠰᠢᠯᠢᠳᠡᠭᠵᠢᠭᠦᠯᠦᠨ᠎ᠡ᠃ ᠤᠶᠢᠷ᠎ᠠ ᠶᠢᠨ ᠵᠢᠯ ᠤᠨ ᠲᠤᠷᠰᠢ ᠨᠠᠰᠤᠲᠠᠶᠢᠴᠤᠳ ᠡᠷ᠎ᠡ ᠡᠮ᠎ᠡ ᠬᠤᠶᠠᠭᠤᠯᠠ ᠶᠢᠨ ᠤᠷᠤᠭ ᠤᠨ ᠭᠡᠷᠡᠴᠢ ᠪᠠᠨ ᠭᠡᠭᠡᠭᠰᠡᠨ᠂ ᠠᠩᠬᠠᠨ ᠤ ᠤᠷᠤᠭ ᠤᠨ ᠳᠠᠩᠰᠠ ᠡᠪᠬᠡᠮᠡᠯ ᠦᠭᠡᠢ ᠪᠠᠶᠢᠳᠠᠯ ᠳᠤ ᠴᠢᠭᠯᠡᠭᠦᠯᠦᠨ᠂ ᠨᠥᠬᠦᠨ  ᠭᠦᠢᠴᠡᠳᠭᠡᠬᠦ ᠳᠠᠩᠰᠠᠯᠠᠯᠲᠠ ᠬᠢᠬᠦ ᠶᠠᠪᠤᠴᠠ ᠳᠤ ᠭᠡᠷᠡᠴᠢ ᠳᠤᠷᠠᠳᠬᠤ ᠳᠤ ᠬᠦᠴᠢᠷᠲᠡᠶ᠂ ᠭᠦᠢᠴᠡᠳᠭᠡᠬᠦ ᠳᠤ ᠬᠦᠴᠢᠷᠲᠡᠢ ᠠᠰᠠᠭᠤᠳᠠᠯ ᠭᠠᠷᠤᠭᠰᠠᠨ ᠪᠠᠶᠢᠨ᠎ᠠ᠃ ᠮᠠᠨ ᠤ ᠲᠣᠪᠴᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢᠶᠠᠷ ᠰᠤᠳᠤᠯᠤᠨ ᠲᠣᠭᠲᠠᠭᠠᠵᠤ᠂ ᠡᠷ᠎ᠡ ᠡᠮ᠎ᠡ ᠬᠤᠶᠠᠷ ᠡᠲᠡᠭᠡᠳ ᠤᠨ ᠡᠷᠦᠬᠡ ᠠᠮᠠ ᠨᠢ ᠠᠳᠠᠯᠢ ᠨᠢᠭᠡᠨ ᠡᠷᠦᠬᠡ ᠠᠮᠠ ᠶᠢᠨ ᠳᠡᠪᠲᠡᠷ ᠲᠤ ᠣᠷᠤᠭ ᠤᠨ ᠬᠠᠷᠢᠴᠠᠭ᠎ᠠ ᠢᠯᠡᠷᠡᠵᠦ ᠪᠠᠶᠢᠪᠠᠯ᠂ ᠭᠤᠶᠤᠴᠢᠯᠠᠭᠴᠢ ᠪᠢᠴᠢᠭ ᠢᠶᠠᠷ ᠠᠮᠠᠯᠠᠬᠤ᠂ ᠭᠠᠷ ᠤᠨ ᠥᠰᠥᠭ ᠵᠢᠷᠤᠵᠤ ᠢᠯᠡᠷᠬᠡᠶᠢᠯᠡᠬᠦ ᠠᠷᠭ᠎ᠠ ᠮᠠᠶ᠋ᠢᠭ ᠢᠶᠠᠷ ᠭᠤᠶᠤᠴᠢᠯᠠᠵᠤ᠂ ᠲᠤᠬᠠᠶ ᠶᠢᠨ ᠬᠥᠮᠦᠨ ᠤ ᠬᠠᠩᠭᠠᠭᠰᠠᠨ ᠰᠢᠭᠤᠳ ᠲᠦᠷᠦᠯ ᠰᠠᠳᠤᠨ ᠤ ᠭᠡᠷᠡᠴᠢᠯᠡᠬᠦ ᠮᠠᠲ᠋ᠧᠷᠢᠶᠠᠯ ᠭᠡᠬᠦ‍ ᠨᠢᠭᠡ ᠵᠦᠢᠯ  ᠎ ᠢ ᠬᠦᠴᠦᠨ ᠦᠭᠡᠢ ᠪᠣᠯᠭᠠᠪᠠ᠃ ︽ᠬᠠᠴᠢᠨ ᠵᠢᠭᠲᠡᠶ ᠭᠡᠷᠡᠴᠢᠯᠡᠯ᠂ ᠣᠷᠴᠢᠯ ᠤᠨ ᠭᠡᠷᠡᠴᠢᠯᠡᠯ᠂ ᠲᠦᠯᠬᠢᠯᠴᠡᠬᠦ ᠭᠡᠷᠡᠴᠢᠯᠡᠯ᠂ ᠬᠡᠷᠡᠭ ᠦᠭᠡᠢ ᠭᠡᠷᠡᠴᠢᠯᠡᠯ︾ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠵᠦ ᠵᠠᠶᠢᠯᠠᠭᠤᠯᠪᠠ᠃ ᠭᠤᠷᠪᠠ ᠳᠤ ᠣᠯᠠᠨ ᠲᠦᠮᠡᠨ ᠤ ᠤᠴᠢᠷ ᠶᠠᠪᠤᠳᠠᠯ ᠰᠢᠢᠳᠪᠦᠷᠢᠯᠡᠬᠦ ᠥᠩᠭᠡᠷᠡᠯᠲᠡ ᠶᠢ ᠪᠦᠲᠦᠮᠵᠢᠲᠡᠶ ᠰᠠᠶᠢᠵᠢᠷᠠᠭᠤᠯᠬᠤ ᠶᠢᠨ ᠲᠥᠯᠥᠭᠡ᠂ ᠣᠷᠤᠭ ᠳᠠᠩᠰᠠᠯᠠᠬᠤ ᠦᠢᠯᠡᠴᠢᠯᠡᠭᠡᠨ ᠤ ︽ᠵᠥᠭᠡᠯᠡᠨ ᠣᠷᠴᠢᠨ ᠲᠣᠭᠤᠷᠢᠨ︾᠎ ᠢ ᠳᠡᠭᠡᠭᠰᠢᠯᠡᠭᠦᠯᠵᠦ᠂ ᠳᠠᠩᠰᠠᠯᠠᠬᠤ ᠲᠢᠩᠭᠢᠮ ᠳᠤ ᠲᠤᠰᠬᠠᠶᠢᠯᠠᠨ ᠣᠷᠤᠭ ᠳᠠᠩᠰᠠᠯᠠᠬᠤ ᠠᠷᠠᠳ ᠲᠤ ᠳᠥᠭᠦᠮ ᠦᠵᠡᠭᠦᠯᠬᠦ ᠠᠷᠠᠯ ᠤᠨ ᠲᠠᠪᠴᠠᠩ ᠭᠠᠷᠭᠠᠵᠤ᠂ ᠤᠷᠤᠭ ᠤᠨ ᠲᠤᠬᠠᠶ ᠶᠢᠨ ᠬᠥᠮᠦᠨ ᠳᠤ ᠳᠠᠩᠰᠠᠯᠠᠬᠤ ᠴᠢᠬᠤᠯᠠ ᠨᠥᠬᠦᠴᠡᠯ ᠢ ᠰᠦᠢᠳᠬᠡᠯ ᠬᠤᠷᠢᠶᠠᠬᠤ ᠦᠭᠡᠢ ᠪᠠᠷ ᠪᠠᠭᠤᠯᠭᠠᠬᠤ ᠦᠢᠯᠡᠴᠢᠯᠡᠭᠡ᠂ ᠭᠠᠷ ᠤᠲᠠᠰᠤᠨ ᠳᠤ ᠰᠦᠢᠳᠬᠡᠯ ᠬᠤᠷᠢᠶᠠᠬᠤ ᠦᠭᠡᠢ ᠪᠠᠷ ᠴᠠᠬᠢᠯᠭᠠᠨ ᠴᠡᠨᠡᠭᠯᠡᠬᠦ ᠦᠢᠯᠡᠴᠢᠯᠡᠭᠡ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠵᠡᠷᠭᠡ ᠦᠢᠯᠡᠴᠢᠯᠡᠭᠡ ᠬᠠᠩᠭᠠᠵᠤ᠂ ᠲᠤᠬᠠᠶ ᠶᠢᠨ ᠬᠥᠮᠦᠨ ᠤ ᠨᠢᠭᠡᠳᠦᠯᠲᠡᠶ ᠰᠠᠶᠢᠨ ᠦᠨᠡᠯᠡᠯᠲᠡ ᠶᠢ ᠣᠯᠵᠠᠶ᠃      ᠬᠥᠲᠥᠯᠥᠭᠴᠢ᠄ ᠴᠢᠩᠱᠠᠨ ᠲᠣᠭᠤᠷᠢᠭ ᠪᠥᠬᠦ ᠠᠷᠠᠳ ᠤᠨ ᠰᠠᠶᠢᠨ ᠳᠤᠷᠠᠴᠤᠳ ᠤᠨ ᠦᠢᠯᠡᠴᠢᠯᠡᠭᠡ ᠶᠢ ᠠᠬᠢᠭᠤᠯᠬᠤ ᠲᠠᠯ᠎ᠠ ᠪᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠣᠶ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠼᠤᠤ ᠵᠢᠤᠢ᠄ ᠨᠢᠭᠡ ᠳᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠦᠢᠯᠡᠳᠦᠯ ᠢ ᠭᠦᠢᠴᠡᠳ ᠪᠠᠳᠠᠷᠠᠭᠤᠯᠵᠦ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠤᠭ ᠬᠥᠳᠡᠯᠭᠡᠬᠦ ᠬᠦᠴᠦᠨ ᠢ ᠬᠥᠭᠵᠢᠭᠡᠵᠦ᠂ ᠠᠰᠠᠷ ᠤᠨ ᠳᠠᠷᠤᠭ᠎ᠠ ᠶᠢᠨ ᠰᠠᠶᠢᠨ ᠳᠤᠷ᠎ᠠ ᠶᠢᠨ ᠠᠵᠢᠯᠯᠠᠭᠴᠢ ᠶᠢᠨ ᠠᠵᠢᠯ ᠤᠨ ᠬᠠᠤᠯᠢ ᠶᠢ ᠳᠤᠷᠠᠳᠴᠤ᠂ ︽ᠢᠨᠲ᠋ᠧᠷ ᠰᠦᠯᠵᠢᠶ᠎ᠡ +︾ ᠲᠠᠪᠴᠠᠩ ᠢ ᠬᠡᠷᠡᠭᠯᠡᠵᠦ᠂ ᠠᠰᠠᠷ ᠤᠨ ᠪᠢᠴᠢᠯ ᠵᠠᠬᠢᠳᠠᠯ ᠤᠨ ᠪᠦᠯᠦᠭᠯᠡᠯ ᠢ ᠪᠠᠶᠢᠭᠤᠯᠵᠤ᠂ ᠭᠠᠳᠠᠭᠰᠢ ᠭᠠᠷᠬᠤ ᠦᠭᠡᠢ ᠪᠣᠯ ᠠᠭᠤᠯᠵᠠᠵᠤ ᠪᠠᠶᠢᠭᠠᠳ ᠨᠡᠶᠢᠭᠡᠮ ᠲᠣᠭᠤᠷᠢᠭ ᠤᠨ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠴᠢᠩᠭ᠎ᠠ ᠨᠢᠭᠲᠠ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠬᠡᠷᠡᠭᠲᠡᠶ᠃ ᠴᠢᠩᠱᠠᠨ ᠣᠳᠣ 3716 ᠰᠠᠭᠤᠷᠢ ᠠᠰᠠᠷ ᠲᠠᠢ᠂ ᠣᠳᠣ ᠨᠢᠭᠡᠨᠲᠡ 3459 ᠰᠠᠭᠤᠷᠢ ᠠᠰᠠᠷ ᠤᠨ ᠳᠠᠷᠤᠭ᠎ᠠ ᠪᠠᠶᠢᠭᠤᠯᠪᠠ᠃ ᠠᠰᠠᠷ ᠤᠨ ᠸᠢᠴᠠᠲ ᠤᠨ ᠰᠦᠷᠦᠭ ᠲᠤ᠂ ᠰᠠᠶᠢᠨ ᠳᠤᠷ᠎ᠠ ᠶᠢᠨ ᠠᠵᠢᠭᠯᠠᠭᠰᠠᠳ ᠨᠡᠶᠢᠭᠡᠮ ᠤᠨ ᠪᠠᠶᠢᠳᠠᠯ ᠤᠨ ᠠᠷᠠᠳ ᠤᠨ ᠰᠠᠨᠠᠭ᠎ᠠ ᠶᠢ ᠴᠤᠭᠯᠠᠭᠤᠯᠵᠤ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠵᠤ᠂ ᠰᠠᠭᠤᠭᠠᠯᠢ ᠠᠷᠠᠳ ᠤᠨ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠨᠠᠩ ᠰᠠᠶᠢᠲᠤᠷ ᠪᠡᠶᠡᠯᠡᠭᠦᠯᠦᠨ᠎ᠡ᠃ ᠬᠤᠶᠠᠷ ᠲᠤ ᠴᠢᠩᠱᠠᠨ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ ᠲᠤ ᠲᠦᠰᠢᠭᠯᠡᠨ ᠴᠢᠩᠱᠠᠨ ᠲᠣᠭᠤᠷᠢᠭ ᠤᠨ ᠨᠠᠮ ᠤᠨ ᠪᠠᠶᠢᠭᠤᠯᠤᠯᠲᠠ· ᠰᠠᠶᠢᠨ ᠳᠤᠷ᠎ᠠ ᠶᠢᠨ ᠠᠶᠢᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠪᠥᠬᠦ ᠴᠢᠩᠱᠠᠨ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢ᠂ ᠰᠠᠶᠢᠨ ᠳᠤᠷ᠎ᠠ ᠶᠢᠨ ᠦᠢᠯᠡᠴᠢᠯᠡᠭᠡᠨ ᠤ  ᠵᠤᠬᠢᠶᠠᠨ ᠪᠠᠶᠢᠭᠤᠯᠤᠯᠲᠠ ᠳᠤ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠬᠤᠶᠠᠷ ᠰᠠᠶᠢᠨ ᠳᠤᠷ᠎ᠠ ᠶᠢᠨ ᠦᠢᠯᠡᠴᠢᠯᠡᠭᠡᠨ ᠤ ᠳᠡᠩᠰᠡᠯᠡᠨ ᠬᠠᠮᠢᠶᠠᠷᠬᠤ ᠡᠬᠢ ᠪᠠᠶᠠᠯᠢᠭ ᠤᠨ ᠲᠠᠪᠴᠠᠩ ᠢ ᠪᠠᠶᠢᠭᠤᠯᠵᠤ ᠥᠭᠭᠦᠨ᠎ᠡ︔ ᠪᠤᠶᠢᠵᠢᠭᠤᠯᠬᠤ ᠲᠣᠭᠤᠷᠢᠭ᠂ ᠨᠡᠶᠢᠭᠡᠮ ᠲᠣᠭᠤᠷᠢᠭ᠂ ᠨᠡᠶᠢᠭᠡᠮ ᠲᠣᠭᠤᠷᠢᠭ ᠤᠨ ᠲᠣᠤᠷᠯᠢᠭ ︽ᠭᠤᠷᠪᠠᠨ ᠱᠠᠲᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠤᠷ ᠰᠦᠯᠵᠢᠶ᠎ᠡ︾︔ ᠵᠣᠯᠭᠠᠯᠳᠤᠭᠤᠯᠬᠤ᠂ ᠨᠡᠪᠴᠢᠭᠦᠯᠬᠦ᠂ ᠨᠡᠶᠢᠭᠡᠮ ᠤᠨ ᠵᠠᠰᠠᠯᠲᠠ᠂ ᠬᠦᠴᠢᠷᠳᠡᠯ ᠠᠴᠠ ᠠᠪᠤᠷᠠᠨ ᠲᠤᠰᠠᠯᠠᠬᠤ᠂ ᠪᠠᠭᠤᠷᠠᠢ ᠬᠠᠮᠲᠤᠯᠢᠭ ᠢ ᠲᠡᠳᠬᠦᠬᠦ᠂ ᠨᠣᠭᠤᠭᠠᠷᠠᠭᠤᠯᠤᠯᠲᠠ ᠣᠷᠴᠢᠨ ᠲᠣᠭᠤᠷᠢᠨ ᠤ ᠬᠠᠮᠠᠭᠠᠯᠠᠯᠲᠠ᠂ ᠰᠣᠶᠣᠯ ᠤᠨ ᠪᠠᠶᠢᠭᠤᠯᠤᠯᠲᠠ᠂ ᠣᠶᠤᠨ ᠤ ᠪᠣᠯᠪᠠᠰᠤᠨ ᠤ ᠪᠠᠶᠢᠭᠤᠯᠤᠯᠲᠠ ᠵᠡᠷᠭᠡ ᠵᠢᠷᠭᠤᠭᠠᠨ ᠲᠥᠷᠥᠯ ᠤᠨ ᠣᠨᠴᠠᠯᠢᠭ ᠪᠥᠬᠦᠶ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢ ᠳᠡᠮᠵᠢᠨ᠎ᠡ︔ ᠰᠠᠶᠢᠨ ᠳᠤᠷ᠎ᠠ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢᠨ ᠪᠣᠯᠪᠠᠰᠤᠷᠠᠭᠤᠯᠤᠯ᠂ ᠦᠨᠡᠯᠡᠬᠦ᠂ ᠬᠡᠷᠡᠭᠴᠡᠭᠡ ᠱᠠᠭᠠᠷᠳᠠᠯᠭ᠎ᠠ ᠶᠢᠨ ᠪᠠᠶᠢᠴᠠᠭᠠᠯᠲᠠ ᠵᠡᠷᠭᠡ ᠦᠢᠯᠡᠴᠢᠯᠡᠭᠡ ᠬᠠᠩᠭᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠎ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠭᠤᠭᠠᠯᠢ ᠠᠷᠠᠳ ᠤᠨ ᠣᠯᠠᠨ ᠡᠰᠢᠵᠢᠭᠰᠡᠨ ᠬᠡᠷᠡᠭᠴᠡᠭᠡ ᠱᠠᠭᠠᠷᠳᠠᠯᠭ᠎ᠠ ᠶᠢᠨ ᠦᠢᠯᠡᠴᠢᠯᠡᠭᠡᠨ ᠢ ᠬᠠᠩᠭᠠᠨ᠎ᠠ᠃      ᠬᠥᠲᠥᠯᠥᠭᠴᠢ᠄ ᠴᠢᠩᠱᠠᠨ ᠲᠣᠭᠤᠷᠢᠭ ᠤᠨ ᠵᠡᠮᠳᠡᠭᠴᠦᠳ ᠤᠨ ︽ᠬᠤᠶᠠᠷ  ᠵᠦᠢᠯ ᠤᠨ ᠨᠥᠬᠦᠪᠥᠷᠢ︾᠎ ᠶᠢ ᠬᠢᠷᠢ ᠵᠡᠷᠭᠡ ᠨᠠᠶᠢᠳᠠᠪᠤᠷᠢᠵᠢᠭᠤᠯᠤᠭᠰᠠᠨ ᠪᠣᠶ︖ ᠵᠡᠮᠳᠡᠭᠴᠦᠳ ᠤᠨ ᠠᠰᠠᠷᠠᠮᠵᠢ ᠶᠢᠨ ᠲᠦᠷᠢᠮ ᠢ ᠪᠠᠲᠤᠯᠠᠭᠰᠠᠨ  ᠦᠦ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ  ᠼᠤᠤ ᠵᠢᠤᠢ᠄ ᠨᠢᠭᠡ ᠳᠤ ︽ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠠ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢᠨ ᠳᠦᠷᠢᠮ  ᠎ ᠢ ᠪᠦᠬᠦ ᠲᠠᠯ᠎ᠠ ᠪᠠᠷ ᠪᠠᠶᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠎ ᠢ ᠬᠢᠨᠠᠮᠠᠭᠠᠶ  ᠨᠠᠶᠢᠲᠠᠪᠦᠷᠢᠵᠢᠭᠤᠯᠵᠦ᠂ ᠵᠡᠮᠳᠡᠭᠴᠦᠳ ᠤᠨ ᠣᠨᠴᠣᠭᠤᠶ ᠠᠮᠢᠳᠤᠷᠠᠯ ᠤᠨ ᠬᠦᠴᠢᠷᠳᠡᠯ ᠪᠠ ᠬᠠᠷᠠᠭᠠᠯᠵᠠᠬᠤ ᠬᠦᠴᠢᠷᠳᠡᠯ ᠤᠨ ᠠᠰᠠᠭᠤᠳᠠᠯ ᠢ ᠦᠨᠡᠨᠬᠦ ᠪᠦᠲᠦᠮᠵᠢᠲᠡᠶ ᠰᠢᠢᠳᠪᠦᠷᠢᠯᠡᠪᠡ᠃ ᠬᠤᠶᠠᠷ ᠲᠤ ᠨᠥᠬᠦᠴᠡᠯ ᠳᠤ ᠨᠡᠶᠢᠴᠡᠬᠦ ᠰᠠᠶᠢᠨ ᠳᠤᠷ᠎ᠠ ᠠᠴᠠ ᠪᠠᠨ ᠭᠤᠶᠤᠴᠢᠯᠠᠬᠤ᠂ ᠢᠯᠡ ᠨᠡᠶᠢᠲᠡᠯᠡᠬᠦ᠂ ᠱᠠᠲᠤ ᠳᠠᠷᠠᠭᠠᠯᠠᠨ ᠬᠢᠨᠠᠨ ᠬᠠᠷᠭᠤᠭᠤᠯᠵᠤ᠂ ᠰᠠᠷ᠎ᠠ ᠪᠦᠷᠢ ᠶᠢᠨ 10᠎ ᠤ ᠡᠳᠦᠷ ᠠᠴᠠ ᠡᠮᠦᠨ᠎ᠡ ︽ᠪᠦᠬᠦᠨ ᠳᠤ ᠳᠣᠭᠢᠷᠠᠬᠤ ᠺᠠᠷᠲ︾᠎ ᠢᠶᠠᠷ ᠳᠠᠮᠵᠢᠭᠤᠯᠤᠨ ᠪᠠᠯᠠ ᠮᠥᠩᠭᠦ ᠶᠢ ᠬᠥᠮᠦᠨ ᠳᠤ ᠣᠯᠭᠤᠨ᠎ᠠ᠃ ᠭᠤᠷᠪᠠ ᠳᠤ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠬᠢᠨᠠᠵᠤ᠂ ᠪᠤᠴᠠᠭᠠᠬᠤ ᠶᠣᠰᠣᠲᠠᠶ ᠶᠢ ᠨᠢ ᠪᠦᠬᠦᠨ ᠢ ᠪᠤᠴᠠᠭᠠᠬᠤ ᠬᠥᠳᠡᠯᠦᠩᠭᠦᠶ ᠬᠠᠮᠢᠶᠠᠷᠤᠯᠲᠠ ᠶᠢ ᠪᠡᠶᠡᠯᠡᠭᠦᠯᠦᠨ᠎ᠡ᠃ ᠳᠥᠷᠪᠡ ᠳᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠠᠮᠢᠳᠤᠷᠠᠯ ᠤᠨ ᠰᠤᠪᠢᠯᠠᠯᠲᠠ ᠶᠢᠨ ᠵᠠᠷᠤᠳᠠᠯ ᠠᠪᠬᠤ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠪᠠᠲᠤᠯᠠᠭ᠎ᠠ ᠳᠤ ᠣᠷᠣᠭᠤᠯᠤᠭᠰᠠᠨ ᠵᠡᠮᠳᠡᠭᠴᠦᠳ ᠲᠤ ᠭᠦᠨ ᠲᠡᠰ ᠤᠨ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠬᠦᠷᠲᠡᠭᠡᠬᠦ ᠦᠭᠡᠢ᠃      ᠬᠥᠲᠥᠯᠥᠭᠴᠢ᠄ ᠴᠢᠩᠱᠠᠨ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠳᠠᠯ ᠶᠠᠮᠠᠷ ᠪᠣᠶ︖ ᠴᠢᠩᠱᠠᠨ ᠲᠣᠭᠤᠷᠢᠭ ᠨᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠬᠡᠷᠬᠢᠨ ᠰᠢᠯᠢᠳᠡᠭᠵᠢᠭᠦᠯᠳᠡᠭ ᠪᠣᠶ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ  ᠼᠤᠤ ᠵᠢᠤᠢ᠄ ︽ᠰᠠᠭᠤᠷᠢ ᠮᠥᠩᠭᠦᠨ ᠤ ᠨᠡᠶᠢᠭᠡᠮᠯᠢᠭ ᠤᠨ ᠳᠠᠩᠰᠠᠯᠠᠨ ᠬᠠᠮᠢᠶᠠᠷᠬᠤ ᠳᠦᠷᠢᠮ︾᠂ ︽ᠨᠡᠶᠢᠭᠡᠮ ᠤᠨ ᠪᠦᠯᠬᠦᠮ ᠤᠨ ᠳᠠᠩᠰᠠᠯᠠᠨ ᠬᠠᠮᠢᠶᠠᠷᠬᠤ ᠳᠦᠷᠢᠮ︾ ᠪᠠ ︽ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢ ᠳᠠᠩᠰᠠᠯᠠᠨ ᠬᠠᠮᠢᠶᠠᠷᠬᠤ ᠲᠦᠷ ᠬᠡᠷᠡᠭᠵᠢᠭᠦᠯᠬᠦ ᠳᠦᠷᠢᠮ︾᠎ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠴᠢᠩᠱᠠᠨ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠳᠠᠬᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠠᠩᠰᠠᠯᠠᠨ ᠬᠠᠮᠢᠶᠠᠷᠬᠤ ᠠᠵᠢᠯ ᠤᠷᠤᠭᠰᠢᠲᠠᠶ ᠶᠠᠪᠤᠭᠳᠠᠬᠤ ᠳᠤ ᠳᠥᠭᠦᠮ ᠦᠵᠡᠭᠦᠯᠬᠦ ᠶᠢᠨ ᠲᠥᠯᠥᠭᠡ ᠥᠷᠭᠡᠨ ᠣᠯᠠᠨ ᠠᠷᠠᠳ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠶᠢᠨ ᠰᠠᠶᠢᠨ ᠰᠠᠶᠢᠬᠠᠨ ᠬᠥᠭᠵᠢᠯᠲᠡ ᠶᠢ ᠠᠬᠢᠭᠤᠯᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠨᠠᠷᠢᠨ ᠨᠢᠮᠪᠠᠶ ᠢᠯᠭᠠᠷᠠᠭᠤᠯᠤᠭᠰᠠᠨ ᠰᠠᠭᠤᠷᠢᠨ ᠳᠡᠭᠡᠷ ᠎ᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠨ ᠲᠡᠮᠳᠡᠭᠯᠡᠬᠦ ︽ᠳᠤᠲᠠᠭᠳᠠᠵᠤ ᠪᠠᠶᠢᠭ᠎ᠠ ᠶᠢ ᠪᠠᠭᠲᠠᠭᠠᠬᠤ ᠶᠢᠨ ᠤᠷᠢᠳᠴᠢᠯᠠᠨ ᠬᠢᠨᠠᠬᠤ︾ ᠳᠠᠩᠰᠠᠯᠠᠨ ᠲᠡᠮᠳᠡᠭᠯᠡᠬᠦ ᠠᠵᠢᠯ ᠢ ᠡᠩ ᠲᠡᠷᠢᠭᠦᠨ ᠳᠤ ᠦᠷᠨᠢᠭᠦᠯᠬᠦ ᠬᠡᠷᠡᠭᠲᠡᠶ᠃ ᠨᠢᠭᠡ ᠳᠤ ︽ᠪᠤᠭᠤᠲᠤ ᠬᠤᠲᠠ ᠶᠢᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ  ︿ᠪᠦᠬᠦᠨ ᠢ ᠢᠯᠭᠠᠷᠠᠭᠤᠯᠵᠦ ᠠᠬᠢᠨ ᠨᠡᠮᠡᠭᠳᠡᠭᠦᠯᠬᠦ﹀ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ︾᠎ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠲᠤᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠨ ᠲᠡᠮᠳᠡᠭᠯᠡᠵᠦ ᠪᠠᠶᠢᠭᠠᠳ ᠳᠤᠲᠠᠭᠳᠠᠵᠤ ᠪᠠᠶᠢᠭ᠎ᠠ ᠪᠠᠶᠢᠳᠠᠯ ᠢ ᠤᠷᠢᠳᠴᠢᠯᠠᠨ ᠬᠢᠨᠠᠬᠤ ᠠᠵᠢᠯ ᠢ ᠥᠷᠨᠢᠭᠦᠯᠬᠦ ᠪᠠᠷ ᠪᠠᠶᠢᠭ᠎ᠠ ᠲᠥᠷᠥᠯ ᠬᠤᠪᠢᠶᠠᠨ ᠳᠠᠩᠰᠠᠯᠠᠨ ᠲᠡᠮᠳᠡᠭᠯᠡᠨ᠎ᠡ ︵ᠳᠤᠲᠠᠭᠳᠠᠵᠤ ᠪᠠᠶᠢᠭ᠎ᠠ ᠵᠦᠢᠯ ᠢ ᠤᠷᠢᠳᠴᠢᠯᠠᠨ ᠬᠢᠨᠠᠨ ᠲᠡᠮᠳᠡᠭᠯᠡᠬᠦ ᠭᠡᠳᠡᠭ ᠨᠢ ᠳᠠᠩᠰᠠᠯᠠᠨ ᠲᠡᠮᠳᠡᠭᠯᠡᠬᠦ ᠶᠠᠪᠤᠴᠠ ᠳᠤ ᠴᠢᠬᠤᠯᠠ ᠪᠦᠬᠦᠢ ᠬᠦᠴᠦᠨ ᠪᠦᠬᠦᠢ ᠪᠢᠴᠢᠭ ᠮᠠᠲ᠋ᠧᠷᠢᠶᠠᠯ ᠢᠶᠠᠨ ᠲᠤᠰᠢᠶᠠᠪᠠᠯ ᠤᠷᠢᠳᠠᠪᠠᠷ ᠳᠠᠩᠰᠠᠯᠠᠨ ᠲᠡᠮᠳᠡᠭᠯᠡᠬᠦ ᠶᠢ ᠵᠢᠭᠠᠵᠤ ᠪᠣᠢ︶᠃ ᠬᠤᠶᠠᠷ ᠲᠤ᠂ ᠳᠡᠩᠰᠡᠯᠡᠨ ᠬᠠᠮᠢᠶᠠᠷᠬᠤ ᠪᠠᠶᠢᠭᠤᠯᠭ᠎ᠠ ᠨᠢ ᠪᠠᠶᠢᠭᠤᠯᠤᠭᠳᠠᠭᠰᠠᠨ ᠳᠡᠩᠰᠡᠯᠡᠨ ᠲᠡᠮᠳᠡᠭᠯᠡᠭᠦᠯᠬᠦ ᠭᠤᠶᠤᠴᠢᠯᠠᠯ ᠤᠨ ᠴᠢᠬᠤᠯᠠ ᠪᠥᠬᠦᠶ ᠬᠦᠴᠦᠨ ᠪᠥᠬᠦᠶ ᠪᠢᠴᠢᠭ ᠮᠠᠲ᠋ᠧᠷᠢᠶᠠᠯ ᠢ ᠣᠯᠤᠭᠰᠠᠨ ᠡᠳᠦᠷ ᠠᠴᠠ ᠡᠬᠢᠯᠡᠨ᠂ ᠲᠠᠪᠤᠨ ᠠᠵᠢᠯᠯᠠᠬᠤ ᠡᠳᠦᠷ ᠤᠨ ᠳᠣᠲᠣᠷ᠎ᠠ ᠮᠠᠲ᠋ᠧᠷᠢᠶᠠᠯ ᠢ ᠬᠢᠨᠠᠨ ᠬᠠᠷᠭᠤᠭᠤᠯᠬᠤ ᠶᠢᠨ ᠬᠠᠮᠲᠤ ᠳᠡᠩᠰᠡᠯᠡᠨ ᠲᠡᠮᠲᠡᠭᠯᠡᠭᠰᠡᠨ ᠦᠨᠡᠮᠯᠡᠯ ᠪᠠᠭᠤᠯᠭᠠᠨ᠎ᠠ᠃ ᠭᠤᠷᠪᠠ ᠳᠤ ᠪᠣᠶ ᠪᠥᠬᠦᠶ ᠨᠥᠬᠦᠪᠥᠷᠢ ᠮᠠᠲ᠋ᠧᠷᠢᠶᠠᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ 7 ᠠᠵᠢᠯᠯᠠᠬᠤ ᠡᠳᠦᠷ ᠤᠨ ᠳᠣᠲᠣᠷ᠎ᠠ ᠲᠤᠰᠢᠶᠠᠪᠠᠯ ᠪᠣᠯᠴᠢᠬᠠᠨ᠎ᠠ᠂ 15 ᠠᠵᠢᠯᠯᠠᠬᠤ ᠡᠳᠦᠷ ᠤᠨ ᠳᠣᠲᠣᠷ᠎ᠠ ᠲᠠᠮᠠᠭ᠎ᠠ ᠶᠢᠨ ᠬᠡᠪ ᠶᠠᠩᠵᠤ᠂ ᠪᠠᠩᠬᠢ ᠶᠢᠨ ᠲᠠᠩᠰᠠᠨ ᠤ ᠳ᠋ᠤᠭᠠᠷ ᠵᠢᠴᠢ ᠭᠠᠶᠢᠯᠢ ᠶᠢᠨ ᠶᠠᠪᠤᠳᠠᠯ ᠤᠨ ᠳᠡᠩᠰᠡᠯᠡᠯᠲᠡ ᠶᠢᠨ ᠦᠨᠡᠮᠯᠡᠯ ᠤᠨ ᠬᠠᠭᠤᠯᠪᠤᠷᠢ ᠶᠢ ᠲᠤᠰᠢᠶᠠᠨ᠎ᠠ᠃ ᠬᠢᠨᠠᠨ ᠵᠥᠪᠰᠢᠶᠡᠷᠡᠬᠦ ᠶᠠᠪᠤᠴᠠ ᠳᠤ ᠠᠷᠠᠳ ᠲᠤ ᠳᠥᠭᠦᠮ ᠦᠵᠡᠭᠦᠯᠵᠦ᠂ ᠬᠠᠮᠤᠭ ᠤᠨ ᠣᠬᠤᠷ ᠬᠤᠭᠤᠴᠠᠭᠠᠨ ᠳᠤ ᠣᠯᠠᠨ ᠲᠦᠮᠡᠨ ᠳᠤ ᠬᠠᠮᠤᠭ ᠤᠨ ᠰᠡᠭᠦᠯᠴᠢ ᠶᠢᠨ ᠨᠢᠭᠡ ᠺᠢᠯᠣᠮᠧᠲᠷ ᠤᠨ ᠳᠥᠭᠦᠮ ᠦᠢᠯᠡᠴᠢᠯᠡᠭᠡ ᠬᠠᠩᠭᠠᠵᠠᠢ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号