ᠬᠡᠬᠦᠳᠡᠭ ᠳᠦᠭᠦᠷᠡᠩ ᠬᠠᠯᠠᠭᠤᠨ ᠰᠡᠳᠬᠢᠯ ᠢᠶᠠᠷ ᠴᠡᠷᠢᠭ ᠤᠨ ᠠᠯᠪᠠᠨ ᠠᠴᠠ ᠬᠠᠯᠠᠭᠳᠠᠭᠰᠠᠳ ᠲᠤ ᠦᠢᠯᠡᠴᠢᠯᠡᠶ᠎ᠡ
ᠨᠡᠶᠢᠲᠡᠯᠡᠭᠰᠡᠨ ᠴᠠᠭ᠄
2020/12/17
           ᠴᠢᠩᠱᠠᠨ ᠲᠣᠭᠤᠷᠢᠭ ᠤᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ 2019 ᠣᠨ ᠤ 4 ᠰᠠᠷ᠎ᠠ ᠳᠤ ᠫᠠᠶᠢᠰᠠ ᠰᠡᠬᠦᠵᠦ ᠪᠠᠶᠢᠭᠤᠯᠤᠭᠳᠠᠵᠦ᠂ ᠳᠣᠤᠷ᠎ᠠ ᠨᠢ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠳᠤᠭᠤᠶᠢᠯᠠᠩ᠂ ᠬᠤᠶᠠᠷ ᠢ ᠬᠦᠷᠢᠶᠡᠯᠡᠵᠦ ᠬᠠᠷᠠᠭᠠᠯᠵᠠᠨ ᠰᠠᠶᠢᠰᠢᠶᠠᠨ ᠬᠥᠬᠢᠭᠦᠯᠬᠦ ᠳᠤᠭᠤᠶᠢᠯᠠᠩ ᠪᠠ ᠡᠷᠬᠡ ᠠᠰᠢᠭ ᠢ ᠬᠠᠮᠠᠭᠠᠯᠠᠬᠤ ᠳᠤᠭᠤᠶᠢᠯᠠᠩ ᠵᠡᠷᠭᠡ ᠭᠤᠷᠪᠠᠨ ᠠᠵᠢᠯᠯᠠᠬᠤ ᠳᠤᠭᠤᠶᠢᠯᠠᠩ ᠪᠠᠶᠢᠭᠤᠯᠵᠤ᠂ ᠡᠯ᠎ᠡ ᠵᠦᠢᠯ ᠤᠨ ᠨᠥᠬᠦᠪᠥᠷᠢ ᠮᠥᠩᠭᠦ ᠣᠯᠭᠤᠬᠤ᠂ ᠴᠡᠷᠢᠭ ᠤᠨ ᠠᠯᠪᠠᠨ‌ᠡᠴᠠ ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ᠂ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠥᠭᠬᠦ ᠪᠠ ᠰᠤᠷᠪᠤᠯᠵᠢᠯᠠᠨ ᠭᠥᠯᠢᠶᠡᠨ ᠠᠪᠬᠤ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠵᠡᠷᠭᠡ ᠡᠯ᠎ᠡ ᠲᠠᠯ᠎ᠠ ᠠᠴᠠ ᠴᠡᠷᠢᠭ ᠤᠨ ᠠᠯᠪᠠᠨ ᠠᠴᠠ ᠬᠠᠯᠠᠭᠳᠠᠭᠰᠠᠳ ᠪᠠ ᠴᠡᠷᠢᠭ ᠤᠨ ᠬᠡᠷ ᠪᠦᠯᠢ ᠳᠤ ᠦᠢᠯᠡᠴᠢᠯᠡᠨ᠎ᠡ᠃      ᠣᠳᠣᠬᠠᠨ ᠳᠤ᠂ ᠪᠦᠬᠦ ᠲᠤᠭᠤᠷᠢᠭ ᠲᠤ ᠨᠡᠶᠢᠲᠡ 10 ᠵᠡᠭᠡᠯᠢ ᠪᠠᠯᠭᠠᠰᠤᠨ ᠤ ᠲᠡᠰ ᠤᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠪᠠᠶᠢᠭᠤᠯᠵᠤ᠂ 60 ᠨᠡᠶᠢᠭᠡᠮ ᠲᠣᠭᠤᠷᠢᠭ᠂ ᠲᠣᠰᠬᠤᠨ ᠤ ᠲᠡᠰ ᠤᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠭᠤᠤᠯ ᠥᠷᠲᠡᠭᠡ ᠳᠤ ᠬᠦᠯᠢᠶᠡᠨ ᠠᠪᠬᠤ ᠭᠡᠷ ᠪᠠ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠭᠡᠷ ᠢ ᠪᠠᠶᠢᠭᠤᠯᠵᠦ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠣᠶᠢᠷ᠎ᠠ ᠬᠠᠪᠢ ᠠᠴᠠ ᠡᠯ᠎ᠡ ᠦᠢᠯᠡᠴᠢᠯᠡᠭᠡᠨ ᠤ ᠦᠷᠲᠡᠭᠡ ᠳᠤ ᠬᠦᠷᠴᠦ ᠠᠰᠠᠭᠤᠨ ᠯᠠᠪᠯᠠᠬᠤ ᠪᠠ ᠲᠤᠬᠠᠶᠢᠯᠠᠭᠰᠠᠨ ᠠᠵᠢᠯ ᠭᠦᠢᠴᠡᠳᠭᠡᠵᠦ ᠥᠭᠭᠦᠭᠰᠡᠨ ᠵᠢᠴᠢ ᠡᠯ᠎ᠡ ᠲᠥᠷᠥᠯ ᠤᠨ ᠰᠣᠶᠣᠯ ᠴᠡᠩᠭᠡᠯ ᠤᠨ ᠠᠵᠢᠯᠯᠠᠭ᠎ᠠ ᠣᠷᠣᠯᠴᠠᠬᠤ ᠳᠤ ᠳᠥᠭᠦᠮ ᠬᠠᠩᠭᠠᠪᠠ᠃

https://mp.weixin.qq.com/s/Ewapj9HcsQvOVnQbWXZ4XQ

ᠢᠷᠡᠯᠲᠡ᠄ ᠴᠢᠩᠱᠠᠨ ᠬᠥᠮᠦᠨ ᠴᠢᠩᠱᠠᠨ ᠤ ᠶᠠᠪᠤᠳᠠᠯ

 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号