11 ᠰᠠᠷ᠎ᠠ ᠶᠢᠨ 27 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ | ᠬᠤᠷᠢᠶᠠᠨ ᠤ ᠤᠬᠠᠭᠤᠯᠬᠤ ᠬᠡᠯᠲᠡᠰ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ | ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠠᠴᠠ ᠭᠤᠤᠯᠯᠠᠨ ᠡᠷᠭᠢᠯᠡᠵᠦ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠴᠢᠩᠱᠠᠨ | ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠡᠷᠭᠡ ᠨᠢᠭᠡᠴᠡ ᠠᠴᠠ | ᠳᠠᠭᠠᠭᠠᠴᠢᠯᠠᠨ ᠡᠷᠭᠢᠯᠡᠭᠰᠡᠨ ︽ᠰᠣᠶᠣᠯ ᠵᠢᠭᠤᠯᠴᠢᠯᠠᠯ ᠤᠨ ᠦᠢᠯᠡᠰ ᠬᠥᠮᠦᠰ ᠤᠨ ᠰᠡᠳᠬᠢᠯ ᠢ ᠤᠮᠳᠠᠯᠠᠬᠤ᠂ | ᠠᠷᠠᠳ ᠤᠨ ᠬᠦᠴᠦᠨ ᠢ ᠡᠭᠦᠳᠬᠦ᠂ ᠠᠵᠤ ᠦᠢᠯᠡᠰ ᠤᠨ ᠲᠠᠰ ᠳᠡᠪᠰᠢᠬᠦ᠂ ᠠᠭᠤᠰᠤᠯᠳᠤᠨ ᠬᠥᠭᠵᠢᠬᠦ︾ ᠪᠠᠷ ᠭᠤᠤᠯ | ᠰᠡᠳᠦᠪ ᠪᠣᠯᠭᠠᠭᠰᠠᠨ ︽ᠪᠤᠭᠤᠲᠤ ᠬᠤᠲᠠ ᠶᠢᠨ ᠠᠩᠬᠠᠳᠤᠭᠠᠷ ᠬᠤᠭᠤᠴᠠᠭᠠᠨ ᠤ ᠰᠣᠶᠣᠯ ᠵᠢᠭᠤᠯᠴᠢᠯᠠᠯ ᠤᠨ | ᠪᠦᠲᠦᠭᠡᠯᠴᠢ ᠦᠢᠯᠡᠳᠭᠦᠨ ᠤ ᠵᠢᠷᠤᠭ ᠲᠥᠯᠥᠪᠯᠡᠭᠡ ᠶᠢᠨ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠵᠢᠴᠢ | ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠪᠦᠲᠦᠭᠡᠯ ᠤᠨ ᠦᠵᠡᠭᠦᠯᠦᠯᠭᠡ︾ ᠪᠤᠭᠤᠲᠤ ᠬᠤᠲᠠ ᠶᠢᠨ ᠣᠯᠠᠨ | ᠤᠯᠤᠰ ᠤᠨ ᠦᠵᠡᠰᠬᠦᠯᠡᠩ ᠤᠨ ᠲᠥᠪ ᠤᠨ A ᠣᠷᠳᠣᠨ ᠳᠤ ᠶᠠᠪᠤᠭᠳᠠᠪᠠ᠃ ᠤᠷᠤᠯᠳᠤᠭᠠᠨ ᠳᠤ ᠱᠠᠩᠨᠠᠯ | ᠬᠦᠷᠳᠡᠭᠰᠡᠳ ᠤᠨ ᠲᠥᠯᠥᠭᠡᠯᠡᠭᠴᠢ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠲᠦᠯᠦᠭᠡᠯᠡᠭᠴᠢ᠂ ᠶᠡᠭᠡ | ᠳᠡᠭᠡᠳᠦ ᠰᠤᠷᠭᠠᠭᠤᠯᠢ ᠶᠢᠨ ᠲᠥᠯᠥᠭᠡᠯᠡᠭᠴᠢ ᠵᠡᠷᠭᠡ 200 ᠭᠠᠷᠤᠶ ᠬᠥᠮᠦᠨ ᠲᠣᠰ ᠤᠳᠠᠭᠠᠨ ᠤ ᠠᠵᠢᠯᠯᠠᠭ᠎ᠠ ᠳᠤ | ᠣᠷᠣᠯᠴᠠᠪᠠ᠃ | ᠪᠤᠭᠤᠲᠤ ᠬᠤᠲᠠ ᠶᠢᠨ ᠠᠩᠬᠠᠳᠤᠭᠠᠷ ᠬᠤᠭᠤᠴᠠᠭᠠᠨ ᠤ ᠰᠣᠶᠣᠯ ᠵᠢᠭᠤᠯᠴᠢᠯᠠᠯ ᠤᠨ ᠪᠦᠲᠦᠭᠡᠯᠴᠢ | ᠪᠦᠲᠦᠭᠡᠭᠳᠡᠬᠦᠨ ᠤ ᠵᠢᠷᠤᠭ ᠲᠥᠯᠥᠪᠯᠡᠭᠡ ᠶᠢᠨ ᠤᠷᠤᠯᠳᠤᠭᠠᠨ ᠡᠨᠡ ᠵᠢᠯ ᠤᠨ 5 ᠰᠠᠷ᠎ᠠ ᠶᠢᠨ 18 ᠤ ᠡᠳᠦᠷ | ᠡᠬᠢᠯᠡᠭᠰᠡᠨ ᠠᠴᠠ ᠨᠠᠰᠢ᠂ 155 ᠡᠳᠦᠷ᠂ ᠪᠦᠬᠦ ᠤᠯᠤᠰ ᠤᠨ 17 ᠮᠤᠵᠢ ᠬᠤᠲᠠ ᠥᠪᠡᠷᠲᠡᠭᠡᠨ ᠵᠠᠰᠠᠬᠤ ᠣᠷᠣᠨ ᠤ | 708 ᠪᠦᠲᠦᠭᠡᠯ ᠢ ᠬᠦᠯᠢᠶᠡᠨ ᠠᠪᠴᠤ᠂ ᠰᠢᠷᠦᠭᠦᠨ ᠥᠷᠢᠰᠥᠯᠳᠦᠭᠡᠨ ᠢ ᠥᠩᠭᠡᠷᠡᠭᠦᠯᠵᠡᠶ᠃ ᠤᠷᠤᠯᠳᠤᠭᠠᠨ | ᠡᠴᠦᠰ ᠲᠡᠭᠡᠨ ︽ᠠᠯᠲᠠᠨ ᠱᠠᠩᠨᠠᠯ︾ 1᠂ ︽ᠮᠥᠩᠭᠦᠨ ᠱᠠᠩᠨᠠᠯ︾ 2᠂ ︽ᠭᠠᠤᠯᠢᠨ ᠱᠠᠩᠨᠠᠯ︾ 3 ᠬᠥᠮᠦᠨ᠂ ︽ᠰᠢᠯᠢᠳᠡᠭ | ᠱᠠᠩᠨᠠᠯ︾ 5 ᠨᠡᠷᠡᠰ᠂ ︽ᠪᠦᠰᠡᠯᠡᠯᠲᠡ ᠳᠤ ᠤᠷᠤᠭᠰᠠᠨ ᠱᠠᠩᠨᠠᠯ︾ 50 ᠨᠡᠷᠡᠰ ᠢ ᠰᠢᠯᠭᠠᠷᠠᠭᠤᠯᠪᠠ᠃ | ᠰᠤᠷᠪᠤᠯᠵᠢᠯᠠᠭᠴᠢ ᠦᠵᠡᠭᠦᠯᠦᠯᠭᠡ ᠶᠢᠨ ᠲᠢᠩᠬᠢᠮ ᠤᠨ ᠲᠤᠬᠠᠶ ᠶᠢᠨ ᠲᠠᠯᠠᠪᠠᠢ ᠳᠤ ᠦᠵᠡᠭᠰᠡᠨ ᠨᠢ᠂ | ᠦᠵᠡᠰᠬᠦᠯᠡᠩ ᠳᠤ ᠣᠷᠣᠯᠴᠠᠭᠰᠠᠨ ᠪᠦᠲᠦᠭᠡᠯ ᠤᠨ ᠲᠥᠷᠥᠯ ᠵᠦᠢᠯ ᠡᠯᠪᠡᠭ ᠪᠠᠶᠠᠯᠢᠭ᠂ ᠢᠳᠡᠭᠡᠨ ᠤᠮᠳᠠᠭᠠᠨ᠂ | ᠬᠤᠪᠴᠠᠰᠤ ᠵᠠᠰᠠᠯ᠂ ᠪᠢᠴᠢᠭ ᠤᠨ ᠬᠡᠷᠡᠭᠰᠡᠯ᠂ ᠭᠡᠷ ᠤᠨ ᠡᠳ᠋ᠯᠡᠯ ᠬᠡᠷᠡᠭᠰᠡᠯ ᠵᠡᠷᠭᠡ ᠶᠢ ᠪᠠᠭᠲᠠᠭᠠᠵᠤ᠂ ᠬᠠᠲᠤᠨ ᠭᠤᠣᠯ ᠤᠨ | ᠰᠣᠶᠣᠯ᠂ ᠠᠵᠤ ᠦᠢᠯᠡᠳᠪᠦᠷᠢ ᠶᠢᠨ ᠰᠣᠶᠣᠯ ︵ᠴᠡᠷᠢᠭ ᠤᠨ ᠠᠵᠤ ᠦᠢᠯᠡᠳᠪᠦᠷᠢ ᠶᠢᠨ ᠰᠣᠶᠣᠯ ᠪᠠᠭᠲᠠᠨ᠎ᠠ︶᠂ | ᠬᠤᠪᠢᠰᠬᠠᠯ ᠤᠨ ᠰᠣᠶᠣᠯ᠂ ᠲᠠᠯ᠎ᠠ ᠨᠤᠲᠤᠭ ᠤᠨ ᠰᠣᠶᠣᠯ᠂ ᠪᠠᠷᠠᠭᠤᠨ ᠪᠤᠭᠤᠮᠲᠠ ᠶᠢᠨ ᠰᠣᠶᠣᠯ ᠵᠡᠷᠭᠡ ᠠᠭᠤᠯᠭ᠎ᠠ ᠶᠢ | ᠮᠠᠰᠢ ᠰᠠᠶᠢᠨ ᠳᠡᠯᠭᠡᠨ ᠦᠵᠡᠭᠦᠯᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠳᠤ ᠲᠥᠪ ᠤᠨ ᠦᠨᠳᠦᠰᠦᠲᠡᠨ ᠤ ᠶᠡᠭᠡ | ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠶᠡᠭᠡ ᠰᠤᠷᠭᠠᠭᠤᠯᠢ ᠵᠡᠷᠭᠡ 34 ᠶᠡᠭᠡ ᠳᠡᠭᠡᠳᠦ ᠰᠤᠷᠭᠠᠭᠤᠯᠢ ᠶᠢᠨ 300 ᠭᠠᠷᠤᠶ ᠰᠣᠷᠣᠭᠴᠢ | ᠣᠷᠣᠯᠴᠠᠵᠤ᠂ ᠨᠢᠭᠡ ᠪᠦᠯᠦᠭ ᠪᠦᠲᠦᠭᠡᠯᠴᠢ ᠰᠡᠳᠬᠢᠮᠵᠢ ᠲᠠᠢ ᠰᠢᠯᠢᠳᠡᠭ ᠪᠦᠲᠦᠭᠡᠯ ᠴᠣᠯᠭᠤᠷᠠᠨ ᠭᠠᠷᠪᠠ᠃ | ᠲᠤᠰ ᠡᠳᠦᠷ ᠤᠨ ᠱᠠᠩᠨᠠᠯ ᠣᠯᠭᠤᠬᠤ ᠶᠣᠰᠣᠯᠠᠯ ᠳᠡᠭᠡᠷ᠎ᠡ᠂ ᠵᠠᠰᠠᠭ ᠵᠠᠬᠢᠷᠭ᠎ᠠ ᠰᠤᠷᠭᠠᠭᠤᠯᠢ ᠠᠵᠤ ᠠᠬᠤᠶᠢᠯᠠᠯ | ᠬᠤᠷᠰᠢᠶ᠎ᠠ ᠶᠢᠨ ᠬᠠᠮᠲᠤᠷᠠᠯᠴᠠᠭᠠᠨ ᠤ ᠲᠥᠷᠥᠯ ᠵᠦᠢᠯ ᠤᠨ ᠡᠬᠢᠯᠡᠯᠲᠡ ᠶᠢᠨ ᠶᠣᠰᠣᠯᠠᠯ ᠶᠠᠪᠤᠭᠤᠯᠵᠤ᠂ ᠪᠠᠰᠠ ᠪᠤᠭᠤᠲᠤ | ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠦᠯᠵᠢᠶᠡᠨ ᠳᠡᠭᠡᠷ᠎ᠡ ᠲᠠᠨᠢᠯᠴᠠᠭᠤᠯᠬᠤ ᠠᠵᠢᠯᠯᠠᠭ᠎ᠠ ᠶᠢ | ᠡᠬᠢᠯᠡᠭᠦᠯᠪᠡ᠃ | ᠱᠠᠩᠨᠠᠯ ᠣᠯᠭᠤᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠭᠤᠤᠯᠯᠠᠨ ᠡᠷᠭᠢᠯᠡᠭᠰᠡᠨ ᠨᠢᠭᠡᠴᠡ ᠨᠢ ᠪᠡᠭᠡᠵᠢᠩ | ᠶᠡᠭᠡ ᠰᠤᠷᠭᠠᠭᠤᠯᠢ ᠶᠢᠨ ᠰᠣᠶᠣᠯ ᠤᠨ ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠶᠢᠨ | ᠲᠤᠰᠠᠯᠠᠭᠴᠢ᠂ ᠰᠤᠳᠤᠯᠤᠭᠴᠢ ᠸᠠᠩ ᠴᠢ ᠭᠦᠸᠧ ᠫᠷᠤᠹᠧᠰᠰᠤᠷ ᠢ ᠤᠷᠢᠪᠠ︔ ᠪᠣᠳᠠᠰ ᠤᠨ ᠪᠤᠰᠤ ᠰᠣᠶᠣᠯ ᠤᠨ ᠥᠪ | ᠬᠥᠷᠥᠩᠭᠡ ︵ᠢᠯᠡ ᠬᠡᠯᠪᠡᠷᠢ ᠶᠢᠨ ᠬᠡᠷ ᠤᠨ ᠡᠳ᠋ᠯᠡᠯ ᠦᠢᠯᠡᠳᠬᠦ ᠤᠷ᠎ᠠ ᠮᠡᠷᠭᠡᠰᠢᠯ︶ ᠶᠢᠨ ᠤᠯᠤᠰ ᠤᠨ ᠲᠠᠰ ᠤᠨ | ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠰᠢᠤᠢ ᠵᠢᠶᠠᠨ ᠫᠢᠩ ᠲᠣᠰ ᠲᠣᠰ ︽ᠰᠢᠨ᠎ᠡ ᠴᠠᠭ ᠦᠶ᠎ᠡ ᠶᠢᠨ ᠰᠣᠶᠣᠯ ᠤᠨ | ᠪᠦᠲᠦᠭᠡᠯᠴᠢ ᠰᠡᠳᠬᠢᠮᠵᠢ ᠪᠠ ᠰᠣᠶᠣᠯ ᠵᠢᠭᠤᠯᠴᠢᠯᠠᠯ ᠤᠨ ᠦᠢᠯᠡᠳᠭᠦᠨ ᠨᠡᠭᠡᠭᠡᠨ ᠬᠦᠭᠵᠢᠭᠦᠯᠬᠦ︾᠂ ︽ᠣᠳᠣᠬᠠᠨ ᠤ | ᠤᠯᠠᠮᠵᠢᠯᠠᠭᠴᠢ ᠶᠢᠨ ᠬᠥᠭᠵᠢᠯᠲᠡ ᠶᠢᠨ ᠳᠤᠮᠳᠠ ᠲᠤᠯᠭᠠᠷᠠᠵᠤ ᠪᠠᠶᠢᠭ᠎ᠠ ᠠᠰᠠᠭᠤᠳᠠᠯ ᠢ ᠭᠦᠶᠦᠭᠡᠨ ᠵᠠᠳᠠᠯᠤᠨ᠎ᠠ︾ ᠭᠡᠬᠦ | ᠲᠤᠰᠬᠠᠶ ᠰᠡᠳᠦᠪᠲᠦ ᠲᠠᠶᠢᠯᠤᠮᠵᠢ ᠬᠢᠪᠠ᠃ | ᠲᠣᠰ ᠤᠳᠠᠭᠠᠨ ᠤ ︽ᠪᠤᠭᠤᠲᠤ ᠬᠤᠲᠠ ᠶᠢᠨ ᠠᠩᠬᠠᠳᠤᠭᠠᠷ ᠬᠤᠭᠤᠴᠠᠭᠠᠨ ᠤ ᠰᠣᠶᠣᠯ ᠵᠢᠭᠤᠯᠴᠢᠯᠠᠯ ᠤᠨ | ᠪᠦᠲᠦᠭᠡᠯᠴᠢ ᠪᠦᠲᠦᠭᠡᠭᠳᠡᠭᠦᠨ ᠤ ᠵᠢᠷᠤᠭ ᠲᠥᠯᠥᠪᠯᠡᠭᠡᠨ ᠤ ᠤᠷᠤᠯᠳᠤᠭᠠᠨ︾ ᠢ ᠡᠷᠬᠢᠯᠡᠨ᠂ ᠨᠢᠭᠡ ᠪᠦᠯᠦᠭ ᠵᠣᠬᠢᠬᠤ | ᠨᠥᠯᠥᠭᠡᠯᠡᠬᠦ ᠬᠦᠴᠦᠨ ᠪᠦᠬᠦᠢ ᠰᠣᠶᠣᠯ ᠵᠢᠭᠤᠯᠴᠢᠯᠠᠯ ᠤᠨ ᠪᠦᠲᠦᠭᠡᠯᠴᠢ ᠪᠦᠲᠦᠭᠡᠭᠳᠡᠬᠦᠨ ᠤ ᠨᠡᠷᠡᠲᠦ ᠲᠥᠷᠥᠯ | ᠲᠡᠮᠳᠡᠭᠲᠦ ᠶᠢ ᠪᠣᠢ ᠪᠣᠯᠭᠠᠬᠤ ᠶᠢᠨ ᠲᠥᠯᠥᠭᠡ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ | ᠥᠷᠭᠡᠴᠡ ᠪᠠ ᠭᠦᠨᠴᠡ ᠶᠢ ᠥᠷᠭᠡᠳᠬᠡᠬᠦ ᠪᠣᠯ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠤᠨ ᠭᠦᠨᠵᠡᠭᠡᠶ | ᠠᠭᠤᠰᠤᠯᠴᠠᠯ ᠢ ᠠᠬᠢᠭᠤᠯᠬᠤ ᠰᠢᠪᠲᠤᠯᠤᠯᠲᠠ ᠶᠢᠨ ᠴᠢᠨᠠᠷᠲᠠᠢ ᠬᠠᠶᠢᠨ ᠰᠦᠪᠡᠭᠴᠢᠯᠡᠯᠲᠡ ᠪᠣᠯᠤᠨ᠎ᠠ᠃ | | | | | | ᠢᠷᠡᠯᠲᠡ᠄ ᠴᠢᠩᠱᠠᠨ ᠬᠥᠮᠦᠨ ᠴᠢᠩᠱᠠᠨ ᠤ ᠶᠠᠪᠤᠳᠠᠯ |