ᠰᠤᠷᠪᠤᠯᠵᠢᠯᠠᠭᠰᠠᠨ ᠭᠤᠣᠯ ᠰᠡᠳᠦᠪ᠄ ᠬᠤᠲᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠦᠨ᠎ᠡ | ᠰᠤᠷᠪᠤᠯᠵᠢᠯᠠᠭᠰᠠᠨ ᠴᠠᠭ᠄ 2020 ᠣᠨ ᠤ 8 ᠰᠠᠷ᠎ᠠ ᠶᠢᠨ 3 ᠤ ᠡᠳᠦᠷ | ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠴᠢᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ | ᠳᠠᠷᠤᠭ᠎ᠠ ᠼᠤᠤ ᠵᠢᠤᠢ | ᠠᠬᠤᠢ ᠪᠠᠶᠢᠳᠠᠯ᠄ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠶ | ᠴᠢᠬᠤᠯᠠ ᠵᠢᠭᠠᠪᠤᠷᠢ ᠴᠣᠬᠤᠯᠠᠪᠤᠷᠢ ᠪᠠ ᠠᠷᠪᠠᠨ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠷᠠᠳ ᠤᠨ | ᠶᠠᠪᠤᠳᠠᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠬᠤ᠂ | ︽ᠠᠷᠠᠳ ᠤᠨ ᠶᠠᠪᠤᠳᠠᠯ ᠠᠷᠠᠳ ᠤᠨ ᠲᠥᠯᠥᠭᠡ᠂ ᠠᠷᠠᠳ ᠤᠨ ᠶᠠᠪᠤᠳᠠᠯ ᠠᠷᠠᠳ ᠲᠦᠮᠡᠨ ᠢᠶᠠᠨ ᠬᠠᠶᠢᠷᠠᠯᠠᠬᠤ︾ | ᠠᠵᠢᠯ ᠤᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ | ᠬᠠᠷᠠᠯᠲᠠ ᠡᠭᠦᠷᠭᠡ ᠯᠦᠭᠡ ᠨᠢᠭᠲᠠ ᠤᠶᠠᠯᠳᠤᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠶᠠᠪᠤᠳᠠᠯ ᠤᠨ ᠠᠵᠢᠯ ᠤᠨ ᠦᠨᠳᠦᠰᠦᠨ ᠵᠦᠢᠯ ᠢ ᠪᠠᠲᠤᠯᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ︔ ᠦᠨᠳᠦᠰᠦᠨ ᠱᠠᠲᠤᠨ ᠤ ᠵᠠᠰᠠᠭ ᠤᠨ ᠡᠷᠬᠡ ᠶᠢ ᠲᠥᠪᠯᠡᠷᠡᠭᠦᠯᠵᠦ᠂ ᠠᠷᠠᠳ ᠤᠨ | ᠶᠠᠪᠤᠳᠠᠯ ᠤᠨ ᠠᠵᠢᠯ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ︔ ᠬᠠᠶᠢᠷ᠎ᠠ ᠰᠡᠳᠬᠢᠯᠭᠡ ᠪᠠᠨ | ᠨᠢᠭᠲᠠᠷᠠᠭᠤᠯᠤᠨ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠠᠷᠠᠳ ᠤᠨ ᠶᠠᠪᠤᠳᠠᠯ ᠤᠨ | ᠠᠵᠢᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ︔ ᠨᠡᠶᠢᠭᠡᠮ ᠤᠨ ᠬᠦᠴᠦᠨ ᠢ ᠨᠢᠭᠲᠠᠷᠠᠭᠤᠯᠵᠤ᠂ | ᠠᠷᠠᠳ ᠤᠨ ᠶᠠᠪᠤᠳᠠᠯ ᠤᠨ ᠠᠵᠢᠯ ᠢ ᠣᠯᠠᠨ ᠡᠰᠢᠵᠢᠭᠦᠯᠦᠨ ᠬᠠᠮᠲᠤ ᠪᠠᠷ ᠵᠠᠰᠠᠬᠤ ᠶᠢ ᠳᠡᠭᠡᠭᠰᠢᠯᠡᠭᠦᠯᠦᠨ᠎ᠡ︔ | ᠨᠡᠶᠢᠭᠡᠮ ᠤᠨ ᠬᠡᠷᠡᠭ ᠶᠠᠪᠤᠳᠠᠯ ᠳᠤ ᠰᠡᠳᠬᠢᠯ ᠲᠠᠯᠪᠢᠵᠤ᠂ ᠠᠷᠠᠳ ᠤᠨ ᠶᠠᠪᠤᠳᠠᠯ ᠤᠨ ᠠᠵᠢᠯ ᠤᠨ ᠪᠠᠲᠤᠯᠠᠭ᠎ᠠ ᠶᠢᠨ | ᠠᠷᠭ᠎ᠠ ᠪᠠᠷᠢᠯ ᠢ ᠳᠡᠭᠡᠭᠰᠢᠯᠡᠭᠦᠯᠦᠨ᠎ᠡ᠃ | ᠬᠥᠲᠥᠯᠥᠭᠴᠢ᠄ ᠴᠢᠩᠱᠠᠨ ᠲᠣᠭᠤᠷᠢᠭ ᠪᠣᠯ ᠪᠥᠬᠦ ᠤᠯᠤᠰ ᠤᠨ ᠨᠡᠶᠢᠭᠡᠮ ᠤᠨ ᠠᠪᠤᠷᠠᠨ ᠲᠤᠰᠠᠯᠠᠬᠤ | ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠮᠥᠨ᠂ ᠪᠣᠳᠠᠲᠠᠶ ᠶᠠᠮᠠᠷ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ | ᠪᠠᠶᠢᠬᠤ ᠪᠣᠶ︖ | ᠰᠤᠷᠪᠤᠯᠵᠢᠯᠠᠭ᠎ᠠ ᠬᠦᠯᠢᠶᠡᠭᠰᠡᠨ ᠵᠤᠴᠢᠨ ᠼᠤᠤ ᠵᠢᠤᠢ᠄ ᠴᠢᠩᠱᠠᠨ ᠲᠣᠭᠤᠷᠢᠭ ︽ᠪᠥᠬᠦ ᠤᠯᠤᠰ ᠤᠨ | ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ︾ ᠶᠢᠨ ᠭᠠᠵᠠᠷ ᠣᠷᠣᠨ | ᠪᠣᠯᠵᠣ᠂ ︽ᠨᠠᠷᠢᠯᠢᠭ ᠬᠠᠮᠢᠶᠠᠷᠤᠯᠲᠠ᠂ ᠨᠠᠷᠢᠯᠢᠭ ᠦᠢᠯᠡᠴᠢᠯᠡᠭᠡ᠂ ᠤᠯᠠᠨ ᠡᠰᠢᠲᠦ ᠠᠪᠤᠷᠠᠨ ᠲᠤᠰᠠᠯᠠᠯᠲᠠ ᠪᠠᠷ | ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠬᠦ︾ ᠪᠠᠷ ᠭᠤᠤᠯ ᠰᠡᠳᠦᠪ ᠪᠤᠯᠭᠠᠭᠰᠠᠨᠨᠡᠶᠢᠭᠡᠮ ᠤᠨ ᠠᠪᠤᠷᠠᠨ ᠲᠤᠰᠠᠯᠠᠬᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠦᠷᠨᠢᠭᠦᠯᠦᠨ᠎ᠡ︔ ᠨᠢᠭᠡ ᠳᠤ ᠣᠯᠠᠨ ᠲᠦᠮᠡᠨ ᠳᠤᠲᠠᠭᠤ ᠭᠦᠶᠦᠨ᠎ᠡ᠃ | ᠬᠢᠨᠠᠨ ᠵᠥᠪᠰᠢᠶᠡᠷᠡᠬᠦ ᠡᠷᠬᠡ ᠶᠢ ᠨᠡᠶᠢᠭᠡᠮ ᠲᠣᠭᠤᠷᠢᠭ ᠤᠨ ᠨᠢᠭᠡᠳᠦᠭᠡᠷ ᠱᠠᠲᠤᠨ ᠳᠤ ᠪᠠᠭᠤᠯᠭᠠᠵᠤ᠂ ᠨᠡᠶᠢᠭᠡᠮ | ᠲᠣᠭᠤᠷᠢᠭ ᠤᠨ ᠣᠯᠠᠨ ᠲᠦᠮᠡᠨ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠤᠨ ᠬᠠᠮᠢᠶᠠᠷᠤᠯᠲᠠ ᠦᠢᠯᠡᠴᠢᠯᠡᠭᠡᠨ ᠤ | ᠥᠷᠲᠡᠭᠡ ᠳᠤ ᠬᠦᠷᠴᠦ ︽ᠨᠢᠭᠡ ᠥᠷᠲᠡᠭᠡ ᠮᠠᠶ᠋ᠢᠭ︾ ᠤᠨ ᠲᠠᠪᠴᠠᠩ ᠳᠤ ᠬᠦᠷᠴᠦ ᠠᠰᠠᠭᠤᠨ ᠯᠠᠪᠯᠠᠵᠤ ᠭᠦᠢᠴᠡᠳᠭᠡᠵᠦ᠂ | ᠣᠯᠠᠨ ᠲᠦᠮᠡᠨ ᠳᠤ ᠦᠢᠯᠡᠴᠢᠯᠡᠬᠦ ᠡᠴᠦᠰ ᠤᠨ ᠨᠢᠭᠡ ᠺᠢᠯᠣᠮᠧᠲᠷ ᠢ ᠪᠡᠶᠡᠯᠡᠭᠦᠯᠪᠡ᠃ ᠬᠤᠶᠠᠷ ᠲᠤ ᠤᠯᠠᠨ ᠲᠦᠮᠡᠨ | ᠳᠤᠲᠠᠭᠤ ᠬᠦᠯᠢᠶᠡᠪᠡ᠃ ᠬᠢᠨᠠᠨ ᠵᠥᠪᠰᠢᠶᠡᠷᠡᠬᠦ ᠶᠠᠪᠤᠴᠠ ᠶᠢ ᠳᠥᠭᠦᠮᠴᠢᠯᠡᠵᠦ᠂ ᠣᠯᠠᠨ ᠲᠦᠮᠡᠨ ᠤ 13 ᠡᠳᠦᠷ ᠤᠨ | ᠬᠢᠨᠠᠨ ᠵᠥᠪᠰᠢᠶᠡᠷᠡᠬᠦ ᠴᠠᠭ ᠳᠣᠲᠣᠷ᠎ᠠ ᠠᠪᠤᠷᠠᠨ ᠲᠤᠰᠠᠯᠠᠬᠤ ᠳᠤ ᠲᠥᠬᠦᠮ ᠦᠵᠡᠭᠦᠯᠪᠡ᠃ ᠭᠤᠷᠪᠠ ᠳᠤ ᠣᠯᠠᠨ | ᠲᠦᠮᠡᠨ ᠢᠯᠡᠭᠦᠬᠡᠨ ᠠᠰᠢᠭ ᠭᠥᠷᠳᠡᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠣᠯᠠᠨ ᠡᠰᠢᠵᠢᠭᠰᠡᠨ ᠦᠢᠯᠡᠴᠢᠯᠡᠭᠡ ᠶᠢ | ᠬᠤᠳᠠᠯᠳᠤᠨ ᠠᠪᠴᠤ᠂ ᠬᠦᠴᠢᠷᠳᠡᠯᠲᠡᠶ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ | ᠡᠷᠡᠮᠡᠯᠵᠡᠯ ᠳᠠᠬᠢ ᠣᠯᠠᠨ ᠡᠰᠢᠴᠢᠯᠡᠭᠰᠡᠨ ᠬᠡᠷᠡᠭᠴᠡᠭᠡ ᠶᠢ ᠬᠠᠩᠭᠠᠬᠤ ᠳᠤ ᠬᠠᠨᠳᠤᠭᠤᠯᠤᠨ᠂ ᠵᠣᠷᠢᠭ ᠰᠠᠨᠠᠭ᠎ᠠ ᠶᠢ | ᠲᠡᠳᠬᠦᠨ ᠡᠷᠬᠡ ᠣᠯᠭᠤᠬᠤ᠂ ᠬᠡᠤᠬᠡᠴᠤᠳ ᠢ ᠬᠠᠯᠠᠮᠵᠢᠯᠠᠨ ᠬᠠᠶᠢᠷᠠᠯᠠᠬᠤ᠂ ᠨᠠᠰᠤᠲᠠᠳ ᠲᠤ ᠦᠢᠯᠡᠴᠢᠯᠡᠬᠦ ᠵᠡᠷᠭᠡ | ᠲᠠᠯ᠎ᠠ ᠪᠠᠷ ᠬᠦᠴᠢᠷᠳᠡᠯᠲᠡᠶ ᠣᠯᠠᠨ ᠲᠦᠮᠡᠨ ᠤ ᠥᠪᠡᠷᠮᠢᠴᠡ ᠣᠨᠴᠠᠯᠢᠭ ᠪᠦᠬᠦᠢ ᠵᠠᠬᠢᠶᠠᠯᠠᠭ᠎ᠠ ᠶᠢᠨ ᠱᠠᠭᠠᠷᠳᠠᠯᠭ᠎ᠠ ᠶᠢ | ᠬᠠᠩᠭᠠᠬᠤ ᠬᠡᠷᠡᠭᠲᠡᠶ᠃ ᠬᠦᠴᠢᠷᠳᠡᠯᠲᠡᠶ ᠣᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ ᠢ ᠠᠯᠬᠤᠮ ᠠᠯᠬᠤᠮ ᠢᠶᠠᠷ | ᠳᠡᠭᠡᠭᠰᠢᠯᠡᠭᠦᠯᠦᠨ᠎ᠡ᠃ | ᠬᠥᠲᠥᠯᠥᠭᠴᠢ᠄ ᠴᠢᠩᠱᠠᠨ ᠲᠣᠭᠤᠷᠢᠭ ᠤᠨ ︽ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ︾ | ᠨᠢ ᠶᠠᠮᠠᠷ ᠨᠡᠶᠢᠭᠡᠮ ᠲᠤᠭᠤᠷᠢᠭ ᠤᠨ ᠦᠢᠯᠡᠴᠢᠯᠡᠭᠡᠨ ᠤ ᠪᠠᠶᠢᠭᠤᠯᠤᠮᠵᠢ ᠪᠣᠶ︖ ᠴᠢᠩᠱᠠᠨ ᠲᠣᠭᠤᠷᠢᠭ ᠲᠤ | ᠣᠳᠣᠬᠠᠨ ᠳᠤ ᠬᠡᠳᠦᠨ ᠭᠠᠵᠠᠷ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ᠪᠠᠶᠢᠬᠤ ᠪᠤᠶ︖ | ᠰᠤᠷᠪᠤᠯᠵᠢᠯᠠᠭ᠎ᠠ ᠬᠦᠯᠢᠶᠡᠭᠰᠡᠨ ᠵᠤᠴᠢᠨ ᠼᠤᠤ ᠵᠢᠤᠢ᠄ ᠴᠢᠩᠱᠠᠨ ᠲᠣᠭᠤᠷᠢᠭ ᠤᠨ ︽ᠨᠠᠰᠤᠲᠠᠶᠢᠴᠤᠳ | ᠪᠠᠭᠠᠴᠤᠳ ᠤᠨ ᠴᠡᠩᠭᠡᠯ ᠤᠨ ᠬᠦᠷᠢᠶᠡᠯᠡᠩ︾ ᠪᠣᠯ 2018 ᠣᠨ ᠤ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ᠂ | ᠲᠣᠭᠤᠷᠢᠭ ᠤᠨ ᠵᠠᠰᠠᠭ ᠤᠨ ᠣᠷᠳᠣᠨ ᠪᠥᠬᠦ ᠬᠤᠲᠠ ᠳᠤ ᠠᠩᠬ᠎ᠠ ᠤᠳᠠᠭ᠎ᠠ ᠬᠡᠷ ᠪᠦᠯᠢ ᠶᠢᠨ ᠨᠡᠶᠢᠭᠡᠮ | ᠲᠣᠭᠤᠷᠢᠭ ᠤᠨ ᠨᠢᠭᠡ ᠨᠠᠰᠤᠲᠠᠨ ᠨᠢᠭᠡ ᠪᠠᠭ᠎ᠠ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ︵ᠳᠠᠷᠤᠢ ᠴᠢᠩᠱᠠᠨ | ᠲᠣᠭᠤᠷᠢᠭ ᠤᠨ ︽ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ︾︶᠂ ᠲᠠᠪᠴᠠᠩ ᠨᠢ ᠨᠡᠶᠢᠭᠡᠮ | ᠲᠣᠭᠤᠷᠢᠭ ᠲᠤ ᠪᠣᠳᠠᠰ᠂ ᠤᠶᠤᠨ ᠰᠠᠨᠠᠭ᠎ᠠ᠂ ᠭᠡᠷ ᠤᠨ ᠶᠠᠪᠤᠳᠠᠯ᠂ ᠡᠮ ᠡᠮᠨᠡᠯᠭᠡ ᠤᠨ ᠦᠢᠯᠡᠴᠢᠯᠡᠭᠡ ᠬᠠᠩᠭᠠᠵᠦ᠂ | ᠡᠭᠦᠨ ᠳᠤ ᠨᠡᠶᠢᠭᠡᠮ ᠲᠣᠭᠤᠷᠢᠭ ᠤᠨ ᠬᠤᠭᠤᠯᠠᠨ ᠭᠡᠷ᠂ ᠰᠣᠶᠣᠯ ᠲᠠᠮᠢᠷ ᠤᠨ ᠬᠥᠳᠡᠯᠭᠡᠭᠡᠨ ᠤ ᠲᠥᠪ᠂ ᠪᠠᠭᠠᠴᠤᠳ | ᠬᠡᠤᠬᠡᠳ ᠤᠨ ᠳᠥᠷᠪᠡᠨ ᠴᠠᠭ ᠬᠠᠭᠠᠰ᠂ ᠡᠷᠡᠭᠦᠯᠵᠢᠭᠦᠯᠬᠦ ᠹᠢᠽᠢᠺ ᠵᠠᠰᠠᠯ᠂ ᠰᠡᠳᠬᠢᠴᠡ ᠶᠢᠨ ᠲᠠᠶᠢᠳᠬᠤᠷᠠᠭᠤᠯᠤᠯ ᠵᠡᠷᠭᠡ | ᠦᠢᠯᠡᠴᠢᠯᠡᠭᠡ ᠪᠠᠭᠲᠠᠨ᠎ᠠ᠃ ︽ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ︾ ᠤᠨ ᠠᠵᠢᠯᠯᠠᠭᠠᠨ ᠤ | ᠶᠠᠪᠤᠴᠠ ᠳᠤᠮᠳᠠ᠂ ᠴᠢᠩᠱᠠᠨ ᠤ ᠣᠨᠴᠠᠯᠢᠭ ᠪᠦᠬᠦᠢ ︽ᠵᠠᠰᠠᠭ ᠤᠨ ᠣᠷᠳᠣᠨ ᠠᠴᠠ ᠵᠢᠭᠠᠬᠠᠨ ᠨᠥᠬᠦᠪᠥᠷᠢᠯᠡᠬᠦ᠂ ᠠᠵᠤ | ᠠᠬᠤᠶᠢᠯᠠᠯ ᠨᠢ ᠵᠢᠭᠠᠬᠠᠨ ᠨᠠᠶᠢᠷ ᠲᠠᠯᠪᠢᠬᠤ᠂ ᠬᠤᠪᠢ ᠬᠥᠮᠦᠨ ᠨᠢ ᠪᠠᠭ᠎ᠠ ᠰᠠᠭ᠎ᠠ ᠭᠠᠷᠭᠠᠬᠤ︾ ︽ᠭᠤᠷᠪᠠᠨ ᠨᠢᠭᠡ ᠴᠠᠭ︾ | ᠤᠨ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠵᠠᠭᠪᠤᠷ ᠢ | ᠰᠦᠪᠡᠭᠴᠢᠯᠡᠨ ᠪᠣᠶ ᠪᠣᠯᠭᠠᠬᠤ ᠶᠢᠨ ᠬᠠᠮᠲᠤ᠂ ᠢᠳᠡᠭᠡᠨ ᠤᠮᠳᠠᠭᠠᠨ᠂ ᠡᠷᠡᠭᠦᠯᠵᠢᠯ ᠤᠨ ᠹᠢᠽᠢᠺ ᠵᠠᠰᠠᠯ ᠵᠡᠷᠭᠡ | ᠦᠢᠯᠡᠴᠢᠯᠡᠭᠡᠨ ᠤ ᠦᠨ᠎ᠡ ᠬᠠᠩᠰᠢ ᠶᠢ ᠵᠠᠬ᠎ᠠ ᠳᠡᠯᠭᠡᠭᠦᠷ ᠤᠨ ᠦᠨ᠎ᠡ ᠬᠠᠩᠰᠢ ᠠᠴᠠ ᠳᠣᠤᠷ᠎ᠠ ᠪᠠᠶᠢᠯᠭᠠᠨ᠎ᠠ᠃ | ᠣᠳᠣᠬᠠᠨ ᠳᠤ᠂ ᠴᠢᠩᠱᠠᠨ ᠲᠣᠭᠤᠷᠢᠭ ᠤᠨ︽ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ︾ | 17 ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠡᠶᠡᠯᠡᠭᠦᠯᠦᠭᠡᠰᠨ ᠪᠥᠭᠡᠳ ᠠᠵᠢᠯᠯᠠᠭᠠᠨ ᠳᠤ ᠤᠷᠤᠪᠠ᠃ | ᠲᠤᠰ ᠲᠤᠰ ᠨᠠᠷᠠᠨ ᠭᠡᠷᠡᠯ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ | ︵ᠴᠠᠬᠢᠯᠭᠠᠨ ᠬᠦᠴᠦᠨ ᠤ ᠭᠡᠷ ᠪᠦᠯᠢ ᠶᠢᠨ ᠬᠠᠷᠢᠶᠠᠲᠤ ᠬᠦᠷᠢᠶᠡᠨ ᠳᠤ ᠪᠠᠶᠢᠨ᠎ᠠ︶᠂ ᠳᠤᠯᠠᠭᠠᠨ ᠨᠡᠶᠢᠭᠡᠮ ᠲᠣᠭᠤᠷᠢᠭ ᠤᠨ | ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ︵ᠳᠤᠯᠠᠭᠠᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ | ᠥᠷᠲᠡᠭᠡᠨ ᠳᠤ ᠪᠠᠶᠢᠨ᠎ᠠ︶᠂ ᠤᠭᠲᠤᠯᠭ᠎ᠠ ᠬᠤᠶᠠᠳᠤᠭᠠᠷ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ | ᠴᠡᠩᠭᠡᠯ ᠤᠨ ᠬᠦᠷᠢᠶᠡᠯᠡᠩ ︵ᠤᠤᠯ ᠤᠨ ᠤᠭᠲᠤᠯᠭ᠎ᠠ ᠬᠤᠶᠠᠳᠤᠭᠠᠷ ᠨᠡᠶᠢᠭᠡᠮ ᠲᠣᠭᠤᠷᠢᠭ ᠤᠨ ᠦᠢᠯᠡᠴᠢᠯᠡᠭᠡᠨ ᠤ | ᠥᠷᠲᠡᠭᠡᠨ ᠳᠤ ᠪᠠᠶᠢᠨ᠎ᠠ︶᠂ ᠨᠡᠬᠡᠮᠡᠯ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ ᠴᠡᠩᠭᠡᠯ ᠤᠨ | ᠬᠦᠷᠢᠶᠡᠯᠡᠩ ︵ᠨᠡᠬᠡᠮᠡᠯ ᠨᠠᠰᠤᠵᠢᠯ ᠤᠨ ᠦᠢᠯᠡᠴᠢᠯᠡᠭᠡᠨ ᠤ ᠲᠥᠪ ᠲᠤ ᠪᠠᠶᠢᠨ᠎ᠠ︶᠂ ᠴᠠᠩ ᠵᠧᠩ ᠨᠡᠶᠢᠭᠡᠮ ᠲᠣᠭᠤᠷᠢᠭ ᠤᠨ | ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ︵ᠴᠠᠩ ᠵᠧᠩ ᠨᠡᠶᠢᠭᠡᠮ ᠲᠣᠭᠤᠷᠢᠭ ᠤᠨ 85 ᠳ᠋ᠤᠭᠠᠷ | ᠠᠰᠠᠷ ᠤᠨ ᠪᠠᠷᠠᠭᠤᠨ ᠲᠠᠯ᠎ᠠ︶᠂ ᠵᠢᠶᠠᠨ ᠬᠤᠸᠠ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ | ᠴᠡᠩᠭᠡᠯ ᠤᠨ ᠬᠦᠷᠢᠶᠡᠯᠡᠩ ︵ᠤᠤᠯ ᠤᠨ ᠪᠠᠶᠢᠭᠤᠯᠤᠭᠰᠠᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠥᠷᠲᠡᠭᠡ︶᠂ | ᠡᠸᠤ ᠯᠦ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ︵ᠨᠢᠭᠡᠳᠦᠭᠡᠷ ᠮᠠᠰᠢᠨ | ᠦᠢᠯᠡᠳᠬᠦ ᠪᠦᠯᠦᠭᠯᠡᠯ ᠤᠨ ᠳᠤᠯᠤᠳᠤᠭᠠᠷ ᠪᠠᠭ᠎ᠠ ᠰᠤᠷᠭᠠᠭᠤᠯᠢ ᠶᠢᠨ ᠡᠮᠦᠨ᠎ᠡ ᠡᠭᠦᠳᠡᠨ ᠤ ᠡᠰᠡᠷᠭᠦ ᠲᠠᠯ᠎ᠠ ᠳᠤ ᠪᠠᠶᠢᠨ᠎ᠠ︶ | ᠂ ᠬᠠᠳᠠ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ︵ᠴᠠᠬᠢᠯᠭᠠᠨ | ᠬᠦᠴᠦᠨ ᠤ ᠭᠤᠷᠪᠠᠳᠤᠭᠠᠷ ᠪᠠᠶᠢᠭᠤᠯᠤᠯᠲᠠ ᠶᠢᠨ ᠵᠢᠵᠢᠭ ᠲᠣᠭᠤᠷᠢᠭ᠂ ᠬᠦᠳᠡᠯᠮᠦᠷᠢ 6 ᠲᠣᠭᠤᠷᠢᠭ︶᠂ ᠪᠧᠶ ᠵᠢᠶᠠ | ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ︵ᠪᠧᠶ ᠵᠢᠶᠠ ᠨᠡᠶᠢᠭᠡᠮ | ᠲᠣᠭᠤᠷᠢᠭ ᠤᠨ ᠵᠤᠯ ᠵᠢᠷᠭᠠᠯ ᠬᠤᠶᠠᠳᠤᠭᠠᠷ ᠪᠠᠭ᠎ᠠ ᠲᠣᠭᠤᠷᠢᠭ︶᠂ ᠪᠧᠶ ᠵᠢᠶᠠ ᠨᠡᠶᠢᠭᠡᠮ ᠲᠣᠭᠤᠷᠢᠭ ᠤᠨ | ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ᠤᠨ ᠬᠤᠶᠠᠳᠤᠭᠠᠷ ᠥᠷᠲᠡᠭᠡ ︵ᠤᠤᠯ ᠤᠨ ᠬᠤᠰᠢᠭᠤᠴᠢ | ᠬᠡᠷᠡᠭ ᠡᠷᠬᠢᠯᠡᠬᠦ ᠭᠠᠵᠠᠷ ᠤᠨ ᠠᠯᠪᠠᠨ ᠠᠰᠠᠷ︶᠂ ᠹᠦ᠋ ᠳ᠋ᠡ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ | ᠴᠡᠩᠭᠡᠯ ᠤᠨ ᠬᠦᠷᠢᠶᠡᠯᠡᠩ ︵ᠹᠦ᠋ ᠳ᠋ᠡ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠦᠷᠲᠡᠭᠡ᠂ ᠤᠮᠠᠷᠠᠲᠤ ᠬᠦᠨᠳᠦ | ᠠᠵᠢᠯ ᠠᠴᠠ ᠪᠠᠭᠤᠭᠰᠠᠳ ᠤᠨ ᠬᠠᠮᠢᠶᠠᠷᠤᠯᠲᠠ ᠶᠢᠨ ᠭᠠᠵᠠᠷ ᠤᠨ ᠪᠠᠷᠠᠭᠤᠨ ᠲᠠᠯ᠎ᠠ︶᠂ ᠪᠧᠶ ᠰᠢᠨ ᠨᠠᠰᠤᠲᠠᠶᠢᠴᠤᠳ | ᠪᠠᠭᠠᠴᠤᠳ ᠤᠨ ᠴᠡᠩᠭᠡᠯ ᠤᠨ ᠬᠦᠷᠢᠶᠡᠯᠡᠩ ︵ᠪᠧᠶ ᠰᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠥᠷᠲᠡᠭᠡ᠂ | ᠲᠠᠪᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠤᠮᠠᠷᠠᠲᠤ 300 ᠮᠧᠲᠷ︶᠂ ᠶᠢᠨ ᠯᠢᠨ ᠨᠡᠶᠢᠭᠡᠮ ᠲᠣᠭᠤᠷᠢᠭ ᠤᠨ | ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ︵ ᠶᠢᠨ ᠯᠢᠨ ᠨᠡᠶᠢᠭᠡᠮ ᠲᠣᠭᠤᠷᠢᠭ ᠤᠨ ᠨᠢᠭᠡ ᠮᠧᠲᠷ ᠤᠨ | ᠨᠡᠷᠡᠨ ᠭᠡᠷᠡᠯ ᠳᠤ ᠪᠠᠶᠢᠷᠢᠯᠠᠵᠤ᠂ ᠲᠤᠰ ᠭᠠᠵᠠᠷ ᠤᠨ ᠲᠠᠯᠠᠪᠠᠢ ᠨᠢ ᠬᠢᠵᠠᠭᠠᠷᠯᠠᠭᠳᠠᠭᠰᠠᠨ ᠠᠴᠠ ᠵᠥᠪᠬᠡᠨ ᠨᠡᠶᠢᠭᠡᠮ | ᠲᠣᠭᠤᠷᠢᠭ ᠤᠨ ᠬᠤᠭᠤᠯᠠᠨ ᠭᠡᠷ ᠤᠨ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠨ᠎ᠠ︶᠂ ᠰᠦᠩ ᠱᠢ ᠨᠡᠶᠢᠭᠡᠮ | ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ︵ᠰᠢᠩ ᠱᠧᠩ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠤ ᠪᠠᠷᠠᠭᠤᠨ ᠲᠠᠯ᠎ᠠ ᠶᠢᠨ 200 ᠮᠧᠲᠷ︶᠂ ᠪᠦᠦ ᠯᠢ ᠨᠡᠶᠢᠭᠡᠮ ᠲᠣᠭᠤᠷᠢᠭ ᠤᠨ | ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ︵ᠪᠦᠦ ᠯᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ | ᠥᠷᠲᠡᠭᠡ ᠳᠤ ᠪᠤᠶ︶᠂ ᠴᠢᠩ ᠶᠤᠸᠠᠨ ᠨᠡᠶᠢᠭᠡᠮ ᠲᠣᠭᠤᠷᠢᠭ ᠤᠨ ᠨᠠᠰᠤᠲᠠᠶᠢᠴᠤᠳ ᠪᠠᠭᠠᠴᠤᠳ ᠤᠨ ᠴᠡᠩᠭᠡᠯ ᠤᠨ | ᠬᠦᠷᠢᠶᠡᠯᠡᠩ ︵ᠤᠮᠠᠷᠠᠲᠦ ᠶᠢᠨ ᠬᠦᠨᠳᠦ ᠠᠵᠦ ᠦᠢᠯᠡᠳᠪᠦᠷᠢ ᠶᠢᠨ ᠭᠤᠷᠪᠠᠳᠤᠭᠠᠷ ᠳᠤᠮᠳᠠᠲᠦ ᠰᠣᠷᠭᠠᠭᠤᠯᠢ ᠶᠢᠨ | ᠪᠠᠷᠠᠭᠤᠨ ᠡᠭᠦᠳᠡᠨ ᠤ ᠪᠠᠷᠠᠭᠤᠨᠰᠢ 200 ᠮᠧᠲᠷ︶᠂ ᠴᠢᠩ ᠶᠦᠨ ᠨᠡᠶᠢᠭᠡᠮ ᠲᠣᠭᠤᠷᠢᠭ ᠤᠨ ᠨᠠᠰᠤᠲᠠᠶᠢᠴᠤᠳ | ᠪᠠᠭᠠᠴᠤᠳ ᠤᠨ ᠴᠡᠩᠭᠡᠯ ᠤᠨ ᠬᠦᠷᠢᠶᠡᠯᠡᠩ ︵ᠤᠤᠯ ᠤᠨ ᠴᠢᠩ ᠶᠦᠨ ᠨᠡᠶᠢᠭᠡᠮ ᠲᠤᠭᠤᠷᠢᠭ ᠤᠨ ᠦᠢᠯᠡᠴᠢᠯᠡᠭᠡᠨ ᠤ | ᠥᠷᠲᠡᠭᠡ ᠳᠤ ᠪᠠᠶᠢᠪᠠ︶᠃ | ᠡᠭᠦᠨ ᠤ ᠬᠠᠮᠲᠤ᠂ ᠴᠢᠩᠱᠠᠨ ᠲᠣᠭᠤᠷᠢᠭ ᠸᠢᠴᠠᠲ ᠢ ᠠᠰᠢᠭᠯᠠᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ | ᠲᠠᠪᠴᠠᠩ ᠢ ᠪᠠᠶᠢᠭᠤᠯᠵᠤ᠂ ᠡᠯ᠎ᠡ ᠨᠠᠰᠤᠲᠠᠶᠢᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ᠳᠤ ᠲᠦᠰᠢᠭᠯᠡᠨ | ᠨᠡᠶᠢᠭᠡᠮ ᠲᠣᠭᠤᠷᠢᠭ ᠤᠨ ᠨᠠᠰᠤᠲᠠᠨ ᠪᠠᠭᠠᠴᠤᠳ ᠤᠨ ᠦᠢᠯᠡᠴᠢᠯᠡᠭᠡ ᠶᠢ ᠭᠡᠷ ᠪᠦᠯᠢ ᠲᠡᠰᠢ ᠦᠷᠭᠡᠳᠭᠡᠵᠦ᠂ | ᠲᠡᠷᠡᠴᠢᠯᠡᠨ ᠲᠠᠪᠴᠠᠩ ᠳᠡᠭᠡᠷ᠎ᠡ ᠡᠯ᠎ᠡ ᠲᠥᠷᠥᠯ ᠤᠨ ᠨᠠᠰᠤᠵᠢᠯ ᠤᠨ ᠠᠰᠠᠷᠠᠮᠵᠢ ᠪᠠ ᠬᠡᠤᠬᠡᠳ ᠤᠨ ᠠᠰᠠᠷᠠᠮᠵᠢ ᠶᠢᠨ | ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠴᠠᠭ ᠢᠮᠠᠭᠲᠠ ᠨᠡᠶᠢᠲᠡᠯᠡᠵᠦ᠂ ᠮᠠᠨ ᠤ ᠲᠤᠭᠤᠷᠢᠭ ᠤᠨ ᠣᠯᠠᠨ | ᠲᠦᠮᠡᠨ ᠭᠠᠳᠠᠭᠰᠢ ᠭᠠᠷᠬᠤ ᠥᠬᠡᠶ ᠪᠣᠯ ᠨᠡᠶᠢᠭᠡᠮ ᠲᠣᠭᠤᠷᠢᠭ ᠤᠨ ᠬᠠᠮᠢᠶ᠎ᠠ ᠪᠥᠬᠦᠶ ᠦᠢᠯᠡᠴᠢᠯᠡᠭᠡ ᠶᠢ ᠭᠥᠷᠳᠡᠵᠦ | ᠪᠣᠯᠤᠨ᠎ᠠ᠃ | ᠬᠥᠲᠥᠯᠥᠭᠴᠢ᠄ ᠴᠢᠩᠱᠠᠨ ᠲᠣᠭᠤᠷᠢᠭ ᠪᠣᠯ ᠪᠦᠬᠦ ᠤᠯᠤᠰ ᠤᠨ ᠨᠡᠶᠢᠭᠡᠮ ᠲᠣᠭᠤᠷᠢᠭ ᠤᠨ ᠵᠠᠰᠠᠯᠲᠠ ᠶᠢᠨ | ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠣᠷᠣᠨ᠂ ᠬᠡᠳᠦᠨ ᠵᠢᠯ ᠤᠨ ᠲᠤᠷᠰᠢ᠂ ᠦᠷ᠎ᠡ | ᠪᠦᠲᠦᠮᠵᠢ ᠶᠠᠮᠠᠷ ᠪᠤᠢ︖ | ᠰᠤᠷᠪᠤᠯᠵᠢᠯᠠᠭ᠎ᠠ ᠬᠦᠯᠢᠶᠡᠭᠰᠡᠨ ᠵᠤᠴᠢᠨ ᠼᠤᠤ ᠵᠢᠤᠢ᠄ ᠮᠠᠨ ᠤ ᠲᠤᠭᠤᠷᠢᠭ 2012 ᠣᠨ ᠳᠤ ︽ᠵᠡᠭᠡᠯᠢ | ᠭᠤᠳᠤᠮᠵᠢ ᠶᠢ ᠨᠠᠷᠢᠯᠢᠭᠵᠢᠭᠤᠯᠬᠤ᠂ ᠨᠡᠶᠢᠭᠡᠮ ᠲᠣᠭᠤᠷᠢᠭ ᠢ ᠬᠦᠴᠦᠷᠬᠡᠭᠵᠢᠭᠦᠯᠬᠦ᠂ ᠦᠢᠯᠡᠴᠢᠯᠡᠭᠡ ᠶᠢ ᠠᠬᠢᠭᠤᠯᠬᠤ︾ | ᠦᠨᠳᠦᠰᠦᠨ ᠱᠠᠲᠤᠨ ᠤ ᠵᠠᠰᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠪᠦᠬᠦ ᠤᠯᠤᠰ ᠤᠨ ᠬᠤᠶᠠᠳᠤᠭᠠᠷ ᠪᠦᠯᠦᠭ ᠨᠡᠶᠢᠭᠡᠮ ᠲᠣᠭᠤᠷᠢᠭ ᠤᠨ ᠵᠠᠰᠠᠯᠲᠠ ᠪᠠ ᠦᠢᠯᠡᠴᠢᠯᠡᠭᠡᠨ ᠤ ᠰᠢᠨ᠎ᠡ ᠶᠢ | ᠡᠭᠦᠳᠬᠦ ᠲᠤᠷᠰᠢᠯᠲᠠ ᠶᠢᠨ ᠲᠣᠭᠤᠷᠢᠭ ᠪᠣᠯᠤᠨ᠎ᠠ᠃ ᠤᠢᠢᠷ᠎ᠠ ᠶᠢᠨ ᠵᠢᠯ ᠤᠳ ᠲᠤ᠂ ᠥᠭᠡᠷᠡᠴᠢᠯᠡᠯᠲᠡ ᠶᠢᠨ ᠦᠷ᠎ᠡ | ᠪᠦᠲᠦᠮᠵᠢ ᠨᠢ ᠭᠤᠤᠯᠳᠠᠭᠤ ᠰᠠᠭᠤᠭᠠᠯᠢ ᠠᠷᠠᠳ ᠤᠯᠠᠨ ᠳᠤ ᠦᠶ᠋ᠯᠡᠴᠢᠯᠡᠬᠦ ᠠᠷᠭ᠎ᠠ ᠪᠠᠷᠢᠯ ᠪᠠ ᠦᠷ᠎ᠡ ᠪᠦᠲᠦᠮᠵᠢ | ᠳᠡᠭᠡᠷ᠎ᠡ ᠢᠯᠡᠷᠡᠵᠦ ᠪᠠᠶᠢᠨ᠎ᠠ᠃ | ᠨᠢᠭᠡ ᠳᠤ ᠪᠦᠬᠦ ᠲᠤᠭᠤᠷᠢᠭ ᠢ 529 ᠲᠣᠣᠷᠯᠢᠭ ᠪᠣᠯᠭᠠᠨ ᠨᠠᠷᠢᠯᠢᠭᠵᠢᠭᠤᠯᠵᠤ᠂ ᠡᠯ᠎ᠡ ᠨᠡᠶᠢᠭᠡᠮ | ᠲᠣᠭᠤᠷᠢᠭ ᠤᠨ ᠰᠦᠯᠵᠢᠶᠡᠨ ᠤ ᠠᠵᠢᠯᠲᠠᠨ ᠭᠠᠷ ᠤᠲᠠᠰᠤᠨ ᠤ E ᠲᠤᠩ ᠢ ᠭᠦᠢᠴᠡᠳ ᠠᠰᠢᠭᠯᠠᠵᠤ᠂ ᠬᠠᠷᠢᠶ᠎ᠠ ᠳᠠᠬᠢ | ᠦᠨᠡᠨ ᠪᠣᠳᠠᠲᠠᠶ᠂ ᠬᠥᠳᠡᠯᠦᠩᠭᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠴᠤᠭᠯᠠᠭᠤᠯᠵᠤ᠂ ᠪᠦᠬᠦ ᠰᠦᠯᠵᠢᠶ᠎ᠡ ᠶᠢ | ᠬᠦᠴᠦᠯᠡᠨ ᠪᠦᠷᠬᠦᠵᠦ᠂ ᠰᠠᠭᠤᠭᠠᠯᠢ ᠠᠷᠠᠳ ᠭᠡᠷ ᠠᠴᠠ ᠪᠠᠨ ᠭᠠᠷᠬᠤ ᠦᠭᠡᠢ ᠪᠠᠷ ᠭᠡᠷ ᠲᠡᠭᠡᠨ ᠠᠵᠢᠯ ᠠᠴᠠ ᠪᠠᠨ | ᠠᠮᠠᠷᠠᠬᠤ ᠬᠢᠷᠢ ᠬᠡᠮ ᠤᠨ ᠭᠡᠷᠡᠴᠢᠯᠡᠯᠲᠡ᠂ 80 ᠨᠠᠰᠤᠨ ᠤ ᠥᠨᠳᠥᠷ ᠨᠠᠰᠤᠨ ᠤ ᠨᠡᠮᠡᠭᠦᠷᠢ ᠶᠢᠨ ᠭᠡᠷᠡᠴᠢᠯᠡᠯᠲᠡ᠂ | ᠪᠠᠶᠢᠭᠠᠯᠢ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠪᠠᠶᠢᠴᠠᠭᠠᠯᠲᠠ ᠵᠡᠷᠭᠡ ᠶᠢ ᠭᠦᠢᠴᠡᠳᠬᠡᠵᠦ᠂ ᠤᠯᠠᠨ | ᠲᠦᠮᠡᠨ ᠤ ᠮᠡᠳᠡᠷᠡᠬᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠦᠨᠡᠨ ᠬᠦ ᠴᠢᠩᠭᠠᠳᠬᠠᠨ᠎ᠠ᠃ ᠬᠤᠶᠠᠷ ᠲᠤ | ᠡᠯ᠎ᠡ ᠨᠡᠶᠢᠭᠡᠮ ᠲᠣᠭᠤᠷᠢᠭ ᠲᠤ《ᠨᠢᠭᠡ ᠥᠷᠲᠡᠭᠡ ᠮᠠᠶ᠋ᠢᠭ》 ᠤᠨ ᠦᠢᠯᠡᠴᠢᠯᠡᠭᠡᠨ ᠤ ᠲᠠᠩᠬᠢᠮ ᠪᠠᠶᠢᠭᠤᠯᠵᠦ᠂ ︽ᠨᠢᠭᠡ | ᠯᠡ ᠠᠮᠠ ᠬᠡᠯᠪᠡᠷᠢ︾ ᠶᠢᠨ ᠭᠥᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡ ᠶᠢ ᠬᠡᠷᠡᠭᠵᠢᠭᠦᠯᠵᠦ᠂ ︽ᠨᠢᠭᠡ ᠯᠡ | ᠥᠷᠲᠡᠭᠡᠨ ᠤ ᠬᠡᠯᠪᠡᠷᠢ ᠶᠢᠨ ᠪᠥᠬᠦ ᠠᠵᠢᠯ ᠤᠨ ᠪᠠᠶᠢᠷᠢ ᠳᠤ ᠨᠡᠪᠲᠡᠷᠡᠬᠦ + ᠪᠥᠬᠦ ᠶᠠᠪᠤᠴᠠ ᠪᠠᠷ ᠣᠷᠣᠯᠠᠨ | ᠭᠦᠢᠴᠡᠳᠭᠡᠬᠦ︾ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ︽ᠨᠢᠭᠡ ᠬᠥᠮᠦᠨ ᠨᠢ ᠠᠵᠢᠯ ᠤᠨ ᠪᠠᠶᠢᠷᠢ ᠳᠠᠭᠠᠨ | ᠪᠠᠶᠢᠵᠤ᠂ ᠤᠴᠢᠷ ᠶᠠᠪᠤᠳᠠᠯ ᠢ ᠨᠢ ᠨᠡᠶᠢᠳᠡᠮ ᠰᠢᠢᠳᠪᠦᠷᠢᠯᠡᠬᠦ︾ ᠶᠢ ᠪᠡᠶᠡᠯᠡᠭᠦᠯᠬᠦ ᠬᠡᠷᠡᠭᠲᠡᠶ᠃ ᠡᠮᠦᠨ᠎ᠡ ᠲᠠᠪᠴᠠᠩ ᠨᠢ | ᠠᠷᠠᠳ ᠲᠤ ᠳᠥᠭᠦᠮ ᠦᠵᠡᠭᠦᠯᠬᠦ 64 ᠵᠦᠢᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠭᠡᠵᠦ ᠪᠣᠯᠤᠨ᠎ᠠ᠂ | ᠡᠭᠦᠨ ᠳᠤ ᠭᠡᠷᠡᠴᠢᠯᠡᠬᠦ ᠲᠥᠷᠥᠯ᠂ ᠰᠢᠭᠤᠳ ᠭᠦᠢᠴᠡᠳᠭᠡᠬᠦ ᠲᠥᠷᠥᠯ᠂ ᠬᠤᠶᠠᠳᠤᠭᠠᠷ ᠳᠡᠰ ᠤᠨ ᠬᠢᠨᠠᠨ ᠵᠥᠪᠰᠢᠶᠡᠷᠡᠬᠦ | ᠲᠥᠷᠥᠯ᠂ ᠭᠤᠷᠪᠠᠳᠤᠭᠠᠷ ᠳᠡᠰ ᠤᠨ ᠬᠢᠨᠠᠨ ᠵᠥᠪᠰᠢᠶᠡᠷᠡᠬᠦ ᠲᠥᠷᠥᠯ ᠵᠢᠴᠢ ᠪᠤᠰᠤᠳ ᠦᠢᠯᠡᠴᠢᠯᠡᠭᠡᠨ ᠤ ᠲᠥᠷᠥᠯ ᠢ | ᠪᠠᠭᠲᠠᠭᠠᠨ᠎ᠠ᠃ ᠡᠭᠦᠨ ᠳᠤ᠂ ᠭᠡᠷᠡᠴᠢᠯᠡᠬᠦ ᠲᠥᠷᠥᠯ᠂ ᠰᠢᠭᠤᠳ ᠡᠷᠬᠢᠯᠡᠬᠦ ᠲᠥᠷᠥᠯ ᠵᠢᠴᠢ ᠪᠤᠰᠤᠳ ᠦᠢᠯᠡᠴᠢᠯᠡᠭᠡᠨ ᠤ | ᠲᠥᠷᠥᠯ᠂ ᠡᠭᠦᠨ ᠳᠤ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ ᠦᠷᠡᠵᠢᠯ ᠤᠨ ᠰᠦᠢᠳᠬᠡᠯ ᠲᠤᠰᠢᠶᠠᠬᠤ ᠵᠡᠷᠭᠡ | ᠦᠢᠯᠡᠴᠢᠯᠡᠭᠡ ᠶᠢ ᠪᠠᠭᠲᠠᠭᠠᠵᠤ᠂ ︽ᠨᠢᠭᠡ ᠯᠡ ᠠᠮᠠ ᠬᠡᠯᠪᠡᠷᠢ︾ ᠶᠢᠨ ᠬᠦᠯᠢᠶᠡᠨ ᠠᠪᠴᠤ ᠰᠢᠢᠳᠪᠦᠷᠢᠯᠡᠬᠦ | ᠦᠢᠯᠡᠴᠢᠯᠡᠭᠡᠨ ᠤ ᠰᠢᠰᠲ᠋ᠧᠮ ᠢᠶᠠᠷ ᠳᠠᠮᠵᠢᠭᠤᠯᠤᠨ᠂ ︽ᠢᠷᠡᠬᠦ ᠲᠠᠢ ᠵᠡᠷᠭᠡ ᠰᠢᠢᠳᠪᠦᠷᠢᠯᠡᠵᠦ᠂ ᠲᠡᠷᠡ ᠳᠠᠷᠤᠶ ᠳᠤᠨᠢ | ᠰᠢᠢᠳᠪᠦᠷᠢᠯᠡᠵᠦ ᠳᠠᠭᠤᠰᠬᠠᠬᠤ︾ ᠶᠢ ᠪᠡᠶᠡᠯᠡᠭᠦᠯᠬᠦ ᠬᠡᠷᠡᠭᠲᠡᠢ︔ ᠬᠤᠶᠠᠷ ᠭᠤᠷᠪᠠᠳᠤᠭᠠᠷ ᠳᠡᠰ ᠤᠨ ᠬᠢᠨᠠᠨ ᠵᠥᠪᠰᠢᠶᠡᠷᠡᠬᠦ | ᠵᠦᠢᠯᠡᠰ ᠢ ᠰᠠᠭᠤᠭᠠᠯᠢ ᠠᠷᠠᠳ ᠭᠤᠶᠤᠴᠢᠯᠠᠯ ᠢᠶᠠᠨ ᠲᠤᠰᠢᠶᠠᠵᠤ᠂ ᠨᠡᠶᠢᠭᠡᠮ ᠲᠣᠭᠤᠷᠢᠭ ᠤᠨ ᠪᠦᠬᠦ ᠶᠠᠪᠤᠴᠠ ᠪᠠᠷ | ᠣᠷᠣᠯᠠᠨ ᠭᠦᠢᠴᠡᠳᠭᠡᠵᠦ᠂ ᠠᠷᠠᠳ ᠤᠨ ᠲᠦᠯᠦᠭᠡ ᠵᠣᠪᠠᠨᠢᠯ ᠢ ᠦᠨᠡᠨᠬᠦ ᠠᠷᠢᠯᠭᠠᠬᠤ ᠬᠡᠷᠡᠭᠲᠡᠶ᠃ ᠭᠤᠷᠪᠠ ᠳᠤ | ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠪᠦᠬᠦ ᠲᠤᠭᠤᠷᠢᠭ ᠤᠨ 29 | ᠰᠠᠯᠠᠭ᠎ᠠ ᠮᠥᠴᠢᠷ ᠤᠨ 227 ᠲᠥᠷᠥᠯ ᠤᠨ ᠲᠤᠬᠠᠶᠢᠯᠠᠭᠰᠠᠨ ᠠᠵᠢᠯ ᠢ ᠰᠢᠰᠲ᠋ᠧᠮ ᠳᠤ ᠤᠷᠤᠭᠤᠯᠵᠦ᠂ ᠰᠠᠭᠤᠷᠢ | ᠳᠡᠯᠭᠡᠭᠦᠷ ᠤᠨ ᠠᠷᠠᠳ ᠢ ᠦᠢᠮᠡᠭᠦᠯᠬᠦ᠂ ᠭᠠᠯ ᠤᠨ ᠠᠶᠤᠯ ᠤᠨ ᠳᠠᠯᠳᠠ ᠭᠡᠮ᠂ ᠬᠤᠪᠢ ᠪᠠᠷ ᠢᠶᠠᠨ ᠪᠦᠲᠦᠭᠡᠨ | ᠪᠠᠶᠢᠭᠤᠯᠬᠤ᠂ ᠵᠠᠮ ᠡᠪᠳᠡᠷᠡᠬᠦ᠂ ᠵᠠᠮ ᠡᠵᠡᠯᠡᠭᠰᠡᠨ ᠡᠵᠡᠩᠨᠡᠯᠲᠡ᠂ ᠭᠡᠷ ᠪᠦᠯᠢ ᠶᠢᠨ ᠵᠥᠷᠢᠴᠡᠯ ᠵᠢᠭᠤᠷᠠᠯᠳᠤᠭᠠᠨ ᠢ | ᠡᠶᠡᠳᠡᠭᠦᠯᠬᠦ ᠵᠡᠷᠭᠡ ᠠᠰᠠᠭᠤᠳᠠᠯ ᠤᠨ ᠲᠥᠷᠥᠯ ᠪᠠ ᠯᠠᠪᠯᠠᠯᠭ᠎ᠠ ᠥᠭᠬᠦ ᠲᠦᠷᠦᠯ ᠤᠨ ᠵᠦᠢᠯᠡᠰ ᠪᠠᠭᠲᠠᠨ᠎ᠠ᠃ | ᠲᠣᠤᠷᠯᠠᠭᠴᠢ ᠡᠷᠦᠬᠡ ᠳᠤ ᠣᠷᠣᠵᠤ ᠲᠣᠭᠤᠷᠢᠨ ᠪᠠᠶᠢᠴᠠᠭᠠᠬᠤ ᠶᠠᠪᠤᠴᠠ ᠳᠤ ᠡᠭᠦᠷᠭᠡ ᠴᠢᠳᠠᠪᠤᠷᠢᠲᠤ ᠰᠠᠯᠠᠭ᠎ᠠ ᠮᠦᠴᠢᠷ | ᠤᠨ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ ᠣᠯᠵᠤ ᠮᠡᠳᠡᠭᠰᠡᠨ᠂ ᠡᠰᠡᠬᠦᠯ᠎ᠡ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠠᠰᠠᠭᠤᠨ ᠯᠠᠪᠯᠠᠬᠤ ᠠᠰᠠᠭᠤᠳᠠᠯ ᠪᠠᠶᠢᠵᠤ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ | ᠰᠢᠰᠲ᠋ᠧᠮ ᠢ ᠴᠠᠭ ᠲᠤᠬᠠᠶ ᠳᠤᠨᠢ ᠨᠡᠪᠲᠡᠷᠡᠭᠦᠯᠵᠦ᠂ ᠬᠦᠴᠦᠨ ᠴᠢᠳᠠᠪᠬᠢ ᠰᠲ᠋ᠣᠺ ᠢ ᠡᠯ᠎ᠡ ᠰᠠᠯᠠᠭ᠎ᠠ ᠮᠥᠴᠢᠷ ᠤᠨ | ᠡᠭᠦᠷᠭᠡ ᠴᠢᠳᠠᠪᠤᠷᠢ ᠪᠠᠷ ᠨᠢ ᠡᠯ᠎ᠡ ᠬᠤᠯᠪᠣᠭᠳᠠᠯ ᠪᠦᠬᠦᠢ ᠨᠢᠭᠡᠴᠡ ᠳᠤ ᠰᠢᠯᠵᠢᠭᠦᠯᠦᠨ ᠶᠠᠪᠤᠭᠤᠯᠵᠤ᠂ ᠲᠣᠭᠲᠠᠭᠰᠠᠨ | ᠬᠤᠭᠤᠴᠠᠭᠠᠨ ᠳᠤ ᠰᠢᠢᠳᠪᠦᠷᠢᠯᠡᠵᠦ ᠳᠠᠭᠤᠰᠬᠠᠬᠤ ᠪᠤᠶᠤ ᠬᠠᠷᠢᠭᠤᠯᠲᠠ ᠥᠭᠴᠦ᠂ ᠰᠠᠭᠤᠭᠠᠯᠢ ᠠᠷᠠᠳ ᠤᠨ | ᠳᠤᠰᠬᠠᠬᠰᠠᠨ ᠠᠰᠠᠭᠤᠳᠠᠯ ᠢ ᠲᠦᠷᠭᠡᠨ ᠰᠢᠢᠳᠪᠦᠷᠢᠯᠡᠭᠳᠡᠨ᠎ᠡ᠃ | ᠬᠥᠲᠥᠯᠥᠭᠴᠢ᠄ ᠴᠢᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠣᠷᠤᠭ | ᠳᠠᠩᠰᠠᠯᠠᠭᠤᠯᠬᠤ ᠠᠵᠢᠯ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠦᠢᠯᠡᠳᠦᠯᠭᠡᠵᠢᠭᠦᠯᠬᠦ ᠪᠣᠶ︖ | ᠰᠤᠷᠪᠤᠯᠵᠢᠯᠠᠭ᠎ᠠ ᠬᠦᠯᠢᠶᠡᠭᠰᠡᠨ ᠵᠤᠴᠢᠨ ᠼᠤᠤ ᠵᠢᠤᠢ᠄ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢᠨ ᠶᠡᠭᠡ ᠣᠷᠴᠢᠨ ᠨᠥᠬᠦᠴᠡᠯ ᠳᠣᠣᠷ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠣᠯᠠᠨ | ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠰᠠᠭ ᠢ ᠴᠣᠮᠬᠠᠳᠬᠠᠨ | ᠡᠷᠬᠡ ᠶᠢ ᠳᠣᠷᠣᠭᠰᠢ ᠪᠠᠭᠤᠯᠭᠠᠬᠤ ᠬᠠᠨᠳᠤᠯᠭᠠᠲᠦ ᠴᠢᠨᠠᠷ᠂ ᠪᠦᠲᠦᠮᠵᠢᠲᠦ ᠴᠢᠨᠠᠷ ᠢ ᠴᠢᠩᠭᠠᠳᠬᠠᠵᠦ᠂ ᠵᠠᠰᠠᠭ | ᠵᠠᠬᠢᠷᠭᠠᠨ ᠤ ᠡᠷᠬᠡ ᠲᠤᠰᠢᠶᠠᠯ ᠤᠨ ᠵᠦᠢᠯᠡᠰ ᠢ ᠨᠠᠷᠢᠨ ᠨᠢᠮᠪᠠᠶ ᠢᠯᠭᠠᠷᠠᠭᠤᠯᠤᠭᠰᠠᠨ ᠰᠠᠭᠤᠷᠢᠨ ᠳᠡᠭᠡᠷ᠎ᠡ᠂ ᠣᠷᠤᠭ | ᠳᠠᠩᠰᠠᠯᠠᠬᠤ ᠶᠢᠨ ︽ᠦᠨᠡᠮᠯᠡᠯ ᠢ ᠬᠠᠰᠤᠵᠤ ᠠᠷᠠᠳ ᠲᠤ ᠲᠥᠬᠦᠮ ᠦᠵᠡᠭᠦᠯᠬᠦ︾ ᠲᠤᠰᠬᠠᠶ ᠠᠵᠢᠯᠯᠠᠭ᠎ᠠ ᠶᠢ ᠡᠩ | ᠲᠡᠷᠢᠭᠦᠨ ᠳᠤ ᠦᠷᠨᠢᠭᠦᠯᠪᠡ᠃ ᠨᠢᠭᠡ ᠳᠤ ︽ᠬᠠᠤᠯᠢ ᠲᠣᠭᠲᠠᠭᠠᠯ ᠳᠤ ᠨᠡᠶᠢᠴᠡᠬᠦ᠂ ᠲᠣᠪᠴᠢ ᠠᠪᠰᠠᠷᠬᠠᠨ ᠪᠥᠭᠡᠳ | ᠬᠡᠷᠡᠭᠴᠡᠭᠡᠲᠡᠶ᠂ ᠤᠶᠢᠯᠭᠠᠮᠵᠢᠲᠠᠢ᠂ ᠢᠯᠡ ᠲᠣᠳᠣ ᠪᠠᠶᠢᠬᠤ︾ ᠵᠠᠷᠴᠢᠮ ᠶᠣᠰᠣᠭᠠᠷ᠂ ︽ᠤᠷᠤᠭ ᠤᠨ ᠪᠦᠷᠢᠳᠬᠡᠯ ᠤᠨ | ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠵᠦᠭᠯᠡᠭᠦᠷ︾ ᠢ ᠴᠠᠭ ᠲᠤᠬᠠᠶ ᠳᠤᠨᠢ ᠰᠢᠨᠡᠳᠬᠡᠨ ᠨᠠᠶᠢᠷᠠᠭᠤᠯᠵᠤ᠂ | ᠬᠡᠷᠡᠭᠰᠡᠬᠦ ᠮᠠᠲ᠋ᠧᠷᠢᠶᠠᠯ᠂ ᠰᠢᠢᠳᠪᠦᠷᠢᠯᠡᠬᠦ ᠶᠠᠪᠤᠴᠠ᠂ ᠭᠥᠯᠢᠶᠡᠨ ᠠᠪᠴᠤ ᠰᠢᠢᠳᠪᠦᠷᠢᠯᠡᠬᠦ ᠴᠠᠭ ᠬᠢᠵᠠᠭᠠᠷ᠂ ᠠᠵᠢᠯᠯᠠᠬᠤ | ᠴᠠᠭ᠂ ᠬᠢᠨᠠᠯᠲᠠ ᠲᠠᠯᠪᠢᠬᠤ ᠳ᠋ᠢᠶᠠᠩᠬᠤᠸᠠ ᠵᠡᠷᠭᠡ ᠶᠢ ᠨᠠᠩ ᠨᠠᠷᠢᠯᠢᠭᠵᠢᠭᠤᠯᠤᠨ ᠲᠣᠳᠣᠷᠬᠠᠶ ᠪᠣᠯᠭᠠᠵᠤ᠂ ︽ᠬᠤᠯᠪᠣᠭᠳᠠᠯ | ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ ᠲᠤᠰᠢᠶᠠᠬᠤ ᠶᠤᠰᠤᠲᠠᠢ ᠪᠤᠰᠤᠳ | ᠮᠠᠲ᠋ᠧᠷᠢᠶᠠᠯ︾ ᠵᠡᠷᠭᠡ ᠪᠠᠯᠠᠷᠬᠠᠶ ᠴᠢᠨᠠᠷᠲᠠᠶ ᠥᠭᠦᠯᠡᠯᠲᠡ ᠭᠠᠷᠭᠠᠬᠤ ᠶᠢ ᠲᠠᠰᠤ ᠵᠤᠭᠰᠤᠭᠠᠵᠦ᠂ ᠤᠴᠢᠷ ᠶᠠᠪᠤᠳᠠᠯ | ᠪᠦᠲᠦᠭᠡᠬᠦ ᠳᠤ ᠣᠯᠠᠨ ᠲᠦᠮᠡᠨ ᠲᠣᠪ ᠲᠣᠳᠣᠷᠬᠠᠶ ᠮᠡᠳᠡᠨ᠎ᠡ᠃ ᠡᠭᠦᠨ ᠠᠴᠠ ᠭᠠᠳᠠᠨ᠎ᠠ᠂ ᠬᠠᠮᠢᠶ᠎ᠠ ᠪᠥᠬᠦᠶ ᠠᠭᠤᠯᠭ᠎ᠠ ᠶᠢ | ᠴᠤ ᠳᠠᠩᠰᠠᠯᠠᠬᠤ ᠴᠣᠩᠬᠤᠨ ᠤ ᠢᠯᠡ ᠪᠠᠶᠢᠷᠢᠨ ᠳᠤ ᠬᠡᠷᠡᠮ ᠨᠠᠭᠠᠵᠤ ᠲᠠᠯᠪᠢᠵᠠᠶ᠃ ᠬᠤᠶᠠᠷ ᠲᠤ ᠳᠡᠩᠰᠡᠯᠡᠨ ᠲᠡᠮᠳᠡᠭᠯᠡᠬᠦ | ᠴᠤᠪᠤᠷᠠᠯ ᠢ ᠰᠢᠯᠢᠳᠡᠭᠵᠢᠭᠦᠯᠦᠨ᠎ᠡ᠃ ᠤᠶᠢᠷ᠎ᠠ ᠶᠢᠨ ᠵᠢᠯ ᠤᠨ ᠲᠤᠷᠰᠢ ᠨᠠᠰᠤᠲᠠᠶᠢᠴᠤᠳ ᠡᠷ᠎ᠡ ᠡᠮ᠎ᠡ ᠬᠤᠶᠠᠭᠤᠯᠠ ᠶᠢᠨ | ᠤᠷᠤᠭ ᠤᠨ ᠭᠡᠷᠡᠴᠢ ᠪᠠᠨ ᠭᠡᠭᠡᠭᠰᠡᠨ᠂ ᠠᠩᠬᠠᠨ ᠤ ᠤᠷᠤᠭ ᠤᠨ ᠳᠠᠩᠰᠠ ᠡᠪᠬᠡᠮᠡᠯ ᠦᠭᠡᠢ ᠪᠠᠶᠢᠳᠠᠯ ᠳᠤ ᠴᠢᠭᠯᠡᠭᠦᠯᠦᠨ᠂ | ᠨᠥᠬᠦᠨ ᠭᠦᠢᠴᠡᠳᠭᠡᠬᠦ ᠳᠠᠩᠰᠠᠯᠠᠯᠲᠠ ᠬᠢᠬᠦ ᠶᠠᠪᠤᠴᠠ ᠳᠤ ᠭᠡᠷᠡᠴᠢ ᠳᠤᠷᠠᠳᠬᠤ ᠳᠤ ᠬᠦᠴᠢᠷᠲᠡᠶ᠂ ᠭᠦᠢᠴᠡᠳᠭᠡᠬᠦ ᠳᠤ | ᠬᠦᠴᠢᠷᠲᠡᠢ ᠠᠰᠠᠭᠤᠳᠠᠯ ᠭᠠᠷᠤᠭᠰᠠᠨ ᠪᠠᠶᠢᠨ᠎ᠠ᠃ ᠮᠠᠨ ᠤ ᠲᠣᠪᠴᠢᠶᠠᠨ ᠤ ᠳᠠᠷᠤᠭ᠎ᠠ ᠶᠢᠨ ᠠᠯᠪᠠᠨ ᠠᠵᠢᠯ ᠤᠨ | ᠬᠤᠷᠠᠯ ᠢᠶᠠᠷ ᠰᠤᠳᠤᠯᠤᠨ ᠲᠣᠭᠲᠠᠭᠠᠵᠤ᠂ ᠡᠷ᠎ᠡ ᠡᠮ᠎ᠡ ᠬᠤᠶᠠᠷ ᠡᠲᠡᠭᠡᠳ ᠤᠨ ᠡᠷᠦᠬᠡ ᠠᠮᠠ ᠨᠢ ᠠᠳᠠᠯᠢ ᠨᠢᠭᠡᠨ | ᠡᠷᠦᠬᠡ ᠠᠮᠠ ᠶᠢᠨ ᠳᠡᠪᠲᠡᠷ ᠲᠤ ᠣᠷᠤᠭ ᠤᠨ ᠬᠠᠷᠢᠴᠠᠭ᠎ᠠ ᠢᠯᠡᠷᠡᠵᠦ ᠪᠠᠶᠢᠪᠠᠯ᠂ ᠭᠤᠶᠤᠴᠢᠯᠠᠭᠴᠢ ᠪᠢᠴᠢᠭ ᠢᠶᠠᠷ | ᠠᠮᠠᠯᠠᠬᠤ᠂ ᠭᠠᠷ ᠤᠨ ᠥᠰᠥᠭ ᠵᠢᠷᠤᠵᠤ ᠢᠯᠡᠷᠬᠡᠶᠢᠯᠡᠬᠦ ᠠᠷᠭ᠎ᠠ ᠮᠠᠶ᠋ᠢᠭ ᠢᠶᠠᠷ ᠭᠤᠶᠤᠴᠢᠯᠠᠵᠤ᠂ ᠲᠤᠬᠠᠶ ᠶᠢᠨ ᠬᠥᠮᠦᠨ ᠤ | ᠬᠠᠩᠭᠠᠭᠰᠠᠨ ᠰᠢᠭᠤᠳ ᠲᠦᠷᠦᠯ ᠰᠠᠳᠤᠨ ᠤ ᠭᠡᠷᠡᠴᠢᠯᠡᠬᠦ ᠮᠠᠲ᠋ᠧᠷᠢᠶᠠᠯ ᠭᠡᠬᠦ ᠨᠢᠭᠡ ᠵᠦᠢᠯ ᠢ ᠬᠦᠴᠦᠨ ᠦᠭᠡᠢ | ᠪᠣᠯᠭᠠᠪᠠ᠃ ︽ᠬᠠᠴᠢᠨ ᠵᠢᠭᠲᠡᠶ ᠭᠡᠷᠡᠴᠢᠯᠡᠯ᠂ ᠣᠷᠴᠢᠯ ᠤᠨ ᠭᠡᠷᠡᠴᠢᠯᠡᠯ᠂ ᠲᠦᠯᠬᠢᠯᠴᠡᠬᠦ ᠭᠡᠷᠡᠴᠢᠯᠡᠯ᠂ ᠬᠡᠷᠡᠭ ᠦᠭᠡᠢ | ᠭᠡᠷᠡᠴᠢᠯᠡᠯ︾ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠵᠦ ᠵᠠᠶᠢᠯᠠᠭᠤᠯᠪᠠ᠃ ᠭᠤᠷᠪᠠ ᠳᠤ ᠣᠯᠠᠨ ᠲᠦᠮᠡᠨ ᠤ | ᠤᠴᠢᠷ ᠶᠠᠪᠤᠳᠠᠯ ᠰᠢᠢᠳᠪᠦᠷᠢᠯᠡᠬᠦ ᠥᠩᠭᠡᠷᠡᠯᠲᠡ ᠶᠢ ᠪᠦᠲᠦᠮᠵᠢᠲᠡᠶ ᠰᠠᠶᠢᠵᠢᠷᠠᠭᠤᠯᠬᠤ ᠶᠢᠨ ᠲᠥᠯᠥᠭᠡ᠂ ᠣᠷᠤᠭ | ᠳᠠᠩᠰᠠᠯᠠᠬᠤ ᠦᠢᠯᠡᠴᠢᠯᠡᠭᠡᠨ ᠤ ︽ᠵᠥᠭᠡᠯᠡᠨ ᠣᠷᠴᠢᠨ ᠲᠣᠭᠤᠷᠢᠨ︾ ᠢ ᠳᠡᠭᠡᠭᠰᠢᠯᠡᠭᠦᠯᠵᠦ᠂ ᠳᠠᠩᠰᠠᠯᠠᠬᠤ ᠲᠢᠩᠭᠢᠮ ᠳᠤ | ᠲᠤᠰᠬᠠᠶᠢᠯᠠᠨ ᠣᠷᠤᠭ ᠳᠠᠩᠰᠠᠯᠠᠬᠤ ᠠᠷᠠᠳ ᠲᠤ ᠳᠥᠭᠦᠮ ᠦᠵᠡᠭᠦᠯᠬᠦ ᠠᠷᠠᠯ ᠤᠨ ᠲᠠᠪᠴᠠᠩ ᠭᠠᠷᠭᠠᠵᠤ᠂ ᠤᠷᠤᠭ ᠤᠨ | ᠲᠤᠬᠠᠶ ᠶᠢᠨ ᠬᠥᠮᠦᠨ ᠳᠤ ᠳᠠᠩᠰᠠᠯᠠᠬᠤ ᠴᠢᠬᠤᠯᠠ ᠨᠥᠬᠦᠴᠡᠯ ᠢ ᠰᠦᠢᠳᠬᠡᠯ ᠬᠤᠷᠢᠶᠠᠬᠤ ᠦᠭᠡᠢ ᠪᠠᠷ ᠪᠠᠭᠤᠯᠭᠠᠬᠤ | ᠦᠢᠯᠡᠴᠢᠯᠡᠭᠡ᠂ ᠭᠠᠷ ᠤᠲᠠᠰᠤᠨ ᠳᠤ ᠰᠦᠢᠳᠬᠡᠯ ᠬᠤᠷᠢᠶᠠᠬᠤ ᠦᠭᠡᠢ ᠪᠠᠷ ᠴᠠᠬᠢᠯᠭᠠᠨ ᠴᠡᠨᠡᠭᠯᠡᠬᠦ ᠦᠢᠯᠡᠴᠢᠯᠡᠭᠡ᠂ | ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠵᠡᠷᠭᠡ ᠦᠢᠯᠡᠴᠢᠯᠡᠭᠡ ᠬᠠᠩᠭᠠᠵᠤ᠂ ᠲᠤᠬᠠᠶ ᠶᠢᠨ ᠬᠥᠮᠦᠨ ᠤ | ᠨᠢᠭᠡᠳᠦᠯᠲᠡᠶ ᠰᠠᠶᠢᠨ ᠦᠨᠡᠯᠡᠯᠲᠡ ᠶᠢ ᠣᠯᠵᠠᠶ᠃ | ᠬᠥᠲᠥᠯᠥᠭᠴᠢ᠄ ᠴᠢᠩᠱᠠᠨ ᠲᠣᠭᠤᠷᠢᠭ ᠪᠥᠬᠦ ᠠᠷᠠᠳ ᠤᠨ ᠰᠠᠶᠢᠨ ᠳᠤᠷᠠᠴᠤᠳ ᠤᠨ ᠦᠢᠯᠡᠴᠢᠯᠡᠭᠡ ᠶᠢ | ᠠᠬᠢᠭᠤᠯᠬᠤ ᠲᠠᠯ᠎ᠠ ᠪᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠣᠶ︖ | ᠰᠤᠷᠪᠤᠯᠵᠢᠯᠠᠭ᠎ᠠ ᠬᠦᠯᠢᠶᠡᠭᠰᠡᠨ ᠵᠤᠴᠢᠨ ᠼᠤᠤ ᠵᠢᠤᠢ᠄ ᠨᠢᠭᠡ ᠳᠤ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠥᠪᠡᠷᠲᠡᠭᠡᠨ ᠵᠠᠰᠠᠬᠤ ᠦᠢᠯᠡᠳᠦᠯ ᠢ ᠭᠦᠢᠴᠡᠳ ᠪᠠᠳᠠᠷᠠᠭᠤᠯᠵᠦ᠂ ᠰᠠᠭᠤᠭᠠᠯᠢ ᠠᠷᠠᠳ ᠤᠨ ᠥᠪᠡᠷᠲᠡᠭᠡᠨ | ᠵᠠᠰᠠᠬᠤ ᠤᠭ ᠬᠥᠳᠡᠯᠭᠡᠬᠦ ᠬᠦᠴᠦᠨ ᠢ ᠬᠥᠭᠵᠢᠭᠡᠵᠦ᠂ ᠠᠰᠠᠷ ᠤᠨ ᠳᠠᠷᠤᠭ᠎ᠠ ᠶᠢᠨ ᠰᠠᠶᠢᠨ ᠳᠤᠷ᠎ᠠ ᠶᠢᠨ | ᠠᠵᠢᠯᠯᠠᠭᠴᠢ ᠶᠢᠨ ᠠᠵᠢᠯ ᠤᠨ ᠬᠠᠤᠯᠢ ᠶᠢ ᠳᠤᠷᠠᠳᠴᠤ᠂ ︽ᠢᠨᠲ᠋ᠧᠷ ᠰᠦᠯᠵᠢᠶ᠎ᠡ +︾ ᠲᠠᠪᠴᠠᠩ ᠢ ᠬᠡᠷᠡᠭᠯᠡᠵᠦ᠂ | ᠠᠰᠠᠷ ᠤᠨ ᠪᠢᠴᠢᠯ ᠵᠠᠬᠢᠳᠠᠯ ᠤᠨ ᠪᠦᠯᠦᠭᠯᠡᠯ ᠢ ᠪᠠᠶᠢᠭᠤᠯᠵᠤ᠂ ᠭᠠᠳᠠᠭᠰᠢ ᠭᠠᠷᠬᠤ ᠦᠭᠡᠢ ᠪᠣᠯ ᠠᠭᠤᠯᠵᠠᠵᠤ ᠪᠠᠶᠢᠭᠠᠳ | ᠨᠡᠶᠢᠭᠡᠮ ᠲᠣᠭᠤᠷᠢᠭ ᠤᠨ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠴᠢᠩᠭ᠎ᠠ ᠨᠢᠭᠲᠠ | ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠬᠡᠷᠡᠭᠲᠡᠶ᠃ ᠴᠢᠩᠱᠠᠨ ᠣᠳᠣ 3716 ᠰᠠᠭᠤᠷᠢ ᠠᠰᠠᠷ ᠲᠠᠢ᠂ ᠣᠳᠣ | ᠨᠢᠭᠡᠨᠲᠡ 3459 ᠰᠠᠭᠤᠷᠢ ᠠᠰᠠᠷ ᠤᠨ ᠳᠠᠷᠤᠭ᠎ᠠ ᠪᠠᠶᠢᠭᠤᠯᠪᠠ᠃ ᠠᠰᠠᠷ ᠤᠨ ᠸᠢᠴᠠᠲ ᠤᠨ ᠰᠦᠷᠦᠭ ᠲᠤ᠂ ᠰᠠᠶᠢᠨ | ᠳᠤᠷ᠎ᠠ ᠶᠢᠨ ᠠᠵᠢᠭᠯᠠᠭᠰᠠᠳ ᠨᠡᠶᠢᠭᠡᠮ ᠤᠨ ᠪᠠᠶᠢᠳᠠᠯ ᠤᠨ ᠠᠷᠠᠳ ᠤᠨ ᠰᠠᠨᠠᠭ᠎ᠠ ᠶᠢ ᠴᠤᠭᠯᠠᠭᠤᠯᠵᠤ᠂ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠵᠤ᠂ ᠰᠠᠭᠤᠭᠠᠯᠢ ᠠᠷᠠᠳ ᠤᠨ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ | ᠨᠠᠩ ᠰᠠᠶᠢᠲᠤᠷ ᠪᠡᠶᠡᠯᠡᠭᠦᠯᠦᠨ᠎ᠡ᠃ ᠬᠤᠶᠠᠷ ᠲᠤ ᠴᠢᠩᠱᠠᠨ ᠲᠣᠭᠤᠷᠢᠭ ᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠲᠦᠰᠢᠭᠯᠡᠨ ᠴᠢᠩᠱᠠᠨ | ᠲᠣᠭᠤᠷᠢᠭ ᠤᠨ ᠨᠠᠮ ᠤᠨ ᠪᠠᠶᠢᠭᠤᠯᠤᠯᠲᠠ· ᠰᠠᠶᠢᠨ ᠳᠤᠷ᠎ᠠ ᠶᠢᠨ ᠠᠶᠢᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ | ᠪᠥᠬᠦ ᠴᠢᠩᠱᠠᠨ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢ᠂ ᠰᠠᠶᠢᠨ ᠳᠤᠷ᠎ᠠ ᠶᠢᠨ ᠦᠢᠯᠡᠴᠢᠯᠡᠭᠡᠨ ᠤ | ᠵᠤᠬᠢᠶᠠᠨ ᠪᠠᠶᠢᠭᠤᠯᠤᠯᠲᠠ ᠳᠤ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠬᠤᠶᠠᠷ ᠰᠠᠶᠢᠨ ᠳᠤᠷ᠎ᠠ ᠶᠢᠨ | ᠦᠢᠯᠡᠴᠢᠯᠡᠭᠡᠨ ᠤ ᠳᠡᠩᠰᠡᠯᠡᠨ ᠬᠠᠮᠢᠶᠠᠷᠬᠤ ᠡᠬᠢ ᠪᠠᠶᠠᠯᠢᠭ ᠤᠨ ᠲᠠᠪᠴᠠᠩ ᠢ ᠪᠠᠶᠢᠭᠤᠯᠵᠤ ᠥᠭᠭᠦᠨ᠎ᠡ︔ ᠪᠤᠶᠢᠵᠢᠭᠤᠯᠬᠤ | ᠲᠣᠭᠤᠷᠢᠭ᠂ ᠨᠡᠶᠢᠭᠡᠮ ᠲᠣᠭᠤᠷᠢᠭ᠂ ᠨᠡᠶᠢᠭᠡᠮ ᠲᠣᠭᠤᠷᠢᠭ ᠤᠨ ᠲᠣᠤᠷᠯᠢᠭ ︽ᠭᠤᠷᠪᠠᠨ ᠱᠠᠲᠤᠨ ᠤ ᠰᠠᠶᠢᠨ ᠳᠤᠷ᠎ᠠ ᠶᠢᠨ | ᠦᠢᠯᠡᠴᠢᠯᠡᠭᠡᠨ ᠤ ᠲᠣᠤᠷ ᠰᠦᠯᠵᠢᠶ᠎ᠡ︾︔ ᠵᠣᠯᠭᠠᠯᠳᠤᠭᠤᠯᠬᠤ᠂ ᠨᠡᠪᠴᠢᠭᠦᠯᠬᠦ᠂ ᠨᠡᠶᠢᠭᠡᠮ ᠤᠨ ᠵᠠᠰᠠᠯᠲᠠ᠂ | ᠬᠦᠴᠢᠷᠳᠡᠯ ᠠᠴᠠ ᠠᠪᠤᠷᠠᠨ ᠲᠤᠰᠠᠯᠠᠬᠤ᠂ ᠪᠠᠭᠤᠷᠠᠢ ᠬᠠᠮᠲᠤᠯᠢᠭ ᠢ ᠲᠡᠳᠬᠦᠬᠦ᠂ ᠨᠣᠭᠤᠭᠠᠷᠠᠭᠤᠯᠤᠯᠲᠠ ᠣᠷᠴᠢᠨ | ᠲᠣᠭᠤᠷᠢᠨ ᠤ ᠬᠠᠮᠠᠭᠠᠯᠠᠯᠲᠠ᠂ ᠰᠣᠶᠣᠯ ᠤᠨ ᠪᠠᠶᠢᠭᠤᠯᠤᠯᠲᠠ᠂ ᠣᠶᠤᠨ ᠤ ᠪᠣᠯᠪᠠᠰᠤᠨ ᠤ ᠪᠠᠶᠢᠭᠤᠯᠤᠯᠲᠠ ᠵᠡᠷᠭᠡ | ᠵᠢᠷᠭᠤᠭᠠᠨ ᠲᠥᠷᠥᠯ ᠤᠨ ᠣᠨᠴᠠᠯᠢᠭ ᠪᠥᠬᠦᠶ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢ ᠳᠡᠮᠵᠢᠨ᠎ᠡ︔ | ᠰᠠᠶᠢᠨ ᠳᠤᠷ᠎ᠠ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢᠨ ᠪᠣᠯᠪᠠᠰᠤᠷᠠᠭᠤᠯᠤᠯ᠂ ᠦᠨᠡᠯᠡᠬᠦ᠂ | ᠬᠡᠷᠡᠭᠴᠡᠭᠡ ᠱᠠᠭᠠᠷᠳᠠᠯᠭ᠎ᠠ ᠶᠢᠨ ᠪᠠᠶᠢᠴᠠᠭᠠᠯᠲᠠ ᠵᠡᠷᠭᠡ ᠦᠢᠯᠡᠴᠢᠯᠡᠭᠡ ᠬᠠᠩᠭᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ | ᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠭᠤᠭᠠᠯᠢ ᠠᠷᠠᠳ ᠤᠨ ᠣᠯᠠᠨ ᠡᠰᠢᠵᠢᠭᠰᠡᠨ ᠬᠡᠷᠡᠭᠴᠡᠭᠡ | ᠱᠠᠭᠠᠷᠳᠠᠯᠭ᠎ᠠ ᠶᠢᠨ ᠦᠢᠯᠡᠴᠢᠯᠡᠭᠡᠨ ᠢ ᠬᠠᠩᠭᠠᠨ᠎ᠠ᠃ | ᠬᠥᠲᠥᠯᠥᠭᠴᠢ᠄ ᠴᠢᠩᠱᠠᠨ ᠲᠣᠭᠤᠷᠢᠭ ᠤᠨ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾ ᠶᠢ | ᠬᠢᠷᠢ ᠵᠡᠷᠭᠡ ᠨᠠᠶᠢᠳᠠᠪᠤᠷᠢᠵᠢᠭᠤᠯᠤᠭᠰᠠᠨ ᠪᠣᠶ︖ ᠵᠡᠮᠳᠡᠭᠴᠦᠳ ᠤᠨ ᠠᠰᠠᠷᠠᠮᠵᠢ ᠶᠢᠨ ᠲᠦᠷᠢᠮ ᠢ ᠪᠠᠲᠤᠯᠠᠭᠰᠠᠨ ᠦᠦ︖ | | ᠰᠤᠷᠪᠤᠯᠵᠢᠯᠠᠭ᠎ᠠ ᠬᠦᠯᠢᠶᠡᠭᠰᠡᠨ ᠵᠤᠴᠢᠨ ᠼᠤᠤ ᠵᠢᠤᠢ᠄ ᠨᠢᠭᠡ ᠳᠤ ︽ᠬᠦᠴᠢᠷᠳᠡᠯᠲᠡᠶ ᠵᠡᠮᠳᠡᠭᠴᠦᠳ ᠤᠨ | ᠠᠮᠢᠳᠤᠷᠠᠯ ᠤᠨ ᠨᠥᠬᠦᠪᠥᠷᠢ ᠪᠠ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢᠨ ᠳᠦᠷᠢᠮ ᠢ ᠪᠦᠬᠦ | ᠲᠠᠯ᠎ᠠ ᠪᠠᠷ ᠪᠠᠶᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠬᠢᠨᠠᠮᠠᠭᠠᠶ | ᠨᠠᠶᠢᠲᠠᠪᠦᠷᠢᠵᠢᠭᠤᠯᠵᠦ᠂ ᠵᠡᠮᠳᠡᠭᠴᠦᠳ ᠤᠨ ᠣᠨᠴᠣᠭᠤᠶ ᠠᠮᠢᠳᠤᠷᠠᠯ ᠤᠨ ᠬᠦᠴᠢᠷᠳᠡᠯ ᠪᠠ ᠬᠠᠷᠠᠭᠠᠯᠵᠠᠬᠤ | ᠬᠦᠴᠢᠷᠳᠡᠯ ᠤᠨ ᠠᠰᠠᠭᠤᠳᠠᠯ ᠢ ᠦᠨᠡᠨᠬᠦ ᠪᠦᠲᠦᠮᠵᠢᠲᠡᠶ ᠰᠢᠢᠳᠪᠦᠷᠢᠯᠡᠪᠡ᠃ ᠬᠤᠶᠠᠷ ᠲᠤ ᠨᠥᠬᠦᠴᠡᠯ ᠳᠤ ᠨᠡᠶᠢᠴᠡᠬᠦ | ᠰᠠᠶᠢᠨ ᠳᠤᠷ᠎ᠠ ᠠᠴᠠ ᠪᠠᠨ ᠭᠤᠶᠤᠴᠢᠯᠠᠬᠤ᠂ ᠢᠯᠡ ᠨᠡᠶᠢᠲᠡᠯᠡᠬᠦ᠂ ᠱᠠᠲᠤ ᠳᠠᠷᠠᠭᠠᠯᠠᠨ ᠬᠢᠨᠠᠨ ᠬᠠᠷᠭᠤᠭᠤᠯᠵᠤ᠂ ᠰᠠᠷ᠎ᠠ | ᠪᠦᠷᠢ ᠶᠢᠨ 10 ᠤ ᠡᠳᠦᠷ ᠠᠴᠠ ᠡᠮᠦᠨ᠎ᠡ ︽ᠪᠦᠬᠦᠨ ᠳᠤ ᠳᠣᠭᠢᠷᠠᠬᠤ ᠺᠠᠷᠲ︾ ᠢᠶᠠᠷ ᠳᠠᠮᠵᠢᠭᠤᠯᠤᠨ ᠪᠠᠯᠠ ᠮᠥᠩᠭᠦ ᠶᠢ | ᠬᠥᠮᠦᠨ ᠳᠤ ᠣᠯᠭᠤᠨ᠎ᠠ᠃ ᠭᠤᠷᠪᠠ ᠳᠤ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠬᠢᠨᠠᠵᠤ᠂ ᠪᠤᠴᠠᠭᠠᠬᠤ | ᠶᠣᠰᠣᠲᠠᠶ ᠶᠢ ᠨᠢ ᠪᠦᠬᠦᠨ ᠢ ᠪᠤᠴᠠᠭᠠᠬᠤ ᠬᠥᠳᠡᠯᠦᠩᠭᠦᠶ ᠬᠠᠮᠢᠶᠠᠷᠤᠯᠲᠠ ᠶᠢ ᠪᠡᠶᠡᠯᠡᠭᠦᠯᠦᠨ᠎ᠡ᠃ ᠳᠥᠷᠪᠡ ᠳᠤ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠠᠮᠢᠳᠤᠷᠠᠯ ᠤᠨ ᠰᠤᠪᠢᠯᠠᠯᠲᠠ ᠶᠢᠨ ᠵᠠᠷᠤᠳᠠᠯ ᠠᠪᠬᠤ᠂ ᠣᠨᠴᠠ | ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠪᠠᠲᠤᠯᠠᠭ᠎ᠠ ᠳᠤ ᠣᠷᠣᠭᠤᠯᠤᠭᠰᠠᠨ ᠵᠡᠮᠳᠡᠭᠴᠦᠳ ᠲᠤ ᠭᠦᠨ ᠲᠡᠰ ᠤᠨ | ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠬᠦᠷᠲᠡᠭᠡᠬᠦ ᠦᠭᠡᠢ᠃ | ᠬᠥᠲᠥᠯᠥᠭᠴᠢ᠄ ᠴᠢᠩᠱᠠᠨ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ | ᠪᠠᠶᠢᠳᠠᠯ ᠶᠠᠮᠠᠷ ᠪᠣᠶ︖ ᠴᠢᠩᠱᠠᠨ ᠲᠣᠭᠤᠷᠢᠭ ᠨᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ | ᠣᠷᠴᠢᠨ ᠲᠣᠭᠤᠷᠢᠨ ᠢ ᠬᠡᠷᠬᠢᠨ ᠰᠢᠯᠢᠳᠡᠭᠵᠢᠭᠦᠯᠳᠡᠭ ᠪᠣᠶ︖ | ᠰᠤᠷᠪᠤᠯᠵᠢᠯᠠᠭ᠎ᠠ ᠬᠦᠯᠢᠶᠡᠭᠰᠡᠨ ᠵᠤᠴᠢᠨ ᠼᠤᠤ ᠵᠢᠤᠢ᠄ ︽ᠰᠠᠭᠤᠷᠢ ᠮᠥᠩᠭᠦᠨ ᠤ ᠨᠡᠶᠢᠭᠡᠮᠯᠢᠭ ᠤᠨ ᠳᠠᠩᠰᠠᠯᠠᠨ | ᠬᠠᠮᠢᠶᠠᠷᠬᠤ ᠳᠦᠷᠢᠮ︾᠂ ︽ᠨᠡᠶᠢᠭᠡᠮ ᠤᠨ ᠪᠦᠯᠬᠦᠮ ᠤᠨ ᠳᠠᠩᠰᠠᠯᠠᠨ ᠬᠠᠮᠢᠶᠠᠷᠬᠤ ᠳᠦᠷᠢᠮ︾ ᠪᠠ ︽ᠠᠷᠠᠳ ᠠᠴᠠ | ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢ ᠳᠠᠩᠰᠠᠯᠠᠨ ᠬᠠᠮᠢᠶᠠᠷᠬᠤ ᠲᠦᠷ ᠬᠡᠷᠡᠭᠵᠢᠭᠦᠯᠬᠦ ᠳᠦᠷᠢᠮ︾ ᠤᠨ | ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠴᠢᠩᠱᠠᠨ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠳᠠᠬᠢ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠠᠩᠰᠠᠯᠠᠨ ᠬᠠᠮᠢᠶᠠᠷᠬᠤ ᠠᠵᠢᠯ ᠤᠷᠤᠭᠰᠢᠲᠠᠶ ᠶᠠᠪᠤᠭᠳᠠᠬᠤ ᠳᠤ ᠳᠥᠭᠦᠮ | ᠦᠵᠡᠭᠦᠯᠬᠦ ᠶᠢᠨ ᠲᠥᠯᠥᠭᠡ ᠥᠷᠭᠡᠨ ᠣᠯᠠᠨ ᠠᠷᠠᠳ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠤᠷᠲᠤ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠶᠢᠨ ᠰᠠᠶᠢᠨ | ᠰᠠᠶᠢᠬᠠᠨ ᠬᠥᠭᠵᠢᠯᠲᠡ ᠶᠢ ᠠᠬᠢᠭᠤᠯᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠨᠠᠷᠢᠨ ᠨᠢᠮᠪᠠᠶ | ᠢᠯᠭᠠᠷᠠᠭᠤᠯᠤᠭᠰᠠᠨ ᠰᠠᠭᠤᠷᠢᠨ ᠳᠡᠭᠡᠷ ᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠨ ᠲᠡᠮᠳᠡᠭᠯᠡᠬᠦ | ︽ᠳᠤᠲᠠᠭᠳᠠᠵᠤ ᠪᠠᠶᠢᠭ᠎ᠠ ᠶᠢ ᠪᠠᠭᠲᠠᠭᠠᠬᠤ ᠶᠢᠨ ᠤᠷᠢᠳᠴᠢᠯᠠᠨ ᠬᠢᠨᠠᠬᠤ︾ ᠳᠠᠩᠰᠠᠯᠠᠨ ᠲᠡᠮᠳᠡᠭᠯᠡᠬᠦ ᠠᠵᠢᠯ ᠢ ᠡᠩ | ᠲᠡᠷᠢᠭᠦᠨ ᠳᠤ ᠦᠷᠨᠢᠭᠦᠯᠬᠦ ᠬᠡᠷᠡᠭᠲᠡᠶ᠃ ᠨᠢᠭᠡ ᠳᠤ ︽ᠪᠤᠭᠤᠲᠤ ᠬᠤᠲᠠ ᠶᠢᠨ ᠭᠠᠴᠠᠭ᠎ᠠ ᠲᠣᠰᠬᠤᠨ ᠤ ᠬᠠᠮᠲᠤ ᠶᠢᠨ | ᠠᠵᠤ ᠠᠬᠤᠢ ᠶᠢᠨ ︿ᠪᠦᠬᠦᠨ ᠢ ᠢᠯᠭᠠᠷᠠᠭᠤᠯᠵᠦ ᠠᠬᠢᠨ ᠨᠡᠮᠡᠭᠳᠡᠭᠦᠯᠬᠦ﹀ ᠠᠵᠢᠯᠯᠠᠭ᠎ᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ︾ ᠶᠢᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠲᠤᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠨ ᠲᠡᠮᠳᠡᠭᠯᠡᠵᠦ ᠪᠠᠶᠢᠭᠠᠳ ᠳᠤᠲᠠᠭᠳᠠᠵᠤ ᠪᠠᠶᠢᠭ᠎ᠠ ᠪᠠᠶᠢᠳᠠᠯ ᠢ | ᠤᠷᠢᠳᠴᠢᠯᠠᠨ ᠬᠢᠨᠠᠬᠤ ᠠᠵᠢᠯ ᠢ ᠥᠷᠨᠢᠭᠦᠯᠬᠦ ᠪᠠᠷ ᠪᠠᠶᠢᠭ᠎ᠠ ᠲᠥᠷᠥᠯ ᠬᠤᠪᠢᠶᠠᠨ ᠳᠠᠩᠰᠠᠯᠠᠨ ᠲᠡᠮᠳᠡᠭᠯᠡᠨ᠎ᠡ | ︵ᠳᠤᠲᠠᠭᠳᠠᠵᠤ ᠪᠠᠶᠢᠭ᠎ᠠ ᠵᠦᠢᠯ ᠢ ᠤᠷᠢᠳᠴᠢᠯᠠᠨ ᠬᠢᠨᠠᠨ ᠲᠡᠮᠳᠡᠭᠯᠡᠬᠦ ᠭᠡᠳᠡᠭ ᠨᠢ ᠳᠠᠩᠰᠠᠯᠠᠨ ᠲᠡᠮᠳᠡᠭᠯᠡᠬᠦ ᠶᠠᠪᠤᠴᠠ ᠳᠤ | ᠴᠢᠬᠤᠯᠠ ᠪᠦᠬᠦᠢ ᠬᠦᠴᠦᠨ ᠪᠦᠬᠦᠢ ᠪᠢᠴᠢᠭ ᠮᠠᠲ᠋ᠧᠷᠢᠶᠠᠯ ᠢᠶᠠᠨ ᠲᠤᠰᠢᠶᠠᠪᠠᠯ ᠤᠷᠢᠳᠠᠪᠠᠷ ᠳᠠᠩᠰᠠᠯᠠᠨ ᠲᠡᠮᠳᠡᠭᠯᠡᠬᠦ ᠶᠢ | ᠵᠢᠭᠠᠵᠤ ᠪᠣᠢ︶᠃ ᠬᠤᠶᠠᠷ ᠲᠤ᠂ ᠳᠡᠩᠰᠡᠯᠡᠨ ᠬᠠᠮᠢᠶᠠᠷᠬᠤ ᠪᠠᠶᠢᠭᠤᠯᠭ᠎ᠠ ᠨᠢ ᠪᠠᠶᠢᠭᠤᠯᠤᠭᠳᠠᠭᠰᠠᠨ ᠳᠡᠩᠰᠡᠯᠡᠨ | ᠲᠡᠮᠳᠡᠭᠯᠡᠭᠦᠯᠬᠦ ᠭᠤᠶᠤᠴᠢᠯᠠᠯ ᠤᠨ ᠴᠢᠬᠤᠯᠠ ᠪᠥᠬᠦᠶ ᠬᠦᠴᠦᠨ ᠪᠥᠬᠦᠶ ᠪᠢᠴᠢᠭ ᠮᠠᠲ᠋ᠧᠷᠢᠶᠠᠯ ᠢ ᠣᠯᠤᠭᠰᠠᠨ | ᠡᠳᠦᠷ ᠠᠴᠠ ᠡᠬᠢᠯᠡᠨ᠂ ᠲᠠᠪᠤᠨ ᠠᠵᠢᠯᠯᠠᠬᠤ ᠡᠳᠦᠷ ᠤᠨ ᠳᠣᠲᠣᠷ᠎ᠠ ᠮᠠᠲ᠋ᠧᠷᠢᠶᠠᠯ ᠢ ᠬᠢᠨᠠᠨ ᠬᠠᠷᠭᠤᠭᠤᠯᠬᠤ ᠶᠢᠨ ᠬᠠᠮᠲᠤ | ᠳᠡᠩᠰᠡᠯᠡᠨ ᠲᠡᠮᠲᠡᠭᠯᠡᠭᠰᠡᠨ ᠦᠨᠡᠮᠯᠡᠯ ᠪᠠᠭᠤᠯᠭᠠᠨ᠎ᠠ᠃ ᠭᠤᠷᠪᠠ ᠳᠤ ᠪᠣᠶ ᠪᠥᠬᠦᠶ ᠨᠥᠬᠦᠪᠥᠷᠢ ᠮᠠᠲ᠋ᠧᠷᠢᠶᠠᠯ ᠤᠨ | ᠨᠡᠶᠢᠭᠡᠮ ᠤᠨ ᠵᠣᠬᠢᠶᠠᠨ ᠪᠠᠶᠢᠭᠤᠯᠤᠯᠲᠠ 7 ᠠᠵᠢᠯᠯᠠᠬᠤ ᠡᠳᠦᠷ ᠤᠨ ᠳᠣᠲᠣᠷ᠎ᠠ ᠲᠤᠰᠢᠶᠠᠪᠠᠯ ᠪᠣᠯᠴᠢᠬᠠᠨ᠎ᠠ᠂ 15 | ᠠᠵᠢᠯᠯᠠᠬᠤ ᠡᠳᠦᠷ ᠤᠨ ᠳᠣᠲᠣᠷ᠎ᠠ ᠲᠠᠮᠠᠭ᠎ᠠ ᠶᠢᠨ ᠬᠡᠪ ᠶᠠᠩᠵᠤ᠂ ᠪᠠᠩᠬᠢ ᠶᠢᠨ ᠲᠠᠩᠰᠠᠨ ᠤ ᠳ᠋ᠤᠭᠠᠷ ᠵᠢᠴᠢ ᠭᠠᠶᠢᠯᠢ ᠶᠢᠨ | ᠶᠠᠪᠤᠳᠠᠯ ᠤᠨ ᠳᠡᠩᠰᠡᠯᠡᠯᠲᠡ ᠶᠢᠨ ᠦᠨᠡᠮᠯᠡᠯ ᠤᠨ ᠬᠠᠭᠤᠯᠪᠤᠷᠢ ᠶᠢ ᠲᠤᠰᠢᠶᠠᠨ᠎ᠠ᠃ ᠬᠢᠨᠠᠨ ᠵᠥᠪᠰᠢᠶᠡᠷᠡᠬᠦ ᠶᠠᠪᠤᠴᠠ ᠳᠤ | ᠠᠷᠠᠳ ᠲᠤ ᠳᠥᠭᠦᠮ ᠦᠵᠡᠭᠦᠯᠵᠦ᠂ ᠬᠠᠮᠤᠭ ᠤᠨ ᠣᠬᠤᠷ ᠬᠤᠭᠤᠴᠠᠭᠠᠨ ᠳᠤ ᠣᠯᠠᠨ ᠲᠦᠮᠡᠨ ᠳᠤ ᠬᠠᠮᠤᠭ ᠤᠨ | ᠰᠡᠭᠦᠯᠴᠢ ᠶᠢᠨ ᠨᠢᠭᠡ ᠺᠢᠯᠣᠮᠧᠲᠷ ᠤᠨ ᠳᠥᠭᠦᠮ ᠦᠢᠯᠡᠴᠢᠯᠡᠭᠡ ᠬᠠᠩᠭᠠᠵᠠᠢ᠃ | |