ᠨᠢᠭᠡ᠂ ᠬᠠᠮᠢᠶ᠎ᠠ ᠪᠦᠬᠦᠢ ᠦᠨᠳᠦᠰᠦᠯᠡᠯ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽︿ᠬᠠᠶᠠᠭᠳᠠᠮᠠᠯ ᠪᠣᠳᠠᠰ ᠥᠬᠡᠶ ᠬᠤᠲᠠ﹀ | ᠶᠢᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ | ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹ 2018 ︺ 128 ᠳ᠋ᠤᠭᠠᠷ ᠲᠣᠭᠠᠲᠤ︶ ᠪᠠ ᠪᠤᠭᠤᠲᠤ | ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ︽ᠪᠤᠭᠤᠲᠤ ᠬᠤᠲᠠ ᠶᠢᠨ ︿ᠬᠠᠶᠠᠭᠳᠠᠮᠠᠯ ᠪᠣᠳᠠᠰ ᠥᠬᠡᠶ | ᠬᠤᠲᠠ﹀ ᠶᠢᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ | ᠶᠠᠪᠤᠭᠤᠯᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠲᠤᠭᠤᠷᠢᠭ ᠤᠨ ᠪᠣᠳᠠᠲᠤ ᠪᠠᠢᠳᠠᠯ ᠲᠠᠢ | ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠬᠤᠶᠠᠷ᠂ ᠭᠤᠤᠯ ᠠᠭᠤᠯᠭ᠎ᠠ | ︽ᠬᠡᠷᠡᠭᠵᠢᠭᠦᠯᠬᠦ ᠲᠥᠰᠦᠯ︾ ᠢ ᠳᠥᠷᠪᠡᠨ ᠬᠡᠰᠡᠭ ᠬᠤᠪᠢᠶᠠᠨ᠎ᠠ᠃ | ᠨᠢᠭᠡ ᠳᠤ ᠵᠢᠯᠣᠭᠤᠳᠬᠤ ᠦᠵᠡᠯ ᠰᠠᠨᠠᠭ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠮᠢ ᠠᠬᠤᠶ ᠶᠢ | ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠨ᠎ᠠ᠃ | ᠬᠤᠶᠠᠷ ᠲᠤ ᠪᠦᠲᠦᠭᠡᠨ ᠪᠠᠶᠢᠭᠤᠯᠤᠯᠲᠠ ᠶᠢᠨ ᠬᠠᠷᠠᠯᠲᠠ᠂ ︽ᠪᠤᠭᠤᠲᠤ ᠬᠤᠲᠠ ᠶᠢᠨ ︿ᠬᠠᠶᠠᠭᠳᠠᠮᠠᠯ ᠪᠣᠳᠠᠰ | ᠥᠬᠡᠶ ᠬᠤᠲᠠ﹀ ᠶᠢᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠤᠨ ᠬᠡᠷᠡᠭᠵᠢᠭᠦᠯᠬᠦ ᠲᠥᠰᠦᠯ︾ ᠢᠶᠠᠷ | ᠵᠢᠯᠣᠭᠤᠳᠣᠯᠭ᠎ᠠ ᠪᠣᠯᠭᠠᠵᠤ᠂ ᠡᠯ᠎ᠡ ᠲᠥᠷᠥᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠥᠬᠦ ᠶᠠᠪᠤᠴᠠ ᠶᠢᠨ | ᠬᠠᠮᠢᠶᠠᠷᠤᠯᠲᠠ ᠬᠢᠭᠡᠳ ᠣᠯᠠᠨ ᠰᠠᠯᠠᠭ᠎ᠠ ᠮᠥᠴᠢᠷ ᠤᠨ ᠬᠠᠮᠵᠢᠯᠴᠠᠨ ᠵᠠᠰᠠᠬᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ | ᠲᠦᠷᠢᠮ ᠢ ᠪᠣᠶ ᠪᠣᠯᠭᠠᠬᠤ ᠶᠢ ᠠᠬᠢᠭᠤᠯᠤᠨ᠎ᠠ᠃ 2025 ᠤᠨ ᠪᠣᠯᠬᠤ ᠳᠤ᠂ ᠠᠵᠤ ᠦᠢᠯᠡᠰ ᠤᠨ ᠪᠦᠲᠦᠴᠡ ᠶᠢᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠵᠢᠯ ᠵᠣᠬᠢᠬᠤ ᠠᠬᠢᠯᠲᠠ ᠲᠠᠢ ᠪᠣᠯᠵᠤ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠬᠥᠭᠵᠢᠯᠲᠡ ᠶᠢᠨ ᠲᠦᠪᠰᠢᠨ ᠰᠢᠨ᠎ᠡ ᠳᠡᠭᠲᠡᠷ ᠲᠤ ᠭᠠᠷᠴᠤ᠂ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠣᠷᠴᠢᠯᠳᠤᠭᠤᠯᠤᠨ ᠠᠰᠢᠭᠯᠠᠬᠤ ᠰᠢᠰᠲ᠋ᠧᠮᠵᠢ ᠡᠳᠦᠷ | ᠢᠷᠡᠬᠦᠶ᠎ᠡ ᠲᠡᠭᠦᠯᠳᠡᠷᠵᠢᠵᠦ᠂ ᠲᠠᠷᠢᠶᠠᠯᠠᠩ ᠮᠠᠯ ᠠᠵᠤ ᠠᠬᠤᠢ ᠶᠢᠨ ᠪᠣᠬᠢᠷᠲᠤᠯ ᠦᠭᠡᠢ ᠦᠢᠯᠡᠳᠪᠦᠷᠢᠯᠡᠯ ᠤᠨ ᠬᠢᠷᠢ | ᠲᠦᠪᠰᠢᠨ ᠵᠢᠴᠢ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠮᠡᠳᠡᠭᠳᠡᠮ᠎ᠡ ᠳᠡᠭᠡᠭᠰᠢᠯᠡᠵᠦ᠂ ᠪᠣᠬᠢᠷᠲᠤᠯ | ᠦᠭᠡᠢ ᠠᠮᠢᠳᠤᠷᠠᠯ ᠤᠨ ᠠᠷᠭ᠎ᠠ ᠮᠠᠶ᠋ᠢᠭ ᠪᠠ ᠬᠡᠷᠡᠭᠯᠡᠭᠡᠨ ᠤ ᠬᠡᠪ ᠵᠠᠭᠪᠤᠷ ᠨᠡᠶᠢᠳᠡᠮ ᠮᠡᠳᠡᠷᠡᠭᠳᠡᠵᠦ᠂ ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ ᠨᠥᠯᠥᠭᠡᠯᠡᠯ ᠢ ᠬᠠᠮᠤᠭ ᠤᠨ ᠪᠠᠭ᠎ᠠ ᠪᠣᠯᠭᠠᠬᠤ ᠶᠢ ᠪᠡᠶᠡᠯᠡᠭᠦᠯᠦᠨ᠎ᠡ᠃ | ᠭᠤᠷᠪᠠ ᠳᠤ ᠭᠤᠤᠯᠳᠠᠯᠭ᠎ᠠ ᠲᠠᠢ ᠡᠭᠦᠷᠭᠡ᠂ ᠭᠤᠤᠯᠳᠠᠭᠤ ︽ᠪᠦᠲᠦᠴᠡ ᠶᠢ ᠳᠣᠭᠢᠷᠠᠭᠤᠯᠬᠤ᠂ ᠣᠷᠴᠢᠯ ᠢ | ᠴᠢᠬᠤᠯᠴᠢᠯᠠᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠡᠭᠦᠰᠦᠯ ᠠᠴᠠ ᠨᠢ ᠬᠡᠮᠵᠢᠶ᠎ᠡ ᠶᠢ ᠪᠠᠭᠠᠰᠬᠠᠬᠤ ᠪᠠ | ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠠᠬᠢᠭᠤᠯᠬᠤ︾ ︽ᠳᠦᠷᠢᠮ | ᠪᠠᠶᠢᠭᠤᠯᠵᠦ᠂ ᠪᠠᠷᠢᠮᠵᠢᠶ᠎ᠠ ᠲᠣᠭᠲᠠᠭᠠᠵᠤ᠂ ᠣᠷᠣᠨ ᠨᠤᠲᠤᠭ ᠤᠨ ᠠᠮᠢ ᠠᠬᠤᠶ ᠶᠢ ᠵᠠᠰᠠᠨ ᠰᠡᠷᠭᠦᠭᠡᠬᠦ ᠲᠦᠷᠢᠮ ᠤᠨ | ᠦᠢᠯᠡᠳᠦᠯᠭᠡ ᠪᠠ ᠲᠠᠯᠠᠪᠤᠷ ᠭᠠᠵᠠᠷ ᠢ ᠳᠠᠬᠢᠨ ᠠᠰᠢᠭᠯᠠᠬᠤ ᠶᠢ ᠬᠠᠶᠢᠨ ᠰᠦᠪᠡᠭᠴᠢᠯᠡᠨ᠎ᠡ︾ ︽ᠪᠦᠬᠦᠨ ᠢ ᠪᠦᠷᠬᠦᠵᠦ᠂ | ᠮᠥᠷᠳᠡᠨ ᠤᠬᠤᠴᠢᠯᠠᠵᠦ᠂ ᠠᠶᠤᠯᠲᠠᠶ ᠬᠠᠶᠠᠭᠳᠠᠮᠠᠯ ᠪᠣᠳᠠᠰ ᠢ ᠵᠢᠷᠤᠮᠵᠢᠭᠤᠯᠤᠨ ᠬᠠᠮᠢᠶᠠᠷᠬᠤ ᠪᠠ ᠡᠮᠴᠢᠯᠡᠭᠡᠨ ᠤ | ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠢᠳᠪᠦᠷᠢᠯᠡᠬᠦ ᠠᠵᠢᠯ ᠢ ᠴᠢᠩᠭᠠᠳᠬᠠᠬᠤ︾ ︽ᠵᠠᠭᠪᠤᠷ ᠢ ᠪᠠᠶᠢᠭᠤᠯᠵᠤ᠂ | ᠣᠷᠴᠢᠯ ᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠪᠣᠯᠤᠨ ᠲᠠᠷᠢᠶᠠᠯᠠᠩ ᠤᠨ | ᠬᠠᠶᠠᠭᠳᠠᠮᠠᠯ ᠡᠳ᠋ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠲᠥᠷᠥᠯ ᠬᠤᠪᠢᠶᠠᠬᠤ᠂ | ᠤᠬᠠᠮᠰᠠᠷ ᠢ ᠨᠢ ᠳᠡᠭᠡᠭᠰᠢᠯᠡᠭᠦᠯᠵᠦ᠂ ᠠᠮᠢᠳᠤᠷᠠᠯ ᠤᠨ ᠬᠦᠷᠢᠶᠡᠨ ᠳᠠᠬᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠲᠥᠷᠥᠯ ᠬᠤᠪᠢᠶᠠᠬᠤ ᠪᠠ ᠬᠤᠷᠢᠶᠠᠨ ᠠᠪᠬᠤ︾ ︽ᠪᠦᠬᠦ ᠲᠠᠯ᠎ᠠ ᠶᠢᠨ᠂ ᠭᠦᠨᠵᠡᠭᠡᠶ ᠠᠭᠤᠰᠤᠯᠴᠠᠭᠤᠯᠬᠤ᠂ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠬᠠᠮᠢᠶᠠᠷᠬᠤ ᠪᠠ ᠭᠤᠷᠪᠠᠳᠤᠭᠠᠷ ᠠᠵᠤ ᠦᠢᠯᠡᠰ ᠢ ᠬᠠᠮᠵᠢᠯᠴᠠᠨ | ᠬᠦᠭᠵᠢᠭᠦᠯᠬᠦ︾ ᠵᠡᠷᠭᠡ ᠳᠣᠯᠣᠭᠠᠨ ᠲᠠᠯ᠎ᠠ ᠶᠢᠨ 15 ᠵᠦᠢᠯ ᠤᠨ ᠠᠵᠢᠯ ᠤᠨ ᠡᠭᠦᠷᠭᠡ ᠶᠢ ᠪᠠᠭᠲᠠᠭᠠᠨ᠎ᠠ᠃ | ᠳᠥᠷᠪᠡ ᠳᠤ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠭᠤᠣᠯᠳᠠᠭᠤ ︽ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠪᠦᠲᠦᠮᠵᠢᠲᠡᠶ ᠠᠵᠢᠯ ᠤᠨ ᠲᠣᠭᠲᠠᠴᠠ ᠶᠢ ᠪᠦᠷᠢᠯᠳᠦᠭᠦᠯᠵᠦ᠂ ᠵᠠᠬ᠎ᠠ | ᠳᠡᠯᠭᠡᠭᠦᠷ ᠤᠨ ᠦᠢᠯᠡᠳᠦᠯ ᠢ ᠪᠠᠳᠠᠷᠠᠭᠤᠯᠵᠦ᠂ ᠪᠡᠯᠡ ᠮᠥᠩᠭᠦ ᠶᠢ ᠬᠥᠲᠥᠯᠥᠨ ᠵᠢᠯᠣᠭᠤᠳᠬᠤ ᠠᠷᠭ᠎ᠠ ᠪᠠᠷᠢᠯ ᠤᠨ | ᠰᠢᠨ᠎ᠡ ᠶᠢ ᠡᠭᠦᠳᠦᠨ᠂ ᠤᠬᠠᠭᠤᠯᠭ᠎ᠠ ᠪᠠᠷ ᠬᠦᠲᠦᠯᠦᠨ ᠵᠢᠯᠣᠭᠤᠳᠬᠤ ᠪᠠᠨ ᠴᠢᠩᠭᠠᠳᠬᠠᠬᠤ᠂ ᠰᠠᠶᠢᠨ ᠰᠠᠶᠢᠬᠠᠨ ᠶᠠᠷᠢᠶ᠎ᠠ | ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠨ᠎ᠠ︾ ᠬᠡᠬᠦ ᠭᠤᠷᠪᠠᠨ ᠲᠠᠯ᠎ᠠ ᠪᠠᠷ ᠵᠢᠭᠠᠵᠤ ᠭᠠᠷᠭᠠᠪᠠ᠃ |