︽ᠦᠨᠳᠦᠰᠦᠨ ᠱᠠᠲᠤᠨ ᠤ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ︾ ᠲᠤᠰᠬᠠᠶ ᠰᠡᠳᠦᠪᠲᠦ ᠲᠧᠯᠸᠢᠰ ᠤᠨ ᠰᠤᠷᠪᠤᠯᠵᠢᠯᠠᠭ᠎ᠠ — ᠴᠢᠩᠱᠠᠨ ᠲᠤᠭᠤᠷᠢᠭ
ᠨᠡᠶᠢᠲᠡᠯᠡᠭᠰᠡᠨ ᠴᠠᠭ᠄
2020/12/17
     ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠰᠤᠷᠲᠠᠯ ᠴᠢᠬᠡᠴᠢ ᠣᠪᠣᠷ ᠲᠥᠪ ᠦᠨᠳᠦᠰᠦᠨ ᠱᠠᠲᠤᠨ ᠤ ᠤᠯᠤᠰ ᠲᠥᠷᠥ ᠶᠢᠨ ᠠᠮᠢ ᠠᠬᠤᠶ ᠎ ᠶᠢ ᠴᠢᠷᠮᠠᠶᠢᠨ ᠪᠣᠶ ᠪᠤᠯᠭᠠᠵᠦ᠂ ᠪᠦᠬᠦ ᠬᠤᠲᠠ ᠶᠢᠨ ᠡᠯ᠎ᠡ ᠭᠠᠵᠠᠷ ᠣᠷᠣᠨ ᠤ ᠦᠨᠳᠦᠰᠦᠨ ᠱᠠᠲᠤᠨ ᠤ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠲᠠᠯ᠎ᠠ ᠶᠢᠨ ᠲᠤᠷᠰᠢᠯᠭ᠎ᠠ ᠠᠷᠭ᠎ᠠ ᠪᠠᠷᠢᠯ ᠦᠷ᠎ᠡ ᠪᠦᠲᠦᠮᠵᠢ ᠶᠢ ᠲᠥᠪᠯᠡᠷᠡᠭᠦᠯᠦᠨ ᠦᠵᠡᠭᠦᠯᠵᠦ᠂ ᠴᠤᠭ ᠪᠠᠳᠠᠷᠠᠩᠭᠤᠶ ᠥᠭᠡᠳᠡᠯᠡᠨ ᠳᠠᠪᠰᠢᠬᠤ ᠣᠶᠤᠨ ᠰᠠᠨᠠᠭᠠᠨ ᠤ ᠪᠠᠶᠢᠳᠠᠯ᠂ ᠬᠠᠷᠢᠭᠤᠴᠠᠯᠭ᠎ᠠ ᠡᠭᠦᠷᠭᠡᠯᠡᠬᠦ ᠪᠠᠷ ᠵᠢᠳᠬᠦᠯ ᠴᠢᠷᠮᠠᠶᠢᠯᠭ᠎ᠠ ᠭᠠᠷᠭᠠᠭᠰᠠᠨ ᠪᠣᠳᠠᠲᠤ ᠠᠵᠢᠯᠯᠠᠭ᠎ᠠ ᠪᠠᠷ ᠢᠶᠠᠨ ᠨᠠᠩ ᠰᠠᠶᠢᠨ ᠬᠢᠵᠦ᠂ ᠭᠠᠵᠠᠷ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠦᠷᠭᠡᠳᠬᠡᠬᠦ ᠳᠤᠮᠳᠠ᠂ ᠬᠢᠨᠠᠯᠲᠠ ᠲᠠᠯᠪᠢᠵᠤ ᠪᠠᠲᠤᠯᠠᠬᠤ᠂ ᠲᠡᠭᠦᠯᠳᠡᠷᠵᠢᠭᠦᠯᠵᠦ ᠬᠥᠭᠵᠢᠭᠦᠯᠬᠦ ᠶᠢ ᠠᠬᠢᠭᠤᠯᠬᠤ ᠦᠢᠯᠡᠳᠦᠯ ᠢ ᠪᠠᠳᠠᠷᠠᠭᠤᠯᠵᠦ᠂ ᠡᠭᠦᠨ ᠤ ᠤᠯᠠᠮ ᠠᠴᠠ ᠵᠢᠷᠭᠤᠭᠠᠨ ᠲᠣᠭᠲᠠᠭᠤᠨ ᠤ ᠠᠵᠢᠯ ᠢ ᠰᠠᠶᠢᠲᠤᠷ ᠬᠢᠵᠦ᠂ ᠵᠢᠷᠭᠤᠭᠠᠨ ᠪᠠᠲᠤᠯᠭ᠎ᠠ ᠶᠢᠨ ᠡᠭᠦᠷᠭᠡ ᠶᠢ ᠨᠠᠶᠢᠲᠠᠪᠦᠷᠢᠵᠢᠭᠤᠯᠵᠦ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠢ ᠠᠬᠢᠭᠤᠯᠬᠤ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠶ ᠠᠬᠢᠭᠤᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠳᠠᠬᠢᠨ ᠮᠤᠷᠳᠠᠨ᠂ ᠪᠤᠭᠤᠲᠤ ᠬᠤᠲᠠ ᠶᠢᠨ ᠰᠢᠨ᠎ᠡ ᠨᠢᠭᠡ ᠡᠭᠡᠯᠵᠢ ᠶᠢᠨ ᠬᠥᠭᠵᠢᠯᠲᠡ ᠪᠠ ᠥᠷᠢᠰᠥᠯᠳᠦᠭᠡᠨ ᠤ ᠳᠤᠮᠳᠠ ᠳᠠᠪᠬᠤᠷ ᠪᠦᠰᠡᠯᠡᠯᠲᠡ ᠭᠠᠷᠭᠠᠬᠤ᠂ ᠳᠠᠬᠢᠨᠲᠠ ᠬᠡᠷᠡᠯ ᠰᠠᠴᠤᠷᠠᠩᠭᠤᠶ ᠠᠮᠵᠢᠯᠲᠠ ᠤᠯᠬᠤ ᠶᠢ ᠠᠬᠢᠭᠤᠯᠵᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠶᠢᠨ ᠲᠦᠯᠦᠭᠡ᠂ ᠪᠤᠭᠤᠲᠤ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ︽ᠦᠨᠳᠦᠰᠦᠨ ᠱᠠᠲᠤᠨ ᠤ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ︾ ᠲᠤᠰᠬᠠᠶ ᠰᠡᠳᠦᠪᠲᠦ ᠲᠧᠯᠸᠢᠰ ᠤᠨ ᠰᠤᠷᠪᠤᠯᠵᠢᠯᠠᠭ᠎ᠠ ᠶᠢᠨ ᠫᠷᠤᠭ᠍ᠷᠠᠮ ᠢ ᠵᠣᠬᠢᠶᠠᠨ ᠪᠠᠶᠢᠭᠤᠯᠤᠨ ᠰᠡᠭᠦᠳᠡᠷᠯᠡᠨ ᠦᠢᠯᠡᠳᠴᠦ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠿᠦᠩ ᠢ ᠤᠷᠢᠵᠤ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠬᠤᠤ ᠵᠢᠶᠧ ᠵᠤᠴᠢᠨ ᠪᠤᠯᠵᠦ᠂ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃

https://mp.weixin.qq.com/s/tMnWm6BH1NSfq52TrkDZuQ

ᠢᠷᠡᠯᠲᠡ᠄ ᠴᠢᠩᠱᠠᠨ ᠬᠥᠮᠦᠨ ᠴᠢᠩᠱᠠᠨ ᠤ ᠶᠠᠪᠤᠳᠠᠯ

 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号