︽ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠮᠡᠷᠭᠡᠵᠢᠭᠰᠡᠨ ᠴᠠᠯᠢᠩ ᠬᠥᠯᠥᠰᠥ ᠶᠢᠨ ᠰᠢᠰᠲ᠋ᠧᠮ ᠤᠨ ᠢᠵᠢ ᠪᠦᠷᠢᠯᠳᠦᠭᠦᠯᠦᠨ ᠰᠢᠯᠵᠢᠭᠦᠯᠬᠦ ᠬᠡᠷᠡᠭᠵᠢᠭᠦᠯᠬᠦ ᠲᠦᠰᠦᠯ ᠤᠨ ᠲᠤᠬᠠᠶ》ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/10/30
     ᠨᠢᠭᠡ᠂ ᠲᠣᠭᠲᠠᠭᠠᠭᠰᠠᠨ ᠠᠬᠤᠶ ᠪᠠᠶᠢᠳᠠᠯ      ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠲᠠᠪᠦᠷᠢᠵᠢᠭᠤᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ᠂ ᠦᠨᠳᠦᠰᠦᠨ ᠱᠠᠲᠤ ᠲᠡᠰᠢ ᠤᠷᠲᠤᠳᠬᠠᠬᠤ ᠶᠢ ᠠᠬᠢᠭᠤᠯᠵᠤ᠂ ᠨᠢᠭᠡᠨ ᠰᠠᠯᠠᠭ᠎ᠠ ᠥᠨᠳᠥᠷ ᠬᠡᠪ ᠪᠣᠯᠪᠠᠰᠤᠷᠠᠯ ᠲᠠᠢ᠂ ᠲᠤᠰᠬᠠᠶᠢᠵᠢᠭᠰᠠᠨ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢ ᠪᠠᠶᠢᠭᠤᠯᠵᠤ᠂ ᠰᠢᠨ᠎ᠡ ᠴᠠᠭ ᠦᠶ᠎ᠡ ᠶᠢᠨ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠠ ᠦᠨᠳᠦᠰᠦᠨ ᠱᠠᠲᠤᠨ ᠤ ᠵᠠᠰᠠᠯᠲᠠ ᠶᠢᠨ ᠬᠡᠷᠡᠭᠴᠡᠭᠡ ᠳᠤ ᠨᠠᠩ ᠰᠠᠶᠢᠲᠤᠷ ᠵᠣᠬᠢᠴᠠᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ︽ᠪᠥᠬᠦ ᠬᠤᠲᠠ ᠶᠢᠨ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠮᠡᠷᠭᠡᠵᠢᠭᠰᠡᠨ ᠴᠠᠯᠢᠩ ᠬᠥᠯᠥᠰᠥ ᠶᠢᠨ ᠰᠢᠰᠲ᠋ᠧᠮ ᠢ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶ ᠶᠢ ᠪᠠᠶᠢᠭᠤᠯᠬᠤ ᠲᠤᠬᠠᠶ ᠮᠡᠳᠡᠭᠳᠡᠯ︾ ︵ᠪᠤᠭᠤᠲᠦ ᠵᠠᠰᠠᠭ ᠠᠯᠪᠠᠨ ᠲᠠᠷᠬᠠᠭᠠᠭᠰᠠᠨ ︹ 2020 ︺  39 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠴᠢᠩᠱᠠᠨ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃      ᠬᠤᠶᠠᠷ᠂ ᠬᠡᠷᠡᠭᠯᠡᠬᠦ ᠬᠡᠪᠴᠢᠶ᠎ᠡ      ᠲᠤᠰ ᠲᠥᠰᠦᠯ ᠵᠡᠭᠡᠯᠢ ᠭᠤᠳᠤᠮᠵᠢ ︵ᠪᠠᠯᠭᠠᠰᠤ︶ ᠶᠢᠨ ᠨᠡᠶᠢᠭᠡᠮ ᠲᠣᠭᠤᠷᠢᠭ ᠲᠤ ᠲᠤᠰᠬᠠᠶᠢᠯᠠᠨ ᠨᠡᠶᠢᠭᠡᠮ ᠤᠨ ᠬᠠᠮᠢᠶᠠᠷᠤᠯᠲᠠ ᠪᠠ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠦᠢᠯᠡᠴᠢᠯᠡᠭᠡ ᠬᠢᠬᠦ ᠳᠤ ᠲᠣᠬᠢᠷᠠᠨ᠎ᠠ᠂ ᠲᠡᠷᠡᠴᠢᠯᠡᠨ ᠬᠤᠲᠠ᠂ ᠲᠣᠭᠤᠷᠢᠭ ᠬᠤᠶᠠᠷ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠨᠥᠬᠦᠪᠥᠷᠢ ᠥᠭᠬᠦ ᠪᠦᠬᠦᠯᠢ ᠡᠳᠦᠷ ᠤᠨ ᠳᠦᠷᠢᠮᠲᠦ ᠠᠵᠢᠯᠲᠠᠨ᠃ ᠭᠤᠤᠯᠳᠠᠭᠤ ᠬᠠᠤᠯᠢ ᠶᠣᠰᠣᠭᠠᠷ ᠰᠣᠩᠭᠤᠨ ᠭᠠᠷᠭᠠᠭᠰᠠᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠦᠷᠢᠯᠳᠦᠭᠦᠨ᠂ ᠨᠡᠶᠢᠭᠡᠮ ᠳᠤ ᠬᠠᠨᠳᠤᠭᠤᠯᠤᠨ ᠢᠯᠡ ᠪᠠᠷ ᠤᠷᠢᠨ ᠬᠡᠷᠡᠭᠯᠡᠭᠰᠡᠨ ᠨᠡᠶᠢᠭᠡᠮ ᠲᠣᠭᠤᠷᠢᠭ ᠤᠨ ᠲᠤᠰᠬᠠᠶ ᠲᠤᠰᠢᠶᠠᠯᠲᠦ ᠠᠵᠢᠯᠲᠠᠨ ︵ᠬᠤᠲᠠ ᠶᠢᠨ ᠬᠠᠮᠢᠶᠠᠷᠤᠯᠲᠠ ᠶᠢᠨ ᠥᠷᠲᠡᠭᠡ ᠰᠢᠯᠵᠢᠭᠦᠯᠬᠦ ᠠᠵᠢᠯᠲᠠᠨ᠂ ᠭᠤᠷᠪᠠᠳᠤᠭᠠᠷ ᠪᠦᠯᠦᠭ ᠤᠨ ᠣᠶᠤᠲᠠᠨ᠂ ᠰᠠᠭᠤᠭᠠᠯᠢ ᠠᠷᠠᠳ ᠤᠨ ᠵᠥᠪᠯᠡᠯ ᠤᠨ ᠥᠷᠲᠡᠭᠡ ᠰᠢᠯᠵᠢᠭᠦᠯᠬᠦ ᠠᠵᠢᠯᠲᠠᠨ ᠪᠠᠭᠲᠠᠨ᠎ᠠ︶ ᠪᠠᠭᠲᠠᠨ᠎ᠠ᠃      ᠭᠤᠷᠪᠠ᠂ ᠭᠤᠤᠯ ᠠᠭᠤᠯᠭ᠎ᠠ      1᠂ ᠵᠥᠪᠰᠢᠶᠡᠷᠡᠨ ᠣᠷᠣᠭᠤᠯᠬᠤ ᠨᠥᠬᠦᠴᠡᠯ᠃ ᠠᠵᠢᠯ ᠮᠡᠷᠭᠡᠵᠢᠯ ᠤᠨ ᠰᠢᠰᠲ᠋ᠧᠮ ᠳᠤ ᠰᠢᠯᠵᠢᠨ ᠣᠷᠣᠬᠤ ᠨᠡᠶᠢᠭᠡᠮ ᠲᠣᠭᠤᠷᠢᠭ ᠤᠨ ᠠᠵᠢᠯᠲᠠᠨ ᠡᠩ ᠤᠨ ᠪᠠᠶᠢᠳᠠᠯ ᠳᠤ ᠪᠦᠬᠦᠯᠢ 55 ᠨᠠᠰᠤᠨ ᠠᠴᠠ ᠬᠡᠲᠦᠷᠡᠬᠦ ᠦᠭᠡᠢ᠂ ᠡᠩ ᠤᠨ ᠪᠠᠶᠢᠳᠠᠯ ᠳᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠵᠢᠴᠢ ᠲᠡᠭᠦᠨ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠠᠶᠢᠵᠦ᠂ ᠣᠨᠴᠠ ᠰᠢᠯᠢᠳᠡᠭ ᠨᠢ ᠨᠠᠰᠤ ᠵᠢᠯ᠂ ᠰᠤᠷᠤᠯᠭ᠎ᠠ ᠶᠢᠨ ᠨᠠᠮᠲᠠᠷ ᠤᠨ ᠨᠥᠬᠦᠴᠡᠯ ᠨᠢ ᠵᠣᠬᠢᠰᠲᠠᠶ ᠥᠷᠭᠡᠨ ᠲᠠᠯᠪᠢᠵᠦ ᠪᠤᠯᠤᠨ᠎ᠠ᠃ ᠵᠣᠬᠢᠰᠲᠠᠶ ᠠᠭᠤᠵᠢᠭᠤ ᠲᠠᠯᠪᠢᠬᠤ ᠴᠢᠬᠤᠯᠠᠲᠠᠶ ᠪᠣᠯ᠂ ᠡᠯ᠎ᠡ ᠵᠡᠭᠡᠯᠢ ᠭᠤᠳᠤᠮᠵᠢ ︵ᠪᠠᠯᠭᠠᠰᠤ︶ ᠨᠤᠭᠤᠳ ᠪᠢᠴᠢᠭ ᠤᠨ ᠨᠢᠭᠤᠷ ᠢᠶᠠᠷ ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠵᠢᠭᠠᠪᠤᠷᠢ ᠠᠪᠴᠤ ᠵᠥᠪᠰᠢᠶᠡᠷᠡᠭᠦᠯᠬᠦ ᠬᠡᠷᠡᠭᠲᠡᠶ᠃      2᠂ ᠠᠵᠢᠯ ᠤᠨ ᠪᠠᠶᠢᠷᠢ ᠶᠢᠨ ᠵᠡᠷᠭᠡ ᠳᠡᠰ᠃ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠪᠠᠶᠢᠷᠢ ᠬᠢᠭᠡᠳ ᠵᠡᠷᠭᠡ ᠳᠡᠰ ᠢ ᠬᠠᠷᠢᠯᠴᠠᠨ ᠤᠶᠠᠯᠳᠤᠭᠤᠯᠤᠭᠰᠠᠨ ᠠᠵᠢᠯ ᠮᠡᠷᠭᠡᠵᠢᠯ ᠤᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠪᠠᠶᠢᠷᠢ ᠶᠢ ᠵᠢᠩᠬᠢᠨᠢ ᠲᠤᠰᠢᠶᠠᠯ᠂ ᠳᠡᠳ᠋ ᠲᠤᠰᠢᠶᠠᠯ ᠪᠠ ᠠᠵᠢᠯᠲᠠᠨ ᠭᠡᠵᠦ ᠭᠤᠷᠪᠠᠨ ᠲᠥᠷᠥᠯ ᠳᠤ ᠬᠤᠪᠢᠶᠠᠨ᠎ᠠ᠃ ᠡᠯ᠎ᠡ ᠠᠵᠢᠯ ᠤᠨ ᠪᠠᠶᠢᠷᠢ ᠳᠤ ᠨᠡᠶᠢᠭᠡᠮ ᠲᠣᠭᠤᠷᠢᠭ ᠤᠨ ᠠᠵᠢᠯᠲᠠᠨ ᠤ ᠨᠡᠶᠢᠭᠡᠮ ᠲᠣᠭᠤᠷᠢᠭ ᠲᠤ ᠠᠵᠢᠯᠯᠠᠭᠰᠠᠨ ᠤᠨ ᠵᠢᠯ ᠤᠨ ᠬᠢᠵᠠᠭᠠᠷ ᠶᠣᠰᠣᠭᠠᠷ ᠵᠣᠬᠢᠴᠠᠩᠭᠤᠶ ᠵᠡᠷᠭᠡ ᠳᠡᠰ ᠲᠣᠬᠢᠷᠠᠭᠤᠯᠵᠤ᠂ ᠠᠵᠢᠯᠲᠠᠨ ᠨᠢ 1 — 12 ᠳᠡᠰ᠂ ᠳᠡᠳ᠋ ᠲᠤᠰᠢᠶᠠᠯ ᠨᠢ 4 —15 ᠳᠡᠰ᠂ ᠵᠢᠩᠬᠢᠨᠢ ᠲᠤᠰᠢᠶᠠᠯ ᠨᠢ 7 — 18 ᠳᠡᠰ ᠪᠣᠯᠤᠨ᠎ᠠ᠃ ᠡᠩ ᠤᠨ ᠪᠠᠢᠳᠠᠯ ᠳᠣᠣᠷ᠎ᠠ᠂ ᠠᠵᠢᠯᠯᠠᠭᠰᠠᠨ ᠤᠨ ᠵᠢᠯ ᠨᠢ ᠪᠦᠬᠦᠯᠢ 3 ᠵᠢᠯ ᠪᠣᠯᠬᠤ ᠪᠦᠷᠢ᠂ ᠭᠤᠷᠪᠠᠨ ᠵᠢᠯ ᠳᠠᠷᠠᠭᠠᠯᠠᠨ ᠬᠢᠨᠠᠨ ᠰᠢᠯᠭᠠᠭᠠᠳ ᠬᠢᠷᠢ ᠲᠡᠩᠴᠡᠭᠰᠡᠨ ᠪᠣᠯ ᠳᠠᠷᠠᠭ᠎ᠠ ᠵᠢᠯ ᠤᠨ ᠬᠢᠨᠢ 1 ᠳ᠋ᠤᠭᠡᠷ ᠰᠠᠷ᠎ᠠ ᠠᠴᠠ ᠨᠢ ᠡᠬᠢᠯᠡᠨ 1 ᠳᠡᠰ ᠳᠡᠪᠰᠢᠭᠦᠯᠦᠨ᠎ᠡ᠃      3᠂ ᠴᠠᠯᠢᠩ ᠬᠥᠯᠥᠰᠥ ᠶᠢᠨ ᠬᠢᠷᠢ ᠬᠡᠮᠵᠢᠶ᠎ᠡ᠃ ᠳᠡᠭᠡᠷ᠎ᠡ ᠵᠢᠯ ᠤᠨ ᠪᠦᠬᠦ ᠬᠤᠲᠠ ᠶᠢᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠬᠢᠷᠢ ᠬᠡᠮᠵᠢᠶ᠎ᠡ ᠪᠠᠷ ᠯᠠᠪᠯᠠᠯᠲᠠ ᠪᠣᠯᠭᠠᠨ ᠨᠡᠶᠢᠭᠡᠮ ᠲᠤᠭᠤᠷᠢᠭ ᠤᠨ ᠠᠵᠢᠯᠲᠠᠨ ᠤ ᠴᠠᠯᠢᠩ ᠬᠥᠯᠥᠰᠥ ᠶᠢᠨ ᠣᠯᠭᠤᠮᠵᠢ ᠶᠢ ᠢᠵᠢ ᠪᠦᠷᠢᠳᠦᠭᠦᠯᠦᠨ ᠥᠭᠡᠷᠡᠴᠢᠯᠡᠬᠦ ᠪᠠᠷᠢᠮᠵᠢᠶ᠎ᠠ ᠶᠢ ᠲᠣᠭᠲᠠᠭᠠᠵᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠬᠤᠯᠪᠣᠭᠠᠯᠠᠨ ᠬᠥᠳᠡᠯᠦᠯᠴᠡᠵᠦ ᠲᠣᠬᠢᠷᠠᠭᠤᠯᠤᠯᠲᠠ ᠬᠢᠵᠦ᠂ ᠡᠩ ᠤᠨ ᠪᠠᠶᠢᠳᠠᠯ ᠳᠤ 2 ᠵᠢᠯ ᠪᠦᠷᠢ ᠳᠤ ᠠᠳᠠᠭ ᠲᠠᠭᠠᠨ ᠨᠢᠭᠡ ᠤᠳᠠᠭ᠎ᠠ ᠲᠣᠬᠢᠷᠠᠭᠤᠯᠤᠯᠲᠠ ᠬᠢᠬᠦ ᠶᠢᠨ ᠬᠠᠮᠲᠤ ᠴᠠᠭ ᠲᠤᠨᠢ ᠲᠤᠬᠢᠷᠠᠭᠤᠯᠤᠨ ᠬᠥᠳᠡᠯᠦᠩᠭᠦᠶ ᠪᠠᠷ ᠲᠣᠬᠢᠷᠠᠭᠤᠯᠤᠯᠲᠠ ᠬᠢᠨ᠎ᠡ᠃      4᠂ ᠴᠠᠯᠢᠩ ᠬᠥᠯᠥᠰᠥ ᠶᠢᠨ ᠪᠦᠲᠦᠴᠡ᠃ ᠨᠡᠶᠢᠭᠡᠮ ᠲᠣᠭᠤᠷᠢᠭ ᠤᠨ ᠠᠵᠢᠯᠲᠠᠨ ᠤ ᠴᠠᠯᠢᠩ ᠬᠥᠯᠥᠰᠥ ᠨᠢ ᠦᠨᠳᠦᠰᠦᠨ ᠴᠠᠯᠢᠩ ᠪᠠ ᠠᠮᠵᠢᠯᠲᠠ ᠪᠦᠲᠦᠮᠵᠢ ᠶᠢᠨ ᠴᠠᠯᠢᠩ ᠢᠶᠠᠷ ᠪᠦᠷᠢᠯᠳᠦᠨ᠎ᠡ᠃ ᠦᠨᠳᠦᠰᠦᠨ ᠴᠠᠯᠢᠩ ᠨᠢ ᠪᠠᠷᠤᠭ ᠴᠠᠯᠢᠩ ᠤᠨ ᠶᠡᠷᠦᠩᠬᠡᠶ ᠲᠣᠭᠠᠨ ᠤ 80% ᠣᠷᠴᠢᠮ ᠢ ᠡᠵᠡᠯᠡᠵᠦ᠂ ᠠᠮᠵᠢᠯᠲᠠ ᠪᠦᠲᠦᠮᠵᠢ ᠶᠢᠨ ᠴᠠᠯᠢᠩ ᠨᠢ ᠪᠠᠷᠤᠭ ᠴᠠᠯᠢᠩ ᠤᠨ ᠶᠡᠷᠦᠩᠬᠡᠶ ᠲᠣᠭᠠᠨ ᠤ 20% ᠣᠷᠴᠢᠮ ᠢ ᠡᠵᠡᠯᠡᠨ᠎ᠡ᠃ ᠦᠨᠳᠦᠰᠦᠨ ᠴᠠᠯᠢᠩ ᠢ ᠰᠠᠷ᠎ᠠ ᠰᠠᠷ᠎ᠠ ᠪᠠᠷ ᠣᠯᠭᠤᠨ᠎ᠠ᠂ ᠡᠭᠦᠨ ᠳᠤ ᠠᠵᠢᠯ ᠤᠨ ᠪᠠᠶᠢᠷᠢ ᠶᠢᠨ ᠴᠠᠯᠢᠩ᠂ ᠵᠡᠷᠭᠡ ᠳᠡᠰ ᠤᠨ ᠴᠠᠯᠢᠩ᠂ ᠮᠡᠷᠭᠡᠵᠢᠯ ᠤᠨ ᠴᠣᠯᠠ ᠶᠢᠨ ᠴᠠᠯᠢᠩ ᠵᠡᠷᠭᠡ ᠭᠤᠷᠪᠠᠨ ᠬᠡᠰᠡᠭ ᠪᠠᠭᠲᠠᠨ᠎ᠠ᠃ ᠵᠡᠷᠭᠡ ᠳᠡᠰ ᠤᠨ ᠴᠠᠯᠢᠩ ᠢ ᠠᠵᠢᠯ ᠤᠨ ᠪᠠᠶᠢᠷᠢ ᠶᠢᠨ ᠲᠥᠷᠥᠯ ᠢᠯᠭᠠᠯ ᠢᠶᠠᠷ ᠲᠣᠰ ᠲᠣᠰ 640 ᠲᠥᠭᠦᠷᠢᠭ᠂ 280  ᠲᠦᠭᠦᠷᠢᠭ᠂ 40 ᠲᠥᠭᠦᠷᠢᠭ ︵ᠠᠵᠢᠯᠲᠠᠨ ᠭᠤᠷᠪᠠᠨ ᠵᠢᠯ ᠵᠢᠴᠢ ᠲᠡᠭᠦᠨ ᠠᠴᠠ ᠳᠣᠷᠣᠭᠰᠢ ᠴᠥᠮ 40 ᠲᠥᠭᠦᠷᠢᠭ ᠢᠶᠠᠷ ᠪᠤᠳᠤᠨ᠎ᠠ︶ ᠢᠶᠠᠷ ᠰᠠᠭᠤᠷᠢ ᠲᠤᠭ᠎ᠠ ᠪᠣᠯᠭᠠᠵᠤ᠂ ᠵᠢᠯ ᠪᠦᠷᠢ 40 ᠲᠥᠭᠦᠷᠢᠭ ᠠᠬᠢᠨ ᠨᠡᠮᠡᠭᠳᠡᠨ᠎ᠡ︔ ᠤᠯᠤᠰ ᠤᠨ ᠲᠤᠰᠠᠯᠠᠬᠤ ᠨᠡᠶᠢᠭᠡᠮ ᠤᠨ ᠠᠵᠢᠯᠯᠠᠭᠴᠢ᠂ ᠨᠡᠶᠢᠭᠡᠮ ᠤᠨ ᠠᠵᠢᠯᠯᠠᠭᠴᠢ᠂ ᠳᠡᠭᠡᠲᠦ ᠵᠡᠷᠭᠡ ᠶᠢᠨ ᠨᠡᠶᠢᠭᠡᠮ ᠤᠨ ᠠᠵᠢᠯᠯᠠᠭᠴᠢ᠂ ᠰᠠᠷ᠎ᠠ ᠪᠦᠷᠢ 100 ᠲᠥᠭᠦᠷᠢᠭ᠂ 200 ᠲᠥᠭᠦᠷᠢᠭ᠂ 300 ᠲᠥᠭᠦᠷᠢᠭ ᠤᠨ ᠪᠠᠷᠢᠮᠵᠢᠶ᠎ᠠ ᠪᠠᠷ ᠮᠡᠷᠭᠡᠵᠢᠯ ᠤᠨ ᠴᠣᠯᠠ ᠶᠢᠨ ᠴᠠᠯᠢᠩ ᠣᠯᠭᠤᠨ᠎ᠠ᠃ ᠠᠮᠵᠢᠯᠲᠠ ᠪᠦᠲᠦᠮᠵᠢ ᠶᠢᠨ ᠴᠠᠯᠢᠩ ᠢ ᠰᠠᠭᠤᠷᠢ ᠴᠢᠨᠠᠷᠲᠠᠶ ᠠᠮᠵᠢᠯᠲᠠ ᠪᠦᠲᠦᠮᠵᠢ ᠶᠢᠨ ᠴᠠᠯᠢᠩ ᠪᠠ ᠱᠠᠩᠨᠠᠯ ᠤᠨ ᠴᠢᠨᠠᠷᠲᠠᠢ ᠠᠮᠵᠢᠯᠲᠠ ᠪᠦᠲᠦᠮᠵᠢ ᠶᠢᠨ ᠴᠠᠯᠢᠩ ᠭᠡᠵᠦ ᠬᠤᠪᠢᠶᠠᠵᠤ᠂ ᠰᠠᠭᠤᠷᠢ ᠴᠢᠨᠠᠷᠲᠠᠶ ᠠᠮᠵᠢᠯᠲᠠ ᠪᠦᠲᠦᠮᠵᠢ ᠶᠢᠨ ᠴᠠᠯᠢᠩ ᠢ ᠰᠠᠷ᠎ᠠ ᠪᠦᠷᠢ 300 ᠲᠥᠭᠦᠷᠢᠭ ᠤᠨ ᠪᠠᠷᠢᠮᠵᠢᠶ᠎ᠠ ᠪᠠᠷ ᠣᠯᠭᠤᠨ᠎ᠠ︔ ᠱᠠᠩᠨᠠᠯ ᠤᠨ ᠴᠢᠨᠠᠷᠲᠠᠶ ᠠᠮᠵᠢᠯᠲᠠ ᠪᠦᠲᠦᠮᠵᠢ ᠶᠢᠨ ᠴᠠᠯᠢᠩ ᠵᠢᠯ  ᠤᠨ ᠬᠢᠨᠠᠨ ᠰᠢᠯᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠰᠠᠷ᠎ᠠ ᠪᠦᠷᠢ ᠰᠢᠯᠢᠳᠡᠭ 300 ᠲᠥᠭᠦᠷᠢᠭ ᠢᠶᠠᠷ᠂ ᠰᠠᠷ᠎ᠠ ᠪᠦᠷᠢ 150 ᠲᠥᠭᠦᠷᠢᠭ ᠤᠨ ᠪᠠᠷᠢᠮᠵᠢᠶ᠎ᠠ ᠶᠢ ᠲᠤᠰ ᠵᠢᠯ ᠤᠨ ᠡᠴᠦᠰ ᠲᠤ ᠨᠢᠭᠡ ᠤᠳᠠᠭ᠎ᠠ ᠶᠢᠨ ᠴᠢᠨᠠᠷᠲᠠᠢ ᠲᠠᠷᠬᠠᠭᠠᠵᠦ᠂ ᠰᠢᠯᠭᠠᠨ ᠬᠢᠨᠠᠭᠰᠠᠨ ᠦᠷ᠎ᠡ ᠳ᠋ᠦᠩ ᠨᠢ ᠦᠨᠳᠦᠰᠦᠨ ᠳᠡᠭᠡᠨ ᠬᠢᠷᠢ ᠲᠡᠩᠴᠡᠭᠰᠡᠨ ᠵᠢᠴᠢ ᠲᠡᠭᠦᠨ ᠠᠴᠠ ᠳᠣᠷᠣᠭᠰᠢᠬᠢ ᠳᠡᠰ ᠪᠠᠶᠢᠪᠠᠯ᠂ ᠱᠠᠩᠨᠠᠯ ᠤᠨ ᠴᠢᠨᠠᠷᠲᠠᠶ ᠠᠮᠵᠢᠯᠲᠠ ᠪᠦᠲᠦᠮᠵᠢ ᠶᠢ ᠬᠦᠷᠲᠡᠬᠦ ᠦᠭᠡᠢ᠃      5᠂ ᠴᠠᠯᠢᠩ ᠬᠥᠯᠥᠰᠥ ᠶᠢᠨ ᠬᠠᠮᠢᠶᠠᠷᠤᠯᠲᠠ᠃ ᠰᠤᠷᠭᠠᠨ ᠬᠥᠮᠦᠵᠢᠯ ᠬᠦᠷᠲᠡᠭᠰᠡᠨ ᠬᠢᠷᠢ ᠬᠡᠮᠵᠢᠶ᠎ᠡ ᠨᠢ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠠᠩᠭᠢ ᠵᠢᠴᠢ ᠲᠡᠭᠦᠨ ᠠᠴᠠ ᠳᠣᠷᠣᠭᠰᠢᠬᠢ ᠬᠡᠮᠵᠢᠶ᠎ᠡ ᠪᠠᠷ ᠰᠠᠭᠤᠷᠢ ᠪᠣᠯᠭᠠᠵᠤ᠂ ᠣᠶᠤᠲᠠᠨ ᠤ ᠴᠣᠯᠠ ᠣᠯᠤᠭᠰᠠᠨ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠭᠴᠢ᠂ ᠮᠠᠰᠲ᠋ᠧᠷ ᠴᠣᠯᠠ ᠤᠯᠤᠭᠰᠠᠨ ᠠᠰᠫᠢᠷᠠᠨᠲ᠂ ᠳ᠋ᠣᠺᠲ᠋ᠣᠷ ᠴᠣᠯᠠ ᠬᠠᠮᠠᠭᠠᠯᠠᠭᠰᠠᠳ ᠢ ᠲᠤᠰ ᠲᠤᠰ ᠨᠡᠶᠢᠭᠡᠮ ᠲᠣᠭᠤᠷᠢᠭ ᠲᠤ 3 ᠵᠢᠯ᠂ 5 ᠵᠢᠯ᠂ 7 ᠵᠢᠯ ᠭᠡᠵᠦ ᠦᠵᠡᠨ᠎ᠡ︔ ᠵᠥᠪᠬᠡᠨ ᠰᠤᠷᠤᠯᠭ᠎ᠠ ᠶᠢᠨ ᠨᠠᠮᠲᠠᠷ ᠪᠤᠶᠤ ᠡᠷᠳᠡᠮ ᠤᠨ ᠴᠣᠯᠠ ᠶᠢᠨ ᠦᠨᠡᠮᠯᠡᠯ ᠣᠯᠤᠭᠰᠠᠨ ᠪᠠᠶᠢᠪᠠᠯ᠂ ᠲᠣᠰ ᠲᠣᠰ ᠨᠡᠶᠢᠭᠡᠮ ᠲᠣᠭᠤᠷᠢᠭ ᠲᠤ 2 ᠵᠢᠯ᠂ 3 ᠵᠢᠯ᠂ 4 ᠵᠢᠯ ᠠᠵᠢᠯᠯᠠᠭᠰᠠᠨ ᠢᠶᠠᠷ ᠦᠵᠡᠨ᠎ᠡ᠃ ᠨᠡᠶᠢᠭᠡᠮ ᠲᠣᠭᠤᠷᠢᠭ ᠤᠨ ᠰᠢᠨ᠎ᠡ ᠪᠠᠷ ᠤᠷᠢᠬᠤ ᠠᠵᠢᠯᠲᠠᠨ ᠤ ᠲᠤᠷᠰᠢᠨ ᠬᠡᠷᠡᠭᠯᠡᠬᠦ ᠬᠤᠭᠤᠴᠠᠭ᠎ᠠ ᠶᠢᠨ ᠴᠠᠯᠢᠩ ᠢ ᠲᠣᠭᠲᠠᠭᠠᠭᠰᠠᠨ ᠵᠡᠷᠭᠡ ᠳᠡᠰ ᠤᠨ ᠦᠨᠳᠦᠰᠦᠨ ᠴᠠᠯᠢᠩ ᠤᠨ ᠪᠠᠷᠢᠮᠵᠢᠶ᠎ᠠ ᠶᠣᠰᠣᠭᠠᠷ ᠣᠯᠭᠤᠬᠤ ᠬᠡᠷᠡᠭᠲᠡᠶ᠃ ᠲᠤᠷᠰᠢᠨ ᠬᠡᠷᠡᠭᠯᠡᠬᠦ ᠬᠤᠭᠤᠴᠠᠭ᠎ᠠ ᠳᠦᠭᠦᠷᠴᠦ ᠬᠢᠨᠠᠨ ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ᠂ ᠵᠡᠷᠭᠡ ᠳᠡᠰ ᠢᠶᠠᠷ ᠨᠢ ᠴᠠᠯᠢᠩ ᠬᠥᠯᠥᠰᠥ ᠶᠢ ᠨᠢ ᠲᠣᠭᠲᠠᠭᠠᠨ᠎ᠠ᠃ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠶᠢᠨ ︽ᠵᠡᠷᠭᠡ ᠡᠭᠦᠷᠭᠡᠯᠡᠬᠦ︾ ᠠᠵᠢᠯᠲᠠᠨ ᠤ ᠠᠵᠢᠯ ᠤᠨ ᠪᠠᠶᠢᠷᠢ ᠶᠢᠨ ᠴᠠᠯᠢᠩ ᠢ ᠵᠢᠩᠬᠢᠨᠢ ᠠᠵᠢᠯ ᠤᠨ ᠪᠠᠶᠢᠷᠢ ᠶᠢᠨ ᠴᠠᠯᠢᠩ ᠢᠶᠠᠷ 200 ᠲᠥᠭᠦᠷᠢᠭ ᠥᠰᠬᠡᠵᠦ ᠬᠡᠷᠡᠭᠵᠢᠭᠦᠯᠦᠨ᠎ᠡ᠃      ᠳᠦᠷᠪᠡ᠂ ᠪᠤᠰᠤᠳ ᠵᠦᠢᠯ      ᠨᠡᠶᠢᠭᠡᠮ ᠲᠣᠭᠤᠷᠢᠭ ᠤᠨ ᠠᠵᠢᠯᠲᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠦᠷᠡᠵᠢᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠤᠯᠤᠭᠰᠠᠨ ᠭᠡᠮᠲᠦᠯ ᠤᠨ ᠳᠠᠭᠠᠳᠬᠠᠯ᠂ ᠰᠠᠨᠠᠭᠠᠨ ᠳᠤ ᠦᠭᠡᠶ ᠳᠠᠭᠠᠳᠬᠠᠯ ᠵᠡᠷᠭᠡ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠲᠤᠰᠢᠶᠠᠬᠤ ᠬᠡᠷᠡᠭᠲᠡᠶ᠃ ᠪᠡᠶ᠎ᠡ ᠶᠢᠨ ᠪᠠᠶᠢᠴᠠᠭᠠᠯᠲᠠ᠂ ᠴᠠᠯᠢᠩ ᠲᠠᠢ ᠵᠢᠯ ᠤᠨ ᠠᠮᠠᠷᠠᠯᠲᠠ ᠵᠡᠷᠭᠡ ᠠᠰᠠᠷᠠᠮᠵᠢ ᠶᠢᠨ ᠬᠠᠷᠠᠭᠠᠯᠵᠠᠯ ᠲᠠᠢ᠃ ᠨᠡᠶᠢᠭᠡᠮ ᠲᠣᠭᠤᠷᠢᠭ ᠤᠨ ᠠᠵᠢᠯᠲᠠᠨ ᠤ ᠳᠡᠰ ᠲᠣᠭᠲᠠᠭᠠᠭᠰᠠᠨ ᠤ ᠳᠠᠷᠠᠭᠠᠬᠢ ᠴᠠᠯᠢᠩ ᠬᠥᠯᠥᠰᠥ ᠶᠢᠨ ᠣᠯᠭᠤᠮᠵᠢ ᠨᠢ ᠤᠳᠤ ᠪᠠᠶᠢᠭ᠎ᠠ ᠴᠠᠯᠢᠩ ᠤᠨ ᠬᠢᠷᠢ ᠬᠡᠮᠵᠢᠶ᠎ᠡ ᠠᠴᠠ ᠳᠣᠤᠷ᠎ᠠ ᠪᠠᠶᠢᠪᠠᠯ᠂ ᠤᠤᠯ ᠤᠨ ᠴᠠᠯᠢᠩ ᠤᠨ ᠪᠠᠷᠢᠮᠵᠢᠶ᠎ᠠ ᠶᠤᠰᠤᠭᠠᠷ ᠬᠡᠷᠡᠭᠵᠢᠭᠦᠯᠦᠨ᠎ᠡ᠃ ᠢᠵᠢ ᠪᠦᠷᠢᠳᠦᠭᠦᠯᠦᠨ ᠰᠢᠯᠵᠢᠭᠦᠯᠦᠭᠰᠡᠨ ᠤ ᠳᠠᠷᠠᠭ᠎ᠠ ᠤᠤᠯ ᠤᠨ ᠴᠠᠯᠢᠩ ᠠᠴᠠ ᠥᠨᠳᠥᠷ ᠪᠠᠶᠢᠪᠠᠯ᠂ ᠰᠢᠨ᠎ᠡ ᠪᠠᠷᠢᠮᠵᠢᠶ᠎ᠠ ᠶᠤᠰᠤᠭᠠᠷ ᠬᠡᠷᠡᠭᠵᠢᠭᠦᠯᠦᠨ᠎ᠡ᠃ ᠬᠡᠷᠪᠡ ᠠᠵᠢᠯ ᠤᠨ ᠪᠠᠶᠢᠷᠢ ᠳᠤ ᠬᠤᠪᠢᠷᠠᠯᠲᠠ ᠭᠠᠷᠤᠭᠰᠠᠨ ᠪᠣᠯ ᠰᠢᠨ᠎ᠡ ᠠᠵᠢᠯ ᠤᠨ ᠪᠠᠶᠢᠷᠢ ᠶᠢᠨ ᠶᠣᠰᠣᠭᠠᠷ ᠢᠵᠢ ᠪᠦᠷᠢᠯᠳᠦᠭᠦᠯᠦᠨ ᠰᠢᠯᠵᠢᠭᠦᠯᠬᠦ ᠬᠡᠷᠡᠭᠲᠡᠶ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号