ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨ᠎ᠡ ᠶᠢ ᠡᠭᠦᠳᠴᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ︾ ᠭᠡᠬᠦ ᠲᠤᠬᠠᠢ ᠶᠠᠷᠢᠯᠴᠠᠪᠠ
ᠨᠡᠶᠢᠲᠡᠯᠡᠭᠰᠡᠨ ᠴᠠᠭ᠄
2020/12/17
     
     ᠣᠶᠢᠷ᠎ᠠ ᠶᠢᠨ ᠵᠢᠯ ᠤᠳ ᠲᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠤᠯᠤᠰ ᠤᠨ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠥᠪᠰᠢᠶᠡᠷᠡᠨ ᠣᠷᠣᠭᠤᠯᠬᠤ ᠶᠢ ᠳᠥᠭᠦᠮᠴᠢᠯᠡᠬᠦ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠶᠡᠭᠡ ᠪᠠᠷ ᠳᠥᠯᠭᠢᠨ ᠠᠬᠢᠭᠤᠯᠪᠠ᠃ ᠠᠩᠬ᠎ᠠ ᠤᠳᠠᠭ᠎ᠠ ᠪᠦᠬᠦ ᠬᠤᠲᠠ ᠶᠢᠨ ᠠᠩᠬᠠᠳᠠᠭᠴᠢ ᠬᠤᠪᠢ ᠬᠥᠮᠦᠨ ᠤ ︽ᠬᠤᠶᠠᠷ ᠦᠨᠡᠮᠯᠡᠯ ᠢ ᠨᠡᠶᠢᠯᠡᠭᠦᠯᠬᠦ︾ ᠡᠵᠡᠩᠨᠡᠯᠲᠡ ᠶᠢᠨ ᠦᠨᠡᠮᠯᠡᠯ᠂ ᠠᠩᠬᠠᠳᠠᠭᠴᠢ ᠠᠵᠤ ᠠᠬᠤᠶᠢᠯᠠᠯ ᠤᠨ ︽ᠭᠤᠷᠪᠠᠨ ᠦᠨᠡᠮᠯᠡᠯ ᠢ ᠨᠢᠭᠡᠳᠬᠡᠬᠦ︾ ᠡᠵᠡᠩᠨᠡᠯᠲᠡ  ᠎ ᠶᠢᠨ ᠦᠨᠡᠮᠯᠡᠯ ᠢ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠴᠠᠭᠠᠰᠤ ᠥᠬᠡᠶ ᠪᠥᠬᠦ ᠶᠠᠪᠤᠴᠠ ᠶᠢ ᠡᠯᠤᠺᠲᠷᠤᠨᠴᠢᠯᠠᠭᠰᠠᠨ︾ ᠡᠵᠡᠩᠨᠡᠯᠲᠡ ᠶᠢᠨ ᠦᠨᠡᠮᠯᠡᠯ ᠢ ᠲᠠᠷᠬᠠᠭᠠᠪᠠ᠃      ᠣᠳᠣᠬᠠᠨ ᠳᠤ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠪᠠᠷ ᠳᠠᠮᠵᠢᠭᠤᠯᠤᠨ ᠴᠢᠩᠱᠠᠨ ᠲᠣᠭᠤᠷᠢᠭ ᠤᠨ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠴᠠᠭ ᠢ ᠨᠢᠭᠡᠨᠲᠡ ᠥᠩᠭᠡᠷᠡᠭᠰᠡᠨ 15 ᠡᠳᠦᠷ ᠣᠷᠴᠢᠮ᠂ ᠳᠤᠮᠳᠠᠴᠢ ᠪᠠᠷ 5 ᠡᠳᠦᠷ ᠠᠴᠠ 7 ᠡᠳᠦᠷ ᠡᠵᠡᠩᠨᠡᠯᠲᠡ ᠶᠢᠨ ᠦᠨᠡᠮᠯᠡᠯ ᠭᠦᠢᠴᠡᠳᠭᠡᠵᠦ ᠪᠠᠶᠢᠭᠰᠠᠨ ᠠᠴᠠ ᠣᠲᠣ ᠡᠩ ᠤᠨ 3 ᠡᠳᠦᠷ᠂ ᠳᠤᠮᠳᠠᠴᠢ ᠪᠠᠷ 1 ᠡᠳᠦᠷ ᠪᠣᠯᠭᠠᠨ ᠬᠤᠪᠢᠷᠠᠭᠤᠯᠪᠠ᠃ 2020 ᠤᠨ ᠤ ᠭᠤᠷᠪᠠᠳᠤᠭᠠᠷ ᠤᠯᠠᠷᠢᠯ ᠤᠨ ᠰᠡᠭᠦᠯᠴᠢ ᠪᠣᠯᠲᠠᠯ᠎ᠠ᠂ ᠪᠦᠬᠦ ᠲᠤᠭᠤᠷᠢᠭ ᠤᠨ ᠵᠠᠬ᠎ᠠ ᠳᠡᠯᠭᠡᠭᠦᠷ ᠤᠨ ᠭᠤᠣᠯ ᠴᠤᠭᠴᠠ ᠨᠡᠶᠢᠲᠡ 38110 ᠡᠷᠦᠬᠡ᠂ ᠳᠠᠩᠰᠠᠯᠠᠭᠤᠯᠤᠭᠰᠠᠨ ᠬᠥᠷᠥᠩᠭᠡ 1207.1 ᠳ᠋ᠦᠩᠰᠢᠭᠤᠷ ᠲᠥᠭᠦᠷᠢᠭ ᠲᠤ ᠬᠦᠷᠴᠦ᠂ ᠠᠵᠢᠯ ᠡᠷᠬᠢᠯᠡᠭᠰᠡᠳ 156475 ᠬᠦᠮᠦᠨ ᠳᠤ ᠬᠦᠷᠴᠦ᠂ 2015 ᠣᠨ ᠤ ᠡᠴᠦᠰ ᠤᠨ ᠬᠢ ᠠᠴᠠ ᠲᠤᠰ ᠲᠤᠰ 162.3%᠎ ᠪᠠᠷ ᠨᠡᠮᠡᠭᠳᠡᠵᠦ᠂ 98.8%᠎ ᠪᠠᠷ ᠨᠡᠮᠡᠭᠳᠡᠵᠦ᠂ 84.5%᠎ ᠪᠠᠷ ᠨᠡᠮᠡᠭᠳᠡᠪᠡ᠃

https://mp.weixin.qq.com/s/gFn03gHcpW96BKNAGrdJNA

ᠢᠷᠡᠯᠲᠡ᠄ ᠴᠢᠩᠱᠠᠨ ᠬᠥᠮᠦᠨ ᠴᠢᠩᠱᠠᠨ ᠤ ᠶᠠᠪᠤᠳᠠᠯ

 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号