ᠠᠶᠤᠯᠭᠦᠢ ᠦᠢᠯᠡᠳᠪᠦᠷᠢᠯᠡᠯ ᠢ ᠪᠠᠲᠤᠯᠠᠵᠤ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2020/10/30
     ᠰᠤᠷᠪᠤᠯᠵᠢᠯᠠᠭᠰᠠᠨ ᠭᠤᠣᠯ ᠰᠡᠳᠦᠪ᠄ ᠠᠶᠤᠯᠭᠦᠢ ᠦᠢᠯᠡᠳᠪᠦᠷᠢᠯᠡᠯ ᠢ ᠪᠠᠲᠤᠯᠠᠵᠤ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ      ᠰᠤᠷᠪᠤᠯᠵᠢᠯᠠᠭᠰᠠᠨ ᠴᠠᠭ᠄ 2020 ᠣᠨ ᠤ 9 ᠰᠠᠷ᠎ᠠ ᠶᠢᠨ 15᠎ ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠴᠢᠩᠱᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠵᠤᠤ ᠵᠢᠶᠠᠨ ᠭᠠᠩ      ᠠᠬᠤᠢ ᠪᠠᠶᠢᠳᠠᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠳᠤᠮᠳᠠ ᠵᠢᠵᠢᠭ ᠠᠵᠤ ᠠᠬᠤᠶᠢᠯᠠᠯ ᠢ ᠠᠬᠢᠭᠤᠯᠬᠤ ᠬᠠᠤᠯᠢ ᠶᠢ ᠬᠢᠨᠠᠮᠠᠭᠠᠶ ᠬᠡᠷᠡᠭᠵᠢᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠬᠦᠴᠢᠷᠳᠡᠯ ᠢ ᠬᠦᠴᠦ ᠲᠠᠯᠪᠢᠨ ᠰᠢᠢᠳᠪᠦᠷᠢᠯᠡᠵᠦ᠂ ᠠᠵᠤ ᠠᠬᠤᠶᠢᠯᠠᠯ ᠤᠨ ᠢᠲᠡᠭᠡᠯ ᠵᠣᠷᠢᠭ ᠵᠢᠴᠢ ᠵᠢᠱᠢᠯᠲᠡ ᠶᠢ ᠲᠣᠭᠲᠠᠪᠤᠷᠢᠵᠢᠭᠤᠯᠤᠨ ᠨᠡᠮᠡᠭᠳᠡᠭᠦᠯᠵᠦ᠂ ᠰᠢᠨ᠎ᠡ ᠶᠢ ᠡᠭᠦᠳᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠴᠢᠩᠱᠠᠨ ᠲᠣᠭᠤᠷᠢᠭ ᠤᠨ ᠮᠧᠬᠠᠨᠢᠭ ᠦᠢᠯᠡᠳᠬᠦ ᠬᠤᠷᠰᠢᠭᠰᠠᠨ ᠦᠢᠯᠡᠳᠪᠦᠷᠢ ᠶᠢ ᠪᠦᠬᠦ ᠬᠦᠴᠦᠨ ᠢᠶᠠᠷ ᠪᠠᠶᠢᠭᠤᠯᠤᠨ᠎ᠠ᠃      ᠬᠥᠲᠥᠯᠥᠭᠴᠢ᠄ ᠲᠠ ᠲᠤᠬᠠᠶ ᠶᠢᠨ ᠦᠶ᠎ᠡ ᠳᠤ ︽ᠴᠢᠩᠱᠠᠨ ᠲᠣᠭᠤᠷᠢᠭ ᠤᠨ ᠮᠧᠬᠠᠨᠢᠭ ᠦᠢᠯᠡᠳᠬᠦ ᠬᠤᠷᠰᠢᠬᠰᠠᠨ ᠦᠢᠯᠡᠳᠪᠦᠷᠢ︾᠎ ᠶᠢ ᠪᠠᠶᠢᠭᠤᠯᠤᠭᠰᠠᠨ ᠰᠢᠯᠲᠠᠭᠠᠨ ᠢ ᠲᠠᠨᠢᠯᠴᠠᠭᠤᠯᠤᠭᠠᠳ ᠥᠭᠭᠦᠨ᠎ᠡ ᠤᠤ᠃      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠵᠣᠣ ᠵᠢᠶᠠᠨ ᠭᠠᠩ᠄ ᠣᠶᠢᠷ᠎ᠠ ᠶᠢᠨ ᠵᠢᠯ ᠳᠤ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠡᠬᠡᠪᠡᠷ ᠨᠡᠮᠡᠭᠳᠡᠵᠦ᠂ ᠡᠵᠡᠩᠨᠡᠯᠲᠡ ᠶᠢᠨ ᠬᠦᠷᠢᠶ᠎ᠡ ᠠᠯᠬᠤᠮ ᠠᠯᠬᠤᠮ ᠢᠶᠠᠷ ᠦᠷᠭᠡᠳᠴᠦ᠂ ᠪᠦᠲᠦᠴᠡ ᠶᠢᠨ ᠳᠡᠰ ᠳᠠᠪᠬᠤᠷᠭ᠎ᠠ ᠢᠯᠡᠳᠲᠡ ᠳᠡᠭᠡᠭᠰᠢᠯᠡᠵᠦ᠂ ᠬᠤᠪᠢ ᠲᠤᠭ᠎ᠠ ᠲᠠᠰᠤᠷᠠᠯᠲᠠ ᠦᠭᠡᠢ ᠳᠡᠭᠡᠭᠰᠢᠯᠡᠵᠦ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠪᠣᠯᠪᠠ᠃ ᠭᠡᠲᠡᠯ᠎ᠡ ᠠᠷᠠᠳ ᠤᠨ ᠡᠵᠡᠩᠨᠡᠯᠲᠡ ᠶᠢᠨ ᠠᠵᠤ ᠠᠬᠤᠶ ᠲᠦᠷᠭᠡᠨ ᠬᠥᠭᠵᠢᠬᠦ ᠶᠢᠨ ᠬᠠᠮᠲᠤ᠂ ᠴᠥᠭᠡᠨ ᠪᠤᠰᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠮᠥᠨ ᠯᠡ ᠦᠢᠯᠡᠳᠪᠦᠷᠢᠯᠡᠯ ᠢ ᠴᠢᠬᠤᠯᠠᠴᠢᠯᠠᠬᠤ᠂ ᠠᠮᠤᠷ ᠲᠦᠪᠰᠢᠨ ᠢ ᠬᠥᠩᠭᠡᠪᠴᠢᠯᠡᠬᠦ ᠥᠷᠥᠭᠡᠰᠦᠭᠡᠯ ᠦᠵᠡᠯᠲᠡ ᠣᠷᠣᠰᠢᠵᠤ ᠪᠠᠶᠢᠨ᠎ᠠ᠂ ᠡᠳᠡᠭᠡᠷ ᠠᠰᠠᠭᠤᠳᠠᠯ ᠨᠢ ᠭᠤᠣᠯᠳᠠᠭᠤ ᠠᠶᠦᠯᠭᠦᠢ ᠦᠢᠯᠡᠳᠪᠦᠷᠢᠯᠡᠯ ᠤᠨ ᠤᠬᠠᠮᠰᠠᠷ ᠳᠤᠲᠠᠮᠠᠭ ᠪᠠᠶᠢᠬᠤ ᠳᠡᠭᠡᠷ᠎ᠡ ᠢᠯᠡᠷᠡᠵᠦ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠲᠤᠷᠰᠢᠯᠭ᠎ᠠ ᠪᠠᠷ ᠳᠤᠲᠠᠮᠠᠭ᠂ ᠠᠶᠤᠯ ᠦᠭᠡᠢ ᠦᠢᠯᠡᠳᠪᠦᠷᠢᠯᠡᠯ ᠤᠨ ᠤᠷᠤᠭᠤᠯᠤᠯᠲᠠ ᠶᠢ ᠬᠠᠷᠠᠮᠨᠠᠵᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠬᠦᠷᠦᠯᠴᠡᠬᠦ ᠦᠭᠡᠢ ᠵᠡᠷᠭᠡ ᠲᠠᠯ᠎ᠠ ᠪᠣᠯᠤᠨ᠎ᠠ᠃ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢ ᠬᠡᠷᠬᠢᠨ ᠦᠨᠡᠨ ᠬᠦ ᠴᠢᠩᠭᠠᠳᠬᠠᠬᠤ ᠪᠣᠯ ᠮᠠᠨ ᠤ ᠡᠮᠦᠨ᠎ᠡ ᠲᠠᠯᠪᠢᠭᠳᠠᠵᠤ ᠪᠠᠶᠢᠭ᠎ᠠ ᠰᠢᠢᠳᠪᠦᠷᠢᠯᠡᠬᠦ ᠴᠢᠬᠤᠯᠠᠲᠠᠶ ᠰᠡᠳᠦᠪ ᠮᠥᠨ᠃      ᠣᠳᠣᠬᠠᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠢᠯᠠᠩᠭᠤᠶ᠎ᠠ ᠮᠧᠬᠠᠨᠢᠭ ᠦᠢᠯᠡᠳᠬᠦ ᠬᠡᠯᠪᠡᠷᠢ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠳᠠᠯᠳᠠ ᠭᠡᠮ ᠨᠢ ᠨᠡᠩ ᠳᠤᠪᠤᠶᠢᠮ᠎ᠠ ᠪᠠᠶᠢᠳᠠᠭ᠃ ᠡᠭᠦᠨ ᠤ ᠲᠤᠯᠠᠳᠠ ᠮᠠᠨ ᠤ ᠲᠣᠪᠴᠢᠶ᠎ᠠ ᠪᠣᠳᠠᠲᠠᠶ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠦᠨᠳᠦᠰᠦᠯᠡᠨ᠂ ᠢᠳᠡᠪᠬᠢᠲᠡᠶ ᠬᠠᠶᠢᠨ ᠰᠦᠪᠡᠭᠴᠢᠯᠡᠵᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠪᠡ᠃ ᠠᠶᠤᠯᠭᠦᠶ ᠦᠢᠯᠡᠳᠪᠦᠷᠢᠯᠡᠯ ᠤᠨ ᠨᠥᠬᠦᠴᠡᠯ ᠪᠦᠷᠢᠯᠳᠦᠭᠦᠯᠦᠭᠡᠳᠦᠶ ᠵᠢᠵᠢᠭ ᠦᠢᠯᠡᠳᠪᠦᠷᠢ ᠶᠢ ᠪᠠᠶᠢᠴᠠᠭᠠᠨ ᠰᠢᠢᠳᠪᠦᠷᠢᠯᠡᠵᠦ᠂ ᠨᠡᠭᠦᠯᠭᠡᠬᠦ ᠬᠦᠷᠢᠶᠡᠯᠡᠩ ᠲᠣᠭᠤᠷᠢᠭ ᠢ ᠨᠢᠭᠡᠳᠦᠯᠲᠡᠶ ᠲᠥᠯᠥᠪᠵᠢᠭᠦᠯᠵᠦ᠂ ᠨᠢᠭᠡᠨ ᠬᠤᠷᠰᠢᠭᠰᠠᠨ ᠦᠢᠯᠡᠳᠪᠦᠷᠢ ᠲᠣᠭᠤᠷᠢᠭ ᠢ ᠪᠦᠷᠢᠯᠳᠦᠭᠦᠯᠵᠦ᠂ ᠨᠢᠭᠡᠳᠦᠯᠲᠡᠶ ᠬᠠᠮᠢᠶᠠᠷᠴᠤ᠂ ᠲᠥᠬᠦᠭᠡᠷᠦᠮᠵᠢ ᠶᠢᠨ ᠠᠮᠤᠷ ᠲᠦᠪᠰᠢᠨ ᠴᠢᠨᠠᠷ ᠢ ᠳᠡᠭᠡᠭᠰᠢᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠮᠤᠷ ᠲᠦᠪᠰᠢᠨ ᠢ ᠪᠠᠲᠤᠯᠠᠬᠤ ᠰᠢᠰᠲ᠋ᠧᠮ ᠪᠠ ᠠᠮᠤᠷ ᠲᠦᠪᠰᠢᠨ ᠢ ᠬᠢᠨᠠᠨ ᠪᠠᠶᠢᠴᠠᠭᠠᠬᠤ ᠰᠢᠰᠲ᠋ᠧᠮ ᠢ ᠲᠡᠭᠦᠯᠳᠡᠷᠵᠢᠭᠦᠯᠵᠦ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠦᠨᠡᠨ ᠬᠦ ᠴᠢᠩᠭᠠᠳᠬᠠᠨ᠎ᠠ᠃      ᠬᠥᠲᠥᠯᠥᠭᠴᠢ᠄ ᠲᠠ ︽ᠮᠧᠬᠠᠨᠢᠭ ᠦᠢᠯᠡᠳᠬᠦ ᠬᠤᠷᠰᠢᠭᠰᠠᠨ ᠦᠢᠯᠡᠳᠪᠦᠷᠢ︾᠎ ᠶᠢ ᠬᠡᠷᠬᠢᠨ ᠪᠠᠶᠢᠭᠤᠯᠤᠭᠰᠠᠨ ᠢ ᠲᠠᠨᠢᠯᠴᠠᠭᠤᠯᠤᠭᠠᠳ ᠦᠭᠭᠦᠨ᠎ᠡ ᠦᠦ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠵᠣᠣ ᠵᠢᠶᠠᠨ ᠭᠠᠩ᠄ ᠮᠠᠨ ᠤ ᠲᠣᠪᠴᠢᠶ᠎ᠠ ᠣᠯᠠᠨ ᠤᠳᠠᠭᠠᠨ ᠤ ᠪᠠᠶᠢᠴᠠᠭᠠᠯᠲᠠ ᠪᠠ ᠰᠢᠯᠢᠨ ᠰᠣᠩᠭᠤᠵᠤ᠂ ᠴᠢᠩᠱᠠᠨ ᠲᠣᠭᠤᠷᠢᠭ ᠤᠨ ᠠᠪᠤᠷᠭᠤ ᠯᠣᠤ ᠬᠦᠴᠦᠳᠡᠯ ᠥᠭᠡᠷᠡᠴᠢᠯᠡᠭᠴᠢ ᠶᠢᠨ ᠦᠢᠯᠡᠳᠪᠦᠷᠢ ᠳᠤ ᠬᠡᠳᠦᠨ ᠰᠤᠯᠠ ᠬᠠᠶᠠᠭᠳᠠᠵᠦ ᠪᠠᠶᠢᠭ᠎ᠠ ᠦᠢᠯᠡᠳᠪᠦᠷᠢ ᠶᠢᠨ ᠪᠠᠶᠢᠰᠢᠩ ᠪᠠᠶᠢᠬᠤ ᠶᠢ ᠣᠯᠵᠤ ᠮᠡᠳᠡᠪᠡ᠂ ᠤᠴᠢᠷ ᠨᠢ ᠲᠤᠰ ᠪᠡᠶ᠎ᠡ ᠶᠢᠨ ᠡᠵᠡᠩᠨᠡᠯᠲᠡ ᠶᠢᠨ ᠠᠰᠠᠭᠤᠳᠠᠯ ᠢ ᠤᠷᠲᠤ ᠬᠤᠭᠤᠴᠠᠭ᠎ᠠ ᠵᠦᠶ ᠵᠣᠬᠢᠰᠲᠠᠶ ᠠᠰᠢᠭᠯᠠᠵᠤ ᠴᠢᠳᠠᠭᠰᠠᠨ ᠦᠭᠡᠶ᠃ ᠮᠠᠨ ᠤ ᠲᠣᠪᠴᠢᠶ᠎ᠠ ᠶᠢᠨ ᠵᠣᠬᠢᠴᠠᠭᠤᠯᠭ᠎ᠠ ᠪᠠ ᠬᠡᠯᠡᠯᠴᠡᠭᠡ ᠪᠠᠷ ᠳᠠᠮᠵᠢᠨ᠂ ᠣᠳᠣ ᠵᠦᠶ ᠵᠣᠬᠢᠰᠲᠠᠶ ᠦᠨ᠎ᠡ ᠪᠠᠷ ᠡᠳᠡᠭᠡᠷ ᠠᠵᠤ ᠠᠬᠤᠶᠢᠯᠠᠯ ᠳᠤ ᠲᠦᠷᠢᠶᠡᠰᠦᠯᠡᠨ ᠥᠭᠴᠦ ᠬᠡᠷᠡᠭᠯᠡᠭᠦᠯᠦᠭᠰᠡᠨ ᠤ ᠬᠠᠮᠲᠤ ᠴᠢᠩᠱᠠᠨ ᠲᠣᠭᠤᠷᠢᠭ ᠤᠨ ᠮᠠᠰᠢᠨ ᠮᠧᠬᠠᠨᠢᠭ ᠦᠢᠯᠡᠳᠬᠦ ᠬᠤᠷᠰᠢᠭᠰᠠᠨ ᠦᠢᠯᠡᠳᠪᠦᠷᠢ ᠪᠠᠶᠢᠭᠤᠯᠵᠦ᠂ ᠡᠨᠡ ᠬᠡᠰᠡᠭ ᠰᠤᠯᠠ ᠪᠠᠶᠢᠬᠤ ᠦᠢᠯᠡᠳᠪᠦᠷᠢ ᠶᠢ ᠴᠦ ᠢᠩᠭᠢᠵᠦ ᠠᠮᠢᠳᠤᠯᠢᠭ ᠪᠣᠯᠭᠠᠭᠰᠠᠨ ᠪᠠᠶᠢᠨ᠎ᠠ᠂ ᠤᠴᠢᠷ ᠨᠢ ᠰᠤᠯᠠ ᠪᠠᠶᠢᠬᠤ ᠦᠢᠯᠡᠳᠪᠦᠷᠢ ᠲᠦᠷᠢᠶᠡᠰᠦᠨ ᠮᠥᠩᠭᠦ ᠬᠤᠷᠢᠶᠠᠵᠤ ᠪᠣᠯᠤᠨ᠎ᠠ᠃      ᠬᠥᠲᠥᠯᠥᠭᠴᠢ᠄ ︽ᠮᠧᠬᠠᠨᠢᠭ ᠤᠨ ᠬᠤᠷᠰᠢᠬᠰᠠᠨ ᠦᠢᠯᠡᠳᠪᠦᠷᠢ︾᠎ ᠶᠢ ᠪᠠᠶᠢᠭᠤᠯᠬᠤ ᠨᠢ ᠶᠠᠮᠠᠷ ᠢᠳᠡᠪᠬᠢ ᠠᠴᠢ ᠬᠤᠯᠪᠣᠭᠳᠠᠯ ᠲᠠᠢ ᠪᠤᠢ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠵᠣᠣ ᠵᠢᠶᠠᠨ ᠭᠠᠩ᠄ ᠮᠠᠨ ᠤ ᠲᠣᠪᠴᠢᠶ᠎ᠠ ᠳᠤ ᠥᠭᠡᠷᠡᠴᠢᠯᠡᠭᠳᠡᠭᠰᠡᠨ ᠪᠤᠭᠤᠲᠤ ᠬᠤᠲᠠ ᠶᠢᠨ ᠪᠧᠶ ᠰᠢᠨ ᠮᠠᠰᠢᠨ ᠴᠠᠬᠢᠯᠭᠠᠨ ᠤ ᠲᠦᠭᠦᠭᠡᠷᠦᠮᠵᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠵᠦᠩ ᠰᠢ ᠮᠠᠰᠢᠨ ᠴᠠᠬᠢᠯᠭᠠᠨ ᠤ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠵᠡᠷᠭᠡ 14 ᠵᠢᠵᠢᠭ ᠪᠢᠴᠢᠯ ᠮᠠᠰᠢᠨ ᠮᠧᠬᠠᠨᠢᠭ ᠪᠣᠯᠪᠠᠰᠤᠷᠠᠭᠤᠯᠬᠤ ᠠᠵᠤ ᠠᠬᠤᠶᠢᠯᠠᠯ ᠦᠢᠯᠡᠳᠪᠦᠷᠢᠯᠡᠯ ᠤᠨ ᠬᠦᠴᠦᠨ ᠬᠤᠴᠣᠷᠤᠩᠭᠤᠶ᠂ ᠠᠮᠤᠷ ᠲᠦᠪᠰᠢᠨ ᠤ ᠠᠰᠠᠭᠤᠳᠠᠯ ᠨᠡᠯᠢᠶᠡᠳ ᠣᠯᠠᠨ ᠣᠷᠣᠰᠢᠵᠤ ᠪᠠᠶᠢᠬᠤ ᠪᠥᠭᠡᠳ ᠤᠤᠯ ᠭᠠᠵᠠᠷ ᠨᠢ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠮᠥᠴᠢᠷ ᠤᠨ ᠥᠭᠡᠷᠡᠴᠢᠯᠡᠯᠲᠡ ᠶᠢᠨ ᠨᠦᠬᠦᠴᠡᠯ ᠳᠤ ᠬᠦᠷᠴᠦ ᠳᠡᠶᠢᠯᠬᠦ ᠦᠭᠡᠶ᠂ ᠣᠳᠣ ︽ᠬᠤᠷᠰᠢᠭᠰᠠᠨ ᠦᠢᠯᠡᠳᠪᠦᠷᠢ︾᠎ ᠶᠢᠨ ᠨᠢᠭᠡ ᠭᠡᠰᠢᠭᠦᠨ ᠪᠣᠯᠵᠤ᠂ ᠲᠡᠳᠡ ᠨᠢᠭᠡᠨᠲᠡ ︽ᠭᠠᠭᠴᠠᠭᠠᠷ ᠪᠠᠶᠢᠯᠳᠤᠵᠤ ᠭᠠᠭᠴᠠᠭᠠᠷ ᠲᠡᠮᠡᠴᠡᠬᠦ︾᠎ ᠠᠴᠠ ᠪᠠᠨ ᠰᠠᠯᠵᠤ᠂ ︽ᠪᠦᠭᠡᠮᠨᠡᠷᠡᠯᠴᠡᠨ ᠳᠤᠯᠠᠭᠠᠴᠠᠬᠤ︾ ᠵᠦᠭ ᠶᠠᠪᠤᠵᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠬᠤᠷᠰᠢᠭᠰᠠᠨ ᠦᠢᠯᠡᠳᠪᠦᠷᠢ ᠠᠵᠤ ᠠᠬᠤᠶᠢᠯᠠᠯ ᠬᠠᠷᠢᠯᠴᠠᠨ ᠬᠠᠪᠰᠤᠷᠤᠯᠴᠠᠨ ᠲᠡᠳᠬᠦᠵᠦ᠂ ᠡᠵᠡᠩᠨᠡᠯᠲᠡ ᠶᠢᠨ ᠦᠷ᠎ᠡ ᠠᠰᠢᠭ ᠮᠥᠨ ᠯᠡ ᠲᠣᠭᠲᠠᠭᠤᠨ ᠢᠶᠠᠷ ᠳᠡᠭᠡᠭᠰᠢᠯᠡᠪᠡ᠃      ᠬᠤᠷᠰᠢᠭᠰᠠᠨ ᠦᠢᠯᠡᠳᠪᠦᠷᠢ ᠶᠢ ᠪᠠᠶᠢᠭᠤᠯᠬᠤ ᠨᠢ ᠬᠥᠳᠡᠯᠮᠦᠷᠢ ᠶᠢᠨ ᠨᠥᠬᠦᠴᠡᠯ ᠢ ᠰᠠᠶᠢᠵᠢᠷᠠᠭᠤᠯᠬᠤ ᠨᠢ ᠦᠬᠦᠵᠦ ᠰᠢᠷᠬᠠᠲᠤᠬᠤ ᠠᠳᠡᠯ ᠢ ᠪᠠᠭᠠᠰᠬᠠᠬᠤ ᠪᠠᠷ ᠪᠠᠷᠠᠬᠤ ᠦᠭᠡᠶ ᠲᠡᠷᠡ ᠮᠥᠷᠲᠡᠭᠡᠨ ᠠᠵᠢᠯᠲᠠᠨ ᠠᠵᠢᠯᠴᠢᠨ ᠤ ᠠᠵᠢᠯ ᠤᠨ ᠲᠤᠬᠠᠶ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠨᠢᠭᠲᠠᠷᠠᠯ ᠤᠨ ᠬᠦᠴᠦᠨ ᠢ ᠴᠢᠩᠭᠠᠷᠠᠭᠤᠯᠵᠦ᠂ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠵᠦ ᠪᠣᠯᠤᠨ᠎ᠠ᠃ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠪᠠᠲᠤᠯᠠᠭ᠎ᠠ ᠶᠢᠨ ᠡᠭᠦᠳᠡᠨ ᠠᠴᠠ ᠳᠤᠮᠳᠠ ᠵᠢᠵᠢᠭ ᠠᠵᠤ ᠠᠬᠤᠶᠢᠯᠠᠯ ᠤᠨ ᠬᠤᠷᠰᠢᠭᠰᠠᠨ ᠦᠢᠯᠡᠳᠪᠦᠷᠢ ᠳᠤ ᠣᠷᠣᠵᠤ ᠰᠠᠭᠤᠬᠤ ᠶᠢ ᠵᠣᠷᠢᠭᠵᠢᠭᠤᠯᠤᠨ᠎ᠠ᠃ ᠬᠤᠷᠰᠢᠭᠰᠠᠨ ᠦᠢᠯᠡᠳᠪᠦᠷᠢ ᠶᠢᠨ ᠲᠥᠷᠥᠯ ᠵᠦᠢᠯ ᠤᠨ ᠠᠷᠭ᠎ᠠ ᠪᠠᠷᠢᠯ ᠪᠣᠯ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠢᠳᠡᠪᠬᠢᠲᠡᠶ ᠰᠦᠪᠡᠭᠴᠢᠯᠡᠵᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠦᠷ᠎ᠡ ᠠᠰᠢᠭ ᠢ ᠲᠦᠯᠬᠢᠨ ᠠᠬᠢᠭᠤᠯᠵᠤ᠂ ᠠᠶᠤᠯ ᠦᠭᠡᠢ ᠦᠢᠯᠡᠳᠪᠦᠷᠢᠯᠡᠯ ᠢ ᠪᠠᠲᠤᠯᠠᠬᠤ ᠨᠡᠯᠢᠶᠡᠳ ᠵᠦᠶ ᠵᠣᠬᠢᠰᠲᠠᠶ ᠠᠷᠭ᠎ᠠ ᠬᠡᠮᠵᠢᠶ᠎ᠡ ᠪᠣᠯᠤᠨ᠎ᠠ᠃ ᠴᠢᠩᠱᠠᠨ ᠲᠣᠭᠤᠷᠢᠭ ᠤᠨ ᠮᠧᠬᠠᠨᠢᠭ ᠦᠢᠯᠡᠳᠬᠦ ᠬᠤᠷᠰᠢᠭᠰᠠᠨ ᠦᠢᠯᠡᠳᠪᠦᠷᠢ ᠪᠣᠯ ᠵᠥᠪᠬᠡᠨ ᠮᠠᠨ ᠤ ᠲᠤᠷᠰᠢᠯᠲᠠ ᠶᠢᠨ ᠡᠬᠢᠯᠡᠯᠲᠡ᠂ ᠢᠷᠡᠭᠡᠳᠦᠶ ᠶᠢᠨ ᠬᠥᠭᠵᠢᠯᠲᠡ ᠶᠢᠨ ᠰᠦᠪᠡᠭᠴᠢᠯᠡᠯᠲᠡ ᠳᠤᠮᠳᠠ᠂ ᠪᠢᠳᠡ ᠨᠠᠩ ᠣᠯᠠᠨ ᠠᠵᠤ ᠠᠬᠤᠶᠢᠯᠠᠯ ᠢ ᠬᠠᠪᠰᠤᠷᠴᠤ᠂ ᠡᠯ᠎ᠡ ᠠᠵᠢᠯ ᠲᠦᠷᠦᠯ ᠤᠨ ᠳᠣᠲᠣᠷ᠎ᠠ ᠬᠤᠷᠰᠢᠬᠰᠠᠨ ᠦᠢᠯᠡᠳᠪᠦᠷᠢ ᠶᠢ ᠪᠤᠢ ᠪᠣᠯᠭᠠᠨ᠎ᠠ᠃ ᠠᠶᠤᠯᠭᠦᠶ ᠦᠶ᠋ᠯᠡᠳᠪᠦᠷᠢᠯᠡᠯ ᠤᠨ ᠬᠠᠮᠢᠶᠠᠷᠤᠯᠲᠠ ᠶᠢᠨ ᠳᠤᠮᠳᠠᠬᠢ ᠥᠪᠡᠷ ᠤᠨ ᠦᠷᠳᠡᠭ ᠢ ᠨᠢᠭᠡᠳᠦᠯᠲᠡᠶ ᠲᠦᠯᠦᠪᠵᠢᠭᠦᠯᠵᠦ᠂ ᠠᠷᠪᠢᠯᠠᠬᠤ ᠬᠡᠷᠡᠭᠲᠡᠶ᠃ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠦᠨᠡᠨᠬᠦ ᠦᠷ᠎ᠡ ᠠᠰᠢᠭ ᠣᠯᠭᠤᠬᠤ ᠬᠡᠷᠡᠭᠲᠡᠶ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号