2020 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ | ——2020 ᠣᠨ ᠤ 4 ᠰᠠᠷ᠎ᠠ ᠶᠢᠨ 22 ᠤ ᠡᠳᠦᠷ ᠤᠨ ᠴᠢᠩᠱᠠᠨ ᠲᠣᠭᠤᠷᠢᠭ ᠤᠨ | ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯᠳᠤᠭᠠᠨ ᠳᠡᠭᠡᠷ᠎ᠡ | ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠬᠤ᠋ ᠿᠦᠩ | | ᠲᠥᠯᠥᠭᠡᠯᠡᠭᠴᠢᠳ ᠡ᠄ | ᠣᠳᠣ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ | ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠤᠯᠪᠠᠤ᠂ ᠲᠡᠷᠡᠴᠢᠯᠡᠨ ᠲᠤᠭᠤᠷᠢᠭ ᠤᠨ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠤᠯᠪᠠᠤ᠃ | ᠨᠢᠭᠡ᠂ 2019 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠨᠡᠩ ᠬᠦᠨᠳᠦ ᠬᠡᠴᠡᠭᠦᠤ ᠬᠤᠷᠸ᠎ᠠ ᠪᠠᠶᠢᠳᠠᠯ ᠪᠠ ᠡᠯ᠎ᠡ ᠲᠥᠷᠥᠯ ᠤᠨ | ᠲᠦᠭᠰᠢᠭᠦᠷᠢ ᠥᠷᠢᠰᠥᠯᠳᠦᠭᠡᠨ ᠢᠯᠡᠳᠲᠡ ᠳᠡᠭᠡᠭᠰᠢᠯᠡᠵᠦ ᠪᠠᠶᠢᠭ᠎ᠠ ᠪᠤᠳᠤᠯᠢᠶᠠᠨᠲᠠᠶ ᠪᠠᠶᠢᠳᠠᠯ ᠤᠨ ᠡᠮᠦᠨ᠎ᠡ᠂ ᠳᠡᠭᠡᠳᠦ | ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠤᠷ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠤᠭᠤᠷᠢᠭ ᠤᠨ | ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠢᠳᠡ ᠢᠮᠠᠭᠲᠠ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ | ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠤᠱᠯᠠᠭᠤᠯᠵᠦ᠂ ᠨᠡᠮᠡᠭᠳᠡᠯ ᠢ ᠲᠣᠭᠲᠠᠭᠤᠨ | ᠪᠠᠶᠢᠯᠭᠠᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠡᠯ᠎ᠡ ᠵᠦᠢᠯ ᠤᠨ ᠠᠵᠢᠯ ᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ | ᠲᠡᠶᠢᠰᠢ ᠯᠠᠪᠳᠠᠭᠤᠨ ᠪᠠᠲᠤᠲᠠᠶ ᠠᠯᠬᠤᠮ ᠢ ᠠᠯᠬᠤᠪᠠ᠃ | ︵ᠨᠢᠭᠡ︶ ᠭᠠᠵᠠᠷ ᠣᠷᠣᠨ ᠤ ᠠᠵᠤ ᠠᠬᠤᠢ ᠶᠢᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠪᠠᠲᠤᠯᠠᠪᠠ᠃ ᠪᠦᠬᠦ | ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7% ᠪᠠᠷ ᠨᠡᠮᠡᠭᠳᠡᠪᠡ︔ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 440.6 ᠳ᠋ᠦᠩᠰᠢᠭᠤᠷ ᠲᠦᠭᠦᠷᠢᠭ ᠢ | ᠪᠡᠶᠡᠯᠡᠭᠦᠯᠵᠦ᠂ 4.5% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 22.4 | ᠳ᠋ᠦᠩᠰᠢᠭᠤᠷ ᠲᠥᠭᠦᠷᠢᠭ ᠪᠡᠶᠡᠯᠡᠭᠦᠯᠵᠦ᠂ 6.9% ᠪᠠᠷ ᠨᠡᠮᠡᠭᠳᠡᠪᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ | ᠬᠥᠮᠦᠨ ᠤ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 53753 ᠲᠦᠭᠦᠷᠢᠭ ᠢ ᠪᠡᠶᠡᠯᠡᠭᠦᠯᠵᠦ᠂ 6.2% ᠢᠶᠠᠷ | ᠨᠡᠮᠡᠭᠳᠡᠪᠡ᠃ ᠭᠤᠤᠯ ᠪᠣᠯᠬᠤ ᠭᠦᠢᠴᠡᠳᠭᠡᠬᠦ ᠲᠤᠭ᠎ᠠ ᠶᠢ ᠵᠦᠶ ᠵᠣᠬᠢᠰᠲᠠᠶ ᠣᠷᠣᠨ ᠪᠠᠶᠢᠷᠢ ᠳᠤ ᠪᠠᠶᠢᠯᠭᠠᠪᠠ᠃ | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠶᠡᠷᠦᠩᠬᠡᠢ | ᠪᠡᠯᠡ ᠣᠷᠣᠭᠤᠯᠤᠯᠲᠠ ᠨᠢ 472 ᠳ᠋ᠦᠩᠰᠢᠭᠤᠷ ᠲᠥᠭᠦᠷᠢᠭ ᠠᠴᠠ ᠳᠡᠭᠡᠭᠰᠢᠬᠢ 70 ᠭᠤᠣᠯᠳᠠᠯᠭ᠎ᠠ ᠲᠠᠢ ᠲᠦᠷᠦᠯ | ᠵᠦᠢᠯ ᠢ ᠪᠦᠬᠦᠨ ᠢ ᠡᠬᠢᠯᠡᠨ ᠰᠡᠷᠭᠦᠭᠡᠵᠦ᠂ 113.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠵᠦ᠂ 22 ᠠᠵᠢᠯ ᠡᠬᠢᠯᠡᠭᠦᠯᠦᠨ᠂ ᠠᠵᠢᠯ ᠰᠡᠷᠭᠦᠭᠡᠭᠰᠡᠨ ᠨᠣᠷᠮ᠎ᠠ᠂ ᠪᠡᠯᠡ ᠣᠷᠣᠭᠤᠯᠤᠯᠲᠠ ᠶᠢᠨ ᠨᠣᠷᠮ᠎ᠠ ᠪᠠ | ᠭᠠᠷ ᠭᠦᠢᠴᠡᠳᠬᠡᠯ ᠢ ᠭᠦᠢᠴᠡᠳᠬᠡᠵᠦ ᠳᠠᠭᠤᠰᠬᠠᠭᠰᠠᠨ ᠨᠣᠷᠮ᠎ᠠ ᠨᠢ ᠴᠥᠮ ᠪᠦᠬᠦ ᠬᠤᠲᠠ ᠶᠢᠨ ᠨᠢᠭᠡᠳᠦᠭᠡᠷ ᠲᠤ | ᠣᠷᠣᠵᠠᠢ᠃ ᠡᠭᠦᠨ ᠳᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ | ᠲᠥᠷᠥᠯ ᠵᠦᠢᠯ 12 ᠪᠣᠯᠵᠣ᠂ ᠶᠡᠷᠦᠩᠬᠡᠶ ᠪᠠᠯᠠ ᠣᠷᠣᠭᠤᠯᠤᠯᠲᠠ ᠨᠢ ᠠᠵᠤ ᠦᠢᠯᠡᠳᠪᠦᠷᠢ ᠶᠢᠨ ᠲᠥᠷᠥᠯ ᠵᠦᠢᠯ ᠤᠨ | ᠪᠠᠯᠠ ᠣᠷᠣᠭᠤᠯᠤᠯᠲᠠ ᠶᠢᠨ 73.2% ᠢ ᠡᠵᠡᠯᠡᠪᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ︽ᠬᠤᠲᠠ ᠶᠢᠨ ᠳᠠᠷᠤᠭ᠎ᠠ ᠬᠤᠰᠢᠭᠤ ᠰᠢᠶᠠᠨ ᠤ ᠳᠠᠷᠤᠭ᠎ᠠ ᠶᠢᠨ ᠢᠨᠵᠧᠨᠧᠷᠢᠩ︾ ᠢ ᠪᠦᠬᠦ ᠲᠠᠯ᠎ᠠ ᠪᠠᠷ ᠠᠬᠢᠭᠤᠯᠵᠤ᠂ | ᠶᠡᠷᠦᠩᠬᠡᠶ ᠪᠡᠯᠡ ᠣᠷᠣᠭᠤᠯᠤᠯᠲᠠ ᠨᠢ 64.1 ᠳ᠋ᠦᠩᠰᠢᠭᠤᠷ ᠲᠥᠭᠦᠷᠢᠭ ᠤᠨ 18 ᠲᠥᠷᠥᠯ ᠵᠦᠢᠯ ᠭᠡᠷ᠎ᠡ ᠲᠣᠭᠲᠠᠵᠤ᠂ | 9 ᠶᠢ ᠪᠣᠳᠠᠲᠠᠶ ᠬᠡᠷᠡᠭᠵᠢᠭᠦᠯᠵᠦ᠂ ᠨᠢᠰᠬᠡᠯ ᠳᠡᠭᠡᠷ᠎ᠡ ᠭᠠᠷᠴᠤ ᠬᠤᠩ ᠶᠤᠸᠠᠨ ᠰᠢᠨ᠎ᠡ ᠮᠠᠲ᠋ᠧᠷᠢᠶᠠᠯ ᠤᠨ ᠲᠥᠷᠥᠯ | ᠵᠦᠢᠯ ᠨᠢ ᠲᠤᠬᠠᠢ ᠶᠢᠨ ᠵᠢᠯ ᠳᠤ ᠭᠡᠷ᠎ᠡ ᠲᠣᠭᠲᠠᠵᠤ᠂ ᠲᠤᠬᠠᠢ ᠶᠢᠨ ᠵᠢᠯ ᠳᠤ ᠠᠰᠢᠭᠯᠠᠯᠲᠠ ᠳᠤ ᠣᠷᠣᠬᠤ ᠶᠢ | ᠪᠡᠶᠡᠯᠡᠭᠦᠯᠪᠡ᠃ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠦᠬᠦ | ᠲᠤᠭ᠎ᠠ 1.9 ᠳ᠋ᠦᠩᠰᠢᠭᠤᠷ ᠳ᠋ᠣᠯᠯᠠᠷ ᠲᠤ ᠬᠦᠷᠴᠦ᠂ ᠭᠠᠳᠠᠭᠠᠳᠤ ᠪᠡᠯᠡ ᠶᠢ 5700 ᠲᠦᠮᠡᠨ ᠳ᠋ᠣᠯᠯᠠᠷ ᠠᠰᠢᠭᠯᠠᠵᠤ᠂ | ᠵᠢᠯ ᠤᠨ ᠬᠠᠷᠠᠯᠲᠠ ᠶᠢᠨ 190% ᠶᠢ ᠪᠡᠶᠡᠯᠡᠭᠦᠯᠪᠡ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤᠯᠠᠮ ᠨᠢᠭᠡ | ᠠᠯᠬᠤᠮ ᠰᠢᠯᠢᠳᠡᠭᠵᠢᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠷᠢᠭᠤ ᠲᠤᠰᠬᠠᠬᠤ ᠵᠥᠪᠳᠡᠯᠴᠡᠬᠦ | ᠲᠣᠭᠲᠠᠴᠠ ᠪᠠ ᠬᠥᠭᠵᠢᠯᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠳᠠᠩᠰᠠᠨ ᠵᠣᠭᠤᠰ ᠢ 5.2 ᠳ᠋ᠦᠩᠰᠢᠭᠤᠷ | ᠲᠥᠭᠦᠷᠢᠭ ᠲᠥᠯᠥᠵᠦ᠂ ᠵᠢᠯ ᠤᠨ ᠬᠠᠷᠠᠯᠲᠠ ᠶᠢᠨ 103.3% ᠶᠢ ᠪᠡᠶᠡᠯᠡᠭᠦᠯᠵᠡᠢ᠃ ᠲᠤᠭᠤᠷᠢᠭ ᠤᠨ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠲᠦᠷᠪᠡᠨ ᠵᠢᠯ ᠳᠠᠷᠠᠭᠠᠯᠠᠨ ᠪᠦᠬᠦ ᠤᠯᠤᠰ ᠤᠨ ︽ᠲᠠᠪᠤᠨ ᠰᠠᠶᠢᠨᠲᠠᠢ︾ ᠰᠢᠶᠠᠨ ᠤ | ᠱᠠᠲᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢ ᠲᠡᠷᠢᠭᠦᠯᠡᠪᠡ᠃ ︽ᠴᠠᠭᠠᠰᠤ ᠦᠭᠡᠢ ᠪᠦᠬᠦ ᠶᠠᠪᠤᠴᠠ ᠶᠢ | ᠡᠯᠤᠺᠲᠷᠤᠨᠴᠢᠯᠠᠭᠰᠠᠨ︾ ︽ᠠᠵᠤ ᠠᠬᠤᠶᠢᠯᠠᠯ ᠤᠨ ᠳᠠᠩᠰᠠᠯᠠᠯ ᠤᠨ ᠬᠠᠷᠠᠭᠠᠨ ᠳᠠᠪᠲᠠᠮᠵᠢ ᠶᠢᠨ ᠭᠡᠷᠡᠴᠢᠯᠡᠯ︾ ᠢ | ᠬᠡᠷᠡᠭᠵᠢᠭᠦᠯᠵᠦ᠂ ᠵᠠᠰᠠᠭ ᠤᠨ ᠣᠷᠳᠣᠨ ᠪᠠᠩᠬᠢ ᠶᠢᠨ ᠬᠠᠮᠲᠤᠷᠠᠯᠴᠠᠭ᠎ᠠ ᠶᠢ ᠰᠦᠢᠳᠭᠡᠯ ᠬᠤᠷᠢᠶᠠᠬᠤ ᠥᠬᠡᠶ ᠪᠠᠷ | ᠣᠷᠣᠯᠠᠨ ᠭᠦᠢᠴᠡᠳᠭᠡᠵᠦ᠂ ᠬᠤᠲᠠ ᠶᠢᠨ ᠠᠷᠠᠳ ᠤᠨ ᠶᠡᠭᠡ ᠲᠢᠩᠬᠢᠮ ᠤᠨ ᠭᠠᠶᠢᠯᠢ ᠶᠢᠨ ᠶᠠᠪᠤᠳᠠᠯ ᠤᠨ ᠴᠣᠩᠬᠤᠪᠴᠢ | ︽ᠨᠢᠭᠡ ᠴᠤᠩᠬᠤᠪᠴᠢ ᠪᠠᠷ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ︾ ᠶᠢ ᠪᠡᠶᠡᠯᠡᠭᠦᠯᠪᠡ᠃ ᠪᠥᠬᠦ ᠵᠢᠯ ᠳᠤ | ᠰᠢᠨ᠎ᠡ ᠪᠠᠷ ᠳᠠᠩᠰᠠᠯᠠᠭᠰᠠᠨ ᠵᠠᠬ᠎ᠠ ᠳᠡᠯᠭᠡᠭᠦᠷ ᠤᠨ ᠪᠡᠶᠡᠴᠢ ᠴᠣᠭᠴᠠ 5975 ᠡᠷᠦᠬᠡ ᠳᠤ ᠬᠦᠷᠴᠦ᠂ 24% ᠪᠠᠷ | ᠨᠡᠮᠡᠭᠳᠡᠪᠡ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ 39 ᠵᠦᠢᠯ ᠤᠨ ᠲᠥᠷᠥ ᠶᠢᠨ ᠪᠣᠳᠣᠯᠭ᠎ᠠ ᠶᠢ ᠭᠤᠶᠤᠴᠢᠯᠠᠵᠤ᠂ 5200 | ᠭᠠᠷᠤᠶ ᠲᠦᠮᠡᠨ ᠲᠦᠭᠦᠷᠢᠭ ᠪᠠᠯᠠ ᠮᠥᠩᠭᠦ᠂ 4.4 ᠳ᠋ᠦᠩᠰᠢᠭᠤᠷ ᠲᠥᠭᠦᠷᠢᠭ ᠤᠨ ᠭᠠᠶᠢᠯᠢ ᠬᠠᠰᠤᠵᠤ ᠭᠡᠯᠳᠦᠷᠢᠭᠦᠯᠬᠦ | ᠰᠦᠢᠳᠭᠡᠯ᠂ 6745 ᠲᠦᠮᠡᠨ ᠲᠥᠭᠦᠷᠢᠭ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠵᠤ᠂ | 5800 ᠲᠦᠮᠡᠨ ᠲᠥᠭᠦᠷᠢᠭ ᠤᠨ ᠪᠠᠲᠤᠯᠠᠭ᠎ᠠ ᠶᠢᠨ ᠮᠥᠩᠭᠦ ᠶᠢᠨ ᠵᠢᠭᠡᠯᠡᠯᠭᠡ ᠲᠠᠯᠪᠢᠪᠠ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 4.7 ᠳ᠋ᠦᠩᠰᠢᠭᠤᠷ ᠲᠥᠭᠦᠷᠢᠭ ᠤᠨ ᠠᠰᠢᠭ | ᠬᠤᠨᠵᠢᠪᠣᠷᠢ ᠶᠢ ᠪᠡᠶᠡᠯᠡᠭᠦᠯᠵᠦ᠂ 177% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 13.9% ᠳᠤ ᠬᠦᠷᠴᠦ᠂ ᠪᠦᠬᠦ ᠬᠤᠲᠠ ᠶᠢᠨ | 2.7 ᠵᠠᠭᠤᠨ ᠤ ᠬᠤᠪᠢ ᠶᠢᠨ ᠴᠡᠭ ᠥᠨᠳᠥᠷ ᠪᠣᠯᠵᠤ᠂ ᠪᠦᠬᠦ ᠬᠤᠲᠠ ᠳᠤ ᠲᠡᠷᠢᠭᠦᠯᠡᠪᠡ᠃ | ︵ᠬᠤᠶᠠᠷ︶ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠠᠯᠬᠤᠴᠠ ᠲᠦᠷᠭᠡᠳᠪᠡ᠃ ᠤᠯᠠᠮᠵᠢᠯᠠᠯᠲᠤ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠵᠦ᠂ ᠡᠬᠢ ᠪᠠᠶᠠᠯᠢᠭ ᠢ ᠰᠤᠯᠠ | ᠲᠠᠯᠪᠢᠵᠤ ᠪᠠᠶᠢᠭ᠎ᠠ ᠪᠠ ᠦᠷ᠎ᠡ ᠠᠰᠢᠭ ᠥᠨᠳᠥᠷ ᠪᠢᠰᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠭᠠᠵᠠᠷ | ᠰᠢᠷᠣᠢ ᠦᠢᠯᠡᠳᠪᠦᠷᠢ ᠶᠢᠨ ᠭᠡᠷ ᠪᠠᠢᠰᠢᠩ ᠢ ᠰᠤᠯᠠ ᠲᠠᠯᠪᠢᠵᠤ ᠪᠠᠶᠢᠭ᠎ᠠ 15 ᠠᠵᠤ ᠠᠬᠤᠶᠢᠯᠠᠯ ᠢ ᠴᠡᠪᠡᠷᠯᠡᠵᠦ᠂ | 1027 ᠮᠦ ᠳᠣᠣᠷ᠎ᠠ ᠦᠷ᠎ᠡ ᠠᠰᠢᠭ ᠢᠶᠠᠷ ᠳᠣᠣᠷ᠎ᠠ ᠲᠡᠰ ᠤᠨ ᠬᠡᠷᠡᠭᠯᠡᠬᠦ ᠭᠠᠵᠠᠷ ᠢ ᠠᠮᠢᠯᠠᠭᠤᠯᠪᠠ᠃ ᠨᠢᠭᠡᠳᠦᠭᠡᠷ | ᠮᠠᠰᠢᠨ ᠦᠢᠯᠡᠳᠬᠦ ᠪᠦᠯᠦᠭᠯᠡᠯ ᠬᠢᠭᠡᠳ ᠰᠢᠤᠢ ᠭᠦᠩ ᠪᠦᠯᠦᠭᠯᠡᠯ᠂ ᠭᠤᠸᠠᠩᠳᠦ᠋ᠩ ᠬᠠᠢ ᠴᠢᠶᠣᠤ ᠲᠠᠢ ᠪᠡᠯᠡ | ᠨᠡᠶᠢᠯᠡᠭᠦᠯᠦᠨ ᠬᠠᠮᠲᠤᠷᠠᠯᠴᠠᠵᠤ᠂ ᠰᠠᠶᠢᠪᠸᠢ ᠶᠢᠨ ᠮᠠᠰᠢᠨ ᠮᠧᠬᠠᠨᠢᠭ ᠪᠣᠯᠤᠨ ᠴᠦᠩᠴᠢᠩ ᠤᠨ ᠳ᠋ᠠ ᠵᠢᠶᠠᠩ ᠰᠢᠨ ᠳ᠋ᠡ | ᠮᠠᠰᠢᠨ ᠲᠡᠷᠭᠡ ᠶᠢ ᠬᠤᠯᠢᠵᠤ ᠦᠭᠡᠷᠡᠴᠢᠯᠡᠵᠦ᠂ 202 ᠦᠢᠯᠡᠳᠪᠦᠷᠢ ᠪᠣᠯᠤᠨ ᠠᠲ᠋ᠣᠮ ᠤᠨ ᠥᠨᠳᠥᠷ ᠰᠠᠯᠠᠭᠠᠨ ᠤ ᠬᠢᠨ | ᠢᠵᠢᠯ ᠪᠠᠶᠢᠷᠢᠳᠤ ᠡᠯᠧᠮᠧᠨ᠋ᠲ ᠤᠨ ᠡᠮ ᠡᠮᠨᠡᠯᠭᠡ ᠶᠢᠨ ᠲᠣᠬᠢᠷᠠᠭᠤᠯᠤᠨ ᠬᠦᠷᠭᠡᠬᠦ ᠲᠥᠪ ᠤᠨ ᠲᠦᠷᠦᠯ ᠵᠦᠢᠯ ᠤᠨ | ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ ᠤᠮᠠᠷᠠᠲᠦ ᠶᠢᠨ ᠬᠦᠨᠳᠦ ᠠᠵᠦ ᠦᠢᠯᠡᠳᠪᠦᠷᠢ | ᠶᠢᠨ ᠤᠯᠤᠰ ᠤᠨ ᠦᠢᠯᠡᠳᠬᠦ ᠦᠢᠯᠡᠰ ᠤᠨ ᠳᠠᠩ ᠵᠦᠢᠯ ᠤᠨ ᠲᠡᠷᠢᠭᠦᠨ ᠤ ᠵᠢᠱᠢᠶ᠎ᠡ ᠦᠵᠡᠭᠦᠯᠬᠦ ᠠᠵᠤ | ᠠᠬᠤᠶᠢᠯᠠᠯ ᠤᠨ ᠨᠡᠷᠡᠰ ᠲᠤ ᠣᠷᠣᠵᠤ᠂ ᠨᠢᠭᠡᠳᠦᠭᠡᠷ ᠮᠠᠰᠢᠨ ᠦᠢᠯᠡᠳᠬᠦ ᠪᠦᠯᠦᠭᠯᠡᠯ᠂ 202 ᠦᠢᠯᠡᠳᠪᠦᠷᠢ ᠶᠢᠨ 4 | ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠠᠴᠠ ᠴᠢᠬᠤᠯᠠ ᠶᠡᠭᠡ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ | ᠠᠩᠬᠠᠨ ᠤ ᠰᠠᠭᠤᠷᠢ ᠢᠵᠢ ᠪᠠ ᠵᠠᠩᠭᠢᠯᠭ᠎ᠠ ᠶᠢᠨ ᠰᠡᠯᠪᠢᠭ ᠲᠣᠨᠣᠭᠯᠠᠭᠠᠰᠤ ᠶᠢᠨ ᠲᠦᠷᠦᠭᠦᠤ ᠪᠦᠯᠦᠭ ᠤᠳᠠᠭ᠎ᠠ ᠪᠠᠷ | ᠮᠠᠭᠠᠳᠯᠠᠨ ᠲᠣᠭᠲᠠᠭᠠᠵᠤ᠂ 17 ᠡᠷᠦᠬᠡ ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ︽ᠲᠤᠰᠬᠠᠶ ᠨᠠᠷᠢᠯᠢᠭ | ᠣᠨᠴᠠ ᠰᠢᠨ᠎ᠡ︾ ᠪᠤᠶᠢᠵᠢᠭᠤᠯᠬᠤ ᠬᠥᠮᠥᠷᠭᠡ ᠳᠤ ᠣᠷᠣᠪᠠ᠃ ᠮᠠᠨ ᠤ ᠲᠤᠭᠤᠷᠢᠭ ᠬᠤᠶᠠᠷ ᠵᠢᠯ ᠳᠠᠷᠠᠭᠠᠯᠠᠨ ︽ᠳᠤᠮᠳᠠᠳᠤ | ᠤᠯᠤᠰ ᠤᠨ ᠠᠵᠤ ᠦᠢᠯᠡᠳᠪᠦᠷᠢ ᠶᠢᠨ ᠵᠠᠭᠤᠨ ᠬᠦᠴᠦᠷᠬᠡᠭ ᠣᠷᠣᠨ︾ ᠳᠤ ᠰᠣᠩᠭᠤᠭᠳᠠᠪᠠ᠃ ᠪᠠᠶᠢᠯᠳᠤᠬᠤ | ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠰᠦᠷᠦᠭᠵᠢᠯ ᠤᠨ ᠦᠢᠯᠡᠳᠦᠯ ᠠᠩᠬ᠎ᠠ | ᠢᠯᠡᠷᠡᠵᠦ᠂ ᠠᠲ᠋ᠤᠰ᠂ ᠵᠢᠩ ᠤᠣ᠂ ᠱᠠᠩ ᠵᠢᠶ ᠬᠤᠩ ᠶᠤᠸᠠᠨ᠂ ᠱᠠᠨ ᠱᠠᠨ ᠪᠢᠯᠢᠭ ᠲᠦᠢᠯ ᠤᠨ ᠮᠠᠲ᠋ᠧᠷᠢᠶᠠᠯ ᠵᠡᠷᠭᠡ | ᠬᠡᠷᠡᠯ ᠴᠡᠨᠡᠭ ᠤᠨ ᠲᠠᠯᠠᠰᠲᠤ ᠴᠠᠬᠢᠭᠤᠷ ᠤᠨ ᠮᠠᠲ᠋ᠧᠷᠢᠶᠠᠯ ᠪᠠ ᠰᠢᠨ᠎ᠡ ᠡᠨᠧᠷᠭᠢ ᠶᠢᠨ ᠠᠵᠤ ᠦᠢᠯᠡᠰ ᠤᠨ ᠲᠥᠷᠥᠯ ᠤᠨ | ᠲᠥᠷᠥᠯ ᠵᠦᠢᠯ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠵᠤ᠂ ᠦᠢᠯᠡᠳᠭᠦᠨ ᠤ ᠥᠷᠲᠡᠭ ᠨᠢ 50 | ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠪᠡ᠃ ᠱᠤᠸᠠᠩ ᠮᠠ ᠬᠥᠳᠡᠯᠭᠡᠭᠴᠢ ᠬᠦᠴᠦᠨ ᠤ ᠨᠠᠷᠢᠯᠢᠭ ᠡᠳ᠋ᠰᠢᠭᠦᠯᠭᠡ᠂ | ᠠᠯᠹᠠ ᠪᠠᠯ ᠴᠢᠯᠠᠭᠤᠨ ᠹᠠᠩ ᠯᠦᠨ ᠵᠡᠷᠭᠡ ᠲᠥᠷᠥᠯ ᠵᠦᠢᠯ ᠲᠠᠢ ᠪᠠᠶᠢᠷᠢᠯᠠᠵᠦ ᠲᠤᠷᠰᠢᠨ ᠦᠢᠯᠡᠳᠪᠦᠷᠢᠯᠡᠪᠡ᠃ | ᠬᠦᠷᠢᠶᠡᠯᠡᠩ ᠲᠣᠭᠤᠷᠢᠭ ᠨᠢ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠵᠢᠱᠢᠶ᠎ᠡ ᠦᠵᠡᠭᠦᠯᠬᠦ | ᠭᠤᠷᠪᠠᠳᠤᠭᠠᠷ ᠪᠦᠯᠦᠭ ᠤᠨ ᠰᠠᠭᠤᠷᠢᠨ ᠭᠠᠵᠠᠷ ᠲᠤ ᠰᠣᠩᠭᠤᠭᠳᠠᠨ ᠣᠷᠣᠵᠤ᠂ ᠤᠯᠤᠰ ᠤᠨ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢᠶᠠᠷ ᠦᠨᠡᠯᠡᠭᠳᠡᠪᠡ᠃ | ᠬᠤᠳᠠᠯᠳᠤᠭᠠᠨ ᠤ ᠶᠠᠪᠤᠳᠠᠯ ᠤᠨ ᠣᠷᠣᠨ ᠤ ᠥᠷᠢᠰᠦᠯᠳᠦᠬᠦ ᠬᠦᠴᠦᠨ ᠲᠠᠰᠤᠷᠠᠯᠲᠠ ᠥᠬᠡᠶ ᠴᠢᠩᠭᠠᠷᠠᠵᠤ᠂ ᠪᠥᠬᠦ | ᠲᠤᠭᠤᠷᠢᠭ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ 5.9% ᠨᠡᠮᠡᠭᠳᠡᠪᠡ᠃ ᠨᠢᠭᠡ ᠪᠦᠯᠦᠭ ︽ᠥᠪᠥᠷ | ᠮᠣᠩᠭᠤᠯ ᠳᠤ ᠠᠩᠬ᠎ᠠ ᠣᠷᠣᠬᠤ︾ ︽ᠪᠤᠭᠤᠲᠤ ᠳᠤ ᠠᠩᠬ᠎ᠠ ᠣᠷᠣᠬᠤ︾ ᠨᠠᠷᠠᠲᠤ ᠲᠡᠮᠳᠡᠭᠲᠦ ︽ᠵᠢᠷᠭᠤᠭᠠᠨ ᠲᠣᠮᠣ | ᠬᠤᠳᠠᠯᠳᠤᠭᠠᠨ ᠤ ᠶᠠᠪᠤᠳᠠᠯ ᠤᠨ ᠣᠷᠣᠨ︾ ᠳᠤ ᠣᠷᠣᠵᠤ ᠰᠠᠭᠤᠪᠠ᠃ ᠸᠠᠨ ᠳ᠋ᠠ᠂ ᠸᠤᠯᠮᠧᠷᠲ᠂ ᠵᠢᠦ ᠰᠢᠩ | ᠲᠣᠭᠠᠴᠢᠯᠠᠭᠰᠠᠨ ᠬᠤᠳᠠᠯᠳᠤᠭᠠᠨ ᠤ ᠶᠠᠪᠤᠳᠠᠯ ᠤᠨ ᠲᠣᠭᠤᠷᠢᠭ ᠤᠨ ᠵᠢᠵᠢᠭᠯᠡᠨ ᠬᠤᠳᠠᠯᠳᠤᠭᠰᠠᠨ ᠲᠤᠭ᠎ᠠ 100.7 | ᠳ᠋ᠦᠩᠰᠢᠭᠤᠷ ᠲᠥᠭᠦᠷᠢᠭ ᠲᠤ ᠬᠦᠷᠴᠦ᠂ 9.1% ᠪᠠᠷ ᠨᠡᠮᠡᠭᠳᠡᠪᠡ᠃ ᠮᠥᠩᠭᠦᠨ ᠭᠦᠢᠯᠭᠡᠭᠡᠨ ᠤ ᠬᠤᠳᠠᠯᠳᠤᠭᠠᠨ ᠤ | ᠶᠠᠪᠤᠳᠠᠯ ᠤᠨ ᠣᠷᠣᠨ ᠤ ᠭᠠᠶᠢᠯᠢ ᠶᠢᠨ ᠣᠷᠣᠯᠭ᠎ᠠ ᠪᠠᠷᠤᠭ 10 ᠳ᠋ᠦᠩᠰᠢᠭᠤᠷ ᠲᠥᠭᠦᠷᠢᠭ ᠲᠤ ᠬᠦᠷᠴᠡᠶ᠃ ᠤᠯᠠᠨ | ᠤᠯᠤᠰ ᠤᠨ ᠦᠵᠡᠰᠬᠦᠯᠡᠩ ᠤᠨ ᠲᠥᠪ 70 ᠲᠠᠯᠠᠪᠤᠷ ᠦᠵᠡᠰᠬᠦᠯᠡᠩ ᠡᠷᠬᠢᠯᠡᠵᠦ᠂ ᠠᠷᠠᠯᠵᠢᠶᠠᠨ ᠤ ᠲᠤᠭ᠎ᠠ ᠨᠢ 14 | ᠳ᠋ᠦᠩᠰᠢᠭᠤᠷ ᠰᠢᠬᠠᠮ ᠲᠥᠭᠦᠷᠢᠭ ᠲᠤ ᠬᠦᠷᠴᠡᠶ᠃ ᠪᠤᠭᠤᠲᠤ ᠶᠢᠨ ᠲᠢᠶᠠᠲᠷ ᠲᠤ 211 ᠲᠠᠯᠠᠪᠠᠶ ᠲᠣᠭᠯᠠᠯᠲᠠ | ᠭᠠᠷᠭᠠᠵᠤ᠂ ᠡᠵᠡᠩᠨᠡᠯᠲᠡ ᠶᠢᠨ ᠣᠷᠣᠯᠭ᠎ᠠ 14.1% ᠪᠠᠷ ᠨᠡᠮᠡᠭᠳᠡᠪᠡ᠃ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ | ᠦᠢᠯᠡᠰ ᠤᠨ ᠪᠠᠶᠢᠳᠠᠯ ᠨᠠᠩ ᠣᠯᠠᠨ ᠡᠰᠢᠵᠢᠵᠦ᠂ ᠳᠠᠩᠰᠠᠯᠠᠭᠤᠯᠤᠭᠰᠠᠨ ᠡᠯᠧᠺᠲᠷᠣᠨ ᠬᠤᠳᠠᠯᠳᠤᠭᠠᠨ ᠤ ᠠᠵᠤ | ᠠᠬᠤᠶᠢᠯᠠᠯ 2500 ᠭᠠᠷᠤᠶ ᠪᠣᠯᠵᠣ᠂ ᠠᠷᠠᠯᠵᠢᠶᠠᠯᠠᠭᠰᠠᠨ ᠲᠤᠭ᠎ᠠ 2.4 ᠳ᠋ᠦᠩᠰᠢᠭᠤᠷ ᠲᠥᠭᠦᠷᠢᠭ ᠲᠤ ᠬᠥᠷᠪᠡ᠃ | ᠪᠦᠬᠦ ᠲᠤᠭᠤᠷᠢᠭ ᠤᠨ ᠪᠠᠷᠠᠭ᠎ᠠ ᠶᠢᠨ ᠭᠦᠢᠯᠭᠡᠭᠡᠨ ᠤ ᠠᠵᠤ ᠠᠬᠤᠶᠢᠯᠠᠯ ᠢ 600 ᠭᠠᠷᠤᠶ ᠡᠷᠦᠬᠡ ᠳᠤ ᠬᠦᠷᠦᠭᠦᠯᠦᠨ᠎ᠡ᠃ | ᠪᠤᠭᠤᠲᠤ ᠶᠢᠨ ᠳᠠᠮᠵᠢᠭᠤᠯᠬᠤ ᠪᠠ ᠬᠦᠷᠭᠡᠬᠦ ᠵᠠᠰᠠᠮᠠᠯ ᠵᠠᠮ ᠤᠨ ᠭᠠᠷᠠᠮ ᠤᠨ ᠡᠳᠦᠷ ᠪᠦᠷᠢ ᠶᠢᠨ ᠳᠤᠮᠳᠠᠴᠢ ᠪᠠᠷᠠᠭ᠎ᠠ ᠶᠢᠨ | ᠲᠡᠭᠡᠭᠡᠪᠦᠷᠢ ᠶᠢᠨ ᠣᠷᠣᠭᠤᠯᠵᠤ ᠭᠠᠷᠭᠠᠬᠤ ᠬᠡᠮᠵᠢᠶ᠎ᠡ ᠶᠢ 3000 ᠲᠣᠨ ᠠᠴᠠ ᠳᠡᠭᠡᠭᠰᠢ ᠳᠤ ᠬᠦᠷᠭᠡᠵᠦ᠂ ᠲᠦᠷᠭᠡᠨ | ᠬᠦᠷᠭᠡᠬᠦ ᠬᠦᠷᠢᠶᠡᠯᠡᠩ ᠢ ᠪᠥᠬᠦ ᠵᠢᠯ ᠳᠤ ᠬᠤᠷᠢᠶᠠᠨ ᠢᠯᠡᠭᠡᠵᠦ ᠬᠦᠷᠭᠡᠬᠦ ᠲᠦᠷᠭᠡᠨ ᠬᠦᠷᠭᠡᠬᠦ ᠵᠦᠢᠯ ᠨᠢ 1 | ᠳ᠋ᠦᠩᠰᠢᠭᠤᠷ ᠢ ᠳᠠᠪᠠᠪᠠ᠃ ᠪᠦᠬᠦ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠠᠰᠠᠷ ᠤᠨ ᠲᠠᠯᠠᠪᠠᠢ 98.5 | ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ 2400 ᠭᠠᠷᠤᠶ ᠠᠵᠤ ᠠᠬᠤᠶᠢᠯᠠᠯ ᠣᠷᠣᠵᠤ ᠰᠠᠭᠤᠷᠢᠰᠢᠵᠤ᠂ | ᠮᠥᠩᠭᠦᠨ ᠭᠦᠢᠯᠭᠡᠭᠡ ᠳᠠᠭᠠᠳᠬᠠᠯ᠂ ᠰᠤᠷᠭᠠᠨ ᠬᠥᠮᠦᠵᠢᠯ ᠪᠤᠯᠪᠠᠰᠤᠷᠠᠭᠤᠯᠤᠯ᠂ ᠰᠣᠶᠣᠯ ᠤᠨ ᠪᠦᠲᠦᠭᠡᠯᠴᠢ ᠰᠡᠳᠬᠢᠮᠵᠢ᠂ | ᠠᠷᠠᠯᠵᠢᠶᠠᠨ ᠤ ᠭᠦᠢᠯᠭᠡᠭᠡ᠂ ᠦᠢᠯᠡᠴᠢᠯᠡᠭᠡᠨ ᠤ ᠯᠠᠪᠯᠠᠯᠭ᠎ᠠ ᠵᠡᠷᠭᠡ ᠠᠵᠢᠯ ᠲᠥᠷᠥᠯ ᠢ ᠬᠠᠮᠤᠷᠴᠠᠶ᠃ | ︵ᠭᠤᠷᠪᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠪᠦᠬᠦ ᠲᠤᠭᠤᠷᠢᠭ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠥᠭᠡᠷᠡᠴᠢᠯᠡᠯᠲᠡ ᠳᠤ | ᠬᠤᠯᠪᠣᠭᠳᠠᠭᠰᠠᠨ ᠰᠠᠯᠠᠭ᠎ᠠ ᠮᠥᠴᠢᠷ ᠢ ᠬᠠᠰᠤᠵᠤ ᠨᠡᠶᠢᠯᠡᠭᠦᠯᠵᠦ ᠬᠤᠪᠢᠶᠠᠷᠢᠯᠠᠨ ᠰᠢᠯᠵᠢᠭᠦᠯᠵᠦ᠂ ᠫᠠᠶᠢᠰᠠ ᠡᠯᠭᠦᠬᠦ᠂ | ᠠᠵᠢᠯᠲᠠᠨ ᠢ ᠰᠢᠯᠵᠢᠭᠦᠯᠦᠨ ᠬᠠᠷᠢᠶᠠᠯᠠᠭᠤᠯᠬᠤ ᠪᠠ ᠰᠠᠯᠠᠭ᠎ᠠ ᠮᠥᠴᠢᠷ ᠤᠨ ︽ᠭᠤᠷᠪᠠ ᠶᠢ ᠲᠤᠭᠲᠠᠭᠠᠬᠤ︾ ᠵᠡᠷᠭᠡ | ᠠᠵᠢᠯ ᠢ ᠴᠢᠨᠠᠷ ᠰᠠᠶᠢᠲᠠᠶ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ ᠠᠵᠢᠯᠯᠠᠭᠠᠨ ᠨᠢ ᠥᠨᠳᠥᠷ | ᠪᠦᠲᠦᠮᠵᠢᠲᠡᠶ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠰᠢᠰᠲ᠋ᠧᠮ ᠢ ᠪᠠᠶᠢᠭᠤᠯᠪᠠ᠃ ᠬᠠᠤᠯᠢ ᠴᠠᠭᠠᠵᠠ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠪᠦᠬᠦ ᠲᠠᠯ᠎ᠠ ᠪᠠᠷ ᠭᠦᠨᠵᠡᠭᠡᠶᠢᠷᠡᠵᠦ᠂ ᠵᠡᠭᠡᠯᠢ ᠪᠠᠯᠭᠠᠰᠤᠨ ᠤ ᠤᠯᠤᠰ ᠤᠨ | ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠪᠠ ᠥᠭᠬᠦ ᠥᠭᠡᠷᠡᠴᠢᠯᠡᠯᠲᠡ ᠡᠮᠬᠢ ᠵᠢᠷᠤᠮ ᠲᠠᠢ ᠶᠠᠪᠤᠪᠠ᠃ ᠤᠯᠤᠰ ᠤᠨ | ᠡᠳ᠋ ᠬᠥᠷᠥᠩᠭᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠲᠤᠭᠤᠷᠢᠭ ᠤᠨ ᠬᠠᠷᠢᠶ᠎ᠠ ᠪᠥᠬᠦᠶ ᠤᠯᠤᠰ ᠤᠨ | ᠦᠮᠴᠢᠯᠡᠯ ᠤᠨ ᠺᠣᠮᠫᠠᠨᠢ ᠶᠢᠨ ᠪᠣᠳᠠᠲᠤ ᠴᠣᠭᠴᠠᠲᠤ ᠡᠵᠡᠩᠨᠡᠯᠲᠡ ᠶᠢ ᠯᠠᠪᠳᠠᠭᠤᠨ ᠢᠶᠠᠷ ᠠᠬᠢᠭᠤᠯᠵᠤ᠂ ᠥᠪᠥᠷ ᠮᠣᠩᠭᠤᠯ | ᠤᠨ ᠮᠥᠩᠭᠦᠨ ᠭᠦᠢᠯᠭᠡᠭᠡᠨ ᠤ ᠲᠦᠷᠢᠶᠡᠰᠦᠯᠡᠯ ᠤᠨ ᠺᠣᠮᠫᠠᠨᠢ ᠶᠢ ᠪᠡᠯᠡᠳᠬᠡᠨ ᠪᠠᠶᠢᠭᠤᠯᠬᠤ ᠶᠢ ᠬᠤᠪᠢ | ᠤᠷᠤᠭᠤᠯᠤᠭᠴᠢ ᠶᠢᠨ ᠬᠢᠨᠠᠨ ᠬᠠᠷᠭᠤᠭᠤᠯᠬᠤ ᠱᠠᠲᠤᠨ ᠳᠤ ᠣᠷᠣᠭᠤᠯᠪᠠ᠃ ᠬᠥᠳᠡᠭᠡ ᠲᠣᠰᠬᠤᠨ ᠤ ᠬᠠᠮᠲᠤ ᠶᠢᠨ ᠠᠵᠤ | ᠠᠬᠤᠶ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ᠂ ᠬᠦᠳᠡᠭᠡ ᠲᠣᠰᠬᠤᠨ ᠤ ᠭᠠᠵᠠᠷ ᠰᠢᠷᠣᠶ ᠶᠢᠨ | ᠡᠷᠬᠡ ᠶᠢ ᠨᠤᠲᠠᠯᠠᠨ ᠲᠣᠭᠲᠠᠭᠠᠬᠤ ᠪᠦᠬᠦᠯᠢ ᠴᠣᠭᠴᠠ ᠶᠢᠨ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ ᠵᠠᠰᠠᠭ ᠤᠨ | ᠣᠷᠳᠣᠨ ᠬᠥᠲᠥᠯᠥᠨ ᠵᠢᠯᠣᠭᠤᠳᠴᠤ᠂ ᠨᠡᠶᠢᠭᠡᠮ ᠤᠨ ᠬᠢᠨ ᠣᠷᠣᠯᠴᠠᠭᠰᠠᠨ ᠠᠮᠢ ᠠᠬᠤᠢ ᠶᠢᠨ ᠵᠠᠰᠠᠯᠲᠠ ᠶᠢᠨ | ᠵᠠᠭᠪᠤᠷ ᠤᠨ ᠦᠷ᠎ᠡ ᠪᠦᠲᠦᠮᠵᠢ ᠳᠤᠪᠤᠶᠢᠮ᠎ᠠ ᠪᠠᠶᠢᠵᠤ᠂ ᠨᠡᠶᠢᠲᠡ 16.1 ᠳ᠋ᠦᠩᠰᠢᠭᠤᠷ ᠲᠥᠭᠦᠷᠢᠭ ᠤᠨ ᠨᠡᠶᠢᠭᠡᠮ ᠤᠨ | ᠬᠥᠷᠥᠩᠭᠡ ᠮᠥᠩᠭᠦ ᠶᠢ ᠬᠥᠳᠡᠯᠭᠡᠵᠦ᠂ ᠲᠠᠷᠢᠶᠠᠴᠢᠳ ᠤᠨ ᠰᠤᠯᠠ ᠪᠠᠶᠢᠭ᠎ᠠ 1 ᠲᠦᠮᠡ ᠭᠠᠷᠤᠶ ᠮᠦ ᠭᠠᠵᠠᠷ ᠰᠢᠷᠣᠶ ᠶᠢ | ᠰᠢᠯᠵᠢᠭᠦᠯᠵᠦ᠂ 6.8 ᠲᠦᠮᠡᠨ ᠮᠦ ᠠᠭᠯᠠᠭ ᠠᠭᠤᠯᠠ ᠶᠢ ᠨᠣᠭᠤᠭᠠᠷᠠᠭᠤᠯᠤᠨ ᠥᠭᠡᠷᠡᠴᠢᠯᠡᠪᠡ᠃ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠵᠦ᠂ ︽ᠬᠤᠶᠠᠷ ᠠᠵᠤ | ᠦᠢᠯᠡᠳᠪᠦᠷᠢᠵᠢᠯᠲᠡ ᠶᠢᠨ ᠠᠭᠤᠰᠤᠯᠴᠠᠯ︾ ᠢ ᠭᠦᠨᠵᠡᠭᠡᠢ ᠠᠬᠢᠭᠤᠯᠵᠤ᠂ ︽ᠲᠦᠮᠡᠨ ᠡᠷᠦᠬᠡ ᠠᠵᠤ ᠠᠬᠤᠶᠢᠯᠠᠯ ᠤᠨ | ᠡᠭᠦᠯᠡᠨ ᠲᠥᠯᠥᠪᠯᠡᠭᠡ︾ ᠶᠢᠨ 485 ᠠᠵᠤ ᠠᠬᠤᠶᠢᠯᠠᠯ ᠳᠤ ᠰᠢᠨ᠎ᠡ ᠪᠠᠷ ᠣᠷᠣᠪᠠ᠃ ︽ᠤᠶᠤᠨᠲᠤ ᠬᠦᠷᠢᠶᠡᠯᠡᠩ | ᠲᠣᠭᠤᠷᠢᠭ︾ ᠤᠨ ᠲᠥᠷᠥᠯ ᠵᠦᠢᠯ ᠭᠡᠷ᠎ᠡ ᠲᠣᠭᠲᠠᠵᠤ᠂ ᠶᠤᠸᠠᠨ ᠶᠤᠸᠠᠨ ᠮᠡᠳᠡᠭᠡ ᠵᠠᠩᠭᠢ ᠶᠢᠨ ᠮᠡᠷᠭᠡᠵᠢᠯ ᠤᠨ ᠺᠣᠮᠫᠠᠨᠢ | ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠫᠠᠶᠢᠰᠠ ᠡᠯᠭᠦᠵᠦ᠂ ᠪᠠᠷᠠᠭᠤᠨ ᠬᠤᠶᠢᠲᠤ | ᠣᠷᠣᠨ ᠤ ᠮᠢᠶᠣᠣ ᠳ᠋ᠦᠨ ᠪᠠᠴᠢᠮ ᠪᠠᠶᠢᠳᠠᠯ ᠢ ᠠᠷᠭᠠᠴᠠᠬᠤ ᠠᠮᠤᠷ ᠲᠦᠪᠰᠢᠨ ᠤ ᠡᠭᠦᠯᠡᠨ ᠦᠢᠯᠡᠴᠢᠯᠡᠭᠡᠨ ᠤ | ᠲᠥᠪ ᠤᠨ ᠰᠠᠴᠤᠷᠠᠯᠲᠠ ᠶᠢᠨ ᠬᠡᠪᠴᠢᠶ᠎ᠡ ᠥᠷᠭᠡᠳᠪᠡ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ | ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠨᠢᠭᠡᠳᠦᠭᠡᠷ ᠮᠠᠰᠢᠨ ᠦᠢᠯᠡᠳᠬᠦ ᠪᠦᠯᠦᠭᠯᠡᠯ ᠤᠨ ᠣᠨᠴᠠ ᠲᠥᠷᠥᠯ ᠤᠨ | ᠲᠡᠷᠭᠡ ᠬᠥᠰᠬᠡ ᠶᠢᠨ ᠢᠯᠴᠢ ᠶᠢᠨ ᠬᠠᠮᠢᠶᠠᠷᠤᠯᠲᠠ ᠶᠢᠨ ᠰᠢᠰᠲ᠋ᠧᠮ ᠵᠡᠷᠭᠡ 3 ᠰᠤᠳᠤᠯᠤᠨ ᠨᠡᠭᠡᠭᠡᠬᠦ ᠪᠠᠶᠢᠭᠤᠯᠤᠮᠵᠢ ᠶᠢ | ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠭᠠᠨ ᠤ ᠲᠥᠪ ᠢᠶᠠᠷ ᠮᠠᠭᠠᠳᠯᠠᠨ ᠲᠣᠭᠲᠠᠭᠠᠪᠠ᠃ | ᠤᠮᠠᠷᠠᠲᠤ ᠶᠢᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠲᠣᠨᠣᠭᠯᠠᠯ ᠦᠢᠯᠡᠳᠬᠦ ᠺᠣᠮᠫᠠᠨᠢ ᠵᠡᠷᠭᠡ 4 ᠠᠵᠤ | ᠠᠬᠤᠶᠢᠯᠠᠯ ᠨᠢ ᠪᠤᠭᠤᠲᠤ ᠬᠤᠳᠠ ᠶᠢᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠰᠢᠨᠵᠢᠯᠡᠬᠦ ᠤᠬᠠᠭᠠᠨ | ᠮᠡᠷᠭᠡᠵᠢᠯ ᠤᠨ ᠵᠢᠱᠢᠶ᠎ᠡ ᠦᠵᠡᠭᠦᠯᠬᠦ ᠠᠵᠤ ᠠᠬᠤᠶᠢᠯᠠᠯ ᠢᠶᠠᠷ ᠦᠨᠡᠯᠡᠭᠳᠡᠪᠡ᠃ ᠪᠥᠬᠦ ᠲᠤᠭᠤᠷᠢᠭ ᠤᠨ ᠲᠤᠰᠬᠠᠶ ᠠᠰᠢᠭ | 2029 ᠬᠤᠪᠢ᠂ ᠳᠠᠩᠰᠠᠯᠠᠭᠤᠯᠤᠭᠰᠠᠨ ᠲᠠᠸᠠᠷ ᠤᠨ ᠲᠡᠮᠳᠡᠭ 5241 ᠬᠤᠪᠢ ᠪᠣᠯᠪᠠ᠃ ᠨᠡᠶᠢᠭᠡᠮ ᠲᠣᠭᠤᠷᠢᠭ ᠤᠨ | ᠵᠠᠰᠠᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠡᠭᠡᠯᠢ ᠪᠠᠯᠭᠠᠰᠦ ᠶᠢᠨ ᠬᠠᠤᠯᠢ ᠬᠡᠷᠡᠭᠵᠢᠭᠦᠯᠬᠦ | ᠬᠦᠴᠦᠨ ᠢ ᠡᠮᠬᠢᠯᠡᠨ ᠨᠡᠶᠢᠯᠡᠭᠦᠯᠵᠦ᠂ ︽ᠨᠢᠭᠡ ᠯᠡ ᠴᠣᠩᠬᠤᠪᠴᠢ︾ ᠶᠢᠨ ᠦᠢᠯᠡᠴᠢᠯᠡᠭᠡᠨ ᠤ ᠰᠢᠰᠲ᠋ᠧᠮ ᠢ | ᠰᠢᠯᠢᠳᠡᠭᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠲᠦᠷ ᠴᠠᠭ ᠤᠨ ᠠᠪᠤᠷᠠᠨ | ᠲᠤᠰᠠᠯᠠᠬᠤ ᠵᠡᠷᠭᠡ 63 ᠵᠦᠢᠯ ᠤᠨ ᠬᠢᠨᠠᠨ ᠵᠥᠪᠰᠢᠶᠡᠷᠡᠬᠦ ᠪᠠ ᠦᠢᠯᠡᠴᠢᠯᠡᠭᠡᠨ ᠤ ᠵᠦᠢᠯᠡᠰ ᠢ ᠨᠡᠶᠢᠭᠡᠮ ᠲᠣᠭᠤᠷᠢᠭ ᠲᠤ | ᠪᠠᠭᠤᠯᠭᠠᠵᠤ᠂ ᠰᠠᠭᠤᠭᠠᠯᠢ ᠠᠷᠠᠳ ᠤᠢᠢᠷ᠎ᠠ ᠬᠠᠪᠢ ᠳᠠᠭᠠᠨ ᠠᠵᠢᠯ ᠶᠠᠪᠤᠳᠠᠯ ᠡᠷᠬᠢᠯᠡᠬᠦ ᠶᠢ ᠪᠡᠶᠡᠯᠡᠭᠦᠯᠪᠡ᠃ ᠨᠡᠶᠢᠭᠡᠮ | ᠲᠣᠭᠤᠷᠢᠭ ᠤᠨ ᠵᠠᠰᠠᠯᠲᠠ ᠶᠢᠨ 10 ᠲᠤᠰᠬᠠᠶ ᠥᠭᠡᠷᠡᠴᠢᠯᠡᠯᠲᠡ ᠶᠢᠨ ᠲᠤᠷᠰᠢᠯᠲᠠ ᠶᠢ ᠪᠤᠶᠢᠵᠢᠭᠤᠯᠤᠨ ᠪᠤᠢ ᠪᠣᠯᠭᠠᠵᠤ᠂ | ᠪᠠᠶᠠᠨ ᠬᠦᠴᠦᠷᠬᠡᠭ ᠵᠠᠮ᠂ ᠵᠣᠯ ᠵᠢᠷᠭᠠᠯᠲᠤ ᠵᠠᠮ ᠵᠡᠷᠭᠡ ᠵᠡᠭᠡᠯᠢ ᠭᠤᠳᠤᠮᠵᠢ ᠶᠢᠨ ᠤᠯᠠᠨ ᠵᠦᠢᠯ ᠤᠨ ᠦᠨᠳᠦᠰᠦᠲᠡᠨ | ᠱᠠᠲᠤᠨ ᠤ ᠠᠵᠢᠯ ᠤᠨ ᠲᠤᠷᠰᠢᠯᠭ᠎ᠠ ᠶᠢ ᠠᠷᠠᠳ ᠤᠨ ᠶᠠᠪᠤᠳᠠᠯ ᠤᠨ ᠶᠠᠮᠤᠨ ᠤ ︽ᠨᠡᠶᠢᠭᠡᠮ ᠲᠣᠭᠤᠷᠢᠭ︾ ᠰᠡᠳᠬᠦᠯ ᠳᠤ | ᠨᠡᠶᠢᠲᠡᠯᠡᠵᠦ ᠳᠡᠯᠭᠡᠷᠡᠭᠦᠯᠪᠡ᠃ ᠪᠦᠬᠦ ᠬᠤᠲᠠ ᠶᠢᠨ ᠠᠩᠬᠠᠳᠠᠭᠴᠢ ᠵᠡᠭᠡᠯᠢ ᠭᠤᠳᠤᠮᠵᠢ ᠶᠢᠨ ᠲᠡᠰ ᠤᠨ ︽ᠭᠤᠷᠪᠠᠨ | ᠬᠤᠷᠰᠢᠶ᠎ᠠ︾ ᠶᠢᠨ ᠬᠠᠮᠵᠢᠯᠴᠠᠨ ᠰᠢᠨ᠎ᠡ ᠶᠢ ᠡᠭᠦᠳᠬᠦ ᠲᠥᠪ ᠪᠠ ᠲᠤᠭᠤᠷᠢᠭ ᠤᠨ ᠲᠡᠰ ᠤᠨ ᠠᠳᠠᠯ ᠠᠬᠤᠢ ᠶᠢᠨ | ᠵᠢᠭᠤᠷᠠᠯᠳᠤᠭᠠᠨ ᠢ ᠬᠤᠯᠪᠣᠭᠠᠯᠠᠨ ᠲᠣᠬᠢᠷᠠᠭᠤᠯᠬᠤ ᠲᠥᠪ ᠢ ᠪᠠᠶᠢᠭᠤᠯᠵᠤ᠂ ᠮᠦᠩᠬᠡᠵᠢᠯ ᠵᠠᠮ ᠤᠨ ᠵᠡᠭᠡᠯᠢ | ᠭᠤᠳᠤᠮᠵᠢ ᠶᠢᠨ ᠠᠷᠠᠳᠴᠢᠯᠠᠯ ᠢᠶᠠᠷ ᠵᠥᠪᠳᠡᠯᠴᠡᠬᠦ ᠨᠡᠶᠢᠭᠡᠮ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ | ᠵᠠᠭᠪᠤᠷ ᠳᠤᠮᠳᠠᠳᠤ ᠤᠯᠤᠰ ᠤᠨ ᠬᠤᠲᠠ ᠶᠢᠨ ᠵᠠᠰᠠᠯᠲᠠ ᠶᠢᠨ ᠰᠢᠨ᠎ᠡ ᠡᠭᠦᠳᠦᠯᠲᠡ ᠶᠢᠨ ᠱᠠᠩᠨᠠᠯ ᠳᠤ ᠤᠷᠤᠵᠦ᠂ | ᠴᠢᠯᠥᠭᠡᠲᠦ ᠵᠠᠮ ᠤᠨ ᠵᠡᠭᠡᠯᠢ ᠭᠤᠳᠤᠮᠵᠢ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠨᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠥᠪᠳᠡᠯᠴᠡᠬᠦ ᠳᠦᠷᠢᠮ ᠤᠨ ᠲᠤᠷᠰᠢᠯᠲᠠ | ᠶᠢᠨ ᠠᠵᠢᠯ ᠪᠣᠳᠠᠲᠤ ᠦᠷ᠎ᠡ ᠪᠦᠲᠦᠮᠵᠢ ᠣᠯᠵᠤ᠂ ᠴᠢᠩᠱᠠᠨ ᠵᠠᠮ ᠤᠨ ᠵᠡᠭᠡᠯᠢ ᠭᠤᠳᠤᠮᠵᠢ ᠶᠢᠨ ︽ᠶᠢᠨ ᠹᠡ e | ᠴᠢᠭ ᠲᠤ ᠨᠡᠪᠲᠡᠷᠡᠬᠦ︾ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠥᠪᠡᠷᠲᠡᠭᠡᠨ ᠵᠠᠰᠠᠬᠤ ᠣᠷᠣᠨ ᠤ ᠨᠠᠰᠤᠨ | ᠲᠤᠷᠰᠢᠳᠠ ᠰᠤᠷᠤᠯᠴᠠᠬᠤ ᠨᠡᠷᠡᠲᠦ ᠲᠥᠷᠥᠯ ᠲᠡᠮᠳᠡᠭᠲᠦ ᠶᠢᠨ ᠲᠥᠷᠥᠯ ᠵᠦᠢᠯ ᠢᠶᠠᠷ ᠦᠨᠡᠯᠡᠭᠳᠡᠪᠡ᠃ | ︵ᠳᠦᠷᠪᠡ︶ ᠬᠤᠲᠠ ᠬᠥᠳᠡᠭᠡ ᠶᠢᠨ ᠬᠥᠭᠵᠢᠯᠲᠡ ᠨᠠᠩ ᠵᠣᠬᠢᠴᠠᠩᠭᠤᠢ ᠪᠣᠯᠪᠠ᠃ ᠬᠤᠲᠠ ᠶᠢᠨ ᠬᠤᠣᠰ ᠰᠡᠯᠪᠢᠨ | ᠵᠠᠰᠠᠯᠲᠠ ᠪᠠ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠩᠬᠡ ᠠᠮᠤᠭᠤᠯᠠᠩ | ᠪᠠᠷᠠᠭᠤᠨ ᠵᠡᠭᠡᠯᠢ ᠶᠢᠨ ᠵᠠᠮ ᠤᠨ ᠪᠦᠲᠦᠭᠡᠨ ᠪᠠᠶᠢᠭᠤᠯᠤᠯᠲᠠ ᠵᠡᠷᠭᠡ 7 ᠵᠦᠢᠯ ᠤᠨ ᠬᠤᠲᠠ ᠶᠢᠨ ᠶᠠᠪᠤᠳᠠᠯ ᠤᠨ | ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠢ ᠬᠡᠷᠡᠭᠵᠢᠭᠦᠯᠵᠦ᠂ ᠲᠤᠭᠤᠷᠢᠭ ᠲᠤ ᠰᠠᠭᠤᠭ᠎ᠠ ᠤᠯᠤᠰ ᠤᠨ | ᠥᠮᠴᠢᠯᠡᠯᠲᠡ ᠠᠵᠤ ᠠᠬᠤᠶᠢᠯᠠᠯ ᠤᠨ ︽ᠭᠤᠷᠪᠠ ᠶᠢ ᠬᠠᠩᠭᠠᠬᠤ ᠨᠢᠭᠡ ᠦᠢᠯᠡᠰ︾ ᠤᠨ ᠠᠩᠬᠠᠨ ᠤ ᠬᠤᠭᠤᠴᠠᠭᠠᠨ ᠤ | 150 ᠭᠠᠷᠤᠢ ᠲᠦᠮᠡᠨ ᠲᠡᠭᠰᠢ ᠳᠥᠷᠪᠡᠯᠵᠢᠨ ᠮᠧᠲᠷ ᠤᠨ ᠰᠡᠯᠪᠢᠨ ᠵᠠᠰᠠᠵᠤ ᠥᠭᠡᠷᠡᠴᠢᠯᠡᠬᠦ ᠠᠵᠢᠯ ᠢ ᠪᠡᠶᠡᠯᠡᠭᠦᠯᠪᠡ᠃ | 3.7 ᠲᠦᠮᠡᠨ ᠰᠠᠭᠤᠭᠠᠯᠢ ᠠᠷᠠᠳ ᠲᠤ ᠠᠰᠢᠭ ᠬᠦᠷᠲᠡᠭᠡᠪᠡ᠃ ᠴᠢᠩᠱᠠᠨ ᠲᠥᠪ ᠴᠡᠴᠡᠷᠯᠢᠭ ᠤᠨ ᠲᠥᠷᠥᠯ ᠵᠦᠢᠯ ᠤᠨ | ᠨᠢᠭᠡᠳᠦᠭᠡᠷ ᠬᠤᠭᠤᠴᠠᠭᠠᠨ ᠤ ᠠᠰᠢᠭᠯᠠᠯᠲᠠ ᠳᠤ ᠣᠷᠣᠵᠤ᠂ ᠵᠣᠴᠢᠨ ᠤᠭᠲᠤᠬᠤ ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ ᠢ ᠲᠡᠰ ᠳᠡᠪᠰᠢᠭᠦᠯᠬᠦ ᠥᠭᠡᠷᠡᠴᠢᠯᠡᠯᠲᠡ ᠶᠢ ᠪᠡᠶᠡᠯᠡᠭᠦᠯᠵᠦ᠂ 5000 ᠲᠡᠭᠰᠢ ᠳᠥᠷᠪᠡᠯᠵᠢᠨᠮᠧᠲᠷ ᠤᠨ | 202 ᠤᠨ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ ᠢ ᠪᠠᠶᠢᠭᠤᠯᠤᠨ ᠠᠵᠢᠯᠯᠠᠭᠤᠯᠪᠠ᠃ ᠲᠦᠩ ᠭᠠᠩ | ᠪᠠᠷᠢᠯᠭ᠎ᠠ ᠶᠢᠨ ᠮᠠᠲ᠋ᠧᠷᠢᠶᠠᠯ ᠤᠨ ᠬᠤᠲᠠ᠂ ᠵᠤᠤ ᠵᠢᠶᠠ ᠳ᠋ᠢᠶᠠᠨ ᠭᠠᠵᠠᠷ ᠣᠷᠣᠨ ᠵᠡᠷᠭᠡ ᠬᠡᠢ ᠬᠤᠭᠤᠰᠣᠨ ᠭᠠᠵᠠᠷ ᠢ | ᠰᠢᠯᠵᠢᠭᠦᠯᠦᠨ ᠥᠭᠴᠦ ᠨᠡᠭᠡᠭᠡᠨ ᠬᠥᠭᠵᠢᠭᠦᠯᠬᠦ ᠶᠢ ᠠᠬᠢᠭᠤᠯᠵᠤ᠂ ᠨᠡᠶᠢᠲᠡ 2.7 ᠲᠦᠮᠡᠨ ᠡᠷᠦᠬᠡ ᠰᠠᠭᠤᠭᠠᠯᠢ | ᠠᠷᠠᠳ ᠤᠨ ᠣᠷᠣᠨ ᠰᠠᠭᠤᠴᠠ ᠶᠢᠨ ᠥᠮᠴᠢᠯᠡᠬᠦ ᠡᠷᠬᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠵᠦ᠂ ᠦᠯᠦ | ᠬᠥᠳᠡᠯᠬᠦ ᠬᠥᠷᠥᠩᠭᠡ ᠶᠢ ᠠᠩᠬ᠎ᠠ ᠤᠳᠠᠭ᠎ᠠ ᠳᠠᠩᠰᠠᠯᠠᠭᠤᠯᠵᠦ᠂ ᠭᠡᠷ ᠪᠠᠶᠢᠰᠢᠩ ᠤᠨ ᠲᠠᠯᠠᠪᠠᠢ ᠨᠢ 325 ᠲᠦᠮᠡᠨ | ᠲᠡᠭᠰᠢ ᠳᠥᠷᠪᠡᠯᠵᠢᠨ ᠮᠧᠲᠷ᠃ ᠵᠠᠮ ᠤᠨ ᠳᠡᠰ ᠬᠤᠪᠢᠶᠠᠬᠤ ᠪᠠ ᠨᠠᠷᠢᠯᠢᠭᠵᠢᠭᠤᠯᠬᠤ ᠬᠠᠮᠢᠶᠠᠷᠤᠯᠲᠠ ᠶᠢ | ᠳᠦᠷᠢᠮᠵᠢᠭᠦᠯᠵᠦ᠂ ᠭᠤᠣᠯᠳᠠᠯᠭ᠎ᠠ ᠲᠠᠢ ᠵᠠᠮ ᠤᠨ ᠬᠡᠰᠡᠭ ᠢ ᠴᠢᠩᠭ᠎ᠠ ᠬᠠᠮᠢᠶᠠᠷᠤᠨ ᠴᠢᠩᠭ᠎ᠠ ᠬᠢᠵᠠᠭᠠᠷᠯᠠᠵᠤ᠂ | ᠬᠦᠴᠦᠨ ᠢᠶᠠᠨ ᠲᠦᠪᠯᠡᠷᠡᠭᠦᠯᠦᠨ ᠬᠤᠲᠠ ᠶᠢᠨ ᠳᠦᠷᠢ ᠲᠥᠷᠬᠦ ᠶᠢᠨ ︽ᠵᠢᠷᠭᠤᠭᠠᠨ ᠡᠷᠦᠢ ᠬᠤᠷᠤᠢ ᠦᠭᠡᠢ︾ | ᠦᠵᠡᠭᠳᠡᠯ ᠢ ᠴᠡᠭᠴᠡᠯᠡᠨ ᠵᠠᠰᠠᠨ᠎ᠠ᠃ ᠳᠤᠷ᠎ᠠ ᠪᠠᠷ ᠢᠶᠠᠨ ᠪᠠᠷᠢᠵᠤ ᠪᠠᠶᠢᠭᠤᠯᠤᠭᠰᠠᠨ ᠪᠠ ᠬᠠᠤᠯᠢ ᠶᠢ ᠵᠥᠷᠢᠴᠡᠨ | ᠪᠠᠶᠢᠭᠤᠯᠤᠭᠰᠠᠨ 6.2 ᠲᠦᠮᠡᠨ ᠲᠡᠭᠰᠢ ᠳᠦᠷᠪᠡᠯᠵᠢᠨ ᠮᠧᠲᠷ ᠢ ᠨᠤᠷᠠᠭᠠᠵᠤ᠂ ᠰᠠᠭᠤᠭᠠᠯᠢ ᠠᠷᠠᠳ ᠤᠨ ᠵᠢᠵᠢᠭ | ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠨ ᠴᠤᠭᠯᠠᠭᠤᠯᠬᠤ ᠶᠢ ᠲᠤᠷᠰᠢᠨ ᠥᠷᠨᠢᠭᠦᠯᠪᠡ᠃ | ᠪᠦᠬᠦ ᠲᠤᠭᠤᠷᠢᠭ ᠤᠨ ᠵᠠᠮ ᠤᠨ ᠮᠠᠰᠢᠨ ᠤ ᠰᠢᠷᠪᠢᠯᠲᠡ ᠶᠢᠨ ᠨᠣᠷᠮ᠎ᠠ 69% ᠳᠤ ᠬᠦᠷᠴᠦ᠂ ᠪᠦᠬᠦ ᠬᠤᠲᠠ ᠶᠢᠨ 6 | ᠵᠠᠭᠤᠨ ᠤ ᠨᠢᠭᠡᠴᠢ ᠠᠴᠠ ᠥᠨᠳᠥᠷ ᠪᠣᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠢ ᠶᠢ ᠵᠠᠰᠠᠨ | ᠰᠡᠷᠭᠦᠭᠡᠬᠦ ᠶᠢ ᠨᠢᠭᠡᠳᠦᠯᠲᠡᠢ ᠳᠤ ᠲᠦᠯᠦᠪᠯᠡᠨ ᠠᠬᠢᠭᠤᠯᠵᠤ᠂1.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ | ᠵᠤᠤ ᠵᠢᠶᠠ ᠶᠢᠩ ᠲᠣᠰᠬᠤᠨ ᠤ ᠢᠯᠴᠢ ᠬᠠᠩᠭᠠᠬᠤ ᠵᠢᠴᠢ ᠤᠰᠤ ᠬᠠᠩᠭᠠᠬᠤ ᠤᠰᠤ ᠵᠠᠯᠠᠬᠤ ᠬᠤᠭᠤᠯᠠᠶ ᠲᠣᠤᠷ ᠤᠨ | ᠦᠭᠡᠷᠡᠴᠢᠯᠡᠯᠲᠡ ᠶᠢ ᠪᠡᠶᠡᠯᠡᠭᠦᠯᠵᠦ᠂ ᠴᠢᠨᠳᠠᠭᠠᠨ ᠴᠠᠭᠠᠨ ᠭᠤᠤᠯ ᠤᠨ ᠲᠣᠰᠬᠤᠨ ᠤ ᠲᠥᠪᠯᠡᠷᠡᠭᠦᠯᠦᠨ ᠢᠯᠴᠢ | ᠬᠠᠩᠭᠠᠬᠤ ᠥᠭᠡᠷᠡᠴᠢᠯᠡᠯᠲᠡ ᠪᠠᠰᠠᠴᠢ ᠪᠤᠯᠤᠩ ᠤᠨ ᠲᠣᠰᠬᠤᠨ ᠤ ᠨᠡᠭᠦᠷᠡᠰᠦ ᠶᠢ ᠴᠠᠬᠢᠯᠭᠠᠨ ᠭᠠᠷᠭᠠᠬᠤ ᠪᠣᠯᠭᠠᠨ | ᠥᠭᠡᠷᠡᠴᠢᠯᠡᠬᠦ ᠠᠷᠢᠭᠤᠨ ᠴᠡᠪᠡᠷ ᠢ ᠢᠨᠵᠧᠨ᠋ᠷᠢᠩ ᠢ ᠬᠡᠷᠡᠭᠵᠢᠭᠦᠯᠵᠦ᠂ ᠪᠥᠬᠦ ᠲᠤᠭᠤᠷᠢᠭ ᠤᠨ ᠴᠡᠪᠡᠷ ᠨᠡᠭᠦᠷᠡᠰᠦ ᠪᠠᠷ | ᠣᠷᠣᠯᠠᠭᠤᠯᠬᠤ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ | ᠵᠠᠰᠠᠬᠤ ᠬᠤᠶᠠᠳᠤᠭᠠᠷ ᠬᠤᠭᠤᠴᠠᠭ᠎ᠠ᠂ ᠳᠤᠮᠳᠠ ᠭᠤᠤ ᠭᠤᠤᠯ ᠵᠠᠮ ᠢ ᠵᠠᠰᠠᠬᠤ ᠨᠢᠭᠡᠳᠦᠭᠡᠷ ᠮᠠᠰᠢᠨ ᠤ ᠤᠮᠠᠷᠠᠲᠤ ᠶᠢᠨ | ᠬᠦᠨᠳᠦ ᠪᠣᠷᠣᠭᠠᠨ ᠤ ᠪᠣᠬᠢᠷᠲᠤᠯ ᠢ ᠰᠠᠯᠭᠠᠬᠤ ᠪᠠᠷᠢᠮᠵᠢᠶ᠎ᠠ ᠪᠠ ᠬᠤᠶᠠᠳᠤᠭᠠᠷ ᠴᠠᠬᠢᠯᠭᠠᠨ ᠦᠢᠯᠡᠳᠪᠦᠷᠢ ᠶᠢᠨ ᠬᠦᠬᠦᠷ | ᠥᠬᠡᠶᠢᠳᠡᠭᠦᠯᠬᠦ ᠬᠠᠶᠠᠭᠳᠠᠮᠠᠯ ᠤᠰᠤ ᠶᠢᠨ ᠰᠢᠰᠲ᠋ᠧᠮ ᠢ ᠵᠠᠰᠠᠨ ᠥᠭᠡᠷᠡᠴᠢᠯᠡᠬᠦ ᠵᠡᠷᠭᠡ ᠢᠨᠵᠧᠨᠧᠷᠢᠩ ᠢ ᠪᠦᠬᠦ ᠲᠠᠯ᠎ᠠ ᠪᠠᠷ | ᠪᠡᠶᠡᠯᠡᠭᠦᠯᠵᠦ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ | ᠪᠡᠶᠡᠯᠭᠦᠯᠦᠨᠡ᠃ ᠬᠤᠶᠠᠳᠤᠭᠠᠷ ᠤᠳᠠᠭᠠᠨ ᠤ ᠪᠦᠬᠦ ᠤᠯᠤᠰ ᠤᠨ ᠪᠣᠬᠢᠷᠲᠤᠯ ᠤᠨ ᠡᠬᠢ ᠰᠤᠷᠪᠤᠯᠵᠢ ᠶᠢ ᠨᠡᠶᠢᠳᠡᠮ | ᠪᠠᠶᠢᠴᠠᠭᠠᠬᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠡᠷᠭᠢᠨ ᠬᠠᠷᠠᠬᠤ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠬᠤ ᠡᠯ᠎ᠡ ᠵᠦᠢᠯ ᠤᠨ ᠠᠵᠢᠯ ᠢ ᠠᠮᠵᠢᠯᠲᠠ ᠲᠠᠢ ᠪᠡᠶᠡᠯᠡᠭᠦᠯᠵᠦ᠂ | ᠨᠢᠭᠡᠳᠦᠭᠡᠷ ᠮᠠᠰᠢᠨ ᠦᠢᠯᠡᠳᠬᠦ ᠪᠦᠯᠦᠭᠯᠡᠯ ᠤᠨ 845 ᠱᠤᠭᠤᠮ ᠤᠨ ᠰᠢᠭᠠᠷᠤ ᠠᠭᠤᠯᠠ ᠶᠢ ᠵᠠᠰᠠᠵᠤ ᠲᠡᠭᠰᠢᠯᠡᠭᠡᠳ | ᠬᠥᠷᠥᠰᠥ ᠰᠢᠷᠣᠶ ᠪᠠ ᠴᠢᠯᠠᠭᠤ ᠦᠷᠦᠵᠦ ᠬᠥᠲᠥᠯ ᠬᠠᠮᠠᠭᠠᠯᠠᠬᠤ ᠠᠵᠢᠯ ᠢ ᠪᠡᠶᠡᠯᠡᠭᠦᠯᠪᠡ᠃ ᠳᠠᠯᠠᠨ ᠬᠠᠷ᠎ᠠ | ᠠᠭᠤᠯᠠ ᠶᠢᠨ ᠡᠮᠦᠨ᠎ᠡ ᠬᠥᠲᠥᠯ ᠤᠨ ᠠᠮᠢ ᠠᠬᠤᠢ ᠶᠢᠨ ᠰᠡᠷᠭᠦᠭᠡᠯᠲᠡ ᠶᠢ ᠦᠷᠭᠦᠯᠵᠢᠯᠡᠨ ᠠᠬᠢᠭᠤᠯᠵᠤ᠂ 8000 | ᠲᠦᠮᠡᠨ ᠲᠥᠭᠦᠷᠢᠭ ᠤᠨ ᠪᠡᠯᠡ ᠣᠷᠣᠭᠤᠯᠵᠤ᠂ 4500 ᠮᠦ ᠰᠢᠨ᠎ᠡ ᠪᠠᠷ ᠨᠡᠮᠡᠭᠳᠡᠵᠦ᠂ 60 ᠲᠦᠮᠡᠨ ᠰᠠᠭᠤᠷᠢ ᠴᠢᠬᠢ | ᠮᠣᠳᠣ ᠲᠠᠷᠢᠵᠤ 430 ᠮᠦ᠂ 12 ᠠᠭᠤᠷᠬᠠᠢ ᠶᠢ ᠵᠠᠰᠠᠵᠤ᠂ 22 ᠤᠰᠤᠨ ᠴᠥᠭᠦᠷᠥᠮ ᠰᠢᠨ᠎ᠡ ᠪᠠᠷ ᠪᠠᠶᠢᠭᠤᠯᠵᠤ᠂ 7 | ᠲᠦᠮᠡᠨ ᠪᠣᠰᠤᠭ᠎ᠠ ᠳᠦᠷᠪᠡᠯᠵᠢᠨ ᠮᠧᠲᠷ ᠤᠨ ᠤᠰᠤ ᠬᠠᠳᠠᠭᠠᠯᠠᠪᠠ᠃ ᠬᠤᠲᠠ ᠶᠢᠨ ᠨᠠᠮ ᠤᠨ ᠬᠤᠷᠢᠶᠠᠨ ᠠᠴᠠ | ᠲᠤᠰᠢᠶᠠᠭᠰᠠᠨ ᠠᠮᠢ ᠠᠬᠤᠢ ᠶᠢᠨ ᠨᠣᠭᠤᠭᠠᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠵᠦ᠂ ᠣᠢ ᠰᠢᠭᠤᠶ ᠶᠢᠨ ᠭᠠᠯ ᠰᠡᠷᠭᠡᠶᠢᠯᠡᠬᠦ ᠤᠶᠤᠨᠲᠤ ᠬᠢᠨᠠᠨ ᠬᠠᠮᠢᠶᠠᠷᠬᠤ ᠰᠢᠰᠲ᠋ᠧᠮ ᠢ | ᠪᠠᠶᠢᠭᠤᠯᠤᠨ ᠬᠡᠷᠡᠭᠵᠢᠭᠦᠯᠵᠦ᠂ ᠣᠶᠢᠲᠤ ᠭᠠᠵᠠᠷ ᠤᠨ ᠭᠠᠯ ᠤᠨ ᠠᠶᠤᠯ ᠡᠭᠦᠰᠬᠦ ᠶᠢ ᠪᠦᠲᠦᠮᠵᠢᠲᠡᠶ ᠰᠡᠷᠭᠡᠶᠢᠯᠡᠨ᠎ᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ | ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠨᠠᠷᠢᠯᠢᠭ ᠤᠨᠤᠪᠴᠢᠲᠠᠢ ᠢᠶᠠᠷ ᠢᠯᠭᠠᠨ ᠲᠠᠨᠢᠬᠤ ᠬᠥᠳᠡᠯᠦᠩᠭᠦᠶ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠨᠠᠶᠢᠲᠠᠪᠦᠷᠢᠵᠢᠭᠤᠯᠵᠦ᠂ ᠪᠥᠬᠦ ᠲᠭᠤᠷᠢᠭ ᠲᠤ ᠰᠢᠨ᠎ᠡ ᠪᠠᠷ ᠨᠡᠮᠡᠭᠳᠡᠭᠰᠡᠨ | ᠬᠦᠴᠢᠷᠳᠡᠯᠲᠡᠶ ᠲᠠᠷᠢᠶᠠᠴᠢᠨ ᠡᠷᠦᠬᠡ ᠥᠬᠡᠶ᠂ ᠤᠯᠤᠰ ᠤᠨ ᠶᠠᠳᠠᠭᠤ ᠶᠢ ᠲᠡᠳᠬᠦᠬᠦ ᠪᠠᠷᠢᠮᠵᠢᠶ᠎ᠠ ᠥᠬᠡᠶ ᠶᠠᠳᠠᠭᠤ | ᠬᠦᠴᠢᠷᠳᠡᠯᠲᠡᠶ ᠬᠥᠮᠦᠨ ᠠᠮᠠ ᠥᠬᠡᠶ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠪᠠᠷᠢᠮᠲᠠᠯᠠᠵᠤ᠂ ᠰᠠᠴᠢ | ᠪᠤᠯᠤᠩ ᠤᠨ ᠲᠠᠷᠢᠶᠠᠯᠠᠩ ᠤᠨ ᠪᠦᠲᠦᠭᠡᠭᠳᠡᠭᠦᠨ ᠤ ᠠᠷᠠᠯᠵᠢᠶᠠᠨ ᠤ ᠲᠥᠪ ᠤᠨ ᠠᠵᠢᠯ ᠡᠬᠢᠯᠡᠭᠦᠯᠦᠨ ᠪᠦᠲᠦᠭᠡᠨ | ᠪᠠᠶᠢᠭᠤᠯᠵᠤ᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ᠂ ᠠᠮᠢ ᠠᠬᠤᠶ ᠶᠢ | ᠰᠡᠷᠭᠦᠭᠡᠬᠦ ᠢᠨᠵᠧᠨᠧᠷᠢᠩ ᠪᠣᠯᠤᠨ ᠬᠥᠳᠡᠭᠡ ᠲᠣᠰᠬᠤᠨ ᠤ ᠬᠤᠷᠰᠢᠶ᠎ᠠ ᠶᠢᠨ ᠲᠥᠷᠥᠯ ᠵᠦᠢᠯ ᠳᠤ ᠲᠦᠰᠢᠭᠯᠡᠨ᠂ ᠬᠥᠳᠡᠭᠡ | ᠲᠣᠰᠬᠤᠨ ᠤ ᠬᠥᠳᠡᠯᠮᠦᠷᠢ ᠬᠦᠴᠦᠨ ᠤ ᠭᠠᠷᠭᠠᠯᠲᠠ ᠪᠠ ᠭᠠᠵᠠᠷ ᠰᠢᠷᠣᠶ ᠶᠢᠨ ᠡᠷᠭᠢᠯᠲᠡ ᠶᠢ ᠨᠡᠮᠡᠭᠳᠡᠭᠦᠯᠵᠦ᠂ | ᠲᠠᠷᠢᠶᠠᠴᠢᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠪᠡ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ | ᠲᠡᠭᠰᠢᠷᠡᠵᠦ ᠠᠬᠢᠨ ᠨᠡᠮᠡᠭᠳᠡᠵᠦ᠂ 21 ᠵᠠᠰᠠᠭ ᠵᠠᠬᠢᠷᠭᠠᠨ ᠤ ᠲᠤᠰᠬᠤᠨ ᠤ ᠬᠠᠮᠲᠤ ᠶᠢᠨ ᠣᠷᠣᠯᠭ᠎ᠠ ᠴᠥᠮ10 ᠲᠦᠮᠡᠨ | ᠲᠥᠭᠦᠷᠢᠭ ᠠᠴᠠ ᠳᠡᠭᠡᠭᠰᠢ ᠳᠤ ᠬᠦᠷᠴᠡᠶ᠃ ︽ᠴᠢᠩᠱᠠᠨ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠦᠯᠦᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ᠂ ᠦᠨᠳᠦᠰᠦᠨ | ᠲᠠᠷᠢᠶᠠᠨ ᠭᠠᠵᠠᠷ ᠢ ᠵᠠᠭᠠᠭᠯᠠᠨ ᠲᠣᠭᠲᠠᠭᠠᠬᠤ ᠪᠠ ᠲᠠᠷᠢᠶᠠᠯᠠᠩ ᠳᠤ ᠬᠡᠷᠡᠭᠯᠡᠬᠦ ᠭᠠᠵᠠᠷ ᠢ ᠳᠡᠰ ᠬᠤᠪᠢᠶᠠᠨ ᠳᠡᠰ | ᠲᠣᠭᠲᠠᠭᠠᠬᠤ ᠶᠢ ᠪᠡᠶᠡᠯᠡᠭᠦᠯᠵᠦ᠂ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤᠯᠤᠰ ᠤᠨ ᠭᠠᠵᠠᠷ ᠰᠢᠷᠦᠢ ᠶᠢᠨ | ᠪᠠᠶᠢᠴᠠᠭᠠᠯᠲᠠ ᠶᠢᠨ ᠠᠵᠢᠯ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠣᠯᠪᠠ᠃ ᠬᠥᠳᠡᠭᠡ ᠲᠣᠰᠬᠤᠨ ᠤ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠲᠦᠯᠬᠢᠨ ᠠᠬᠢᠭᠤᠯᠵᠤ᠂ 200 ᠡᠷᠦᠬᠡ ᠶᠢᠨ | ᠵᠣᠷᠯᠣᠩ ᠢ ᠥᠭᠡᠷᠡᠴᠢᠯᠡᠨ ᠰᠠᠶᠢᠵᠢᠷᠠᠭᠤᠯᠵᠤ᠂ 21 ᠨᠡᠶᠢᠲᠡ ᠶᠢᠨ ᠵᠣᠷᠯᠣᠩ ᠢ ᠰᠢᠨ᠎ᠡ ᠪᠠᠷ ᠨᠡᠮᠡᠭᠳᠡᠭᠦᠯᠵᠦ᠂ 6 ᠬᠤᠭ | ᠨᠣᠪᠰᠢ ᠳᠠᠮᠵᠢᠭᠤᠯᠤᠨ ᠵᠦᠭᠡᠭᠡᠪᠦᠷᠢᠯᠡᠬᠦ ᠦᠷᠲᠡᠭᠡ ᠶᠢ ᠡᠬᠢᠯᠡᠨ ᠬᠡᠷᠡᠭᠯᠡᠵᠦ᠂ ᠬᠥᠳᠡᠭᠡ ᠲᠣᠰᠬᠤᠨ ᠤ ᠠᠮᠢᠳᠤᠷᠠᠯ ᠤᠨ | ᠬᠤᠭ ᠨᠣᠪᠰᠢ ᠶᠢ ᠲᠥᠪᠯᠡᠷᠡᠭᠦᠯᠦᠨ ᠴᠤᠭᠯᠠᠭᠤᠯᠵᠤ ᠴᠡᠪᠡᠷᠯᠡᠨ ᠲᠡᠭᠡᠭᠡᠪᠦᠷᠢᠯᠡᠬᠦ ᠠᠵᠢᠯ ᠢ ᠨᠡᠶᠢᠳᠡᠮ ᠬᠡᠷᠡᠭᠵᠢᠭᠦᠯᠪᠡ᠃ | ︵ᠲᠠᠪᠤ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠠᠩ ᠣᠨᠣᠪᠴᠢᠲᠠᠢ ᠪᠦᠲᠦᠮᠵᠢᠲᠡᠢ ᠪᠣᠯᠭᠠᠨ᠎ᠠ᠃ | ᠠᠷᠠᠳ ᠤᠨ ᠠᠮᠢᠳᠤᠷᠠᠯ ᠤᠨ ᠣᠷᠣᠭᠤᠯᠤᠯᠲᠠ ᠶᠢ ᠡᠩ ᠲᠡᠷᠢᠭᠦᠨ ᠳᠤ ᠪᠠᠲᠤᠯᠠᠬᠤ ᠶᠢ ᠪᠠᠷᠢᠮᠲᠠᠯᠠᠨ᠂ ᠪᠦᠬᠦ ᠵᠢᠯ ᠤᠨ | ᠠᠷᠠᠳ ᠤᠨ ᠠᠮᠢᠳᠤᠷᠠᠯ ᠤᠨ ᠵᠠᠷᠤᠯᠭ᠎ᠠ ᠨᠢ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢᠨ | ᠨᠠᠢᠮᠠᠨ ᠬᠤᠪᠢ ᠠᠴᠠ ᠳᠡᠭᠡᠭᠰᠢᠬᠢ ᠶᠢ ᠡᠵᠡᠯᠡᠪᠡ᠃ ᠠᠵᠢᠯ ᠣᠯᠭᠤᠯᠲᠠ ᠦᠢᠯᠡᠰ ᠪᠤᠰᠬᠠᠬᠤ ᠦᠷᠭᠦᠯᠵᠢᠯᠡᠨ | ᠥᠷᠭᠡᠳᠴᠦ᠂ 9021ᠲᠦᠮᠡᠨ ᠲᠥᠭᠦᠷᠢᠭ ᠤᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ᠂ 4568 ᠲᠦᠮᠡᠨ | ᠲᠥᠭᠦᠷᠢᠭ ᠤᠨ ᠠᠵᠢᠯ ᠤᠯᠬᠤ ᠳᠤ ᠬᠦᠴᠢᠷᠲᠡᠢ ᠬᠥᠮᠦᠰ ᠲᠤ ᠨᠥᠬᠦᠪᠥᠷᠢ᠂ 315 ᠲᠦᠮᠡᠨ ᠲᠥᠭᠦᠷᠢᠭ ᠤᠨ | ᠴᠢᠳᠠᠪᠤᠷᠢᠲᠠᠨ ᠤ ᠣᠷᠣᠨ ᠰᠠᠭᠤᠴᠠ ᠶᠢᠨ ᠨᠦᠬᠦᠪᠦᠷᠢ ᠲᠠᠷᠬᠠᠭᠠᠵᠤ᠂ ᠬᠤᠲᠠ ᠪᠠᠯᠭᠠᠰᠤᠨ ᠤ 11708 ᠬᠥᠮᠦᠨ ᠳᠤ | ᠰᠢᠨ᠎ᠡ ᠪᠠᠷ ᠠᠵᠢᠯ ᠣᠯᠭᠤᠵᠤ᠂ ᠠᠵᠢᠯ ᠠᠯᠳᠠᠭᠰᠠᠳ 4123 ᠬᠥᠮᠦᠨ ᠳᠤ ᠳᠠᠬᠢᠨ ᠠᠵᠢᠯ ᠣᠯᠭᠤᠵᠤ᠂ 4013 | ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠪᠠ᠃ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ | ᠠᠯᠳᠠᠯᠲᠠ ᠶᠢᠨ ᠨᠣᠷᠮ᠎ᠠ 3.87% ᠪᠠᠶᠢᠵᠤ᠂ ᠪᠦᠬᠦ ᠲᠤᠭᠤᠷᠢᠭ ᠤᠨ ︽ᠠᠵᠢᠯ ᠣᠯᠤᠭᠰᠠᠨ ᠦᠭᠡᠶ ᠬᠥᠮᠦᠨ︾ ᠭᠡᠷ | ᠪᠦᠯᠢ ᠶᠢᠨ ᠬᠥᠳᠡᠯᠦᠩᠭᠦᠶ ᠪᠠᠶᠢᠳᠠᠯ ᠢ ᠳᠠᠩ ᠪᠣᠯᠭᠠᠬᠤ ᠶᠢ ᠪᠡᠶᠡᠯᠡᠭᠦᠯᠪᠡ᠃ ᠦᠢᠯᠡᠰ ᠴᠣᠭᠴᠠᠯᠠᠵᠤ ᠰᠢᠨ᠎ᠡ ᠶᠢ ᠡᠭᠦᠳᠬᠦ | ᠭᠤᠣᠯ ᠰᠡᠳᠦᠪᠲᠦ ᠵᠡᠭᠡᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠠᠩᠬ᠎ᠠ ᠠᠯᠬᠤᠮ ᠤᠨ ᠬᠡᠪᠴᠢᠶ᠎ᠡ ᠲᠠᠢ ᠪᠣᠯᠵᠤ᠂ | 20 ᠠᠳᠠᠯ ᠦᠢᠯᠡᠰ ᠴᠣᠭᠴᠠᠯᠠᠬᠤ ᠬᠦᠷᠢᠶᠡᠯᠡᠩ᠂ ᠨᠡᠪᠴᠢᠭᠦᠯᠬᠦ ᠰᠠᠭᠤᠷᠢᠨ ᠭᠠᠵᠠᠷ ᠤᠨ 2300 ᠭᠠᠷᠤᠶ | ᠬᠤᠳᠠᠯᠳᠤᠭᠠᠴᠢᠨ ᠡᠷᠦᠬᠡ ᠳᠤ ᠣᠷᠣᠵᠤ ᠰᠠᠭᠤᠨ᠂ 7700 ᠭᠠᠷᠤᠶ ᠬᠥᠮᠦᠨ ᠳᠤ ᠠᠵᠢᠯ ᠣᠯᠭᠤᠬᠤ ᠶᠢ ᠳᠠᠶᠢᠴᠢᠯᠠᠪᠠ᠃ | ᠰᠤᠷᠭᠠᠨ ᠬᠥᠮᠦᠵᠢᠯ ᠤᠨ ᠪᠣᠳᠠᠲᠤ ᠬᠦᠴᠦᠨ ᠲᠠᠰᠤᠷᠠᠯᠲᠠ ᠥᠬᠡᠶ ᠳᠡᠭᠡᠭᠰᠢᠯᠡᠵᠦ᠂ ᠳᠡᠭᠡᠳᠦ ᠲᠠᠰ ᠤᠨ ᠪᠠᠭᠰᠢ ᠶᠢ | ᠵᠠᠭᠤ ᠰᠢᠬᠠᠮ ᠣᠷᠣᠭᠤᠯᠤᠨ ᠠᠪᠴᠢᠷᠠᠵᠤ᠂ ᠪᠠᠭᠰᠢ ᠶᠢᠨ ᠬᠦᠴᠦᠨ ᠢᠯᠡᠳᠲᠡ ᠳᠡᠭᠡᠭᠰᠢᠯᠡᠪᠡ᠃ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠥᠨᠳᠥᠷ ᠲᠡᠰ ᠤᠨ ᠰᠤᠷᠤᠭᠴᠢ ᠪᠦᠬᠦ ᠬᠤᠲᠠ ᠳᠤ ᠲᠡᠷᠢᠭᠦᠯᠡᠵᠦ᠂ | ᠤᠮᠠᠷᠠᠲᠦ ᠬᠦᠨᠳᠦ ᠠᠵᠦ ᠦᠢᠯᠡᠳᠪᠦᠷᠢ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠳᠤᠮᠳᠠᠳᠤ ᠰᠤᠷᠭᠠᠭᠤᠯᠢ ᠶᠢᠨ | ᠰᠢᠯᠭᠠᠯᠲᠠ ᠳᠤ ᠪᠦᠬᠦ ᠬᠤᠲᠠ ᠶᠢᠨ ᠠᠯᠪᠠᠨ ᠠᠴᠠ ᠡᠷᠬᠢᠯᠡᠭᠰᠡᠨ ᠰᠤᠷᠭᠠᠭᠤᠯᠢ ᠳᠤ ᠨᠠᠢᠮᠠᠨ ᠵᠢᠯ ᠳᠠᠷᠠᠭᠠᠯᠠᠨ | ᠮᠠᠩᠯᠠᠶᠢᠯᠠᠵᠤ᠂ ᠶᠡᠭᠡ ᠰᠤᠷᠭᠠᠭᠤᠯᠢ ᠶᠢᠨ ᠰᠢᠯᠭᠠᠯᠲᠠ ᠶᠢᠨ ᠵᠢᠩᠬᠢᠨᠢ ᠠᠩᠭᠢ ᠳᠤ ᠤᠷᠤᠭᠰᠠᠨ ᠨᠣᠷᠮ᠎ᠠ 91.3% ᠳᠤ | ᠬᠦᠷᠴᠦ᠂ ᠳᠣᠤᠷ᠎ᠠ ᠣᠷᠣᠭᠤᠯᠵᠤ ᠥᠨᠳᠥᠷ ᠭᠠᠷᠭᠠᠵᠤ᠂ ᠥᠨᠳᠥᠷ ᠣᠷᠣᠭᠤᠯᠵᠤ ᠰᠢᠯᠢᠳᠡᠭ ᠭᠠᠷᠭᠠᠬᠤ ᠦᠷ᠎ᠡ | ᠪᠦᠲᠦᠮᠵᠢ ᠣᠯᠵᠤ᠂ ︽ᠴᠢᠩᠱᠠᠨ ᠳᠤ ᠰᠤᠷᠤᠯᠴᠠᠬᠤ︾ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠲᠣᠪᠤᠶᠢᠮ᠎ᠠ | ᠦᠷ᠎ᠡ ᠪᠦᠲᠦᠮᠵᠢ ᠤᠯᠪᠠ᠃ ᠦᠨᠳᠦᠰᠦᠲᠡᠨ ᠤ ᠨᠢᠯᠬᠠᠰ ᠤᠨ ᠲᠠᠪᠤᠳᠤᠭᠠᠷ ᠬᠤᠪᠢᠶᠠᠷᠢ ᠬᠦᠷᠢᠶᠡᠯᠡᠩ ᠢ ᠪᠠᠶᠢᠭᠤᠯᠤᠨ | ᠰᠤᠷᠤᠭᠴᠢ ᠡᠯᠰᠡᠵᠦ᠂ ᠵᠦᠩ ᠴᠧᠩ ᠣᠯᠠᠨ ᠤᠯᠤᠰ᠂ ᠤᠯᠢᠮᠫᠢᠺ ᠬᠡᠦᠬᠡᠳ ᠤᠨ ᠴᠡᠴᠡᠷᠯᠢᠭ ᠤᠨ ᠭᠤᠣᠯ ᠴᠣᠭᠴᠠ ᠶᠢ | ᠪᠢᠲᠡᠭᠦᠮᠵᠢᠯᠡᠪᠡ᠃ ᠤᠶᠤᠨᠲᠤ ᠬᠠᠷ᠎ᠠ ᠰᠠᠮᠪᠠᠷ᠎ᠠ᠂ ᠲᠣᠬᠢᠷᠠᠭᠤᠯᠵᠤ ᠪᠣᠯᠬᠤ ᠰᠢᠷᠡᠭᠡ ᠰᠠᠨᠳᠠᠯᠢ᠂ ᠡᠷᠡᠭᠦᠯ ᠮᠡᠨᠳᠦ ᠶᠢᠨ | ᠭᠡᠷᠡᠯᠲᠦᠭᠦᠯᠭᠡ ᠵᠡᠷᠭᠡ ᠭᠤᠷᠪᠠᠨ ᠲᠣᠮᠣ ᠨᠢᠳᠦ ᠬᠠᠮᠠᠭᠠᠯᠠᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ | ᠥᠪᠡᠷᠲᠡᠭᠡᠨ ᠵᠠᠰᠠᠬᠤ ᠣᠷᠣᠨ ᠤ ᠬᠡᠤᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠵᠡᠨ | ᠮᠡᠳᠡᠬᠦ ᠲᠤᠷᠰᠢᠯᠲᠠ ᠶᠢᠨ ᠴᠡᠭ ᠤᠨ ᠣᠷᠣᠨ ᠢᠶᠠᠷ ᠦᠨᠡᠯᠡᠭᠳᠡᠪᠡ᠃ ᠰᠣᠶᠣᠯ ᠪᠡᠶ᠎ᠡ ᠶᠢᠨ ᠲᠠᠮᠢᠷ ᠤᠨ ᠦᠢᠯᠡᠰ ᠲᠦᠷᠭᠡᠨ | ᠬᠥᠭᠵᠢᠵᠦ᠂ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ᠂ ᠨᠣᠮ ᠤᠨ ᠰᠠᠩ ᠪᠠ ᠰᠣᠶᠣᠯ ᠤᠨ | ᠣᠷᠳᠣᠨ ᠤ 80 ᠬᠤᠪᠢᠶᠠᠷᠢ ᠣᠷᠳᠣᠨ ᠢ ᠪᠠᠶᠢᠭᠤᠯᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 | ᠵᠢᠯ ᠤᠨ ᠤᠢ ᠶᠢ ᠪᠡᠯᠭᠡᠯᠡᠬᠦ ᠰᠣᠶᠣᠯ ᠤᠨ ᠠᠵᠢᠯᠯᠠᠭ᠎ᠠ ᠶᠢ 500 ᠭᠠᠷᠤᠢ ᠲᠠᠯᠠᠪᠠᠢ ᠵᠣᠬᠢᠶᠠᠨ ᠪᠠᠶᠢᠭᠤᠯᠪᠠ᠃ ᠪᠦᠬᠦ | ᠤᠯᠤᠰ ᠤᠨ ᠠᠩᠬᠠᠨ ᠤ ᠡᠭᠦᠳᠦᠭᠰᠡᠨ ᠬᠡᠤᠬᠡᠳ ᠤᠨ ᠪᠠᠯᠧᠲ ᠪᠥᠵᠢᠭ ᠤᠨ ᠵᠦᠴᠦᠭᠡ ︽ᠲᠠᠯ᠎ᠠ ᠨᠤᠲᠤᠭ ᠤᠨ | ᠪᠠᠭᠠᠲᠦᠷᠯᠢᠭ᠋ ᠪᠢᠴᠢᠬᠠᠨ ᠡᠭᠡᠴᠢ ᠥᠬᠢᠨ ᠳᠡᠭᠦᠤ︾ ᠶᠢ ᠠᠩᠬ᠎ᠠ ᠲᠤᠭᠯᠠᠵᠦ᠂ ᠬᠤᠪᠢ ᠶᠢᠨ ᠡᠭᠦᠳᠦᠭᠰᠡᠨ ᠷᠠᠳᠢᠣ᠋ | ᠵᠦᠴᠦᠭᠡ ︽ᠬᠦᠰᠡᠯ ᠵᠡᠭᠦᠳᠦ ᠶᠢᠨ ᠴᠡᠷᠢᠭ ᠤᠨ ᠠᠵᠤ ᠦᠢᠯᠡᠳᠪᠦᠷᠢ︾ ᠶᠢ ᠪᠤᠭᠤᠲᠦ ᠶᠢᠨ ᠷᠠᠳᠢᠣ᠋ ᠨᠡᠪᠲᠡᠷᠡᠭᠦᠯᠭᠡ ᠶᠢ | ᠤᠯᠤᠰ ᠤᠨ ᠲᠠᠶᠢᠰᠠᠨ ᠳᠤ ᠠᠩᠬ᠎ᠠ ᠨᠡᠪᠲᠡᠷᠡᠭᠦᠯᠵᠦ᠂ ︽ᠪᠤᠭᠤᠲᠤ ᠶᠢᠨ ᠴᠡᠷᠢᠭ ᠤᠨ ᠠᠵᠤ ᠦᠢᠯᠡᠳᠪᠦᠷᠢ ᠶᠢᠨ | ᠬᠤᠲᠠ ᠶᠢᠨ ᠰᠤᠷᠪᠤᠯᠵᠢᠯᠠᠨ ᠶᠠᠷᠢᠯᠴᠠᠭᠰᠠᠨ ᠲᠡᠮᠳᠡᠭᠯᠡᠯ︾ ᠨᠢ ᠪᠦᠬᠦ ᠬᠤᠲᠠ ᠶᠢᠨ ᠶᠢᠰᠦᠳᠦᠭᠡᠷ ᠬᠤᠭᠤᠴᠠᠭᠠᠨ ᠤ | ︽ᠲᠠᠪᠤᠨ ᠨᠢᠭᠡ︾ ᠶᠢᠨ ᠢᠨᠵᠧᠨᠧᠷᠢᠩ ᠤᠨ ᠱᠠᠩᠨᠠᠯ ᠢ ᠬᠦᠷᠲᠡᠵᠦ᠂ ᠤᠰᠤᠲᠤ ᠣᠷᠣᠨ ᠥᠪᠡᠷᠲᠡᠭᠡᠨ ᠵᠠᠰᠠᠬᠤ ᠣᠷᠣᠨ ᠤ | ᠲᠡᠰ ᠤᠨ ᠲᠡᠦᠬᠡ ᠰᠣᠶᠣᠯ ᠤᠨ ᠵᠡᠭᠡᠯᠢ ᠲᠣᠭᠤᠷᠢᠭ ᠢᠶᠠᠷ ᠦᠨᠡᠯᠡᠭᠳᠡᠪᠡ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠲᠠᠮᠢᠷ ᠤᠨ ᠬᠥᠳᠡᠯᠭᠡᠭᠡᠨ ᠢ 100 ᠭᠠᠷᠤᠶ ᠲᠠᠯᠠᠪᠠᠢ ᠡᠷᠬᠢᠯᠡᠵᠦ᠂ ᠬᠤᠲᠠ ᠶᠢᠨ ᠪᠡᠶ᠎ᠡ ᠶᠢᠨ ᠲᠠᠮᠢᠷ ᠤᠨ ᠲᠥᠪ ᠤᠨ | ᠣᠯᠠᠨ ᠲᠦᠮᠡᠨ ᠢ 13 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠪᠥᠬᠦ ᠬᠤᠲᠠ ᠶᠢᠨ ᠴᠣᠷ ᠤᠨ ᠭᠠᠭᠴᠠ | ︽ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠣᠷᠣᠨ︾ ᠢ | ᠥᠩᠭᠡ ᠭᠡᠷᠡᠯ ᠲᠠᠢ ᠪᠠᠷ ᠭᠥᠷᠳᠡᠭᠰᠡᠨ ᠬᠤᠰᠢᠭᠤ ᠰᠢᠶᠠᠨ ᠲᠣᠭᠤᠷᠢᠭ ᠪᠣᠯᠪᠠ᠃ ︽ᠡᠷᠡᠭᠦᠯ ᠡᠩᠬᠡ ᠴᠢᠩᠱᠠᠨ︾ ᠶᠢ | ᠭᠦᠨᠵᠡᠭᠡᠶ ᠬᠡᠷᠡᠭᠵᠢᠭᠦᠯᠵᠦ᠂ ᠲᠤᠭᠤᠷᠢᠭ ᠤᠨ ᠬᠠᠷᠢᠶ᠎ᠠ 43 ᠡᠮᠴᠢᠯᠡᠭᠡᠨ ᠤ ᠨᠢᠭᠡᠴᠡ ᠶᠢ ᠪᠦᠬᠦᠨ ᠢ ᠭᠤᠷᠪᠠᠳᠤᠭᠠᠷ | ᠳᠡᠰ ᠤᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠪᠦᠯᠦᠭᠯᠡᠯ ᠤᠨ ᠪᠠᠶᠢᠭᠤᠯᠤᠯᠲᠠ ᠳᠤ ᠣᠷᠣᠭᠤᠯᠵᠤ᠂ ᠬᠤᠲᠠ ᠶᠢᠨ | ᠡᠷᠡᠭᠦᠯ ᠬᠠᠮᠠᠭᠠᠯᠠᠯ ᠤᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠬᠢᠨᠠᠨ ᠰᠢᠯᠭᠠᠯᠲᠠ ᠲᠤᠯᠤᠭᠠᠨ | ᠵᠢᠯ ᠳᠠᠷᠠᠭᠠᠯᠠᠨ ᠪᠥᠬᠦ ᠬᠤᠲᠠ ᠳᠤ ᠲᠡᠷᠢᠭᠦᠯᠡᠪᠡ᠃ ᠡᠷᠡᠭᠦᠯ ᠡᠩᠬᠡ ᠶᠢᠨ ᠭᠤᠤᠯ ᠰᠡᠳᠦᠪᠲᠦ ᠴᠡᠴᠡᠷᠯᠢᠭ ᠵᠡᠷᠭᠡ | ︽ᠡᠷᠡᠭᠦᠯ ᠡᠩᠬᠡ ᠶᠢᠨ ᠡᠰ︾ ᠢ ᠨᠡᠶᠢᠲᠡ 94 ᠪᠠᠶᠢᠭᠤᠯᠵᠤ᠂ ︽ᠥᠪᠡᠷᠲᠡᠭᠡᠨ ᠵᠠᠰᠠᠬᠤ ᠣᠷᠣᠨ ᠤ ᠡᠷᠡᠭᠦᠯ ᠡᠩᠬᠡ ᠶᠢ | ᠠᠬᠢᠭᠤᠯᠬᠤ ᠣᠷᠣᠨ︾ ᠤ ᠢᠷᠠᠭᠤ ᠠᠯᠳᠠᠷ ᠢ ᠭᠥᠷᠳᠡᠪᠡ᠃ ᠡᠮᠴᠢᠯᠡᠭᠡ ᠡᠷᠡᠭᠦᠯ ᠮᠡᠨᠳᠦ ᠶᠢ ᠠᠭᠤᠰᠤᠯᠴᠠᠭᠤᠯᠬᠤ | ᠢᠨᠵᠧᠨᠧᠷᠢᠩ ᠢ ᠬᠡᠷᠡᠭᠵᠢᠭᠦᠯᠵᠦ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠴᠥᠭᠡᠨ ᠲᠣᠭᠠᠲᠤ | ᠦᠨᠳᠦᠰᠦᠲᠡᠨ ᠤ ᠴᠡᠩᠭᠡᠯ ᠤᠨ ᠬᠦᠷᠢᠶᠡᠯᠡᠩ᠂ ᠨᠡᠶᠢᠭᠡᠮ ᠲᠣᠭᠤᠷᠢᠭ ᠤᠨ ᠡᠳᠦᠷ ᠲᠤᠲᠤᠮ ᠤᠨ ᠬᠠᠷᠠᠭᠠᠯᠵᠠᠬᠤ ᠲᠥᠪ | ᠪᠠ ᠬᠥᠳᠡᠭᠡ ᠲᠣᠰᠬᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ 26 ᠶᠢ ᠰᠢᠨ᠎ᠡ ᠪᠠᠷ ᠪᠠᠶᠢᠭᠤᠯᠵᠤ᠂ | ᠲᠤᠭᠤᠷᠢᠭ ᠤᠨ ᠬᠠᠷᠢᠶ᠎ᠠ ᠬᠤᠶᠠᠳᠤᠭᠠᠷ ᠳᠡᠰ ᠤᠨ ᠶᠡᠷᠦᠩᠬᠡᠶᠢᠯᠡᠭᠰᠡᠨ ᠡᠮᠴᠢᠯᠡᠭᠡᠨ ᠤ ᠪᠠᠶᠢᠭᠤᠯᠤᠮᠵᠢ ᠬᠢᠭᠡᠳ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠴᠥᠮ ᠡᠮᠴᠢᠯᠡᠭᠡ ᠨᠠᠰᠦᠵᠢᠯ ᠤᠨ ᠭᠡᠷ᠎ᠡ ᠲᠣᠭᠲᠠᠬᠤ ᠶᠢ ᠪᠡᠶᠡᠯᠡᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠠᠩ ᠲᠡᠭᠦᠯᠳᠡᠷᠵᠢᠭᠦᠯᠵᠦ᠂ ᠬᠤᠲᠠ ᠪᠠᠯᠭᠠᠰᠤᠨ ᠤ ᠨᠠᠰᠤᠵᠢᠯ᠂ ᠡᠮ | ᠡᠮᠨᠡᠯᠭᠡ ᠶᠢᠨ ᠳᠠᠭᠠᠳᠬᠠᠯ ᠤᠨ ᠲᠤᠰᠢᠶᠠᠭᠰᠠᠨ ᠬᠥᠮᠦᠨ ᠤ ᠲᠤᠭ᠎ᠠ ᠲᠤᠰ ᠲᠤᠰ 20% ᠪᠠ 7% ᠪᠠᠷ ᠨᠡᠮᠡᠭᠳᠡᠵᠦ᠂ | ᠠᠵᠢᠯ ᠠᠴᠠ ᠪᠠᠨ ᠪᠠᠭᠤᠭᠰᠠᠳ ᠤᠨ ᠨᠠᠰᠤᠵᠢᠯ ᠤᠨ ᠮᠥᠩᠭᠦ ᠠᠷᠪᠠᠨ ᠲᠠᠪᠤᠨ ᠵᠢᠯ ᠳᠠᠷᠠᠭᠠᠯᠠᠨ ᠦᠰᠴᠦ᠂ ᠡᠮ | ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠰᠦᠢᠳᠬᠡᠯ ᠢ 4252 ᠲᠦᠮᠡᠨ ᠲᠥᠭᠦᠷᠢᠭ | ᠨᠢᠭᠡᠳᠦᠯᠲᠡᠢ ᠳᠤ ᠲᠦᠯᠦᠪᠯᠡᠪᠡ᠃ ᠪᠦᠬᠦ ᠤᠯᠤᠰ ᠤᠨ ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠡᠯ᠎ᠡ ᠲᠦᠷᠦᠯ ᠤᠨ | ᠠᠪᠤᠷᠠᠨ ᠲᠤᠰᠠᠯᠠᠬᠤ ᠨᠥᠬᠦᠪᠥᠷᠢ ᠶᠢ 5800 ᠭᠠᠷᠤᠶ ᠲᠦᠮᠡᠨ ᠲᠥᠭᠦᠷᠢᠭ ᠲᠠᠷᠬᠠᠭᠠᠪᠠ᠃ ᠬᠥᠯᠥᠰᠥᠨ ᠠᠵᠢᠯᠴᠢᠨ ᠤ | ᠴᠠᠯᠢᠩ ᠢ ᠥᠷᠢᠲᠦᠵᠦ ᠤᠳᠠᠭᠠᠰᠢᠷᠠᠭᠤᠯᠬᠤ ᠡᠷᠴᠢᠮ ᠢ ᠴᠢᠩᠭᠠᠷᠠᠭᠤᠯᠵᠤ᠂ 1962 ᠬᠦᠳᠡᠯᠮᠦᠷᠢᠴᠢᠨ ᠢ 2700 | ᠲᠦᠮᠡᠨ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠪᠠ᠃ ᠮᠥᠴᠢ ᠵᠡᠮᠳᠡᠭᠴᠦᠳ ᠤᠨ | ᠡᠷᠡᠭᠦᠯᠵᠢᠯ ᠤᠨ ᠲᠥᠪ ᠪᠠᠶᠢᠭᠤᠯᠤᠭᠳᠠᠨ ᠬᠡᠷᠡᠭᠯᠡᠭᠳᠡᠵᠦ᠂ ᠲᠤᠭᠤᠷᠢᠭ ᠤᠨ ᠵᠠᠰᠠᠭ ᠤᠨ ᠣᠷᠳᠣᠨ ᠠᠴᠠ ︽ᠳᠤᠮᠳᠠᠳᠤ | ᠤᠯᠤᠰ ᠤᠨ ᠤᠯᠠᠭᠠᠨ ᠵᠠᠭᠠᠯᠮᠠᠶᠢᠲᠠᠨ ᠤ ᠬᠠᠨᠳᠢᠪ ᠤᠨ ᠮᠧᠳ᠋ᠯ︾ ᠭᠥᠷᠳᠡᠪᠡ᠃ ᠪᠦᠬᠦ ᠬᠤᠲᠠ ᠳᠤ ᠴᠡᠷᠢᠭ ᠤᠨ | ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠪᠠ ᠭᠡᠷ ᠪᠦᠯᠢ ᠶᠢᠨ ᠬᠥᠮᠦᠵᠢᠯ ᠤᠨ | ᠵᠢᠯᠣᠭᠤᠳᠬᠤ ᠦᠢᠯᠡᠴᠢᠯᠡᠭᠡᠨ ᠤ ᠲᠥᠪ ᠢ ᠤᠷᠢᠳᠠᠪᠠᠷ ᠪᠠᠶᠢᠭᠤᠯᠵᠤ᠂ ᠣᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠤᠨ ᠦᠢᠯᠡᠳᠦᠯ ᠦᠷᠭᠦᠯᠵᠢᠯᠡᠨ ᠴᠢᠩᠭᠠᠷᠠᠪᠠ᠃ ᠨᠡᠶᠢᠭᠡᠮ ᠤᠨ ᠶᠡᠭᠡ ᠲᠠᠯ᠎ᠠ | ᠲᠣᠭᠲᠠᠭᠤᠨ ᠪᠠᠶᠢᠳᠠᠯ ᠢᠶᠠᠨ ᠪᠠᠲᠤᠯᠠᠵᠤ᠂ ︽ᠠᠮᠤᠷ ᠠᠮᠤᠭᠤᠯᠠᠩ ᠴᠢᠩᠱᠠᠨ︾ ᠤ ᠪᠦᠲᠦᠭᠡᠨ ᠪᠠᠶᠢᠭᠤᠯᠤᠯᠲᠠ ᠶᠢ | ᠭᠦᠨᠵᠡᠭᠡᠶ ᠠᠬᠢᠭᠤᠯᠵᠤ᠂ ᠨᠡᠶᠢᠭᠡᠮ ᠤᠨ ᠵᠥᠷᠢᠴᠡᠯ᠂ ᠲᠣᠭᠲᠠᠭᠤᠨ ᠪᠠᠢᠳᠠᠯ ᠳᠤ ᠬᠤᠯᠪᠣᠭᠳᠠᠬᠤ ᠳᠠᠯᠳᠠ ᠭᠡᠮ᠂ ᠣᠯᠠᠨ | ᠨᠡᠢᠲᠡ ᠶᠢᠨ ᠠᠮᠤᠷ ᠲᠦᠪᠰᠢᠨ ᠤ ᠳᠠᠯᠳᠠ ᠭᠡᠮ ᠪᠠ ᠠᠮᠤᠷ ᠲᠦᠪᠰᠢᠨ ᠤ ᠳᠤᠪᠤᠶᠢᠮ᠎ᠠ ᠠᠰᠠᠭᠤᠳᠠᠯ ᠢ ᠪᠠᠶᠢᠴᠠᠭᠠᠨ | ᠰᠢᠢᠳᠪᠦᠷᠢᠯᠡᠵᠦ ᠴᠡᠭᠴᠡᠯᠡᠨ ᠵᠠᠰᠠᠬᠤ ᠵᠡᠷᠭᠡ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠦᠬᠦ | ᠲᠤᠭᠤᠷᠢᠭ ᠤᠨ ᠡᠷᠡᠭᠦᠦ ᠶᠢᠨ ᠬᠡᠷᠡᠭ ᠭᠠᠷᠤᠭᠰᠠᠨ ᠨᠣᠷᠮ᠎ᠠ 35.1% ᠪᠠᠷ ᠪᠠᠭᠤᠷᠠᠵᠦ᠂ ᠠᠮᠤᠷ ᠲᠦᠪᠰᠢᠨ ᠤ | ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ ᠨᠤᠷᠮ᠎ᠠ 27.8% ᠪᠠᠷ ᠪᠠᠭᠤᠷᠠᠪᠠ᠃ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠬᠦᠴᠦᠲᠡᠶ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ | ᠬᠤᠯᠪᠣᠭᠳᠠᠭᠰᠠᠨ 40 ᠵᠣᠬᠢᠶᠠᠨ ᠪᠠᠶᠢᠭᠤᠯᠤᠯᠲᠠ ᠶᠢ ᠴᠣᠬᠢᠨ ᠤᠨᠠᠭᠠᠵᠤ᠂ 245 ᠡᠷᠡᠭᠦᠤ ᠶᠢᠨ ᠬᠡᠷᠡᠭ ᠢ ᠢᠯᠡᠷᠡᠭᠦᠯᠪᠡ᠃ | ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ 6850 ᠡᠷᠦᠬᠡ ᠤᠳᠠᠭ᠎ᠠ ᠪᠦᠲᠦᠮᠵᠢᠲᠡᠶ ᠥᠷᠨᠢᠭᠦᠯᠵᠦ᠂ | 3423 ᠲᠥᠷᠥᠯ ᠤᠨ ᠠᠮᠤᠷ ᠲᠦᠪᠰᠢᠨ ᠤ ᠳᠠᠯᠳᠠ ᠭᠡᠮ ᠢ ᠪᠠᠶᠢᠴᠠᠭᠠᠨ ᠰᠢᠢᠳᠪᠦᠷᠢᠯᠡᠵᠦ᠂ ᠪᠦᠬᠦ ᠬᠤᠲᠠ ᠶᠢᠨ | ᠠᠩᠬᠠᠳᠠᠭᠴᠢ ᠠᠮᠤᠷ ᠲᠦᠪᠰᠢᠨ ᠤ ᠦᠢᠯᠡᠴᠢᠯᠡᠭᠡᠨ ᠤ ᠡᠭᠦᠯᠡᠨ ᠲᠠᠪᠴᠠᠩ ᠢ ᠪᠠᠶᠢᠭᠤᠯᠵᠦ᠂ ︽ᠮᠧᠬᠠᠨᠢᠭ ᠦᠢᠯᠡᠳᠬᠦ | ᠬᠠᠮᠲᠤ ᠪᠠᠷ ᠡᠳ᠋ᠯᠡᠬᠦ ᠬᠤᠷᠰᠢᠭᠰᠠᠨ ᠦᠢᠯᠡᠪᠦᠷᠢ︾ ᠶᠢᠨ ᠠᠶᠤᠯᠭᠦᠶ ᠦᠢᠯᠡᠳᠪᠦᠷᠢᠯᠡᠯ ᠤᠨ ᠬᠡᠪ ᠵᠠᠭᠪᠤᠷ ᠢ | ᠬᠡᠷᠡᠭᠵᠢᠭᠦᠯᠵᠦ᠂ ᠪᠦᠬᠦ ᠵᠢᠯ ᠳᠤ ᠠᠶᠤᠯᠭᠦᠶ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠡ᠊ᠨᠳᠡᠯ ᠭᠠᠷᠤᠭᠰᠠᠨ | ᠦᠭᠡᠢ᠃ ᠢᠳᠡᠭᠡᠨ ᠪᠠ ᠡᠮ ᠤᠨ ᠵᠦᠢᠯᠡᠰ ᠢ ᠰᠤᠩᠭᠤᠨ ᠪᠠᠶᠢᠴᠠᠭᠠᠬᠤ᠂ ᠢᠳᠡᠵᠦ ᠡᠮᠦᠰᠬᠦ ᠶᠠᠪᠤᠵᠤ ᠰᠠᠭᠤᠬᠤ ᠬᠦᠷᠢᠶ᠎ᠡ | ᠬᠡᠪᠴᠢᠶᠡᠨ ᠳᠤ ᠲᠤᠰᠬᠠᠢ ᠴᠡᠭᠴᠡᠯᠡᠨ ᠵᠠᠰᠠᠬᠤ ᠪᠠ ᠡᠷᠡᠭᠦᠯ ᠮᠡᠨᠳᠦ ᠶᠢ ᠬᠠᠮᠠᠭᠠᠯᠠᠬᠤ ᠵᠠᠬ᠎ᠠ ᠳᠡᠯᠭᠡᠭᠦᠷ ᠤᠨ ᠰᠠᠮᠠᠭᠤᠨ | ᠪᠠᠶᠢᠳᠠᠯ ᠢ ᠵᠠᠭᠤᠨ ᠡᠳᠦᠷ ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠵᠠᠬ᠎ᠠ ᠳᠡᠯᠭᠡᠭᠦᠷ ᠤᠨ ᠡᠮᠬᠢ ᠵᠢᠷᠤᠮ᠂ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠠᠶᠢᠳᠠᠯ ᠦᠷᠭᠦᠯᠵᠢᠯᠡᠨ ᠰᠠᠶᠢᠵᠢᠷᠠᠪᠠ᠃ ᠤᠳᠤᠷᠢᠳᠬᠤ ᠺᠠᠳ᠋ᠷ | ᠤᠨ ︽ᠡᠭᠦᠳᠡ ᠪᠠᠨ ᠨᠡᠭᠡᠭᠡᠬᠦ︾ ᠶᠠᠪᠤᠳᠠᠯ ᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠲᠤᠭᠤᠷᠢᠭ ᠤᠨ ᠵᠠᠬᠢᠳᠠᠯ | ᠰᠤᠷᠪᠤᠯᠵᠢᠯᠠᠯ ᠤᠨ ᠶᠡᠷᠦᠩᠬᠡᠶ ᠬᠡᠮᠵᠢᠶ᠎ᠡ ᠦᠷᠭᠦᠯᠵᠢᠯᠡᠨ ᠪᠠᠭᠤᠷᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠶᠡᠷᠦᠩᠬᠡᠶᠢᠯᠡᠭᠰᠡᠨ ᠰᠢᠯᠭᠠᠨ ᠦᠨᠡᠯᠡᠯᠲᠡ ᠨᠢ ᠪᠥᠬᠦ ᠬᠤᠲᠠ ᠳᠤ ᠲᠡᠷᠢᠭᠦᠯᠡᠪᠡ᠃ ︽ᠳᠣᠯᠣᠳᠤᠭᠠᠷ ᠲᠠᠪᠤᠨ ᠵᠢᠯ︾ ᠤᠨ | ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠶ ᠠᠬᠢᠭᠤᠯᠵᠤ᠂ 3 ᠨᠢᠭᠡᠳᠦᠭᠡᠷ ᠳᠡᠰ ᠤᠨ ᠬᠠᠤᠯᠢ ᠴᠠᠭᠠᠵᠠ ᠶᠢᠨ | ᠭᠠᠵᠠᠷ ᠢ ᠪᠠᠶᠢᠭᠤᠯᠵᠤ᠂ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ | ᠭᠠᠵᠠᠷ ᠪᠣᠯᠤᠨ ᠬᠠᠤᠯᠢ ᠪᠠᠷ ᠵᠠᠰᠠᠬᠤ ᠰᠣᠶᠣᠯ ᠤᠨ ᠴᠡᠴᠡᠷᠯᠢᠭ ᠢ ᠪᠠᠶᠢᠭᠤᠯᠵᠤ᠂ ᠤᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠦᠷᠳᠡᠭᠡ ᠴᠡᠭ ᠪᠦᠬᠦ ᠨᠡᠶᠢᠭᠡᠮ ᠲᠣᠭᠤᠷᠢᠭ ᠭᠠᠴᠠᠭ᠎ᠠ ᠶᠢ ᠬᠠᠮᠤᠷᠪᠠ᠃ | ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ | ᠰᠠᠶᠢᠲᠠᠢ ᠪᠡᠶᠡᠯᠡᠭᠦᠯᠵᠦ᠂ ᠬᠤᠰᠢᠭᠤᠴᠢ ᠵᠠᠮ ᠤᠨ ᠵᠡᠭᠡᠯᠢ ᠭᠤᠳᠤᠮᠵᠢ ᠨᠢ ᠳᠣᠯᠣᠳᠤᠭᠠᠷ ᠪᠦᠯᠦᠭ ︽ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ︾ ᠶᠢ ᠢᠷᠠᠭᠤ ᠠᠯᠳᠠᠷᠲᠠᠶ ᠪᠠᠷ ᠣᠯᠵᠤ᠂ | ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ ᠠᠵᠢᠯ ᠤᠨ ᠬᠤᠷᠢᠶ᠎ᠠ ᠨᠢ ︽ᠥᠪᠡᠷᠲᠡᠭᠡᠨ ᠵᠠᠰᠠᠬᠤ ᠣᠷᠣᠨ ᠤ | ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ ᠲᠡᠷᠢᠭᠦᠨ ᠤ ᠬᠠᠮᠲᠤ︾ ᠪᠠᠷ ᠦᠨᠡᠯᠡᠭᠳᠡᠵᠦ᠂ ᠪᠦᠬᠦ ᠲᠤᠭᠤᠷᠢᠭ ᠤᠨ | ᠡᠯ᠎ᠡ ᠵᠦᠢᠯ ᠤᠨ ᠠᠵᠢᠯ ᠴᠥᠮ ᠰᠢᠨ᠎ᠡ ᠠᠬᠢᠴᠠ ᠪᠠ ᠰᠢᠨ᠎ᠡ ᠦᠷ᠎ᠡ ᠪᠦᠲᠦᠮᠵᠢ ᠣᠯᠤᠭᠰᠠᠨ ᠪᠠᠶᠢᠨ᠎ᠠ᠃ | ︵ᠵᠢᠷᠭᠤᠭ᠎ᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠦᠷᠭᠦᠯᠵᠢᠯᠡᠨ ᠴᠢᠩᠭᠠᠷᠠᠪᠠ᠃ ︽ᠤᠭ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ | ᠭᠦᠨᠵᠡᠭᠡᠶ ᠥᠷᠨᠢᠭᠦᠯᠵᠦ᠂ ︽ᠳᠥᠷᠪᠡᠨ ᠤᠬᠠᠮᠰᠠᠷ︾ ᠢ ᠪᠠᠲᠤ ᠪᠠᠬᠢ ᠪᠤᠢ ᠪᠣᠯᠭᠠᠵᠤ᠂ ︽ᠳᠥᠷᠪᠡᠨ ᠢᠲᠡᠭᠡᠯ︾ ᠢ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠲᠠᠢ︾ ᠪᠠᠶᠢᠬᠤ ᠪᠠ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠡᠷᠡᠰ ᠭᠦᠢᠴᠡᠳᠭᠡᠪᠡ᠃ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠳᠦᠷᠢᠮ ᠪᠠ ᠡᠷᠬᠡ | ᠬᠠᠷᠢᠭᠤᠴᠠᠯᠭ᠎ᠠ ᠶᠢᠨ ᠨᠠᠷᠢᠨ ᠳᠠᠩᠰᠠ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ | ᠳᠠᠩᠰᠠ᠂ ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠬᠤ ᠨᠠᠷᠢᠨ ᠳᠠᠩᠰᠠ ᠵᠡᠷᠭᠡ ᠳᠦᠷᠢᠮ ᠢ ᠪᠦᠬᠦ | ᠲᠠᠯ᠎ᠠ ᠪᠠᠷ ᠬᠡᠷᠡᠭᠵᠢᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ | ᠵᠢᠴᠢ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ | ᠬᠦᠯᠢᠶᠡᠵᠦ᠂ ᠬᠤᠲᠠ ᠲᠣᠭᠤᠷᠢᠭ ᠤᠨ ᠬᠤᠶᠠᠷ ᠱᠠᠲᠤᠨ ᠤ 286 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ | ᠪᠦᠬᠦᠨ ᠢ ᠴᠢᠨᠠᠷ ᠰᠠᠶᠢᠲᠠᠶ ᠰᠢᠢᠳᠪᠦᠷᠢᠯᠡᠨ ᠬᠠᠷᠢᠭᠤᠯᠲᠠ ᠥᠭᠪᠡ᠃ ᠬᠦᠨᠳᠦ ᠶᠡᠭᠡ ᠠᠶᠤᠯ ᠲᠦᠭᠰᠢᠭᠦᠷᠢ ᠶᠢ | ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ 6.7 ᠳ᠋ᠦᠩᠰᠢᠭᠤᠷ | ᠲᠥᠭᠦᠷᠢᠭ ᠰᠢᠢᠳᠪᠦᠷᠢᠯᠡᠵᠦ᠂ ᠵᠢᠯ ᠤᠨ ᠬᠠᠷᠠᠯᠲᠠ ᠪᠠᠨ 105% ᠪᠠᠷ ᠪᠡᠶᠡᠯᠡᠭᠦᠯᠪᠡ᠃ ᠠᠷᠢᠭᠤᠨ ᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠶᠢ ᠴᠢᠩᠭᠠᠳᠬᠠᠵᠤ᠂ ᠬᠢᠨᠠᠨ ᠪᠣᠳᠣᠬᠤ ᠶᠢ ᠪᠦᠬᠦᠨ ᠢ ᠬᠠᠮᠤᠷᠬᠤ ᠶᠢ ᠠᠬᠢᠭᠤᠯᠵᠤ᠂ ︽ᠭᠤᠷᠪᠠᠨ | ᠵᠦᠢᠯ ᠤᠨ ᠠᠯᠪᠠᠨ ᠵᠠᠷᠤᠳᠠᠯ︾ ᠢ 30.3% ᠪᠠᠷ ᠪᠠᠭᠠᠰᠬᠠᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ | ᠠᠷᠪᠢᠯᠠᠯᠲᠠ ᠶᠢᠨ ᠨᠣᠷᠮ᠎ᠠ ᠶᠢ 15% ᠳᠤ ᠬᠦᠷᠭᠡᠵᠦ᠂ ᠪᠥᠬᠦ ᠬᠤᠲᠠ ᠶᠢᠨ ᠴᠣᠷ ᠤᠨ ᠭᠠᠭᠴᠠ ︽ᠪᠥᠬᠦ ᠤᠯᠤᠰ ᠤᠨ | ᠵᠠᠰᠠᠭ ᠤᠨ ᠣᠷᠳᠣᠨ ᠤ ᠬᠤᠳᠠᠯᠳᠤᠨ ᠠᠪᠬᠤ ᠵᠠᠭᠤᠨ ᠬᠦᠴᠦᠷᠬᠡᠭ ᠰᠢᠶᠠᠨ︾ ᠪᠣᠯᠪᠠ᠃ ᠬᠤᠲᠠ ᠶᠢᠨ ᠠᠷᠠᠳ ᠤᠨ | ᠶᠡᠭᠡ ᠲᠢᠩᠬᠢᠮ ᠨᠢ ᠭᠤᠶᠤᠴᠢᠯᠠᠯ ᠤᠨ ᠮᠠᠲ᠋ᠧᠷᠢᠶᠠᠯ ᠢ ᠤᠯᠠᠮ ᠨᠢᠭᠡ ᠠᠯᠬᠤᠮ ᠵᠢᠷᠤᠮᠵᠢᠭᠤᠯᠤᠨ ᠴᠣᠮᠬᠠᠳᠬᠠᠵᠤ᠂ ᠬᠢᠨᠠᠨ | ᠵᠥᠪᠰᠢᠶᠡᠷᠡᠬᠦ ᠶᠠᠪᠤᠴᠠ ᠪᠠ ᠴᠠᠭ ᠤᠨ ᠬᠢᠵᠠᠭᠠᠷ ᠢ ᠪᠠᠭᠠᠰᠬᠠᠨ᠂ ᠰᠦᠯᠵᠢᠶᠡᠨ ᠳᠡᠭᠡᠷ᠎ᠡ ᠭᠦᠢᠴᠡᠳᠭᠡᠵᠦ ᠪᠣᠯᠬᠤ | ᠨᠣᠷᠮ᠎ᠠ ᠶᠢᠨ 85.2% ᠲᠤ ᠬᠦᠷᠦᠭᠦᠯᠪᠡ᠃ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮ ᠨᠢ | ᠲᠣᠣᠷ ᠰᠦᠯᠵᠢᠶᠡᠨ ᠤ ᠬᠠᠷᠢᠯᠴᠠᠨ ᠬᠥᠳᠡᠯᠦᠯᠴᠡᠬᠦ ᠬᠡᠪᠯᠡᠯ ᠢ ᠨᠡᠪᠲᠡᠷᠡᠭᠦᠯᠵᠦ᠂ ᠣᠯᠠᠨ ᠲᠦᠮᠡᠨ ᠤ ᠲᠤᠰᠬᠠᠭᠰᠠᠨ 1 | ᠲᠦᠮᠡ ᠭᠠᠷᠤᠶ ᠠᠰᠠᠭᠤᠳᠠᠯ ᠢ ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 99% ᠪᠠᠶᠢᠵᠤ᠂ ᠪᠥᠬᠦ | ᠬᠤᠲᠠ ᠶᠢᠨ ᠴᠣᠷ ᠤᠨ ᠭᠠᠭᠴᠠ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠬᠤᠤᠰ ᠵᠠᠭᠤᠨ︾ | ᠤ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠯᠴᠠᠬᠤ ᠴᠡᠭ ᠪᠣᠯᠪᠠ᠃ ︽ᠰᠠᠶᠢᠨ ᠰᠠᠶᠢᠬᠠᠨ ᠤᠯᠤᠰ ᠲᠥᠷᠦ ᠶᠢᠨ | ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠬᠦ ᠣᠨ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ | ᠵᠠᠰᠠᠭ ᠤᠨ ᠣᠷᠳᠣᠨ ᠤ ᠰᠢᠰᠲ᠋ᠧᠮ ᠤᠨ ᠰᠤᠷᠲᠠᠯ ᠢ ᠤᠯᠠᠮ ᠨᠢᠭᠡ ᠠᠯᠬᠤᠮ ᠬᠤᠪᠢᠷᠠᠭᠤᠯᠪᠠ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠪᠡᠯ᠂ ᠪᠢᠳᠡᠨ ᠳᠤ ᠲᠤᠯᠭᠠᠷᠠᠵᠤ ᠪᠠᠶᠢᠭ᠎ᠠ | ᠠᠶᠤᠯ ᠲᠦᠭᠰᠢᠭᠦᠷᠢ᠂ ᠳᠠᠷᠤᠯᠲᠠ ᠪᠠ ᠥᠷᠢᠰᠥᠯᠳᠦᠭᠡᠨ ᠪᠣᠯ ᠤᠷᠢᠳᠤ ᠡᠮᠦᠨ᠎ᠡ ᠪᠠᠶᠢᠭ᠎ᠠ ᠦᠭᠡᠢ ᠶᠤᠮ᠂ ᠭᠡᠪᠡᠴᠦ ᠪᠢᠳᠡ | ᠰᠢᠳᠦ ᠪᠠᠨ ᠴᠢᠩᠭ᠎ᠠ ᠵᠠᠭᠤᠵᠤ᠂ ᠰᠥᠷᠭᠡᠦ ᠣᠷᠴᠢᠨ ᠳᠤ ᠰᠢᠪᠲᠤᠯᠤᠯᠲᠠ ᠬᠢᠵᠦ᠂ ᠬᠡᠯᠪᠡᠷᠢ ᠪᠠᠨ ᠬᠤᠪᠢᠷᠠᠭᠤᠯᠬᠤ | ᠳᠤᠮᠳᠠ ᠬᠥᠭᠵᠢᠯᠲᠡ ᠶᠢ ᠡᠷᠢᠯᠬᠢᠯᠡᠵᠦ᠂ ᠤᠯᠤᠰ ᠲᠥᠷᠥ ᠶᠢᠨ ᠲᠣᠭᠲᠠᠯ ᠬᠦᠴᠦᠨ᠂ ᠬᠥᠭᠵᠢᠯᠲᠡ ᠶᠢᠨ ᠲᠣᠭᠲᠠᠯ | ᠬᠦᠴᠦᠨ ᠢ ᠢᠮᠠᠭᠲᠠ ᠪᠠᠷᠢᠮᠲᠠᠯᠠᠵᠤ᠂ ᠢᠮᠠᠭᠲᠠ ᠵᠥᠪ ᠵᠠᠮ ᠢᠶᠠᠷ ᠡᠷᠡᠮᠡᠬᠡᠶᠢᠯᠡᠨ ᠤᠷᠤᠭᠰᠢᠯᠠᠵᠤ᠂ ᠪᠠᠲᠤ ᠴᠢᠩᠭ᠎ᠠ ᠤᠭ | ᠰᠠᠨᠠᠭ᠎ᠠ ᠡᠭᠦᠷᠭᠡ ᠬᠠᠷᠢᠭᠤᠴᠠᠯᠭ᠎ᠠ ᠪᠠᠷ ᠤᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤ ᠲᠤᠰᠬᠠᠯ ᠥᠭᠪᠡ᠃ ᠡᠯ᠎ᠡ | ᠱᠠᠲᠤ ᠡᠯ᠎ᠡ ᠲᠠᠯ᠎ᠠ ᠶᠢᠨ ᠬᠢᠨ ᠬᠡᠵᠢᠶᠡᠳᠡ ᠬᠤᠶᠢᠷᠭᠤᠰᠢᠬᠤ ᠦᠭᠡᠶ ᠣᠶᠤᠨ ᠰᠠᠨᠠᠭᠠᠨ ᠤ ᠪᠠᠶᠢᠳᠠᠯ ᠪᠠ ᠴᠤᠴᠠᠯᠲᠠ | ᠦᠭᠡᠶ ᠲᠡᠮᠡᠴᠡᠬᠦ ᠣᠪᠣᠷ ᠢᠶᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠰᠢᠷᠭᠠᠭᠤ ᠬᠠᠲᠠᠭᠤᠵᠢᠯᠲᠠᠶ | ᠠᠵᠢᠯᠯᠠᠵᠤ᠂ ᠰᠡᠳᠬᠢᠴᠡ ᠶᠢᠨ ᠲᠠᠯ᠎ᠠ ᠪᠠᠷ ᠰᠢᠨ᠎ᠡ ᠶᠢ ᠡᠭᠦᠳᠴᠦ ᠨᠢᠭᠡ ᠪᠦᠯᠦᠭ ᠬᠦᠴᠢᠷ ᠶᠠᠪᠤᠳᠠᠯ ᠢ ᠰᠢᠢᠳᠪᠦᠷᠢᠯᠡᠵᠦ᠂ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ ᠨᠢᠭᠡ ᠪᠦᠯᠦᠭ ᠪᠣᠳᠠᠲᠤ ᠶᠠᠪᠤᠳᠠᠯ ᠢ ᠪᠦᠲᠦᠭᠡᠪᠡ᠃ ᠰᠠᠭᠤᠭᠠᠯᠢ | ᠠᠷᠠᠳ ᠤᠨ ᠣᠳᠣᠬᠠᠨ ᠤ ᠠᠮᠢᠳᠤᠷᠠᠯ ᠳᠠᠬᠢ ᠬᠠᠨᠤᠮᠵᠢ ᠶᠢᠨ ᠬᠡᠮᠵᠢᠶ᠎ᠡ 97.1% ᠳᠤ ᠬᠦᠷᠴᠦ᠂ ᠣᠷᠣᠨ | ᠰᠠᠭᠤᠴᠠ ᠶᠢᠨ ᠠᠮᠤᠷ ᠲᠦᠪᠰᠢᠨ ᠤ ᠲᠥᠷᠥᠭᠳᠡᠯ 98.7% ᠳᠤ ᠬᠥᠷᠪᠡ᠃ ᠡᠳᠡᠭᠡᠷ ᠠᠮᠵᠢᠯᠲᠠ ᠶᠢ ᠣᠯᠤᠭᠰᠠᠨ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠠᠶᠠᠯᠠᠯ ᠤᠨ ᠴᠢᠭᠯᠡᠯ ᠢ | ᠴᠢᠭᠯᠡᠭᠦᠯᠦᠭᠰᠡᠨ ᠤ ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠥᠪ | ᠣᠨᠣᠪᠴᠢᠲᠠᠢ ᠤᠳᠤᠷᠢᠳᠴᠦ᠂ ᠲᠤᠭᠤᠷᠢᠭ ᠤᠨ ᠨᠠᠮ ᠤᠨ ᠬᠤᠷᠢᠶ᠎ᠠ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ | ᠪᠤᠳᠤᠯᠭ᠎ᠠ ᠲᠣᠭᠲᠠᠭᠠᠭᠰᠠᠨ ᠤ ᠦᠷ᠎ᠡ ᠳ᠋ᠦᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ | ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠭᠰᠠᠨ ᠤ ᠦᠷ᠎ᠡ ᠳ᠋ᠦᠩ᠂ ᠪᠦᠬᠦ ᠲᠤᠭᠤᠷᠢᠭ ᠤᠨ ᠡᠯ᠎ᠡ ᠹᠷᠣᠨᠲ᠂ | ᠥᠷᠭᠡᠨ ᠤᠯᠠᠨ ᠺᠠᠳ᠋ᠷ ᠤᠯᠠᠨ ᠲᠦᠮᠡᠨ ᠪᠦᠯᠬᠦᠮᠳᠡᠨ ᠲᠡᠮᠡᠴᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠭᠰᠠᠨ ᠤ | ᠦᠷ᠎ᠡ ᠳ᠋ᠦᠩ ᠮᠥᠨ᠃ ᠠᠳᠡ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠴᠢᠩᠱᠠᠨ | ᠲᠣᠭᠤᠷᠢᠭ ᠤᠨ ᠬᠥᠭᠵᠢᠯᠲᠡ ᠳᠤ ᠣᠷᠣᠯᠴᠠᠭᠰᠠᠨ ᠪᠦᠬᠦ ᠲᠤᠭᠤᠷᠢᠭ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ | ᠬᠦᠨᠳᠦᠳᠬᠡᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠡ᠂ ᠪᠢᠯᠢᠭ ᠤᠨ ᠤᠯᠠᠷᠢᠯ ᠤᠨ ᠰᠢᠨ᠎ᠡ ᠵᠢᠯ ᠠᠴᠠ ᠨᠠᠰᠢ ᠭᠡᠨᠡᠳᠲᠡ ᠡᠭᠦᠰᠦᠭᠰᠡᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠦ᠂ ᠳᠡᠭᠡᠲᠦ ᠭᠤᠷᠪᠠᠨ ᠱᠠᠲᠤᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠲᠠᠪᠦᠷᠢᠵᠢᠭᠤᠯᠵᠦ᠂ ᠴᠠᠭ ᠲᠤᠬᠠᠶ ᠳᠤᠨᠢ | ᠲᠣᠬᠢᠷᠠᠭᠤᠯᠵᠤ᠂ ᠪᠥᠬᠦ ᠲᠠᠯ᠎ᠠ ᠪᠠᠷ ᠳᠠᠶᠢᠴᠢᠯᠠᠵᠤ᠂ ᠣᠨᠣᠪᠴᠢᠲᠠᠶ ᠠᠷᠭ᠎ᠠ ᠪᠣᠳᠣᠯᠭ᠎ᠠ ᠬᠡᠷᠡᠭᠵᠢᠭᠦᠯᠵᠦ᠂ | ᠣᠯᠠᠨ ᠢᠶᠠᠷ ᠢᠶᠠᠨ ᠰᠡᠷᠭᠡᠶᠢᠯᠡᠨ ᠣᠯᠠᠨ ᠢᠶᠠᠷ ᠢᠶᠠᠨ ᠡᠵᠡᠮᠳᠡᠵᠦ᠂ ᠨᠢᠭᠡ ᠤᠳᠠᠭᠠᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠳᠠᠶᠢᠨ ᠢ ᠡᠬᠢᠯᠡᠭᠦᠯᠪᠡ᠃ | ᠬᠢᠵᠢᠭ ᠢ ᠰᠡᠷᠭᠡᠶᠢᠯᠡᠬᠦ ᠬᠤᠭᠤᠴᠠᠭᠠᠨ ᠳᠤ᠂ ᠪᠢᠳᠡ ᠳᠡᠭᠡᠲᠦ ᠳᠣᠣᠷᠠᠳᠤ ᠱᠠᠲᠤ ᠰᠡᠳᠬᠢᠯ ᠨᠢᠭᠡᠳᠦᠨ᠂ ᠨᠢᠭᠡ | ᠴᠣᠭᠴᠠ ᠪᠠᠷ ᠬᠤᠯᠪᠣᠭᠠᠯᠠᠨ ᠬᠥᠳᠡᠯᠦᠯᠴᠡᠵᠦ᠂ ᠰᠠᠯᠬᠢ ᠪᠣᠷᠣᠭᠠᠨ ᠢ ᠬᠠᠮᠲᠤᠪᠠᠷ ᠳᠠᠭᠠᠭᠠᠵᠤ᠂ ᠰᠡᠳᠬᠢᠯ ᠨᠢᠭᠡᠳᠦᠨ | ᠬᠠᠮᠲᠤᠪᠠᠷ ᠠᠵᠢᠯᠯᠠᠵᠤ᠂ ᠪᠦᠬᠦ ᠲᠤᠭᠤᠷᠢᠭ ᠤᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ | ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠵᠤ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠬᠠᠮᠠᠭᠠᠯᠠᠪᠠ᠃ | ᠠᠳᠡ᠂ ᠦᠨᠡᠨ ᠰᠡᠳᠬᠢᠯ ᠠᠴᠠ ᠪᠠᠨ ᠣᠯᠠᠨ ᠤ ᠰᠢᠷᠭᠠᠭᠤ ᠴᠢᠷᠮᠠᠶᠢᠯᠭ᠎ᠠ ᠪᠠ ᠴᠥᠬᠦᠷᠡᠰᠢ ᠦᠭᠡᠢ ᠴᠢᠷᠮᠠᠶᠢᠯᠭ᠎ᠠ ᠶᠢ | ᠮᠠᠭᠲᠠᠨ ᠰᠠᠶᠢᠰᠢᠶᠠᠵᠦ᠂ ᠴᠢᠩ ᠰᠡᠳᠬᠢᠯ ᠠᠴᠠ ᠪᠠᠨ ᠣᠯᠠᠨ ᠳᠤ ᠲᠠᠯᠠᠷᠬᠠᠵᠤ ᠪᠠᠢᠨ᠎ᠠ︕ | ᠠᠮᠵᠢᠯᠲᠠ ᠪᠦᠲᠦᠮᠵᠢ ᠪᠠᠨ ᠨᠤᠲᠠᠯᠠᠬᠤ ᠶᠢᠨ ᠬᠠᠮᠲᠤ᠂ ᠪᠢᠳᠡ ᠪᠦᠬᠦ ᠲᠤᠭᠤᠷᠢᠭ ᠤᠨ ᠠᠵᠤ ᠠᠬᠤᠶ | ᠨᠡᠶᠢᠭᠡᠮ ᠤᠨ ᠬᠦᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ | ᠰᠡᠷᠭᠡᠭ ᠢᠶᠠᠷ ᠲᠠᠨᠢᠵᠤ ᠣᠯᠪᠠ᠃ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠡᠭᠦᠷᠭᠡ | ᠬᠠᠲᠠᠭᠤ ᠪᠡᠷᠬᠡ ᠪᠠᠶᠢᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠮᠥᠨ | ᠬᠦ ᠪᠤᠶᠢᠵᠢᠭᠤᠯᠬᠤ ᠬᠤᠭᠤᠴᠠᠭᠠᠨ ᠳᠠᠭᠠᠨ ᠣᠷᠣᠰᠢᠵᠤ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠤᠨ | ᠦᠷ᠎ᠡ ᠪᠦᠲᠦᠮᠵᠢ ᠪᠠᠰᠠ ᠢᠯᠡᠳᠲᠡ ᠦᠭᠡᠢ ᠪᠠᠶᠢᠭᠰᠠᠭᠠᠷ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠣᠷᠣᠯᠭ᠎ᠠ ᠶᠢ | ᠪᠠᠭᠠᠰᠬᠠᠬᠤ᠂ ᠵᠢᠭᠡᠯᠡᠯᠭᠡ ᠶᠢ ᠪᠤᠴᠠᠭᠠᠬᠤ ᠡᠭᠦᠷᠭᠡ ᠬᠠᠲᠠᠭᠤ ᠪᠡᠷᠬᠡ ᠵᠡᠷᠭᠡ ᠣᠯᠠᠨ ᠳᠠᠪᠬᠤᠷ ᠳᠠᠷᠤᠯᠲᠠ ᠶᠢᠨ ᠡᠮᠦᠨ᠎ᠡ᠂ | ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠨᠠᠩ ᠳᠤᠪᠤᠶᠢᠮ᠎ᠠ ᠪᠣᠯᠪᠠ᠃ ᠰᠤᠷᠭᠠᠨ ᠬᠥᠮᠦᠵᠢᠯ᠂ ᠡᠮ | ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠶᠢᠨ ᠬᠥᠭᠵᠢᠯᠲᠡ ᠪᠠᠰᠠ ᠲᠡᠩᠴᠡᠭᠦᠷᠢ ᠦᠭᠡᠢ ᠪᠠᠶᠢᠵᠤ᠂ ᠤᠯᠠᠨ | ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠡᠷᠡᠭᠴᠡᠭᠡ ᠶᠢ ᠰᠠᠶᠢᠲᠤᠷ ᠬᠠᠩᠭᠠᠵᠤ ᠴᠢᠳᠠᠬᠤ ᠪᠠᠶᠢᠨ᠎ᠠ᠃ | ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠤᠨ ᠡᠮᠦᠨ᠎ᠡ᠂ ᠰᠠᠭᠤᠷᠢ ᠲᠥᠬᠦᠭᠡᠷᠦᠮᠵᠢ᠂ ᠠᠳᠠᠯ ᠠᠬᠤᠶ ᠶᠢᠨ | ᠬᠠᠮᠢᠶᠠᠷᠤᠯᠲᠠ ᠵᠡᠷᠭᠡ ᠳᠤ ᠪᠠᠰᠠ ᠵᠠᠷᠢᠮ ᠬᠦᠷᠦᠯᠴᠡᠬᠦ ᠥᠬᠡᠶ ᠲᠠᠯ᠎ᠠ ᠢᠯᠡᠷᠡᠭᠰᠡᠨ ᠪᠠᠶᠢᠨ᠎ᠠ᠃ ᠪᠢᠳᠡ ᠵᠠᠪᠠᠯ ᠠᠰᠠᠭᠤᠳᠠᠯ | ᠪᠠ ᠥᠷᠢᠰᠥᠯᠳᠦᠭᠡᠨ ᠳᠤ ᠰᠢᠭᠤᠳ ᠬᠠᠨᠳᠤᠵᠤ᠂ ᠨᠠᠷᠢᠨ ᠬᠢᠨᠠᠮᠠᠭᠠᠢ ᠰᠢᠢᠳᠪᠦᠷᠢᠯᠡᠵᠦ᠂ ᠪᠦᠬᠦ ᠲᠤᠭᠤᠷᠢᠭ ᠤᠨ ᠠᠷᠠᠳ | ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠶᠤᠮ᠃ | ᠬᠤᠶᠠᠷ᠂ 2020 ᠤᠨ ᠤ ᠠᠵᠢᠯ ᠤᠨ ᠲᠣᠬᠢᠷᠠᠭᠤᠯᠤᠯᠲᠠ | ᠲᠥᠯᠥᠭᠡᠯᠡᠭᠴᠢᠳ ᠡ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠠᠷᠪᠠᠨ | ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠡᠴᠤᠰ ᠤᠨ ᠵᠢᠯ ᠪᠣᠯᠤᠨ᠎ᠠ᠂ ᠪᠢᠳᠡ ᠨᠢᠭᠡᠳᠦᠭᠡᠷ ᠵᠠᠭᠤᠨ | ᠵᠢᠯ ᠤᠨ ᠲᠡᠮᠡᠴᠡᠬᠦ ᠬᠠᠷᠠᠯᠲᠠ ᠶᠢ ᠪᠡᠶᠡᠯᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠴᠢᠨᠠᠷ ᠰᠠᠶᠢᠲᠠᠢ | ᠬᠥᠭᠵᠢᠯᠲᠡ ᠪᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠠᠶᠢᠨ ᠰᠠᠭᠤᠷᠢ ᠲᠠᠯᠪᠢᠵᠤ | ᠥᠭᠬᠦ ᠬᠡᠷᠡᠭᠲᠡᠢ᠃ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠬᠢᠨᠠᠮᠠᠭᠠᠶ ᠲᠤᠭᠤᠰᠢᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ | ᠬᠤᠭᠤᠴᠠᠭᠠᠨ ᠤ ᠠᠷᠪᠠᠨ ᠨᠢᠭᠡᠳᠦᠭᠡᠷ ᠤᠳᠠᠭ᠎ᠠ ᠶᠢᠨ ᠪᠥᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ | ᠠᠬᠤᠶ ᠶᠢᠨ ᠠᠵᠢᠯ ᠤᠨ ᠬᠤᠷᠠᠯᠳᠤᠭᠠᠨ᠂ ᠬᠤᠲᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ | ᠠᠷᠪᠠᠨ ᠨᠢᠭᠡᠳᠦᠭᠡᠷ ᠤᠳᠠᠭᠠᠨ ᠤ ᠪᠥᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠶ ᠶᠢᠨ ᠠᠵᠢᠯ ᠤᠨ | ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠲᠠᠪᠦᠷᠢᠵᠢᠭᠤᠯᠵᠦ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠠᠭᠤᠯᠵᠦ᠂ ᠲᠣᠭᠲᠠᠭᠤᠨ ᠤ ᠳᠤᠮᠳᠠ | ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠦᠵᠡᠯᠲᠡ ᠶᠢ ᠪᠠᠷᠢᠮᠲᠠᠯᠠᠨ᠂ ᠣᠳᠣ ᠦᠶ᠎ᠡ ᠶᠢᠨ ᠲᠣᠨᠣᠭᠯᠠᠯ ᠦᠢᠯᠡᠳᠬᠦ ᠦᠢᠯᠡᠰ ᠪᠠ ᠣᠳᠣ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠬᠤᠤᠰ ᠡᠭᠡᠯᠵᠢ ᠪᠠᠷ ᠬᠥᠳᠡᠯᠭᠡᠭᠦᠷ ᠪᠣᠯᠭᠠᠨ᠂ ᠬᠤᠶᠠᠷ ᠵᠢᠭᠦᠷ ᠢ ᠵᠡᠷᠭᠡᠪᠡᠷ | ᠬᠥᠭᠵᠢᠭᠦᠯᠬᠦ ᠶᠢ ᠪᠠᠷᠢᠮᠲᠠᠯᠠᠵᠦ᠂ ᠪᠦᠬᠦ ᠠᠷᠠᠳ ᠢᠶᠠᠷ ᠢᠶᠠᠨ ᠬᠠᠮᠲᠤ ᠪᠠᠷ ᠡᠳ᠋ᠯᠡᠬᠦ ᠴᠢᠨᠠᠷ ᠰᠠᠶᠢᠲᠠᠶ ᠬᠤᠲᠠ ᠶᠢᠨ | ᠲᠣᠭᠤᠷᠢᠭ ᠢ ᠪᠠᠶᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ | ᠨᠡᠮᠡᠭᠳᠡᠯ ᠢ ᠲᠣᠭᠲᠠᠭᠤᠨ ᠪᠠᠶᠢᠯᠭᠠᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠶᠢ | ᠨᠢᠭᠡᠲᠦᠯᠲᠡᠢ ᠲᠥᠯᠥᠪᠯᠡᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢ ᠠᠮᠵᠢᠯᠲᠠ ᠲᠠᠢ ᠲᠡᠭᠦᠰᠬᠡᠬᠦ ᠶᠢ ᠪᠠᠲᠤᠯᠠᠵᠤ᠂ ᠠᠷᠠᠳ | ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ | ᠲᠠᠰᠤᠷᠠᠯᠲᠠ ᠦᠭᠡᠢ ᠨᠡᠮᠡᠭᠳᠡᠭᠦᠯᠦᠨ᠎ᠡ᠃ | ᠡᠨᠡ ᠵᠢᠯ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢᠥᠷᠲᠡᠭ ᠢ 6% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 6% | ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ ᠶᠢ 4. | 5% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 6% ᠣᠷᠴᠢᠮ | ᠨᠡᠮᠡᠭᠳᠡᠭᠦᠯᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ 6% ᠣᠷᠴᠢᠮ ᠨᠡᠮᠡᠭᠳᠡᠭᠦᠯᠦᠨ᠎ᠡ᠃ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ | ᠨᠤᠷᠮ᠎ᠠ ᠶᠢ 3.9% ᠶᠢᠨ ᠳᠣᠲᠣᠷ᠎ᠠ ᠬᠢᠵᠠᠭᠠᠷᠯᠠᠨ᠎ᠠ᠃ ᠳᠡᠭᠡᠲᠦ ᠱᠠᠲᠤᠨ ᠠᠴᠠ ᠪᠠᠭᠤᠯᠭᠠᠭᠰᠠᠨ ᠡᠨᠧᠷᠭᠢ ᠠᠷᠪᠢᠯᠠᠨ | ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠢᠵᠠᠭᠠᠷᠯᠠᠬᠤ ᠴᠢᠨᠠᠷᠲᠠᠶ ᠭᠦᠢᠴᠡᠳᠭᠡᠬᠦ ᠲᠤᠭ᠎ᠠ ᠶᠢ | ᠪᠦᠬᠦ ᠲᠠᠯ᠎ᠠ ᠪᠠᠷ ᠪᠡᠶᠡᠯᠡᠭᠦᠯᠦᠨ᠎ᠡ᠃ | ᠲᠥᠯᠥᠭᠡᠯᠡᠭᠴᠢᠳ ᠡ᠂ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠵᠦ᠂ ᠪᠢᠳᠡ ᠭᠠᠵᠠᠷ ᠣᠷᠣᠨ ᠤ | ᠬᠥᠭᠵᠢᠯᠲᠡ ᠶᠢᠨ ᠳᠤᠮᠳᠠᠬᠢ ᠵᠥᠷᠢᠴᠡᠯ ᠬᠦᠴᠢᠷᠳᠡᠯ ᠢ ᠢᠳᠡᠪᠬᠢᠲᠡᠶ ᠪᠠᠷ ᠠᠷᠢᠯᠭᠠᠬᠤ ᠪᠠᠷ ᠪᠠᠷᠠᠬᠤ ᠦᠭᠡᠢ ᠪᠠᠰᠠ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠪᠣᠯᠤᠭᠰᠠᠨ ᠠᠰᠢᠭ ᠦᠭᠡᠢ ᠨᠥᠯᠥᠭᠡ ᠶᠢ | ᠴᠢᠷᠮᠠᠶᠢᠨ ᠢᠯᠠᠨ ᠳᠠᠪᠠᠭ᠋ᠤ ᠬᠡᠷᠡᠭᠲᠡᠶ᠃ ᠪᠢᠳᠡ ᠡᠷᠬᠡᠪᠰᠢ ᠬᠠᠷᠠᠯᠲᠠ ᠪᠠᠨ ᠬᠤᠪᠢᠷᠠᠭᠤᠯᠬᠤ ᠦᠭᠡᠢ᠂ ᠡᠭᠦᠷᠭᠡ ᠪᠠᠨ | ᠪᠠᠭᠠᠰᠬᠠᠬᠤ ᠦᠭᠡᠢ ᠪᠠᠶᠢᠬᠤ ᠶᠢ ᠪᠠᠷᠢᠮᠲᠠᠯᠠᠬᠤ ᠬᠡᠷᠡᠭᠲᠡᠶ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠬᠠᠲᠠᠭᠤ | ᠪᠠᠶᠢᠯᠳᠤᠭᠠᠨ ᠢ ᠵᠣᠷᠢᠭᠲᠠᠶ ᠪᠠᠷ ᠬᠢᠬᠦ᠂ ᠴᠢᠳᠠᠮᠠᠭᠠᠶ ᠪᠠᠷ ᠬᠢᠵᠦ ᠴᠢᠳᠠᠮᠠᠭᠠᠶ ᠪᠠᠷ ᠪᠦᠲᠦᠭᠡᠬᠦ ᠵᠣᠷᠢᠭ ᠰᠠᠨᠠᠭ᠎ᠠ ᠶᠢ | ᠦᠷᠭᠦᠯᠵᠢᠯᠡᠨ ᠪᠠᠳᠠᠷᠠᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ | ᠲᠦᠯᠬᠢᠨ ᠠᠬᠢᠭᠤᠯᠤᠨ᠎ᠠ᠃ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ | ᠴᠢᠬᠤᠯᠠ ᠶᠠᠷᠢᠶ᠎ᠠ ᠴᠢᠬᠤᠯᠠ ᠵᠢᠭᠠᠪᠤᠷ ᠶᠢᠨ ᠵᠣᠷᠢᠭ ᠰᠠᠨᠠᠭ᠎ᠠ ᠶᠢ ᠢᠮᠠᠭᠲᠠ ᠬᠢᠨᠠᠮᠠᠭᠠᠶ ᠲᠤᠭᠤᠰᠢᠯᠠᠭᠤᠯᠵᠦ᠂ ᠳᠡᠭᠡᠳᠦ | ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠬᠡᠷᠡᠭᠵᠢᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ | ᠭᠤᠶᠢᠪᠢᠰᠢ ᠦᠭᠡᠶ ᠨᠠᠶᠢᠲᠠᠪᠦᠷᠢᠵᠢᠭᠤᠯᠵᠦ᠂ ᠬᠡᠪ ᠤᠨ ᠠᠶ᠎ᠠ ᠶᠢ ᠲᠠᠭᠠᠨ ᠶᠠᠪᠤᠵᠤ ᠬᠥᠭᠵᠢᠯᠲᠡ ᠶᠢᠨ ᠭᠤᠤᠯᠳᠠᠯᠭ᠎ᠠ ᠪᠠᠨ | ᠶᠠᠰᠤ ᠴᠢᠨᠠᠷ ᠪᠠ ᠦᠷ᠎ᠡ ᠠᠰᠢᠭ ᠳᠡᠭᠡᠷ᠎ᠡ ᠦᠨᠡᠨᠬᠦ ᠰᠢᠯᠵᠢᠭᠦᠯᠦᠨ ᠠᠪᠴᠢᠷᠠᠵᠤ᠂ ᠮᠠᠨ ᠤ ᠲᠤᠭᠤᠷᠢᠭ ᠤᠨ ᠪᠣᠳᠠᠲᠤ | ᠪᠠᠶᠢᠳᠠᠯ ᠳᠤ ᠨᠡᠶᠢᠴᠡᠭᠰᠡᠨ ᠦᠷᠭᠦᠯᠵᠢᠯᠡᠨ ᠬᠥᠭᠵᠢᠬᠦ᠂ ᠴᠢᠨᠠᠷ ᠰᠠᠶᠢᠲᠠᠶ ᠬᠦᠭᠵᠢᠯᠲᠡ ᠶᠢᠨ ᠵᠠᠮ ᠢ ᠴᠥᠬᠦᠷᠡᠰᠢ ᠦᠭᠡᠢ | ᠰᠦᠪᠡᠭᠴᠢᠯᠡᠨ᠎ᠡ᠃ ᠪᠢᠳᠡ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠢᠮᠠᠭᠲᠠ ᠪᠠᠷᠢᠮᠲᠠᠯᠠᠵᠤ᠂ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ | ᠭᠤᠶᠢᠪᠢᠰᠢ ᠦᠭᠡᠢ ᠦᠢᠯᠡᠳᠦᠯᠭᠡᠵᠢᠭᠦᠯᠵᠦ᠂ ︽ᠬᠤᠶᠠᠷ ᠬᠦᠷᠳᠦ ᠪᠠᠷ ᠬᠥᠳᠡᠯᠭᠡᠭᠦᠷ ᠪᠣᠯᠭᠠᠵᠤ᠂ ᠬᠤᠶᠠᠷ ᠵᠢᠭᠦᠷ ᠢᠶᠠᠷ | ᠵᠡᠷᠭᠡᠪᠡᠷ ᠨᠢᠰᠬᠦ︾ ᠠᠵᠤ ᠦᠢᠯᠡᠰ ᠤᠨ ᠪᠠᠶᠢᠷᠢᠰᠢᠯ ᠢ ᠢᠮᠠᠭᠲᠠ ᠲᠤᠤᠱᠯᠠᠭᠤᠯᠵᠤ᠂ ︽ᠰᠠᠭᠤᠷᠢᠰᠢᠬᠤ ᠳᠤ ᠲᠣᠬᠢᠷᠠᠮᠵᠢᠲᠠᠶ | ᠬᠤᠲᠠ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢ ᠴᠥᠬᠦᠷᠡᠰᠢ ᠦᠭᠡᠢ ᠠᠬᠢᠭᠤᠯᠵᠦ᠂ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠲᠣᠮᠣ ᠠᠵᠤ ᠠᠬᠤᠶᠢᠯᠠᠯ ᠪᠠ ᠠᠷᠠᠳ ᠤᠨ ᠡᠵᠡᠩᠨᠡᠯᠲᠡ ᠶᠢᠨ ᠠᠵᠦ | ᠠᠬᠤᠶᠢᠯᠠᠯ ᠤᠨ ᠠᠮᠢᠵᠢᠷᠠᠯ ᠤᠨ ᠬᠦᠴᠦᠨ ᠢ ᠭᠦᠢᠴᠡᠳᠨᠢᠭᠲᠠᠷᠠᠭᠤᠯᠵᠤ᠂ ᠪᠣᠬᠢᠷᠲᠤᠯ ᠦᠭᠡᠶ ᠬᠥᠭᠵᠢᠯᠲᠡ ᠶᠢᠨ | ᠤᠷᠢᠳᠴᠢᠯᠠᠭᠰᠠᠨ ᠲᠣᠬᠢᠶᠠᠯ ᠢ ᠵᠠᠪᠳᠤᠨ ᠡᠵᠡᠯᠡᠵᠦ᠂ ᠭᠠᠵᠠᠷ ᠣᠷᠣᠨ ᠤ ᠬᠥᠭᠵᠢᠯᠲᠡ ᠶᠢᠨ ᠰᠠᠭᠤᠷᠢ ᠶᠢ | ᠪᠠᠬᠢᠵᠢᠭᠦᠯᠦᠨ᠎ᠡ᠃ ᠪᠢᠳᠡ ᠠᠷᠠᠳ ᠤᠨ ᠲᠥᠯᠥᠭᠡ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠬᠤ ᠤᠭ ᠰᠠᠨᠠᠭ᠎ᠠ ᠪᠠᠨ | ᠢᠮᠠᠭᠲᠠ ᠦᠢᠯᠡᠳᠦᠯᠭᠡᠵᠢᠭᠦᠯᠵᠦ᠂ ᠠᠷᠠᠳ ᠲᠦᠮᠡᠨ ᠤ ᠬᠦᠰᠡᠯ ᠱᠠᠭᠠᠷᠳᠠᠯᠭ᠎ᠠ᠂ ᠠᠷᠠᠳ ᠲᠦᠮᠡᠨ ᠤ ᠬᠡᠷᠡᠭᠴᠡᠭᠡ | ᠱᠠᠭᠠᠷᠳᠠᠯᠭ᠎ᠠ᠂ ᠠᠷᠠᠳ ᠲᠦᠮᠡᠨ ᠤ ᠬᠦᠰᠡᠯ ᠡᠷᠡᠮᠡᠯᠵᠡᠯ ᠢ ᠴᠠᠭ ᠢᠮᠠᠭᠲᠠ ᠠᠩᠬᠠᠷᠴᠤ᠂ ᠬᠥᠭᠵᠢᠯᠲᠡ ᠶᠢᠨ ᠲᠡᠩᠴᠡᠭᠦᠷᠢ | ᠥᠬᠡᠶ ᠭᠦᠢᠴᠡᠳ ᠥᠬᠡᠶ ᠠᠰᠠᠭᠤᠳᠠᠯ ᠪᠠ ᠳᠤᠲᠠᠭᠤᠳᠠᠯ ᠢ ᠴᠢᠩᠭ᠎ᠠ ᠠᠳᠬᠤᠵᠤ᠂ ᠲᠦᠭᠡᠮᠡᠯ ᠬᠠᠷᠠᠭᠠᠯᠵᠠᠯ ᠤᠨ ᠴᠢᠨᠠᠷ᠂ | ᠰᠠᠭᠤᠷᠢ ᠴᠢᠨᠠᠷ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠪᠦᠲᠦᠭᠡᠨ | ᠪᠠᠶᠢᠭᠤᠯᠤᠯᠲᠠ ᠶᠢ ᠨᠠᠩ ᠴᠢᠬᠤᠯᠠᠴᠢᠯᠠᠵᠤ᠂ ᠠᠷᠭ᠎ᠠ ᠪᠦᠬᠦᠨ ᠢ ᠰᠦᠪᠡᠭᠴᠢᠯᠡᠨ ᠣᠯᠠᠨ ᠲᠦᠮᠡᠨ ᠤ ᠬᠦᠴᠢᠷ | ᠵᠣᠪᠠᠭᠤᠷᠢ ᠶᠢ ᠰᠢᠢᠳᠪᠦᠷᠢᠯᠡᠵᠦ᠂ ᠠᠷᠠᠳ ᠲᠦᠮᠡᠨ ᠳᠤ ᠨᠠᠩ ᠣᠯᠠᠨ ᠪᠤᠶᠠᠨ ᠵᠢᠷᠭᠠᠯ ᠡᠳ᠋ᠯᠡᠭᠦᠯᠵᠦ᠂ ᠪᠦᠬᠦ ᠠᠷᠠᠳ ᠤᠨ | ᠬᠠᠮᠲᠤᠪᠠᠷ ᠡᠳ᠋ᠯᠡᠬᠦ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠲᠤᠭᠤᠷᠢᠭ ᠤᠨ ᠠᠷᠠᠳ ᠲᠦᠮᠡᠨ ᠢ | ᠳᠠᠭᠠᠭᠤᠯᠤᠨ ᠴᠢᠨᠡᠭᠡᠯᠢᠭ ᠨᠡᠶᠢᠭᠡᠮ ᠳᠤ ᠠᠯᠬᠤᠨ ᠣᠷᠣᠪᠠ᠃ | ︵ᠨᠢᠭᠡ︶ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠣᠭᠤᠷᠢᠨ ᠳᠤ ᠴᠢᠬᠤᠯᠠ ᠶᠡᠭᠡ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ | ᠬᠦᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠵᠠᠷ ᠣᠷᠣᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠢ | ᠴᠢᠷᠮᠠᠶᠢᠨ ᠳᠡᠭᠡᠭᠰᠢᠯᠡᠭᠦᠯᠦᠨ᠎ᠡ | ᠨᠢᠭᠡ ᠳᠤ᠂ ᠭᠤᠣᠯᠳᠠᠯᠭ᠎ᠠ ᠲᠠᠢ ᠲᠦᠷᠦᠯ ᠵᠦᠢᠯ ᠢ ᠣᠷᠣᠭᠤᠯᠤᠨ ᠠᠪᠴᠢᠷᠠᠵᠤ ᠬᠡᠷᠡᠭᠵᠢᠭᠦᠯᠬᠦ ᠠᠵᠢᠯ ᠢ | ᠬᠦᠴᠦᠲᠡᠢ ᠠᠳᠬᠤᠬᠤ ᠬᠡᠷᠡᠭᠲᠡᠢ᠃ ᠪᠦᠬᠦ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ | ᠲᠥᠷᠥᠯ ᠵᠦᠢᠯ ᠢ 73 ᠬᠡᠷᠡᠭᠵᠢᠭᠦᠯᠵᠦ᠂ ᠶᠡᠷᠦᠩᠬᠡᠶ ᠪᠡᠯᠡ ᠣᠷᠣᠭᠤᠯᠤᠯᠲᠠ 406.5 ᠳ᠋ᠦᠩᠰᠢᠭᠤᠷ ᠲᠥᠭᠦᠷᠢᠭ ᠲᠤ | ᠬᠦᠷᠴᠦ᠂ ᠲᠤᠰ ᠵᠢᠯ ᠳᠤ 115.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ | ᠲᠥᠯᠥᠪᠯᠡᠵᠦ ᠪᠠᠶᠢᠨ᠎ᠠ᠃ ᠭᠠᠵᠠᠷ ᠰᠢᠷᠣᠶ ᠶᠢ ᠮᠡᠳᠡᠭᠦᠯᠦᠨ ᠵᠥᠪᠰᠢᠶᠡᠷᠡᠭᠦᠯᠬᠦ᠂ ᠣᠷᠴᠢᠨ ᠲᠣᠭᠤᠷᠢᠨ ᠤ ᠦᠨᠡᠯᠡᠯᠲᠡ ᠶᠢᠨ | ᠠᠶᠤᠯᠭᠦᠶ ᠶᠢ ᠦᠨᠡᠯᠡᠬᠦ᠂ ᠪᠠᠷᠢᠯᠭ᠎ᠠ ᠪᠠᠷᠢᠬᠤ ᠵᠥᠪᠰᠢᠶᠡᠷᠡᠯ ᠵᠡᠷᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠭᠠᠷᠳᠠᠮ ᠢ ᠰᠠᠶᠢᠲᠤᠷ ᠰᠢᠢᠳᠪᠦᠷᠢᠯᠡᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ | ᠵᠦᠢᠯ ᠢ ᠵᠢᠯ ᠤᠨ ᠳᠣᠲᠣᠷ᠎ᠠ 25 ᠠᠴᠠ ᠳᠡᠭᠡᠭᠰᠢ ᠪᠠᠷᠢᠯᠭ᠎ᠠ ᠳᠠᠭᠤᠰᠬᠠᠬᠤ ᠶᠢ ᠦᠨᠡᠨᠬᠦ ᠪᠠᠲᠤᠯᠠᠨ᠎ᠠ᠃ ᠣᠳᠣᠬᠠᠨ ᠤ | ᠬᠢᠵᠢᠭ ᠤᠨ ᠪᠠᠶᠢᠳᠠᠯ ᠤᠨ ᠨᠥᠯᠥᠭᠡᠨ ᠤ ᠡᠮᠦᠨ᠎ᠡ᠂ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠤᠨ ᠰᠢᠨ᠎ᠡ ᠶᠢ | ᠡᠭᠦᠳᠴᠦ᠂ ᠰᠦᠯᠵᠢᠶᠡᠨ ᠳᠡᠭᠡᠷ᠎ᠡ ᠬᠤᠳᠠᠯᠳᠤᠭᠠᠴᠢᠨ ᠤᠷᠢᠬᠤ᠂ ᠠᠵᠤ ᠠᠬᠤᠶᠢᠯᠠᠯ ᠢᠶᠠᠷ ᠬᠤᠳᠠᠯᠳᠤᠭᠠᠴᠢᠨ ᠤᠷᠢᠬᠤ | ᠪᠠ ᠬᠤᠳᠠᠯᠳᠤᠭᠴᠢ ᠪᠠᠷ ᠬᠤᠳᠠᠯᠳᠤᠭᠠᠴᠢᠨ ᠤᠷᠢᠬᠤ ᠶᠢ ᠶᠡᠬᠡᠪᠡᠷ ᠶᠠᠪᠤᠭᠤᠯᠵᠤ᠂ ᠬᠡᠯᠬᠢᠶ᠎ᠡ ᠶᠢ ᠤᠷᠲᠤᠳᠬᠠᠬᠤ᠂ | ᠬᠡᠯᠬᠢᠶ᠎ᠡ ᠶᠢ ᠨᠦᠬᠦᠪᠦᠷᠢᠯᠡᠬᠦ᠂ ᠬᠡᠯᠬᠢᠶ᠎ᠡ ᠶᠢ ᠴᠢᠩᠭᠠᠳᠬᠠᠬᠤ᠂ ᠬᠡᠯᠬᠢᠶ᠎ᠡ ᠶᠢ ᠥᠷᠭᠡᠳᠬᠡᠬᠦ ᠠᠵᠢᠯ ᠢ ᠦᠷᠭᠦᠯᠵᠢᠯᠡᠨ | ᠥᠷᠨᠢᠭᠦᠯᠦᠨ᠎ᠡ᠃ ᠭᠡᠷᠡᠯ ᠸᠣᠯᠲ ᠤᠨ ᠠᠵᠤ ᠦᠢᠯᠡᠰ ᠤᠨ ᠬᠡᠯᠬᠢᠶ᠎ᠡ ᠳᠡᠭᠡᠷ᠎ᠡ ᠢᠯᠴᠢ ᠶᠢᠨ ᠲᠠᠯᠠᠪᠤᠷ᠂ ᠬᠡᠷᠴᠢᠮᠡᠯ᠂ | ᠲᠣᠨᠤᠭ ᠲᠥᠬᠦᠭᠡᠷᠦᠮᠵᠢ ᠵᠡᠷᠭᠡ ᠢᠵᠢ ᠪᠦᠷᠢᠳᠦᠭᠦᠯᠬᠦ ᠠᠵᠤ ᠠᠬᠤᠶᠢᠯᠠᠯ ᠢ ᠭᠤᠤᠯᠳᠠᠯᠭ᠎ᠠ ᠲᠠᠢ ᠣᠷᠣᠭᠤᠯᠵᠤ᠂ ᠰᠢᠨ᠎ᠡ | ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠳᠡᠭᠡᠷ᠎ᠡ ᠴᠠᠬᠢᠯᠭᠠᠨ ᠮᠠᠰᠢᠨ᠂ ᠴᠠᠬᠢᠯᠭᠠᠨ ᠡᠵᠡᠮᠰᠢᠯ᠂ ᠳ᠋ᠢᠶᠠᠨ ᡂᠢ ᠵᠡᠷᠭᠡ | ᠦᠢᠯᠡᠳᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ | ᠳᠡᠭᠡᠷ᠎ᠡ ᠹᠠᠩ ᠯᠦᠨ ᠰᠢᠷᠬᠡᠭᠯᠢᠭ᠂ ᠬᠦᠷᠮᠡᠨ ᠴᠢᠯᠠᠭᠤᠯᠢᠭ ᠤᠨ ᠰᠢᠷᠬᠡᠭᠯᠢᠭ᠂ ᠨᠡᠭᠦᠷᠡᠰᠦᠨ ᠰᠢᠷᠬᠡᠭ ᠵᠡᠷᠭᠡ ᠬᠡᠷᠡᠭᠯᠡᠭᠡᠨ ᠤ | ᠠᠵᠤ ᠠᠬᠤᠶᠢᠯᠠᠯ ᠢ ᠤᠷᠤᠭᠤᠯᠵᠦ᠂ ᠪᠠᠰᠠ ᠨᠢᠭᠡ ᠪᠦᠯᠦᠭ ᠢ ᠨᠢ ᠨᠠᠶᠢᠳᠠᠪᠤᠷᠢᠵᠢᠭᠤᠯᠵᠤ᠂ ᠨᠢᠭᠡ ᠪᠦᠯᠦᠭ ᠢ ᠨᠢ | ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠳᠤ | ᠨᠢᠭᠡ ᠪᠦᠯᠦᠭ ᠢ ᠨᠢ ᠨᠥᠭᠡᠴᠡᠯᠡᠵᠦ ᠥᠭᠭᠦᠨ᠎ᠡ᠃ | ᠬᠤᠶᠠᠷ ᠲᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠠᠮᠢᠵᠢᠷᠠᠯ ᠤᠨ | ᠬᠦᠴᠦᠨ ᠢ ᠶᠡᠬᠡᠪᠡᠷ ᠬᠥᠭᠵᠢᠭᠡᠬᠦ ᠬᠡᠷᠡᠭᠲᠡᠢ᠃ ᠠᠷᠠᠳ ᠠᠴᠠ ᠡᠵᠡᠩᠨᠡᠭᠰᠡᠨ ᠠᠵᠤ ᠠᠬᠤᠶ ᠶᠢ ᠬᠦᠴᠦᠷᠬᠡᠭᠵᠢᠭᠦᠯᠬᠦ ᠶᠢ | ᠴᠢᠨᠠᠷ ᠰᠠᠶᠢᠲᠠᠶ ᠬᠥᠭᠵᠢᠯᠲᠡ ᠶᠢᠨ ᠰᠢᠪᠲᠤᠯᠤᠯᠲᠠ ᠶᠢᠨ ᠴᠡᠭ ᠪᠣᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ | ᠪᠤᠭᠤᠲᠤ ᠬᠤᠲᠠ ᠶᠢ ᠲᠡᠳᠬᠦᠬᠦ ᠰᠢᠷᠢᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢᠯᠠᠩᠭᠤᠶ᠎ᠠ ᠠᠷᠠᠳ ᠤᠨ ᠡᠵᠡᠩᠨᠡᠯᠲᠡ᠂ ᠵᠢᠵᠢᠭ ᠪᠢᠴᠢᠯ ᠠᠵᠤ | ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠨ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ᠂ | ᠦᠢᠯᠡᠳᠪᠦᠷᠢᠯᠡᠯ ᠢᠶᠠᠨ ᠲᠣᠭᠲᠠᠪᠤᠷᠢᠵᠢᠭᠤᠯᠵᠤ ᠦᠢᠯᠡᠳᠪᠦᠷᠢᠯᠡᠯ ᠢᠶᠠᠨ ᠨᠡᠮᠡᠭᠳᠡᠭᠦᠯᠬᠦ ᠶᠢ ᠶᠡᠬᠡᠪᠡᠷ ᠲᠦᠯᠬᠢᠨ | ᠠᠬᠢᠭᠤᠯᠤᠨ᠎ᠠ᠃ ︽ᠦᠢᠯᠡᠴᠢᠯᠡᠬᠦ ᠨᠢ ᠪᠠᠰᠠ ᠦᠢᠯᠡᠳᠪᠦᠷᠢᠯᠡᠯ ᠤᠨ ᠬᠦᠴᠦᠨ ᠮᠥᠨ︾ ᠭᠡᠬᠦ ᠦᠵᠡᠯ ᠰᠠᠨᠠᠭ᠎ᠠ ᠪᠠ | ︽ᠠᠭᠤᠯᠠ ᠳᠠᠭᠠᠷᠠᠪᠠᠯ ᠵᠠᠮ ᠨᠡᠭᠡᠭᠡᠵᠦ᠂ ᠤᠰᠤ ᠳᠠᠭᠠᠷᠠᠪᠠᠯ ᠬᠥᠭᠦᠷᠭᠡ ᠲᠠᠯᠪᠢᠬᠤ︾ ᠰᠤᠷᠲᠠᠯ ᠢ ᠪᠠᠷᠢᠮᠲᠠᠯᠠᠵᠤ᠂ | ᠭᠤᠣᠯᠳᠠᠯᠭ᠎ᠠ ᠲᠠᠢ ᠠᠵᠤ ᠠᠬᠤᠶᠢᠯᠠᠯ ᠤᠨ ᠴᠢᠬᠤᠯᠠ ᠶᠡᠭᠡ ᠲᠥᠷᠥᠯ ᠵᠦᠢᠯ ᠤᠨ ᠲᠤᠭᠤᠷᠢᠭ ᠤᠨ ᠲᠡᠰ ᠤᠨ | ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠪᠠ ᠲᠣᠮᠢᠯᠠᠨ ᠰᠠᠭᠤᠯᠭᠠᠬᠤ ᠬᠤᠯᠪᠣᠭᠠᠴᠢᠨ ᠤ ᠳᠦᠷᠢᠮ ᠢ | ᠪᠠᠶᠢᠭᠤᠯᠵᠤ᠂ ᠢᠮᠠᠭᠲᠠ ᠠᠵᠤ ᠠᠬᠤᠶᠢᠯᠠᠯ ᠤᠨ ᠬᠡᠷᠡᠭᠴᠡᠭᠡ ᠶᠢᠨ ᠲᠣᠭᠤᠷᠢᠨ ᠳᠤ ᠨᠠᠷᠢᠯᠢᠭ ᠤᠨᠤᠪᠴᠢᠲᠠᠢ ᠢᠶᠠᠷ | ᠦᠢᠯᠡᠴᠢᠯᠡᠵᠦ᠂ ᠨᠠᠩ ᠣᠯᠠᠨ ᠠᠵᠤ ᠠᠬᠤᠶᠢᠯᠠᠯ ᠢ ᠬᠠᠪᠰᠤᠷᠤᠨ ᠴᠠᠬᠢᠯᠭᠠᠨ ᠬᠦᠴᠦᠨ ᠤ ᠣᠯᠠᠨ ᠲᠠᠯᠠᠲᠤ | ᠠᠷᠠᠯᠵᠢᠶᠠᠨ ᠤ ᠲᠠᠪᠴᠠᠩ ᠳᠤ ᠤᠷᠤᠭᠤᠯᠵᠦ᠂ ᠪᠠᠲᠤᠯᠠᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠵᠤ᠂ ᠣᠯᠠᠨ ᠵᠦᠢᠯ | ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ | ᠪᠠᠭᠤᠷᠠᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠳᠤᠮᠳᠠ ᠵᠢᠵᠢᠭ ᠠᠵᠤ ᠠᠬᠤᠶᠢᠯᠠᠯ ᠤᠨ | ᠳᠠᠩᠰᠠᠨ ᠵᠣᠭᠤᠰ ᠢ ᠬᠤᠭᠤᠴᠠᠭ᠎ᠠ ᠶᠣᠰᠣᠭᠠᠷ ᠲᠥᠯᠥᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ | ᠬᠡᠷᠡᠭᠵᠢᠭᠦᠯᠦᠯᠲᠡ ᠶᠢ ᠳᠥᠭᠦᠮᠴᠢᠯᠡᠬᠦ᠂ ᠠᠵᠤ ᠠᠬᠤᠶᠢᠯᠠᠯ ᠤᠨ ᠠᠰᠢᠭ ᠲᠤᠰᠠ ᠶᠢ ᠬᠤᠬᠢᠷᠠᠭᠤᠯᠬᠤ ᠵᠡᠷᠭᠡ ᠦᠢᠯᠡ | ᠠᠵᠢᠯᠯᠠᠭ᠎ᠠ ᠶᠢ ᠡᠷᠡᠰ ᠴᠡᠭᠴᠡᠯᠡᠨ ᠵᠠᠰᠠᠵᠤ᠂ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠬᠦᠴᠢᠷ | ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ︽ᠬᠡᠯᠬᠢᠶᠡᠨ ᠳᠠᠷᠤᠭ᠎ᠠ ᠶᠢᠨ ᠳᠦᠷᠢᠮ︾ ︽ᠪᠦᠯᠬᠦᠮ ᠤᠨ ᠳᠠᠷᠤᠭ᠎ᠠ ᠶᠢᠨ | ᠳᠦᠷᠢᠮ︾ ᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠢᠭᠡᠳ | ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠣᠮᠣ ᠠᠵᠤ ᠠᠬᠤᠶᠢᠯᠠᠯ ᠯᠤᠭ᠎ᠠ ᠬᠠᠮᠵᠢᠯᠴᠠᠨ ᠢᠵᠢ ᠪᠦᠷᠢᠳᠦᠭᠦᠯᠬᠦ᠂ | ᠡᠬᠢ ᠪᠠᠶᠠᠯᠢᠭ ᠢ ᠬᠠᠮᠲᠤᠪᠠᠷ ᠬᠦᠷᠲᠡᠬᠦ ᠶᠢ ᠠᠬᠢᠭᠤᠯᠵᠤ᠂ ᠠᠵᠤ ᠠᠬᠤᠶᠢᠯᠠᠯ ᠤᠨ ᠥᠷᠢᠰᠦᠯᠳᠦᠬᠦ ᠬᠦᠴᠦᠨ ᠢ | ᠳᠡᠭᠡᠭᠰᠢᠯᠡᠭᠦᠯᠦᠨ᠎ᠡ᠃ | ᠭᠤᠷᠪᠠ ᠳᠤ ᠠᠵᠤ ᠠᠬᠤᠶᠢᠯᠠᠯ ᠪᠣᠯᠤᠨ ᠭᠠᠵᠠᠷ ᠣᠷᠣᠨ ᠤ ᠠᠭᠤᠰᠤᠯᠳᠤᠨ ᠬᠥᠭᠵᠢᠬᠦ ᠣᠷᠣᠨ ᠵᠠᠢ ᠶᠢ | ᠭᠦᠨᠵᠡᠭᠡᠢ ᠦᠷᠭᠡᠳᠭᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠣᠮᠣ ᠠᠵᠤ | ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠶᠢ ᠴᠢᠩᠭᠠᠳᠬᠠᠵᠤ᠂ ᠭᠤᠤᠯᠳᠠᠯᠭ᠎ᠠ ᠲᠠᠢ ᠬᠡᠷᠡᠭ ᠶᠠᠪᠤᠳᠠᠯ ᠢ | ᠬᠠᠮᠲᠤᠷᠠᠨ ᠵᠥᠪᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠪᠧᠶ ᠪᠧᠨ ᠰᠢᠨ᠎ᠡ ᠡᠨᠧᠷᠭᠢ ᠶᠢᠨ ᠴᠠᠬᠢᠯᠭᠠᠨ | ᠬᠥᠳᠡᠯᠭᠡᠭᠦᠷᠲᠦ ᠠᠴᠢᠶᠠᠨ ᠤ ᠮᠠᠰᠢᠨ ᠲᠡᠷᠭᠡᠨ ᠤ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠪᠸᠢ ᠪᠸᠡ ᠬᠢᠭᠡᠳ ᠣᠷᠳᠣᠰ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ | ᠯᠦᠭᠡ ᠶᠢᠨ ᠰᠢᠨ᠎ᠡ ᠡᠨᠧᠷᠭᠢ ᠶᠢᠨ ᠠᠭᠤᠷᠬᠠᠶ ᠳᠤ ᠬᠡᠷᠡᠭᠯᠡᠬᠦ ᠲᠡᠷᠭᠡ ᠪᠠ ᠪᠠᠷᠠᠭᠠᠨ ᠤ ᠭᠦᠢᠯᠭᠡᠭᠡᠨ ᠤ ᠲᠡᠷᠭᠡ ᠬᠥᠰᠬᠡ᠂ | ᠲᠡᠷᠭᠡᠨ ᠳᠤ ᠬᠡᠷᠡᠭᠯᠡᠬᠦ ᠪᠣᠯᠣᠳ ᠮᠠᠲ᠋ᠧᠷᠢᠶᠠᠯ ᠵᠡᠷᠭᠡ ᠬᠦᠷᠢᠶᠡᠨ ᠳᠠᠬᠢ ᠭᠦᠨᠵᠡᠭᠡᠶ ᠬᠠᠮᠲᠤᠷᠠᠯᠴᠠᠭ᠎ᠠ ᠶᠢ ᠠᠬᠢᠭᠤᠯᠤᠨ᠎ᠠ᠃ | ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠢᠨᠵᠧᠨᠧᠷᠢᠩ ᠤᠨ ᠠᠶᠤᠯ ᠠᠴᠠ ᠠᠪᠤᠷᠠᠬᠤ᠂ ᠨᠤᠲᠤᠭ | ᠪᠡᠯᠴᠢᠭᠡᠷ ᠣᠢ ᠰᠢᠭᠤᠶ ᠶᠢᠨ ᠭᠠᠯ ᠤᠨᠲᠠᠷᠠᠭᠠᠬᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ | ᠲᠣᠨᠤᠭ ᠲᠥᠬᠦᠭᠡᠷᠦᠮᠵᠢ ᠶᠢᠨ ᠠᠵᠤ ᠦᠢᠯᠡᠰ ᠢ ᠪᠤᠶᠢᠵᠢᠭᠤᠯᠤᠨ ᠬᠦᠭᠵᠢᠭᠦᠯᠵᠦ᠂ ᠰᠢᠤᠢ ᠭᠦᠩ ᠶᠡᠭᠡ ᠭᠠᠵᠠᠷ ᠰᠢᠷᠣᠶ | ᠲᠦᠯᠬᠢᠬᠦ ᠮᠠᠰᠢᠨ᠂ ᠬᠠᠢ ᠴᠢᠶᠣᠤ ᠣᠨᠴᠠ ᠲᠥᠷᠥᠯ ᠤᠨ ᠲᠤᠰᠬᠠᠶ ᠮᠠᠰᠢᠨ ᠲᠡᠷᠭᠡ᠂ ᠠᠲ᠋ᠣᠮ ᠤᠨ ᠳᠡᠭᠡᠲᠦ ᠰᠠᠯᠠᠭᠠᠨ ᠤ | ᠢᠵᠢᠯ ᠪᠠᠶᠢᠷᠢᠳᠤ ᠡᠯᠧᠮᠧᠨ᠋ᠲ ᠤᠨ ᠡᠮ ᠡᠮᠨᠡᠯᠭᠡ ᠶᠢᠨ ᠲᠤᠬᠢᠷᠠᠭᠤᠯᠤᠨ ᠬᠦᠷᠭᠡᠬᠦ ᠲᠥᠪ ᠵᠡᠷᠭᠡ ᠲᠥᠷᠥᠯ ᠵᠦᠢᠯ ᠤᠨ | ᠠᠯᠢ ᠲᠦᠷᠭᠡᠨ ᠢᠶᠠᠷ ᠠᠰᠢᠭᠯᠠᠯᠲᠠ ᠳᠤ ᠣᠷᠣᠬᠤ ᠶᠢ ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠤᠨ | ᠴᠢᠳᠠᠪᠤᠷᠢᠲᠠᠨ ᠪᠠ ᠮᠡᠷᠭᠡᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠦᠷᠢᠶᠡᠯᠡᠩ ᠲᠣᠭᠤᠷᠢᠭ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠥᠪ ᠤᠨ ᠲᠣᠮᠣ ᠠᠰᠠᠷ ᠢ ᠠᠰᠢᠭᠯᠠ ᠠᠵᠤ ᠠᠬᠤᠶᠢᠯᠠᠯ ᠪᠠ ᠭᠠᠵᠠᠷ ᠣᠷᠣᠨ ᠢ | ᠠᠭᠤᠰᠤᠯᠴᠠᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ︽ᠡᠬᠢ ᠪᠠᠶᠠᠯᠢᠭ ᠢ | ᠬᠠᠮᠲᠤᠪᠠᠷ ᠡᠳ᠋ᠯᠡᠬᠦ᠂ ᠠᠵᠤ ᠠᠬᠤᠶᠢᠯᠠᠯ ᠪᠠ ᠭᠠᠵᠠᠷ ᠣᠷᠣᠨ ᠢ ᠬᠠᠮᠲᠤᠪᠠᠷ ᠪᠠᠶᠢᠭᠤᠯᠬᠤ᠂ ᠬᠠᠮᠲᠤᠷᠠᠨ ᠠᠵᠢᠯᠯᠠᠵᠤ | ᠬᠠᠮᠲᠤᠪᠠᠷ ᠠᠰᠢᠭ ᠬᠦᠷᠲᠡᠬᠦ︾ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠤᠨ᠎ᠠ᠃ | ︵ᠬᠤᠶᠠᠷ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠲᠣᠭᠤᠷᠢᠨ ᠳᠤ᠂ ᠦᠢᠯᠡᠳᠬᠦ | ᠦᠢᠯᠡᠰ ᠪᠠ ᠦᠢᠯᠡᠴᠢᠯᠡᠭᠡᠨ ᠤ ᠦᠢᠯᠡᠰ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠭᠠᠵᠠᠷ | ᠣᠷᠣᠨ ᠤ ᠪᠣᠳᠠᠲᠤ ᠴᠣᠭᠴᠠ ᠶᠢᠨ ᠠᠵᠤ ᠠᠬᠤᠶ ᠶᠢ ᠴᠢᠷᠮᠠᠶᠢᠨ ᠬᠦᠴᠦᠷᠬᠡᠭᠵᠢᠭᠦᠯᠵᠦ ᠰᠢᠯᠢᠳᠡᠭᠵᠢᠭᠦᠯᠦᠨ᠎ᠡ | ᠨᠢᠭᠡ ᠳᠤ ᠲᠣᠨᠣᠭᠯᠠᠯ ᠦᠢᠯᠡᠳᠬᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠪᠠ | ᠪᠥᠭᠡᠮᠨᠡᠷᠡᠨ ᠬᠦᠭᠵᠢᠬᠦ ᠶᠢ ᠲᠦᠷᠭᠡᠪᠴᠢᠯᠡᠨ ᠠᠬᠢᠭᠤᠯᠬᠤ ᠬᠡᠷᠡᠭᠲᠡᠶ᠃ ᠤᠯᠠᠮᠵᠢᠯᠠᠯᠲᠤ ᠠᠵᠤ ᠦᠢᠯᠡᠰ ᠤᠨ ᠶᠠᠰᠤ ᠴᠢᠨᠠᠷ | ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠦ᠂ ᠮᠦ ᠪᠦᠷᠢ ᠶᠢᠨ ᠤᠨᠠᠯᠲᠠ ᠪᠠᠷ ᠪᠠᠭᠠᠲᠤᠷᠴᠤᠳ ᠢ | ᠰᠢᠭᠰᠢᠭᠳᠡᠭᠦᠯᠬᠦ ᠲᠣᠭᠲᠠᠴᠠ ᠶᠢ ᠪᠠᠶᠢᠭᠤᠯᠵᠤ᠂ ᠳᠣᠤᠷ᠎ᠠ ᠠᠰᠢᠭᠯᠠᠮᠵᠢ ᠲᠠᠢ ᠭᠠᠵᠠᠷ᠂ ᠰᠤᠯᠠ ᠲᠠᠯᠪᠢᠭᠳᠠᠵᠤ ᠪᠠᠶᠢᠭ᠎ᠠ | ᠡᠳ᠋ ᠬᠥᠷᠥᠩᠭᠡ ᠶᠢ ᠠᠮᠢᠯᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠪᠠ ᠠᠵᠤ ᠦᠢᠯᠡᠰ ᠤᠨ ᠬᠦᠭᠵᠢᠯᠲᠡ ᠳᠤ ᠭᠦᠢᠴᠡᠳ ᠣᠷᠣᠨ ᠵᠠᠶ ᠦᠯᠡᠳᠡᠭᠡᠵᠦ᠂ ᠬᠥᠭᠵᠢᠯᠲᠡ ᠶᠢᠨ | ᠳᠠᠯᠳᠠ ᠬᠦᠴᠦᠨ ᠢᠶᠠᠷ ᠶᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠳᠠᠶᠢᠴᠢᠯᠠᠬᠤ | ᠴᠢᠳᠠᠪᠤᠷᠢ ᠪᠠᠷ ᠴᠢᠩᠭ᠎ᠠ ᠰᠠᠶᠢᠨ ᠠᠵᠤ ᠦᠢᠯᠡᠰ᠂ ᠲᠣᠮᠣ ᠲᠥᠷᠥᠯ ᠵᠦᠢᠯ ᠢ ᠢᠳᠡᠪᠬᠢᠲᠡᠶ ᠪᠠᠷ ᠤᠷᠤᠭᠤᠯᠤᠨ | ᠠᠪᠴᠢᠷᠠᠬᠤ ᠬᠡᠷᠡᠭᠲᠡᠶ᠃ ᠤᠶᠤᠨᠲᠤ ᠬᠦᠷᠢᠶᠡᠯᠡᠩ ᠲᠣᠭᠤᠷᠢᠭ ᠤᠨ ᠰᠠᠭᠤᠷᠢ ᠰᠦᠯᠵᠢᠶ᠎ᠡ ᠪᠠ ᠲᠣᠭᠠᠴᠢᠯᠠᠭᠰᠠᠨ | ᠲᠠᠪᠴᠠᠩ ᠢ ᠲᠦᠷᠭᠡᠳᠬᠡᠨ ᠪᠠᠶᠢᠭᠤᠯᠵᠦ᠂ 110KV ᠴᠠᠬᠢᠯᠭᠠᠨ ᠳᠠᠮᠵᠢᠭᠤᠯᠬᠤ ᠱᠤᠭᠤᠮ᠂ 220KV ᠬᠦᠴᠦᠳᠡᠯ | ᠥᠭᠡᠷᠡᠴᠢᠯᠡᠬᠦ ᠥᠷᠲᠡᠭᠡᠨ ᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠳᠤ ᠲᠥᠯᠥᠪᠵᠢᠭᠦᠯᠦᠨ ᠠᠬᠢᠭᠤᠯᠵᠤ᠂ ᠠᠵᠤ | ᠠᠬᠤᠶᠢᠯᠠᠯ ᠤᠨ ᠦᠢᠯᠡᠳᠪᠦᠷᠢᠯᠡᠯ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠂ ᠤᠯᠤᠰ ᠤᠨ ᠲᠡᠰ ᠤᠨ ᠠᠵᠤ ᠠᠬᠤᠶ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠢ ᠡᠷᠲᠡᠬᠡᠨ ᠵᠥᠪᠰᠢᠶᠡᠷᠡᠭᠦᠯᠬᠦ ᠪᠠᠷ ᠴᠢᠷᠮᠠᠶᠢᠨ᠎ᠠ᠃ ︽ᠭᠤᠷᠪᠠᠨ ᠰᠢᠨ᠎ᠡ | ᠨᠢᠭᠡ ᠥᠨᠳᠥᠷ︾ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠡᠯᠬᠢᠶ᠎ᠡ ᠶᠢ | ᠳᠤᠮᠳᠠ ᠳᠣᠣᠷᠠᠳᠤ ᠤᠷᠤᠰᠬᠠᠯ ᠲᠡᠰᠢ ᠤᠷᠲᠤᠳᠬᠠᠬᠤ᠂ ᠥᠷᠲᠡᠭ ᠤᠨ ᠬᠡᠯᠬᠢᠶ᠎ᠡ ᠶᠢ ᠳᠤᠮᠳᠠ ᠳᠡᠭᠡᠲᠦ ᠳᠡᠰ ᠲᠡᠰᠢ | ᠳᠡᠭᠡᠭᠰᠢᠯᠡᠭᠦᠯᠬᠦ ᠶᠢ ᠠᠬᠢᠭᠤᠯᠵᠤ᠂ ᠴᠦᠭᠦᠷᠰᠦ ᠶᠢᠨ ᠪᠢᠯᠢᠭ ᠲᠦᠢᠯ ᠤᠨ ᠮᠠᠲ᠋ᠧᠷᠢᠶᠠᠯ᠂ ᠠᠯᠹᠠ ᠪᠠᠯ ᠴᠢᠯᠠᠭᠤᠨ | ᠠᠯᠺᠧᠨ ᠤ ᠣᠷᠣᠨ ᠳᠠᠬᠢ ᠹᠠᠩ ᠯᠦᠨ ᠵᠡᠷᠭᠡ ᠲᠥᠷᠥᠯ ᠵᠦᠢᠯ ᠤᠨ ᠭᠠᠷᠤᠯᠲᠠ ᠶᠢ ᠥᠷᠭᠡᠳᠬᠡᠨ ᠡᠨᠧᠷᠭᠢ ᠶᠢ | ᠥᠷᠭᠡᠳᠬᠡᠬᠦ ᠶᠢ ᠳᠡᠮᠵᠢᠨ᠂ ᠵᠢᠩ ᠤᠣ ᠶᠢᠨ ᠳᠠᠩ ᠲᠠᠯᠠᠰᠲᠤ ᠴᠠᠬᠢᠭᠤᠷ ᠤᠨ ᠬᠤᠶᠠᠳᠤᠭᠠᠷ ᠬᠤᠭᠤᠴᠠᠭ᠎ᠠ᠂ ᠮᠠᠰᠢᠨ ᠳᠤ | ᠭᠠᠷᠬᠤ ᠬᠤᠩ ᠶᠤᠸᠠᠨ ᠰᠢᠨ᠎ᠡ ᠮᠠᠲ᠋ᠧᠷᠢᠶᠠᠯ ᠤᠨ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠢ ᠪᠠᠷᠢᠯᠭ᠎ᠠ | ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠦ᠂ ᠤᠮᠠᠷᠠᠲᠤ ᠣᠷᠣᠨ ᠤ ᠲᠠᠯᠠᠰᠲᠤ ᠴᠠᠬᠢᠭᠤᠷ | ᠦᠢᠯᠡᠳᠪᠦᠷᠢᠯᠡᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠴᠢᠩᠱᠠᠨ ᠤ ︽ᠦᠢᠯᠡᠳᠬᠦ︾ ᠶᠢ ᠴᠢᠩᠱᠠᠨ ︽ᠣᠶᠤᠨᠴᠢ ᠪᠠᠷ | ᠦᠢᠯᠡᠳᠬᠦ︾ ᠲᠡᠰᠢ ᠬᠤᠪᠢᠷᠠᠭᠤᠯᠬᠤ ᠶᠢ ᠠᠬᠢᠭᠤᠯᠵᠤ᠂ ᠨᠢᠭᠡᠳᠦᠭᠡᠷ ᠮᠠᠰᠢᠨ ᠦᠢᠯᠡᠳᠬᠦ ᠪᠦᠯᠦᠭᠯᠡᠯ᠂ ᠪᠧᠢ ᠪᠧᠨ᠂ | ᠤᠮᠠᠷᠠᠲᠤ ᠶᠢᠨ ᠬᠦᠨᠳᠦ ᠠᠵᠦ ᠦᠢᠯᠡᠳᠪᠦᠷᠢ ᠶᠢᠨ ᠠᠮᠤᠷ ᠲᠦᠪᠰᠢᠨ ᠤ ᠰᠡᠷᠭᠡᠶᠢᠯᠡᠯᠲᠡ᠂ ᠾᠧᠩ ᠳ᠋ᠡ ᠲᠤᠭ᠎ᠠ ᠶᠢ | ᠡᠵᠡᠮᠳᠡᠬᠦ ᠵᠡᠷᠭᠡ ᠤᠶᠤᠨᠴᠢᠯᠠᠭᠰᠠᠨ ᠥᠭᠡᠷᠡᠴᠢᠯᠡᠯᠲᠡ ᠶᠢᠨ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠠᠵᠤ | ᠠᠬᠤᠶᠢᠯᠠᠯ ᠤᠨ ᠤᠶᠤᠨᠴᠢᠯᠠᠭᠰᠠᠨ ᠬᠡᠷᠡᠭᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ | ᠳᠠᠪᠠᠭᠤᠯᠢᠭ ᠬᠦᠷᠢᠶᠡᠨ ᠳᠤ ︽ᠲᠤᠰᠬᠠᠶ ᠨᠠᠷᠢᠯᠢᠭ ᠣᠨᠴᠠ ᠰᠢᠨ᠎ᠡ︾ ᠪᠠ ︽ᠭᠠᠭᠴᠠ ᠵᠦᠢᠯ ᠤᠨ ᠮᠠᠩᠯᠠᠶ︾ ᠶᠢᠨ ᠠᠵᠤ | ᠠᠬᠤᠶᠢᠯᠠᠯ ᠢ ᠴᠢᠷᠮᠠᠶᠢᠨ ᠪᠤᠶᠢᠵᠢᠭᠤᠯᠤᠨ᠎ᠠ᠃ | ᠬᠤᠶᠠᠷ ᠲᠤ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠪᠦᠯᠬᠦᠮ ᠪᠠᠶᠢᠭᠤᠯᠬᠤ ᠦᠢᠯᠡᠳᠦᠯ ᠪᠠ | ᠨᠡᠷᠡᠲᠦ ᠲᠥᠷᠥᠯ ᠲᠡᠮᠳᠡᠭᠲᠦ ᠶᠢᠨ ᠨᠥᠯᠥᠭᠡ ᠶᠢ ᠲᠦᠷᠭᠡᠳᠬᠡᠨ ᠳᠡᠭᠡᠭᠰᠢᠯᠡᠭᠦᠯᠬᠦ ᠬᠡᠷᠡᠭᠲᠡᠶ᠃ ᠤᠯᠤᠰ ᠤᠨ ᠪᠠ | ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠠᠷᠠᠯᠵᠢᠶ᠎ᠠ ᠬᠤᠳᠠᠯᠳᠤᠭᠠᠨ ᠤ | ᠦᠢᠯᠡᠴᠢᠯᠡᠭᠡᠨ ᠤ ᠦᠢᠯᠡᠰ ᠤᠨ ᠠᠷᠠᠯᠵᠢᠶ᠎ᠠ ᠬᠤᠳᠠᠯᠳᠤᠭ᠎ᠠ ᠶᠢ ᠰᠡᠷᠭᠦᠭᠡᠬᠦ ᠪᠠ ᠵᠠᠬ᠎ᠠ ᠳᠡᠯᠭᠡᠭᠦᠷ ᠢ ᠰᠡᠷᠭᠦᠭᠡᠬᠦ | ᠲᠥᠷᠥ ᠶᠢᠨ ᠪᠣᠳᠣᠯᠭ᠎ᠠ ᠶᠢ ᠨᠠᠶᠢᠲᠠᠪᠦᠷᠢᠵᠢᠭᠤᠯᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠢᠲᠡᠭᠡᠯ ᠵᠣᠷᠢᠭ ᠢ | ᠬᠥᠪᠴᠢᠯᠡᠵᠦ᠂ ᠬᠡᠷᠡᠭᠯᠡᠭᠡᠨ ᠤ ᠬᠡᠷᠡᠭᠴᠡᠭᠡ ᠶᠢ ᠪᠦᠲᠦᠮᠵᠢᠲᠡᠢ ᠪᠠᠳᠠᠷᠠᠭᠤᠯᠵᠤ ᠥᠷᠭᠡᠳᠬᠡᠨ᠎ᠡ᠃ ᠵᠧᠩ ᠰᠢᠶᠠᠩ | ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠭᠡᠬᠦ | ᠶᠢ ᠠᠬᠢᠭᠤᠯᠵᠤ᠂ ᠸᠠᠨ ᠺᠧ ᠰᠠᠭᠤᠭᠳᠠᠯ ᠤᠨ ᠬᠤᠲᠠ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠵᠢᠯ ᠤᠨ | ᠳᠣᠲᠣᠷ᠎ᠠ ᠭᠤᠤᠯ ᠴᠣᠭᠴᠠ ᠪᠣᠯᠭᠠᠨ ᠪᠢᠲᠡᠭᠦᠮᠵᠢᠯᠡᠬᠦ ᠶᠢ ᠦᠨᠡᠨ ᠬᠦ ᠪᠠᠲᠤᠯᠠᠨ᠎ᠠ᠃ ᠣᠷᠣᠨ ᠪᠦᠰᠡ ᠶᠢᠨ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠴᠢᠳᠠᠮᠵᠢ ᠶᠢ ᠨᠡᠮᠡᠭᠳᠡᠭᠦᠯᠵᠦ᠂ ᠠᠮᠦᠷ ᠲᠦᠪᠰᠢᠨ ᠪᠠᠩᠭᠢ ᠶᠢᠨ ᠪᠤᠭᠤᠲᠤ ᠶᠢᠨ | ᠬᠤᠪᠢᠶᠠᠷᠢ ᠪᠠᠩᠬᠢ ᠶᠢ ᠮᠠᠨ ᠤ ᠲᠤᠭᠤᠷᠢᠭ ᠲᠤ ᠰᠠᠭᠤᠯᠭᠠᠬᠤ ᠪᠠᠷ ᠴᠢᠷᠮᠠᠶᠢᠵᠤ᠂ ᠥᠪᠥᠷ ᠮᠣᠩᠭᠤᠯ ᠤᠨ ᠮᠥᠩᠭᠦᠨ | ᠭᠦᠢᠯᠭᠡᠭᠡᠨ ᠤ ᠲᠦᠷᠢᠶᠡᠰᠦᠯᠡᠬᠦ ᠺᠣᠮᠫᠠᠨᠢ ᠪᠠᠶᠢᠭᠤᠯᠤᠭᠳᠠᠨ ᠠᠵᠢᠯ ᠡᠬᠢᠯᠡᠵᠦ᠂ ᠲᠦᠭᠡᠮᠡᠯ ᠬᠠᠷᠠᠭᠠᠯᠵᠠᠯᠲᠤ ᠮᠥᠩᠭᠦᠨ | ᠭᠦᠢᠯᠭᠡᠭᠡ᠂ ᠬᠡᠷᠡᠭᠯᠡᠭᠡᠨ ᠤ ᠮᠥᠩᠭᠦᠨ ᠭᠦᠢᠯᠭᠡᠭᠡ᠂ ᠪᠣᠬᠢᠷᠲᠤᠯ ᠦᠭᠡᠢ ᠮᠦᠩᠭᠦᠨ ᠭᠦᠢᠯᠭᠡᠭᠡ ᠶᠢ ᠶᠡᠬᠡᠪᠡᠷ ᠬᠦᠭᠵᠢᠭᠦᠯᠵᠦ᠂ | ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠣᠳᠣ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ | ᠴᠢᠩᠭᠠᠳᠬᠠᠵᠤ᠂ ᠪᠤᠭᠤᠲᠤ ᠶᠢᠨ ᠤᠯᠠᠮᠵᠢᠯᠠᠨ ᠳᠠᠮᠵᠢᠭᠤᠯᠬᠤ ᠪᠠ ᠰᠢᠯᠵᠢᠭᠦᠯᠦᠨ ᠬᠦᠷᠭᠡᠬᠦ ᠵᠠᠰᠠᠮᠠᠯ ᠵᠠᠮ ᠤᠨ ᠭᠠᠷᠠᠮ᠂ | ᠤᠮᠠᠷᠠᠲᠤ ᠶᠢᠨ ᠹᠧᠩ ᡂᠢ ᠪᠠᠷᠠᠭ᠎ᠠ ᠶᠢᠨ ᠭᠦᠢᠯᠭᠡᠭᠡᠨ ᠤ ᠭᠠᠷᠠᠮ ᠤᠨ ᠬᠥᠭᠵᠢᠯᠲᠡ ᠶᠢᠨ ᠬᠠᠩᠭᠠᠯᠭ᠎ᠠ ᠶᠢᠨ | ᠬᠡᠯᠬᠢᠶ᠎ᠡ ᠶᠢᠨ ᠬᠠᠮᠢᠶᠠᠷᠤᠯᠲᠠ᠂ ᠪᠠᠷᠠᠭ᠎ᠠ ᠶᠢᠨ ᠭᠦᠢᠯᠭᠡᠭᠡᠨ ᠤ ᠶᠡᠷᠦᠩᠬᠡᠶ ᠬᠡᠯᠲᠡᠰ ᠤᠨ ᠠᠵᠤ ᠠᠬᠤᠶ ᠵᠡᠷᠭᠡ ᠳᠡᠭᠡᠲᠦ | ᠲᠡᠰ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠬᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠲᠦᠷᠭᠡᠨ ᠬᠥᠭᠵᠢᠯᠲᠡ ᠶᠢ ᠠᠬᠢᠭᠤᠯᠵᠤ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠭᠤᠣᠯ ᠰᠡᠳᠦᠪᠲᠦ | ᠵᠡᠭᠡᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠠᠭ᠋ᠠᠶ ᠪᠠᠭᠰᠢ ᠶᠢᠨ ᠲᠣᠤᠷ ᠰᠦᠯᠵᠢᠶᠡᠨ ᠤ | ᠮᠧᠩ ᠰᠢ ᠶᠢᠨ ᠶᠡᠷᠦᠩᠬᠡᠶ ᠬᠦᠷᠢᠶᠡᠯᠡᠩ ᠲᠣᠭᠤᠷᠢᠭ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ | ᠠᠵᠤ ᠠᠬᠤᠶᠢᠯᠠᠯ ᠤᠨ ᠣᠷᠣᠵᠤ ᠰᠠᠭᠤᠬᠤ ᠨᠣᠷᠮ᠎ᠠ ᠶᠢ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠳᠤᠮᠳᠠ ᠵᠢᠵᠢᠭ | ᠪᠢᠴᠢᠯ ᠠᠵᠤ ᠠᠬᠤᠶᠢᠯᠠᠯ ᠳᠤ ᠬᠠᠨᠳᠤᠭᠤᠯᠤᠭᠰᠠᠨ ︽ᠢᠨᠲ᠋ᠧᠷ ᠰᠦᠯᠵᠢᠶ᠎ᠡ +︾ ᠶᠡᠷᠦᠩᠬᠡᠶᠢᠯᠡᠭᠰᠡᠨ ᠦᠢᠯᠡᠴᠢᠯᠡᠭᠡᠨ ᠤ | ᠲᠠᠪᠴᠠᠩ ᠢ ᠪᠠᠶᠢᠭᠤᠯᠤᠨ᠎ᠠ᠃ ᠬᠤᠳᠠᠯᠳᠤᠭᠠᠨ ᠤ ᠶᠠᠪᠤᠳᠠᠯ ᠤᠨ ᠠᠰᠠᠷ ᠲᠠᠭᠲᠤ ᠶᠢᠨ ᠴᠤᠭᠯᠠᠷᠠᠯ ᠤᠨ ᠳᠠᠪᠠᠭᠤᠯᠢᠭ ᠢ | ᠭᠦᠢᠴᠡᠳ ᠠᠰᠢᠭᠯᠠᠵᠤ᠂ ᠨᠢᠭᠡ ᠪᠦᠯᠦᠭ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ᠂ ᠰᠣᠶᠣᠯ ᠤᠨ ᠪᠦᠲᠦᠭᠡᠯᠴᠢ | ᠰᠡᠳᠬᠢᠮᠵᠢ᠂ ᠣᠳᠣ ᠦᠶ᠎ᠡ ᠶᠢᠨ ᠤᠯᠠᠮᠵᠢᠯᠠᠬᠤ ᠵᠠᠭᠤᠴᠢ ᠵᠡᠷᠭᠡ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ | ᠦᠢᠯᠡᠰ ᠤᠨ ᠪᠠᠶᠢᠳᠠᠯ ᠢ ᠢᠳᠡᠪᠬᠢᠲᠡᠢ ᠢᠶᠠᠷ ᠣᠷᠣᠭᠤᠯᠵᠤ ᠢᠷᠡᠨ ᠨᠡᠪᠴᠢᠭᠦᠯᠵᠦ᠂ ᠶᠡᠷᠦᠩᠬᠡᠶ ᠬᠡᠯᠲᠡᠰ ᠤᠨ ᠠᠵᠤ | ᠠᠬᠤᠶ ᠶᠢ ᠪᠤᠵᠠᠭᠠᠶᠢᠷᠠᠭᠤᠯᠤᠨ᠎ᠠ᠃ ᠲᠣᠭᠠᠴᠢᠯᠠᠭᠰᠠᠨ ᠠᠵᠤ ᠠᠬᠤᠶ᠂ ᠲᠠᠪᠴᠠᠩ ᠤᠨ ᠠᠵᠤ ᠠᠬᠤᠶ ᠶᠢ ᠶᠡᠬᠡᠪᠡᠷ | ᠬᠥᠭᠵᠢᠭᠦᠯᠵᠦ᠂ 5G᠂ ᠬᠡᠰᠡᠭ ᠪᠦᠯᠦᠭ ᠤᠨ ᠬᠡᠯᠬᠢᠶ᠎ᠡ ᠵᠡᠷᠭᠡ ᠤᠶᠤᠨᠲᠤ ᠠᠵᠤ ᠦᠢᠯᠡᠰ ᠤᠨ ᠰᠢᠨ᠎ᠡ ᠶᠢ ᠡᠭᠦᠳᠦᠨ | ᠬᠡᠷᠡᠭᠯᠡᠬᠦ ᠶᠢ ᠬᠠᠶᠢᠨ ᠰᠦᠪᠡᠭᠴᠢᠯᠡᠨ᠎ᠡ᠃ | ᠭᠤᠷᠪᠠ ᠳᠤ ᠰᠣᠶᠣᠯ ᠵᠢᠭᠤᠯᠴᠢᠯᠠᠯ ᠪᠠ ᠠᠮᠢ ᠠᠬᠤᠶ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ | ᠥᠪᠡᠷᠮᠢᠴᠡ ᠳᠠᠪᠠᠭᠤᠯᠢᠭ ᠢ ᠲᠦᠷᠭᠡᠪᠴᠢᠯᠡᠨ ᠪᠠᠶᠢᠭᠤᠯᠬᠤ ᠬᠡᠷᠡᠭᠲᠡᠶ᠃ ᠠᠮᠢ ᠠᠬᠤᠶ᠂ ᠬᠥᠳᠡᠭᠡ ᠲᠣᠰᠬᠤᠨ᠂ ᠴᠡᠷᠢᠭ ᠤᠨ | ᠠᠵᠤ ᠦᠢᠯᠡᠳᠪᠦᠷᠢ᠂ ᠬᠤᠷᠠᠯ ᠦᠵᠡᠰᠬᠦᠯᠡᠩ᠂ ᠪᠡᠶ᠎ᠡ ᠶᠢᠨ ᠲᠠᠮᠢᠷ ᠵᠡᠷᠭᠡ ᠣᠨᠴᠠᠯᠢᠭᠲᠤ ᠡᠬᠢ ᠪᠠᠶᠠᠯᠢᠭ ᠤᠨ | ᠲᠣᠭᠤᠷᠢᠨ ᠳᠤ᠂ ᠵᠢᠭᠤᠯᠴᠢᠯᠠᠯ ᠤᠨ ᠵᠠᠮ ᠱᠤᠭᠤᠮ ᠢ ᠨᠡᠪᠲᠡᠷᠡᠭᠦᠯᠵᠦ᠂ ᠪᠦᠬᠦ ᠣᠷᠣᠨ ᠪᠦᠰᠡ ᠶᠢᠨ ᠵᠢᠭᠤᠯᠴᠢᠯᠠᠯ ᠤᠨ | ᠲᠣᠤᠷ ᠰᠦᠯᠵᠢᠶ᠎ᠡ ᠶᠢ ᠪᠠᠶᠢᠭᠤᠯᠤᠨ᠎ᠠ᠃ ᠠᠭᠤᠯᠠ ᠳᠠᠭᠠᠤ ᠶᠢᠨ 4000 ᠮᠦ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠬᠥᠳᠡᠭᠡ ᠲᠣᠰᠬᠤᠨ ᠤ ᠠᠮᠢ ᠠᠬᠤᠢ ᠶᠢᠨ | ᠵᠢᠭᠤᠯᠴᠢᠯᠠᠯ ᠤᠨ ᠤᠷᠲᠤ ᠬᠤᠩᠭᠢᠯ ᠢ ᠪᠠᠶᠢᠭᠤᠯᠤᠨ᠎ᠠ᠃ ᠬᠤᠸᠠ ᠭᠧ ᠲᠠᠢ ᠬᠡᠭᠡᠷ᠎ᠡ ᠪᠠᠭᠤᠳᠠᠯᠯᠠᠬᠤ ᠲᠣᠭᠤᠷᠢᠭ ᠵᠢᠴᠢ | ᠳᠤᠮᠳᠠ ᠠᠭᠤᠯᠠ ᠤᠷᠠᠯᠢᠭ ᠤᠨ ᠣᠷᠣᠨ ᠤ ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠵᠦ᠂ ᠬᠥᠳᠡᠭᠡ | ᠲᠣᠰᠬᠤᠨ ᠤ ᠣᠨᠴᠠᠯᠢᠭ ᠢ ᠢᠯᠡᠷᠡᠭᠦᠯᠦᠨ᠎ᠡ᠃ ᠤᠮᠠᠷᠠᠲᠤ ᠶᠢᠨ ᠴᠡᠷᠢᠭ ᠤᠨ ᠵᠡᠪᠰᠡᠭ ᠤᠨ ᠬᠤᠲᠠ᠂ ᠴᠡᠷᠢᠭ ᠤᠨ ᠠᠵᠤ | ᠦᠢᠯᠡᠳᠪᠦᠷᠢ ᠶᠢᠨ ᠰᠣᠶᠣᠯ ᠤᠨ ᠭᠤᠤᠯ ᠰᠡᠳᠦᠪᠲᠦ ᠴᠡᠴᠡᠷᠯᠢᠭ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠰ | ᠳᠡᠪᠰᠢᠭᠦᠯᠵᠦ᠂ ᠴᠡᠷᠢᠭ ᠤᠨ ᠠᠵᠤ ᠦᠢᠯᠡᠳᠪᠦᠷᠢ ᠶᠢᠨ ᠫᠠᠶᠢᠰᠠ ᠶᠢ ᠬᠢᠯᠠᠶᠢᠲᠠᠯᠠ ᠵᠦᠯᠭᠦᠨ᠎ᠡ᠃ ᠬᠤᠷᠠᠯ ᠦᠵᠡᠰᠬᠦᠯᠡᠩ | ᠲᠣᠭᠯᠠᠯᠲᠠ ᠶᠢᠨ ᠴᠢᠳᠠᠮᠵᠢ ᠶᠢ ᠲᠠᠰᠤᠷᠠᠯᠲᠠ ᠥᠬᠡᠶ ᠴᠢᠩᠭᠠᠳᠬᠠᠵᠤ᠂ ᠰᠢᠨ᠎ᠡ ᠮᠠᠶ᠋ᠢᠭ ᠤᠨ ᠦᠵᠡᠭᠦᠯᠭᠡ ᠶᠢᠨ | ᠲᠣᠭᠯᠠᠯᠲᠠ ᠶᠢᠨ ᠲᠥᠷᠥᠯ ᠬᠡᠯᠪᠡᠷᠢ ᠶᠢ ᠪᠤᠶᠢᠵᠢᠭᠤᠯᠤᠨ᠂ ᠴᠤᠪᠤᠷᠠᠯ ᠤᠨ ᠠᠵᠤ ᠠᠬᠤᠶ ᠶᠢ ᠬᠦᠭᠵᠭᠦᠯᠦᠨᠡ᠃ | ᠬᠤᠲᠠ ᠶᠢᠨ ᠪᠡᠶ᠎ᠡ ᠶᠢᠨ ᠲᠠᠮᠢᠷ ᠤᠨ ᠲᠥᠪ᠂ ᠬᠤᠲᠠ ᠶᠢᠨ ᠣᠯᠢᠮᠫᠢᠺ ᠤᠨ ᠴᠡᠴᠡᠷᠯᠢᠭ ᠲᠤ ᠲᠦᠰᠢᠭᠯᠡᠨ᠂ ᠣᠯᠠᠨ | ᠤᠯᠤᠰ ᠤᠨ ᠪᠠ ᠤᠯᠤᠰ ᠤᠨ ᠳᠣᠲᠣᠭᠠᠳᠤ ᠶᠢᠨ ᠲᠣᠮᠣ ᠬᠡᠯᠪᠡᠷᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠢ | ᠬᠦᠴᠦᠯᠡᠨ ᠣᠷᠣᠭᠤᠯᠵᠤ ᠢᠷᠡᠨ᠂ ᠪᠡᠶ᠎ᠡ ᠶᠢᠨ ᠲᠠᠮᠢᠷ ᠰᠡᠯᠡᠭᠦᠴᠡᠯ ᠤᠨ ᠲᠥᠪ ᠢ ᠪᠦᠲᠦᠭᠡᠨ ᠪᠠᠶᠢᠭᠤᠯᠤᠨ᠎ᠠ᠃ ᠰᠣᠶᠣᠯ | ᠪᠡᠶ᠎ᠡ ᠶᠢᠨ ᠲᠠᠮᠢᠷ ᠬᠢᠭᠡᠳ ᠵᠢᠭᠤᠯᠴᠢᠯᠠᠯ ᠤᠨ ᠲᠦᠷᠭᠡᠨ ᠠᠭᠤᠰᠤᠯᠴᠠᠯ ᠢ ᠬᠦᠴᠦᠯᠡᠨ ᠠᠬᠢᠭᠤᠯᠵᠤ᠂ ᠰᠣᠶᠣᠯ ᠪᠡᠶ᠎ᠡ ᠶᠢᠨ | ᠲᠠᠮᠢᠷ ᠤᠨ ᠵᠢᠭᠤᠯᠴᠢᠯᠠᠯ᠂ ᠰᠡᠯᠡᠭᠦᠴᠡᠯ ᠠᠮᠠᠷᠠᠯᠲᠠ᠂ ᠪᠡᠶ᠎ᠡ ᠴᠢᠭᠢᠷᠠᠭᠵᠢᠭᠤᠯᠬᠤ ᠡᠷᠡᠭᠦᠯᠵᠢᠯ ᠰᠤᠪᠢᠯᠠᠯᠲᠠ ᠵᠡᠷᠭᠡ ︽ᠵᠣᠯ | ᠵᠢᠷᠭᠠᠯᠲᠤ ᠠᠵᠤ ᠦᠢᠯᠡᠰ︾ ᠤᠨ ᠲᠥᠪᠯᠡᠷᠡᠨ ᠬᠥᠭᠵᠢᠬᠦ ᠶᠢ ᠠᠬᠢᠭᠤᠯᠤᠨ᠎ᠠ᠃ | ︵ᠭᠤᠷᠪᠠ︶ ᠤᠮᠠᠷᠠᠲᠤ ᠬᠡᠰᠡᠭ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ | ᠲᠣᠭᠤᠷᠢᠨ ᠳᠤ᠂ ᠠᠮᠢ ᠠᠬᠤᠶ ᠶᠢ ᠰᠡᠷᠭᠦᠭᠡᠬᠦ ᠪᠠ ᠪᠣᠬᠢᠷᠲᠤᠯ ᠢ ᠰᠡᠷᠭᠡᠶᠢᠯᠡᠨ ᠵᠠᠰᠠᠬᠤ ᠶᠢ ᠪᠦᠬᠦ ᠲᠠᠯ᠎ᠠ ᠪᠠᠷ | ᠴᠢᠩᠭᠠᠳᠬᠠᠵᠤ᠂ ᠭᠠᠵᠠᠷ ᠣᠷᠣᠨ ᠤ ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠶᠢ ᠴᠢᠷᠮᠠᠶᠢᠨ ᠪᠠᠬᠢᠵᠢᠭᠦᠯᠦᠨ᠎ᠡ | ᠨᠢᠭᠡ ᠳᠤ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠳᠡᠭᠡᠷ᠎ᠡ ᠤᠳᠠᠭᠠᠨ ᠳᠠᠭᠠᠭᠠᠮᠠᠭᠠᠢ ᠴᠢᠷᠮᠠᠶᠢᠬᠤ | ᠬᠡᠷᠡᠭ ᠲᠠᠢ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠬᠢᠭᠡᠳ ᠠᠵᠤ ᠠᠬᠤᠶ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠥᠬᠦ ᠲᠤᠭᠤᠷᠢᠭ ᠤᠨ ᠡᠯ᠎ᠡ ᠬᠦᠷᠢᠶ᠎ᠡ ᠴᠠᠷᠠᠭ᠎ᠠ᠂ ᠡᠯ᠎ᠡ ᠠᠵᠤ | ᠦᠢᠯᠡᠰ᠂ ᠡᠯ᠎ᠡ ᠠᠵᠢᠯ ᠲᠦᠷᠦᠯ ᠳᠤ ᠴᠥᠮ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ | ᠬᠥᠭᠵᠢᠯᠲᠡ ᠶᠢᠨ ᠤᠳᠤᠷᠢᠳᠤᠮᠵᠢ ᠶᠢ ᠪᠣᠶ ᠪᠣᠯᠭᠠᠬᠤ ᠬᠡᠷᠡᠭᠲᠡᠶ᠃ ᠭᠤᠣᠯᠳᠠᠯᠭ᠎ᠠ ᠲᠠᠢ ᠬᠦᠷᠢᠶᠡᠨ ᠤ ᠡᠨᠧᠷᠭᠢ | ᠠᠷᠪᠢᠯᠠᠬᠤ ᠬᠤᠷᠣᠭᠳᠠᠯ ᠢ ᠪᠠᠭᠠᠰᠬᠠᠬᠤ ᠪᠠ ᠡᠨᠧᠷᠭᠢ ᠶᠡᠭᠡ ᠬᠤᠷᠤᠭᠳᠠᠭᠤᠯᠬᠤ ᠲᠥᠷᠥᠯ ᠵᠦᠢᠯ ᠤᠨ ᠡᠨᠧᠷᠭᠢ | ᠠᠷᠪᠢᠯᠠᠬᠤ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠶᠢ | ᠲᠦᠯᠬᠢᠨ ᠠᠬᠢᠭᠤᠯᠵᠤ᠂ ᠪᠣᠬᠢᠷᠲᠤᠯ ᠦᠭᠡᠢ ᠬᠦᠷᠢᠶᠡᠯᠡᠩ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠨ᠎ᠠ᠃ ᠲᠣᠨᠣᠭᠯᠠᠯ ᠦᠢᠯᠡᠳᠬᠦ ᠦᠢᠯᠡᠰ ᠪᠠ ᠣᠳᠣ ᠦᠶ᠎ᠡ ᠶᠢᠨ ᠦᠢᠯᠡᠴᠢᠯᠡᠭᠡᠨ ᠤ | ᠦᠢᠯᠡᠰ ᠤᠨ ᠪᠣᠬᠢᠷᠲᠤᠯ ᠦᠭᠡᠶ ᠦᠢᠯᠡᠳᠪᠦᠷᠢᠯᠡᠯ᠂ ᠪᠣᠬᠢᠷᠲᠤᠯ ᠦᠭᠡᠶ ᠬᠡᠷᠡᠭᠯᠡᠭᠡᠨ ᠤ ᠴᠢᠭᠯᠡᠯ ᠲᠡᠰᠢ ᠬᠥᠭᠵᠢᠬᠦ ᠶᠢ | ᠬᠦᠴᠦᠯᠡᠨ ᠠᠬᠢᠭᠤᠯᠵᠦ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠠ ᠬᠥᠳᠡᠯᠭᠡᠬᠦ ᠡᠨᠧᠷᠭᠢ ᠶᠢᠨ | ᠰᠣᠯᠢᠭᠳᠠᠯ ᠤᠨ ᠠᠯᠬᠤᠴᠠ ᠶᠢ ᠲᠦᠷᠭᠡᠳᠭᠡᠨ᠎ᠡ᠃ ᠰᠠᠶᠢᠨ ᠰᠠᠶᠢᠬᠠᠨ ᠠᠮᠢ ᠠᠬᠤᠢ ᠶᠢᠨ ᠵᠠᠰᠠᠯᠲᠠ ᠶᠢᠨ ᠦᠷ᠎ᠡ | ᠪᠦᠲᠦᠭᠡᠯ ᠳᠤ ᠲᠦᠰᠢᠭᠯᠡᠨ᠂ ︽ᠠᠮᠢ ᠠᠬᠤᠶ + ᠠᠵᠤ ᠦᠢᠯᠡᠰ︾ ᠤᠨ ᠬᠥᠭᠵᠢᠯᠲᠡ ᠶᠢᠨ ᠵᠠᠭᠪᠤᠷ ᠢ ᠢᠳᠡᠪᠬᠢᠲᠡᠶ | ᠰᠦᠪᠡᠭᠴᠢᠯᠡᠵᠦ᠂ ᠠᠮᠢ ᠠᠬᠤᠶ ᠶᠢᠨ ᠦᠷ᠎ᠡ ᠠᠰᠢᠭ ᠢ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ | ᠪᠣᠯᠭᠠᠨ ᠨᠠᠩ ᠰᠠᠶᠢᠲᠤᠷ ᠬᠤᠪᠢᠷᠠᠭᠤᠯᠤᠨ᠎ᠠ᠃ | ᠬᠤᠶᠠᠷ ᠲᠤ ᠠᠮᠢ ᠠᠬᠤᠢ ᠶᠢ ᠰᠡᠷᠭᠦᠭᠡᠨ ᠵᠠᠰᠠᠬᠤ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠬᠦ | ᠬᠡᠷᠡᠭᠲᠡᠢ᠃ ︽ᠭᠤᠷᠪᠠᠨ ᠲᠤᠭᠤᠷᠢᠭ ᠭᠤᠷᠪᠠᠨ ᠱᠤᠭᠤᠮ︾ ᠢ ᠦᠨᠡᠯᠡᠨ ᠵᠢᠱᠢᠵᠦ ᠲᠣᠬᠢᠷᠠᠭᠤᠯᠤᠯᠲᠠ ᠬᠢᠵᠦ ᠢᠯᠭᠠᠨ | ᠲᠣᠭᠲᠠᠭᠠᠬᠤ ᠠᠵᠠ ᠳᠤᠬᠢᠶᠠᠯ ᠢ ᠠᠳᠬᠤᠵᠤ᠂ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠲᠤᠷᠰᠢᠯᠲᠠ ᠶᠢᠨ ᠣᠷᠣᠨ ᠤ ᠭᠠᠵᠠᠷ ᠰᠢᠷᠣᠶ ᠶᠢᠨ ᠰᠢᠨᠵᠢ ᠴᠢᠨᠠᠷ᠂ ᠬᠠᠮᠠᠭᠠᠯᠠᠯᠲᠠ ᠶᠢᠨ ᠣᠷᠣᠨ ᠤ ᠠᠮᠢ | ᠠᠬᠤᠶ ᠶᠢᠨ ᠨᠡᠭᠦᠳᠡᠯ ᠠᠷᠠᠳ ᠤᠨ ᠢᠨᠵᠧᠨᠧᠷᠢᠩ ᠢ ᠰᠠᠶᠢᠲᠤᠷ ᠬᠢᠨ᠎ᠠ᠃ ᠳᠠᠯᠠᠨ ᠬᠠᠷ᠎ᠠ ᠠᠭᠤᠯᠠ ᠶᠢᠨ ᠡᠮᠦᠨ᠎ᠡ | ᠪᠠᠯ ᠤᠨ ᠨᠣᠭᠤᠭᠠᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ 6000 ᠮᠥ | ᠣᠶᠢᠵᠢᠭᠤᠯᠵᠤ᠂ ᠤᠤᠯ ᠤᠨ ᠪᠠᠶᠢᠭᠰᠠᠨ ᠣᠶ ᠮᠣᠳᠣᠨ ᠤ ᠭᠠᠵᠠᠷ ᠢ 8400 ᠮᠥ ᠲᠠᠰ ᠳᠡᠪᠰᠢᠭᠦᠯᠵᠦ᠂ ᠠᠭᠤᠷᠬᠠᠢ ᠶᠢᠨ | ᠭᠠᠵᠠᠷ ᠤᠨ ᠣᠷᠴᠢᠨ ᠲᠣᠭᠤᠷᠢᠨ ᠢ 3000 ᠮᠥ ᠵᠠᠰᠠᠵᠤ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠠᠮᠢ | ᠠᠬᠤᠶ ᠶᠢᠨ ᠪᠣᠯᠪᠠᠰᠤᠨ ᠤ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠨᠥᠯᠥᠭᠡᠯᠡᠬᠦ ᠬᠦᠴᠦᠨ ᠢ | ᠳᠡᠭᠡᠭᠰᠢᠯᠡᠭᠦᠯᠦᠨ᠎ᠡ᠃ ᠢᠦᠢ ᠱᠣ᠋ ᠭᠸᠦ ᠶᠢᠨ 1150 ᠮᠦ ᠠᠵᠤ ᠠᠬᠤᠢ ᠶᠢᠨ ᠣᠢ᠂ ᠶᠣᠣ ᠽᠢ ᠭᠸᠦ ᠶᠢᠨ ᠴᠢᠨᠠᠷ | ᠰᠠᠶᠢᠲᠠᠶ ᠴᠢᠬᠢ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ | ᠲᠦᠯᠬᠢᠨ ᠠᠬᠢᠭᠤᠯᠵᠤ᠂ ᠵᠢᠮᠢᠰ᠂ ᠡᠪᠡᠰᠦᠨ ᠡᠮ ᠳᠠᠷᠢᠬᠤ ᠶᠢ ᠶᠡᠬᠡᠪᠡᠷ ᠳᠡᠯᠭᠡᠷᠡᠭᠦᠯᠵᠦ᠂ ᠤᠢ ᠶᠢᠨ ᠬᠤᠷᠮᠣᠶ ᠶᠢᠨ ᠠᠵᠤ | ᠠᠬᠤᠶ ᠶᠢ ᠬᠦᠭᠵᠢᠭᠦᠯᠦᠨ᠎ᠡ᠃ ᠵᠠᠬ᠎ᠠ ᠳᠡᠯᠭᠡᠭᠦᠷᠴᠢᠯᠡᠭᠰᠡᠨ᠂ ᠣᠯᠠᠨ ᠡᠰᠢᠵᠢᠭᠰᠡᠨ ᠠᠮᠢ ᠠᠬᠤᠢ ᠶᠢᠨ ᠨᠥᠬᠦᠪᠥᠷᠢ ᠥᠭᠬᠦ | ᠲᠣᠭᠲᠠᠴᠠ ᠶᠢ ᠲᠦᠷᠭᠡᠳᠭᠡᠨ ᠲᠡᠭᠦᠯᠳᠡᠷᠵᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠵᠤ | ᠬᠢᠨᠠᠨ ᠰᠢᠯᠭᠠᠬᠤ ᠲᠣᠭᠲᠠᠴᠠ ᠶᠢ ᠪᠠᠶᠢᠭᠤᠯᠵᠤ᠂ ᠬᠠᠮᠤᠭ ᠤᠨ ᠴᠢᠩᠭ᠎ᠠ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠦᠷᠢᠮ ᠢ ᠬᠡᠷᠡᠭᠵᠢᠭᠦᠯᠦᠨ᠎ᠡ᠃ | ᠭᠤᠷᠪᠠ ᠳᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠠᠬᠢᠭᠤᠯᠬᠤ ᠲᠠᠯ᠎ᠠ ᠪᠠᠷ ᠡᠴᠦᠰ ᠲᠤᠨᠢ ᠲᠤᠯᠲᠠᠯ᠎ᠠ | ᠠᠳᠬᠤᠬᠤ ᠬᠡᠷᠡᠭᠲᠡᠶ᠃ ︽ᠬᠥᠬᠡ ᠣᠭᠲᠠᠷᠭᠤᠶ᠂ ᠬᠥᠬᠡᠮᠳᠦᠭ ᠤᠰᠤ᠂ ᠠᠷᠢᠭᠤᠨ ᠰᠢᠷᠣᠶ︾ ᠶᠢ ᠬᠠᠮᠠᠭᠠᠯᠠᠬᠤ ᠳᠠᠶᠢᠨ ᠢ | ᠪᠦᠬᠦ ᠲᠠᠯ᠎ᠠ ᠪᠠᠷ ᠰᠠᠶᠢᠲᠤᠷ ᠬᠢᠵᠦ᠂ ᠨᠠᠷᠢᠯᠢᠭ ᠤᠨᠤᠪᠴᠢᠲᠠᠢ ᠢᠶᠠᠷ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ | ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠡᠷᠴᠢᠮ ᠢ ᠴᠢᠩᠭᠠᠷᠠᠭᠤᠯᠤᠨ᠎ᠠ᠃ 2700 ᠭᠠᠷᠤᠶ | ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠶᠦᠩ ᠾᠧ ᠶᠣᠣ ᠲᠣᠰᠬᠤᠨ ᠪᠠ ᠴᠦᠨ ᠭᠤᠸᠠᠩ ᠲᠠᠪᠤᠳᠤᠭᠠᠷ | ᠲᠣᠭᠤᠷᠢᠭ ᠤᠨ ᠰᠢᠷᠣᠶ ᠬᠤᠶᠠᠳᠤᠭᠠᠷ ᠠᠰᠠᠷ ᠵᠡᠷᠭᠡ ᠲᠥᠪᠯᠡᠷᠡᠭᠦᠯᠦᠨ ᠢᠯᠴᠢ ᠬᠠᠩᠭᠠᠬᠤ ᠥᠭᠡᠷᠡᠴᠢᠯᠡᠯᠲᠡ ᠶᠢᠨ | ᠢᠨᠵᠧᠨᠧᠷᠢᠩ ᠢ ᠪᠡᠶᠡᠯᠡᠭᠦᠯᠬᠦ ᠶᠢ ᠪᠠᠲᠤᠯᠠᠵᠤ᠂ ᠲᠦᠭᠦᠬᠡᠶ ᠨᠡᠭᠦᠷᠡᠰᠦ ᠶᠢ ᠰᠤᠯᠠ ᠰᠢᠲᠠᠭᠠᠬᠤ᠂ ᠨᠡᠭᠦᠷᠡᠰᠦ ᠰᠢᠲᠠᠭᠠᠬᠤ | ᠭᠦᠸᠧᠯᠦ᠂ ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠶ ᠪᠣᠬᠢᠷᠲᠤᠯ ᠤᠨ ᠠᠵᠤ ᠠᠬᠤᠶᠢᠯᠠᠯ ᠤᠨ ᠲᠤᠰᠬᠠᠶ ᠴᠡᠭᠴᠡᠯᠡᠨ | ᠵᠠᠰᠠᠯᠲᠠ ᠶᠢ ᠥᠷᠨᠢᠭᠦᠯᠵᠦ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠣᠭᠲᠠᠭᠠᠯ ᠢ ᠴᠢᠩᠭ᠎ᠠ | ᠨᠠᠶᠢᠲᠠᠪᠦᠷᠢᠵᠢᠭᠤᠯᠬᠤ᠂ ᠵᠠᠮ ᠪᠠ ᠪᠠᠷᠢᠯᠭ᠎ᠠ ᠶᠢᠨ ᠭᠠᠵᠠᠷ ᠤᠨ ᠲᠣᠭᠤᠰᠣ ᠳᠡᠭᠳᠡᠬᠦ ᠶᠢ ᠵᠠᠰᠠᠬᠤ ᠠᠵᠢᠯ ᠢ ᠦᠷᠭᠦᠯᠵᠢᠯᠡᠨ | ᠥᠷᠨᠢᠭᠦᠯᠵᠦ᠂ ᠠᠭᠠᠷ ᠤᠨ ᠴᠢᠨᠠᠷ ᠴᠢᠨᠰᠠᠭ᠎ᠠ ᠶᠢ ᠪᠦᠲᠦᠮᠵᠢᠲᠡᠶ ᠰᠠᠶᠢᠵᠢᠷᠠᠭᠤᠯᠤᠨ᠎ᠠ᠃ ︽ᠭᠤᠣᠯ ᠤᠨ ᠳᠠᠷᠤᠭ᠎ᠠ ᠶᠢᠨ | ᠳᠦᠷᠢᠮ︾ ᠢ ᠴᠢᠩᠭ᠎ᠠ ᠨᠠᠶᠢᠲᠠᠪᠦᠷᠢᠵᠢᠭᠤᠯᠵᠦ᠂ ᠡᠯ ᠯᠣᠤ ᠬᠤ ᠭᠸᠤ᠂ ᠶᠢᠨ ᠵᠢᠶᠠᠩ ᠭᠸᠤ ᠵᠡᠷᠭᠡ ᠵᠢᠵᠢᠭ ᠰᠠᠪᠠ ᠭᠠᠵᠠᠷ ᠢ | ᠶᠡᠷᠦᠩᠬᠡᠶᠢᠯᠡᠨ ᠵᠠᠰᠠᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠪᠣᠬᠢᠷ ᠦᠮᠡᠬᠡᠶ ᠤᠰᠤᠨ ᠴᠣᠭᠴᠠ ᠶᠢ | ᠵᠠᠰᠠᠬᠤ ᠶᠢ ᠴᠢᠩᠭᠠᠳᠬᠠᠨ᠂ ᠤᠰᠤᠨ ᠰᠤᠷᠪᠤᠯᠵᠢ ᠶᠢᠨ ᠣᠷᠣᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠬᠡᠮᠵᠢᠶ᠎ᠡ ᠶᠢ ᠨᠢ ᠪᠠᠭᠠᠰᠬᠠᠬᠤ ᠪᠠ ᠡᠬᠢ ᠪᠠᠶᠠᠯᠢᠭᠵᠢᠭᠤᠯᠤᠨ | ᠠᠰᠢᠭᠯᠠᠬᠤ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠡᠮ ᠡᠮᠨᠡᠯᠭᠡ ᠶᠢᠨ | ᠬᠠᠶᠠᠭᠳᠠᠮᠠᠯ ᠪᠣᠳᠠᠰ ᠢ ᠬᠠᠮᠢᠶᠠᠷᠬᠤ ᠪᠠ ᠬᠤᠤᠷ ᠦᠭᠡᠶᠢᠵᠢᠬᠦᠯᠦᠨ ᠰᠢᠢᠳᠪᠦᠷᠢᠯᠡᠬᠦ ᠶᠢ ᠵᠢᠷᠤᠮᠵᠢᠭᠤᠯᠤᠨ᠎ᠠ᠃ ᠨᠢᠭᠡᠳᠦᠭᠡᠷ | ᠮᠠᠰᠢᠨ ᠦᠢᠯᠡᠳᠬᠦ ᠪᠦᠯᠦᠭᠯᠡᠯ ᠤᠨ 845 ᠱᠤᠭᠤᠮᠲᠤ ᠰᠢᠭᠠᠷᠤ ᠠᠭᠤᠯᠠ ᠶᠢ ᠶᠡᠷᠦᠩᠬᠡᠶᠢᠯᠡᠨ ᠵᠠᠰᠠᠬᠤ ᠶᠢ | ᠲᠦᠷᠭᠡᠳᠬᠡᠨ ᠠᠬᠢᠭᠤᠯᠵᠤ᠂ ᠵᠢᠯ ᠤᠨ ᠰᠡᠭᠦᠯᠴᠢ ᠠᠴᠠ ᠡᠮᠦᠨ᠎ᠡ ᠨᠣᠭᠤᠭᠠᠷᠠᠭᠤᠯᠵᠤ ᠭᠤᠶᠤᠵᠢᠭᠤᠯᠬᠤ ᠪᠠ ᠰᠢᠨ᠎ᠡ | ᠣᠪᠣᠭᠠᠯᠠᠬᠤ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠣᠷᠴᠢᠨ | ᠲᠣᠭᠤᠷᠢᠨ ᠤ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠷᠠᠳ ᠤᠨ | ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠲᠣᠰᠣᠨ ᠤᠲᠤᠭ᠎ᠠ ᠶᠢᠨ ᠱᠤᠤᠭᠢᠶᠠᠨ᠂ ᠭᠡᠷ ᠤᠨ ᠭᠠᠳᠠᠨ᠎ᠠ ᠰᠢᠷ ᠰᠦᠷᠴᠢᠬᠦ | ᠵᠡᠷᠭᠡ ᠠᠰᠠᠭᠤᠳᠠᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠰᠢᠢᠳᠪᠦᠷᠢᠯᠡᠵᠦ᠂ ᠣᠷᠣᠰᠢᠨ ᠰᠠᠭᠤᠬᠤ ᠣᠷᠴᠢᠨ | ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ | ︵ᠳᠦᠷᠪᠡ︶ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠣᠭᠤᠷᠢᠨ ᠳᠤ᠂ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠭᠠᠵᠠᠷ ᠣᠷᠣᠨ ᠤ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠷᠮᠠᠶᠢᠨ ᠬᠥᠭᠵᠢᠭᠡᠨ᠎ᠡ | ᠨᠢᠭᠡ ᠳᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠬᠢ ᠪᠠᠶᠠᠯᠢᠭ ᠢ ᠲᠦᠷᠭᠡᠪᠴᠢᠯᠡᠨ ᠡᠮᠬᠢᠯᠡᠨ ᠨᠡᠶᠢᠯᠡᠭᠦᠯᠵᠦ᠂ ᠲᠥᠷᠥᠯ | ᠵᠦᠢᠯ ᠤᠨ ᠪᠡᠯᠡ ᠣᠷᠣᠭᠤᠯᠤᠯᠲᠠ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠠᠵᠤ ᠠᠬᠤᠶᠢᠯᠠᠯ ᠭᠤᠷᠪᠠᠨ | ᠶᠡᠭᠡ ᠬᠦᠷᠢᠶ᠎ᠡ ᠬᠡᠪᠴᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ ︽ᠭᠤᠷᠪᠠ ᠶᠢ ᠪᠠᠭᠠᠰᠬᠠᠵᠤ ᠬᠤᠶᠠᠷ ᠢ | ᠰᠢᠯᠢᠳᠡᠭᠵᠢᠭᠦᠯᠬᠦ︾ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠰᠢᠨ᠎ᠡ ᠬᠡᠷᠡᠭᠴᠡᠭᠡ ᠶᠢ | ᠲᠠᠰᠤᠷᠠᠯᠲᠠ ᠦᠭᠡᠢ ᠬᠠᠩᠭᠠᠨ᠎ᠠ᠃ ︽ᠨᠢᠭᠡ ᠰᠦᠯᠵᠢᠶ᠎ᠡ ᠨᠢᠭᠡ ᠡᠭᠦᠳᠡ ᠨᠢᠭᠡ ᠴᠣᠩᠬᠤ ᠨᠢᠭᠡ ᠤᠳᠠᠭ᠎ᠠ︾ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠵᠦᠢᠯᠡᠰ ᠤᠨ ᠰᠦᠯᠵᠢᠶᠡᠨ ᠳᠡᠭᠡᠷ᠎ᠡ ᠭᠦᠢᠴᠡᠳᠭᠡᠬᠦ | ᠨᠣᠷᠮ᠎ᠠ ᠶᠢ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠬᠤᠲᠠ ᠶᠢᠨ ᠠᠷᠠᠳ ᠤᠨ ᠶᠡᠭᠡ ᠲᠢᠩᠬᠢᠮ᠂ ᠵᠡᠭᠡᠯᠢ ᠪᠠᠯᠭᠠᠰᠤᠨ ᠤ | ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ᠂ ᠨᠡᠶᠢᠭᠡᠮ ᠲᠣᠭᠤᠷᠢᠭ ᠤᠨ ᠠᠷᠠᠳ ᠲᠤ ᠳᠥᠭᠦᠮ | ᠦᠵᠡᠭᠦᠯᠬᠦ ᠦᠢᠯᠡᠴᠢᠯᠡᠭᠡᠨ ᠤ ᠦᠷᠲᠡᠭᠡ ᠵᠡᠷᠭᠡ ᠴᠢᠳᠠᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠂ ᠤᠶᠢᠷ᠎ᠠ | ᠬᠠᠪᠢ ᠳᠤᠨᠢ ᠬᠢᠵᠦ ᠴᠢᠳᠠᠬᠤ᠂ ᠤᠯᠠᠨ ᠴᠡᠭ ᠲᠤ ᠬᠢᠵᠦ ᠪᠤᠯᠬᠤ᠂ ᠳᠤᠲᠠᠭᠤ ᠭᠦᠶᠦᠵᠦ ᠲᠦᠷᠭᠡᠨ ᠰᠢᠢᠳᠪᠦᠷᠢᠯᠡᠬᠦ ᠶᠢ | ᠪᠡᠶᠡᠯᠡᠭᠦᠯᠬᠦ ᠬᠡᠷᠡᠭᠲᠡᠶ᠃ ︽ᠬᠤᠶᠠᠷ ᠢ ᠲᠣᠬᠢᠶᠠᠯᠳᠤᠭᠤᠯᠤᠨ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠ | ︽ᠢᠨᠲ᠋ᠧᠷ ᠰᠦᠯᠵᠢᠶ᠎ᠡ +ᠬᠢᠨᠠᠯᠲᠠ ᠬᠠᠮᠢᠶᠠᠷᠤᠯᠲᠠ︾ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢᠨ ᠳᠥᠭᠦᠮ ᠳᠥᠲᠡ ᠤᠬᠤᠷᠢᠨ ᠭᠠᠷᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠠᠵᠤ | ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠬᠠᠮᠲᠤᠪᠠᠷ ᠡᠳ᠋ᠯᠡᠬᠦ ᠶᠢ ᠶᠡᠬᠡᠪᠡᠷ ᠠᠬᠢᠭᠤᠯᠵᠤ᠂ | ᠢᠲᠡᠭᠡᠮᠵᠢ ᠶᠢᠨ ᠦᠨᠡᠯᠡᠯᠲᠡ ᠬᠢᠵᠦ ᠬᠡᠷᠡᠭᠯᠡᠬᠦ ᠪᠠ ᠢᠲᠡᠭᠡᠮᠵᠢ ᠶᠢᠨ ᠰᠡᠷᠭᠦᠭᠡᠯᠲᠡ ᠶᠢ ᠴᠢᠩᠭᠠᠳᠬᠠᠵᠤ᠂ ᠬᠤᠯᠪᠣᠭᠠᠯᠠᠨ | ᠵᠠᠯᠬᠠᠭᠠᠨ ᠴᠡᠭᠡᠷᠯᠡᠭᠦᠯᠬᠦ ᠶᠢ ᠰᠦᠪᠡᠭᠴᠢᠯᠡᠨ ᠥᠷᠨᠢᠭᠦᠯᠵᠦ᠂ ᠢᠲᠡᠭᠡᠮᠵᠢ ᠶᠢᠨ ᠴᠢᠩᠱᠠᠨ ᠤ ᠪᠠᠶᠢᠭᠤᠯᠤᠯᠲᠠ ᠶᠢ | ᠢᠳᠡᠪᠬᠢᠲᠡᠶ ᠠᠬᠢᠭᠤᠯᠤᠨ᠎ᠠ᠃ | ᠬᠤᠶᠠᠷ ᠲᠤ ᠭᠤᠤᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ᠲᠤᠭᠤᠷᠢᠭ ᠤᠨ ᠬᠠᠷᠢᠶ᠎ᠠ ᠪᠦᠬᠦᠢ ᠤᠯᠤᠰ ᠤᠨ ᠥᠮᠴᠢᠯᠡᠯᠲᠡ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠨ | ᠡᠵᠡᠩᠨᠡᠬᠦ ᠶᠢ ᠶᠡᠬᠡᠪᠡᠷ ᠲᠦᠯᠬᠢᠨ ᠠᠬᠢᠭᠤᠯᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ | ᠬᠠᠮᠢᠶᠠᠷᠤᠯᠲᠠ ᠶᠢᠨ ᠳᠦᠷᠢᠮ ᠢ ᠵᠢᠷᠤᠮᠵᠢᠭᠤᠯᠤᠨ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠴᠢᠨᠳᠠᠭᠠᠨ ᠴᠠᠭᠠᠨ ᠭᠤᠤᠯ᠂ ᠵᠤᠤ ᠵᠢᠶᠠ ᠳ᠋ᠢᠶᠠᠨ᠂ ᠵᠤᠤ ᠵᠢᠶᠠ ᠶᠢᠩ ᠲᠣᠰᠬᠤᠨ ᠤ ᠬᠠᠮᠲᠤ ᠶᠢᠨ ᠥᠮᠴᠢᠯᠡᠯ ᠤᠨ | ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠭᠡᠷ ᠪᠠᠶᠢᠰᠢᠩ ᠭᠠᠵᠠᠷ ᠰᠢᠷᠣᠶ ᠶᠢ ᠨᠢᠭᠡ | ᠴᠣᠭᠴᠠᠵᠢᠭᠤᠯᠤᠭᠰᠠᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠢ ᠳᠠᠩᠰᠠᠯᠠᠵᠤ ᠦᠨᠡᠮᠯᠡᠯ ᠣᠯᠭᠤᠬᠤ | ᠠᠵᠢᠯ ᠢ ᠪᠦᠬᠦ ᠲᠠᠯ᠎ᠠ ᠪᠠᠷ ᠥᠷᠨᠢᠭᠦᠯᠦᠨ᠎ᠡ᠃ ᠪᠠᠯᠭᠠᠰᠤ ᠪᠠ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠶᠢ ᠡᠮᠬᠢ | ᠵᠢᠷᠤᠮ ᠲᠠᠢ ᠠᠬᠢᠭᠤᠯᠵᠤ᠂ ᠦᠨᠳᠦᠰᠦᠨ ᠱᠠᠲᠤᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠠᠤᠯᠢ ᠬᠡᠷᠡᠭᠵᠢᠭᠦᠯᠬᠦ | ᠬᠦᠴᠦᠨ ᠢ ᠡᠮᠬᠢᠯᠡᠨ ᠨᠡᠶᠢᠯᠡᠭᠦᠯᠵᠦ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠪᠠᠲᠤᠯᠠᠨ᠎ᠠ᠃ | ᠰᠠᠭᠤᠭᠠᠯᠢ ᠠᠷᠠᠳ ᠤᠨ ᠵᠥᠪᠯᠡᠯ ᠤᠨ ᠪᠡᠶ᠎ᠡ ᠪᠠᠨ ᠳᠠᠭᠠᠭᠠᠭᠰᠠᠨ ᠢᠷᠭᠡᠨ ᠤ ᠬᠡᠷᠡᠭ ᠤᠨ ᠬᠠᠷᠢᠭᠤᠴᠠᠯᠭ᠎ᠠ ᠪᠠ | ᠪᠡᠶ᠎ᠡ ᠪᠠᠨ ᠳᠠᠭᠠᠭᠠᠭᠰᠠᠨ ᠡᠳ᠋ ᠬᠥᠷᠥᠩᠭᠡ ᠶᠢᠨ ᠡᠷᠬᠡ ᠶᠢ ᠴᠢᠩᠭᠠᠷᠠᠭᠤᠯᠵᠤ᠂ ᠵᠢᠵᠢᠭ ᠰᠠᠵᠢᠭ ᠰᠡᠯᠪᠢᠨ ᠵᠠᠰᠠᠬᠤ ᠪᠠᠯᠠ | ᠮᠥᠩᠭᠦ ᠶᠢᠨ ᠬᠡᠷᠡᠭᠯᠡᠯᠲᠡ ᠶᠢᠨ ᠠᠮᠤᠷ ᠲᠦᠪᠰᠢᠨ ᠵᠢᠷᠤᠮᠵᠢᠯ ᠲᠠᠢ᠂ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ | ᠪᠠᠶᠢᠬᠤ ᠶᠢ ᠪᠠᠲᠤᠯᠠᠨ᠎ᠠ᠃ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠶᠢ ᠳᠠᠭᠠᠯᠳᠤᠭᠤᠯᠤᠨ ᠲᠣᠮᠢᠯᠠᠭᠰᠠᠨ ᠰᠠᠯᠪᠤᠷᠢ᠂ | ᠰᠤᠷᠭᠠᠭᠤᠯᠢ᠂ ᠬᠡᠤᠬᠡᠳ ᠤᠨ ᠴᠡᠴᠡᠷᠯᠢᠭ᠂ ᠨᠣᠭᠤᠭᠠᠨ ᠬᠥᠷᠥᠰᠥ ᠵᠡᠷᠭᠡ ᠣᠯᠠᠨ ᠨᠡᠶᠢᠲᠡ ᠶᠢᠨ ᠢᠵᠢ ᠪᠦᠷᠢᠳᠦᠭᠦᠯᠬᠦ | ᠪᠡᠯᠡᠳᠬᠡᠮᠵᠢ ᠶᠢ ᠣᠷᠣᠯᠠᠨ ᠪᠠᠶᠢᠭᠤᠯᠬᠤ ᠶᠢ ᠶᠡᠬᠡᠪᠡᠷ ᠶᠠᠪᠤᠭᠤᠯᠬᠤ ᠬᠡᠷᠡᠭᠲᠡᠶ᠃ ᠠᠵᠢᠯ ᠦᠢᠯᠡᠰ ᠤᠨ ᠨᠢᠭᠡᠴᠡ ᠶᠢᠨ | ᠪᠠᠶᠢᠭᠤᠯᠤᠮᠵᠢ ᠪᠠ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠦᠭᠡᠷᠡᠴᠢᠯᠡᠯᠲᠡ ᠶᠢ ᠦᠷᠭᠦᠯᠵᠢᠯᠡᠨ ᠲᠦᠯᠬᠢᠨ | ᠠᠬᠢᠭᠤᠯᠵᠤ᠂ ᠠᠵᠢᠯ ᠦᠢᠯᠡᠰ ᠤᠨ ᠨᠢᠭᠡᠴᠡ ᠶᠢᠨ ᠠᠮᠢᠵᠢᠷᠠᠯ ᠤᠨ ᠬᠦᠴᠦᠨ ᠪᠠ ᠪᠦᠲᠦᠭᠡᠯᠴᠢ ᠬᠦᠴᠦᠨ ᠢ | ᠬᠥᠭᠵᠢᠭᠡᠨ᠎ᠡ᠃ | ᠭᠤᠷᠪᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠲᠠᠰᠤᠷᠠᠯᠲᠠ ᠦᠭᠡᠢ | ᠴᠢᠩᠭᠠᠳᠬᠠᠬᠤ ᠬᠡᠷᠡᠭᠲᠡᠶ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ | ᠲᠤᠪᠤᠶᠢᠯᠭᠠᠨ᠂ ᠤᠮᠠᠷᠠᠲᠦ ᠶᠢᠨ ᠬᠦᠨᠳᠦ ᠠᠵᠦ ᠦᠢᠯᠡᠳᠪᠦᠷᠢ ᠶᠢᠨ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ | ᠲᠠᠰᠤᠭ ᠪᠠ 202 ᠦᠢᠯᠡᠳᠪᠦᠷᠢ ᠶᠢᠨ ᠴᠥᠮ᠎ᠡ ᠶᠢᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠰᠠᠭᠤᠷᠢᠨ | ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠡᠮᠵᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠲᠠᠪᠴᠠᠩ ᠢ ᠪᠠᠬᠢᠵᠢᠭᠦᠯᠵᠦ᠂ ᠠᠵᠤ ᠠᠬᠤᠶᠢᠯᠠᠯ ᠤᠨ ᠨᠡᠷᠡᠲᠦ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠦ᠂ ᠲᠥᠷᠥᠯ ᠵᠦᠢᠯ ᠢ ᠰᠤᠳᠤᠯᠤᠨ | ᠨᠡᠭᠡᠭᠡᠬᠦ ᠪᠠ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠦ᠂ ᠵᠠᠩᠭᠢᠯᠠᠭ᠎ᠠ ᠶᠢᠨ ᠭᠤᠤᠯᠯᠠᠬᠤ | ᠮᠡᠷᠭᠡᠵᠢᠯ ᠤᠨ ︽ᠪᠣᠭᠤᠮᠢᠯᠠᠬᠤ︾ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠨ᠎ᠡ᠃ ᠪᠥᠬᠦ ᠵᠢᠯ ᠳᠤ ᠰᠢᠨ᠎ᠡ ᠪᠠᠷ | ᠮᠠᠭᠠᠳᠯᠠᠨ ᠲᠣᠭᠲᠠᠭᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 10᠂ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 5 ᠪᠣᠶ᠃ ᠴᠢᠳᠠᠪᠤᠷᠢᠲᠠᠨ ᠤ ᠬᠥᠭᠵᠢᠯᠲᠡ ᠶᠢ | ᠬᠥᠲᠥᠯᠥᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠲᠣᠭᠲᠠᠭᠠᠵᠤ᠂ ᠴᠢᠳᠠᠪᠤᠷᠢᠲᠠᠨ ᠤ | ᠨᠡᠶᠢᠲᠡ ᠶᠢᠨ ᠣᠷᠣᠨ ᠰᠠᠭᠤᠴᠠ᠂ ᠣᠷᠣᠨ ᠰᠠᠭᠤᠴᠠ ᠶᠢᠨ ᠨᠥᠬᠦᠪᠥᠷᠢ᠂ ᠦᠷ᠎ᠡ ᠬᠡᠦᠬᠡᠳ ᠤᠨ ᠰᠤᠷᠭᠠᠭᠤᠯᠢ ᠳᠤ | ᠣᠷᠣᠬᠤ ᠵᠡᠷᠭᠡ ᠴᠢᠳᠠᠪᠤᠷᠢᠲᠠᠨ ᠤᠷᠢᠬᠤ ᠲᠥᠷᠥ ᠶᠢᠨ ᠪᠣᠳᠣᠯᠭ᠎ᠠ ᠶᠢ ᠪᠣᠳᠠᠲᠠᠢ ᠨᠠᠶᠢᠲᠠᠪᠦᠷᠢᠵᠢᠭᠤᠯᠬᠤ ᠦᠷ᠎ᠡ | ᠪᠦᠲᠦᠮᠵᠢ ᠣᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠴᠢᠳᠠᠪᠤᠷᠢᠲᠠᠨ ᠢ ᠣᠷᠣᠭᠤᠯᠵᠤ ᠠᠪᠴᠢᠷᠠᠬᠤ᠂ | ᠦᠯᠡᠳᠡᠭᠡᠵᠦ ᠳᠡᠶᠢᠯᠬᠦ᠂ ᠰᠠᠶᠢᠲᠤᠷ ᠬᠥᠭᠵᠢᠭᠦᠯᠬᠦ ᠬᠡᠷᠡᠭᠲᠡᠢ᠃ | ︵ᠲᠠᠪᠤ︶ ᠬᠤᠲᠠ ᠶᠢᠨ ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ | ᠲᠣᠭᠤᠷᠢᠨ ᠳᠤ᠂ ᠬᠤᠲᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠣᠰᠢᠨ ᠠᠮᠢᠳᠤᠷᠠᠬᠤ | ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠨ᠎ᠠ | ᠨᠢᠭᠡ ᠳᠤ ᠬᠤᠳᠠ ᠬᠥᠳᠡᠭᠡ ᠶᠢᠨ ᠪᠠᠶᠢᠷᠢᠰᠢᠯ ᠢ ᠨᠢᠭᠡᠳᠦᠯᠲᠡᠶ ᠲᠥᠯᠥᠪᠯᠡᠨ ᠰᠢᠯᠢᠳᠡᠭᠵᠢᠭᠦᠯᠬᠦ ᠬᠡᠷᠡᠭᠲᠡᠶ᠃ | ︽ᠵᠡᠭᠦᠨᠰᠢ ᠣᠷᠣᠵᠤ ᠤᠮᠠᠷᠠᠰᠢ ᠥᠷᠭᠡᠳᠬᠡᠨ ᠳᠤᠮᠳᠠ ᠨᠢ ᠳᠡᠰ ᠳᠡᠪᠰᠢᠭᠦᠯᠬᠦ︾ ᠪᠦᠲᠦᠭᠡᠨ ᠪᠠᠶᠢᠭᠤᠯᠤᠯᠲᠠ ᠶᠢᠨ | ᠰᠡᠳᠭᠢᠴᠡ ᠶᠣᠰᠣᠭᠠᠷ᠂ ︽ᠬᠤᠶᠠᠷ ᠣᠷᠣᠨ ᠪᠦᠰᠡ ᠶᠢᠨ ᠨᠢᠭᠡᠳᠦᠭᠡᠷ ᠹᠷᠣᠨᠲ︾ ᠤᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠢ ᠣᠨᠣᠪᠴᠢᠲᠠᠶ ᠠᠬᠢᠭᠤᠯᠵᠤ᠂ ᠬᠤᠲᠠ ᠬᠥᠳᠡᠭᠡ ᠶᠢᠨ ᠴᠢᠳᠠᠮᠵᠢ ᠶᠢᠨ | ᠪᠠᠶᠢᠷᠢᠰᠢᠭᠤᠯᠤᠯᠲᠠ ᠪᠠ ᠤᠷᠤᠰᠢᠨ ᠰᠠᠭᠤᠬᠤ ᠶᠠᠰᠤ ᠴᠢᠨᠠᠷ ᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ | 2020 ᠤᠨ ᠡᠷᠭᠢᠨ ᠲᠣᠭᠤᠷᠢᠨ ᠤ ᠣᠷᠣᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ | ︽ᠬᠤᠶᠠᠷ ᠢ ᠤᠬᠤᠷᠢᠭᠤᠯᠤᠨ ᠭᠤᠷᠪᠠ ᠳᠤ ᠣᠷᠣᠭᠤᠯᠬᠤ︾ ᠠᠷᠭ᠎ᠠ ᠪᠠᠷ ᠬᠤᠲᠠ ᠶᠢᠨ ᠲᠣᠭᠤᠷᠢᠭ ᠤᠨ ᠵᠡᠭᠦᠨ | ᠬᠡᠰᠡᠭ ᠤᠨ ᠬᠥᠭᠵᠢᠯᠲᠡ ᠳᠤ ᠵᠣᠬᠢᠴᠠᠵᠤ᠂ ᠸᠠᠨ ᠺᠧ ᠲᠥᠪ ᠴᠡᠴᠡᠷᠯᠢᠭ᠂ ᠪᠢ ᠬᠦᠶ ᠶᠤᠸᠠᠨ ᠴᠡᠴᠡᠷᠯᠢᠭ ᠤᠨ ᠹᠧᠩ | ᠬᠤᠸᠠᠩ ᠲᠢᠶᠠᠨ ᠢᠦᠶ ᠵᠢᠴᠢ ᠴᠢᠩᠱᠠᠨ ᠹᠧᠩ ᠵᠢᠩ ᠵᠡᠷᠭᠡ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠤᠯᠠᠨ | ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠦᠯᠲᠡ ᠶᠢ ᠲᠡᠭᠦᠯᠳᠡᠷᠵᠢᠭᠦᠯᠵᠦ᠂ ᠬᠤᠳᠠᠯᠳᠤᠭ᠎ᠠ ᠪᠠ | ᠣᠷᠣᠨ ᠰᠠᠭᠤᠴᠠ ᠪᠠ ᠰᠡᠯᠡᠭᠦᠴᠡᠯ ᠤᠨ ᠨᠢᠭᠡ ᠴᠤᠭᠴᠠᠵᠢᠭᠰᠠᠨ ᠬᠤᠳᠠ ᠶᠢᠨ ᠰᠢᠨ᠎ᠡ ᠬᠢᠯᠠᠰ ᠴᠡᠭ ᠢ ᠪᠤᠢ ᠪᠤᠯᠭᠠᠨ᠎ᠠ᠃ | ᠵᠤᠤ ᠵᠢᠶᠠ ᠳ᠋ᠢᠶᠠᠨ᠂ ᠶᠢᠨ ᠵᠢᠶᠠᠩ ᠶᠣᠣ ᠵᠡᠷᠭᠡ ᠡᠷᠭᠢᠨ ᠲᠣᠭᠤᠷᠢᠨ ᠤ ᠣᠷᠣᠨ ᠪᠦᠰᠡ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠴᠢᠩᠱᠠᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢ | ᠠᠰᠢᠭᠯᠠᠯᠲᠠ ᠳᠤ ᠣᠷᠣᠭᠤᠯᠬᠤ ᠶᠢ ᠪᠠᠲᠤᠯᠠᠵᠦ᠂ ᠹᠦ᠋ ᠯᠢ ᠰᠢ ᠶᠤᠸᠠᠢ ᠣᠷᠣᠨ ᠰᠠᠭᠤᠴᠠ ᠶᠢ ᠲᠦᠷᠭᠡᠨ ᠠᠵᠢᠯ | ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠦ᠂ ᠡᠷᠬᠢᠨ ᠲᠣᠭᠤᠷᠢᠨ ᠤ ᠳᠡᠭᠳᠡᠬᠦ ᠭᠠᠵᠠᠷ ᠢ ᠰᠢᠯᠵᠢᠭᠦᠯᠦᠨ | ᠥᠭᠴᠦ ᠨᠡᠭᠡᠭᠡᠨ ᠬᠥᠭᠵᠢᠭᠦᠯᠬᠦ ᠶᠢ ᠳᠠᠶᠢᠴᠢᠯᠠᠨ᠎ᠠ᠃ ᠤᠯᠤᠰ ᠤᠨ ᠵᠠᠮ ᠤᠨ 110 ᠱᠤᠭᠤᠮ ᠤᠨ ᠬᠤᠶᠢᠲᠤ | ᠲᠠᠯ᠎ᠠ ᠶᠢᠨ ᠬᠤᠲᠠ ᠶᠢ ᠲᠣᠭᠤᠷᠢᠭᠰᠠᠨ ᠥᠭᠡᠷᠡᠴᠢᠯᠡᠯᠲᠡ ᠪᠠ ᠵᠡᠭᠡᠯᠢ ᠶᠢᠨ ᠦᠵᠡᠮᠵᠢ ᠶᠢ ᠴᠡᠭᠴᠡᠯᠡᠨ ᠵᠠᠰᠠᠬᠤ | ᠲᠣᠬᠢᠶᠠᠯ ᠢ ᠠᠳᠬᠤᠵᠦ᠂ ᠡᠷᠭᠢᠨ ᠲᠣᠭᠤᠷᠢᠨ ᠤ ᠣᠷᠣᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠬᠤᠲᠠ ᠶᠢᠨ ᠪᠣᠷᠣ ᠲᠥᠯᠥᠪ ᠢ ᠰᠤᠩᠭᠠᠨ᠂ ᠬᠤᠲᠠ ᠪᠠᠷ ᠬᠥᠳᠡᠭᠡ ᠲᠣᠰᠬᠤᠨ ᠢ ᠳᠠᠶᠢᠴᠢᠯᠠᠬᠤ᠂ ᠠᠵᠤ ᠦᠢᠯᠡᠰ ᠪᠠ | ᠬᠤᠲᠠ ᠶᠢ ᠠᠭᠤᠰᠤᠯᠴᠠᠭᠤᠯᠬᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠭᠰᠡᠨ ᠰᠠᠶᠢᠨ ᠰᠠᠶᠢᠬᠠᠨ | ᠬᠥᠭᠵᠢᠯᠲᠡ ᠶᠢᠨ ᠪᠠᠶᠢᠷᠢᠰᠢᠯ ᠢ ᠪᠣᠢ ᠪᠣᠯᠭᠠᠨ᠎ᠠ᠃ | ᠬᠤᠶᠠᠷ ᠲᠤ ᠬᠤᠲᠠ ᠬᠥᠳᠡᠭᠡ ᠶᠢᠨ ᠴᠢᠨᠠᠷ ᠴᠢᠨᠰᠠᠭ᠎ᠠ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠬᠤᠲᠠ ᠶᠢᠨ | ︽ᠬᠤᠣᠰ ᠵᠠᠰᠠᠯᠲᠠ︾ ᠶᠢ ᠶᠡᠬᠡᠪᠡᠷ ᠥᠷᠨᠢᠭᠦᠯᠵᠦ᠂ ᠲᠠᠩᠺ ᠵᠠᠮ᠂ ᠪᠢᠨ ᠾᠧ ᠵᠠᠮ ᠵᠡᠷᠭᠡ ᠵᠠᠮ ᠤᠨ ᠪᠥᠲᠥᠭᠡᠨ | ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠤ ᠵᠠᠮ᠂ ᠬᠥᠭᠵᠢᠯ ᠴᠡᠴᠡᠭᠯᠡᠯ ᠤᠨ ᠵᠠᠮ | ᠵᠡᠷᠭᠡ 21 ᠵᠤᠷᠪᠤᠰ ᠵᠠᠮ ᠤᠨ ᠪᠣᠷᠣᠭᠠᠨ ᠤ ᠪᠤᠬᠢᠷᠳᠤᠯ ᠢ ᠰᠠᠯᠭᠠᠬᠤ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠵᠠᠮ᠂ | ᠴᠡᠴᠡᠷᠯᠢᠭ᠂ ᠠᠭᠤᠳᠠᠮ ᠲᠠᠯᠠᠪᠠᠢ ᠵᠢᠴᠢ ᠬᠠᠭᠤᠴᠢᠨ ᠰᠠᠭᠤᠭᠠᠯᠢ ᠲᠣᠭᠤᠷᠢᠭ ᠤᠨ ᠨᠣᠭᠤᠭᠠᠷᠠᠭᠤᠯᠤᠯᠲᠠ ᠶᠢᠨ ᠳᠡᠰ | ᠳᠡᠪᠰᠢᠭᠦᠯᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠪᠤᠭᠤᠲᠤ ᠬᠤᠲᠠ ᠶᠢᠨ ᠤᠯᠤᠰ ᠤᠨ ᠠᠮᠢ ᠠᠬᠤᠶ ᠶᠢᠨ | ᠴᠡᠴᠡᠷᠯᠢᠭ ᠤᠨ ᠬᠤᠲᠠ ᠶᠢ ᠴᠢᠷᠮᠠᠶᠢᠨ ᠴᠣᠭᠴᠠᠯᠠᠬᠤ ᠳᠤ ᠬᠤᠪᠢ ᠨᠡᠮᠡᠷᠢ ᠦᠵᠡᠭᠦᠯᠦᠨ᠎ᠡ᠃ ᠬᠤᠲᠠ ᠶᠢᠨ | ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠪᠦᠬᠦ ᠬᠦᠴᠦᠨ ᠢᠶᠠᠷ ᠳᠡᠭᠡᠭᠰᠢᠯᠡᠭᠦᠯᠵᠦ᠂ ᠨᠢᠭᠡᠨᠲᠡ ᠪᠠᠶᠢᠭ᠎ᠠ ᠣᠷᠣᠨ | ᠰᠠᠭᠤᠴᠠ ᠶᠢᠨ ᠴᠠᠬᠢᠯᠭᠠᠨ ᠱᠠᠲᠤ ᠶᠢᠨ ᠲᠥᠷᠥᠯ ᠵᠦᠢᠯ ᠢ ᠲᠤᠷᠰᠢᠨ ᠠᠬᠢᠭᠤᠯᠵᠤ᠂ 11 ᠬᠠᠭᠤᠴᠢᠨ ᠰᠠᠭᠤᠭᠠᠯᠢ | ᠲᠣᠭᠤᠷᠢᠭ ᠤᠨ 55 ᠲᠦᠮᠡᠨ ᠲᠡᠭᠰᠢ ᠳᠥᠷᠪᠡᠯᠵᠢᠨ ᠮᠧᠲᠷ ᠰᠠᠭᠤᠷᠢ ᠲᠥᠬᠦᠭᠡᠷᠦᠮᠵᠢ ᠶᠢ ᠶᠡᠷᠦᠩᠬᠡᠶᠢᠯᠡᠨ | ᠦᠭᠡᠷᠡᠴᠢᠯᠡᠵᠦ᠂ 2.3 ᠲᠦᠮᠡᠨ ᠲᠡᠭᠰᠢ ᠳᠥᠷᠪᠡᠯᠵᠢᠨ ᠮᠧᠲᠷ ᠤᠨ ᠨᠢᠭᠡᠨᠲᠡ ᠪᠠᠶᠢᠭ᠎ᠠ ᠣᠷᠣᠨ ᠰᠠᠭᠤᠴᠠ ᠶᠢᠨ | ᠡᠨᠧᠷᠭᠢ ᠠᠷᠪᠢᠯᠠᠬᠤ ᠦᠭᠡᠷᠡᠴᠢᠯᠡᠯᠲᠡ ᠶᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠰᠠᠭᠤᠭᠠᠯᠢ ᠲᠣᠭᠤᠷᠢᠭ ᠤᠨ | ᠲᠦᠷ ᠴᠠᠭ ᠰᠡᠯᠪᠢᠨ ᠵᠠᠰᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠲᠤᠭᠤᠷᠢᠭ ᠲᠤ ᠰᠠᠭᠤᠭ᠎ᠠ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ︽ᠭᠤᠷᠪᠠᠨ ᠬᠠᠩᠭᠠᠯᠭ᠎ᠠ ᠨᠢᠭᠡ ᠦᠢᠯᠡᠰ︾ ᠤᠨ ᠬᠤᠶᠠᠳᠤᠭᠠᠷ ᠬᠤᠭᠤᠴᠠᠭᠠᠨ ᠤ | 62 ᠵᠢᠵᠢᠭ ᠲᠣᠭᠤᠷᠢᠭ ᠤᠨ 340 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠨ ᠪᠠᠶᠢᠭᠤᠯᠬᠤ | ᠢᠨᠵᠧᠨᠧᠷᠢᠩ ᠢ ᠵᠢᠯ ᠤᠨ ᠳᠣᠲᠣᠷ᠎ᠠ ᠳᠠᠭᠤᠰᠬᠠᠬᠤ ᠶᠢ ᠦᠨᠡᠨᠬᠦ ᠪᠠᠲᠤᠯᠠᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ | ᠲᠡᠦᠬᠡᠨ ᠠᠴᠠ ᠦᠯᠡᠳᠡᠭᠳᠡᠯ ᠠᠰᠠᠭᠤᠳᠠᠯ ᠢ ᠵᠠᠰᠠᠵᠤ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠷᠠᠭᠤᠯᠵᠤ᠂ ᠪᠦᠦ | ᠰᠢᠨ ᠠᠭᠤᠳᠠᠮ ᠲᠠᠯᠠᠪᠠᠢ᠂ ᠰᠢᠨ ᠹᠦ᠋ ᠳ᠋ᠢ ᠵᠡᠷᠭᠡ ᠬᠦᠴᠢᠷ ᠲᠦᠪᠡᠭᠲᠡᠶ ᠠᠰᠠᠭᠤᠳᠠᠯ ᠢ ᠲᠦᠷᠭᠡᠪᠴᠢᠯᠡᠨ | ᠰᠢᠢᠳᠪᠦᠷᠢᠯᠡᠬᠦ ᠶᠢ ᠬᠠᠤᠯᠢ ᠶᠣᠰᠣᠭᠠᠷ ᠠᠬᠢᠭᠤᠯᠵᠤ᠂ ᠥᠮᠴᠢᠯᠡᠬᠦ ᠡᠷᠬᠡ ᠶᠢᠨ ᠦᠯᠡᠳᠡᠭᠳᠡᠯ 60 ᠲᠥᠷᠥᠯ ᠵᠦᠢᠯ ᠢ | ᠰᠢᠢᠳᠪᠦᠷᠢᠯᠡᠬᠦ ᠪᠠᠷ ᠴᠢᠷᠮᠠᠶᠢᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠪᠦᠬᠦ ᠲᠠᠯ᠎ᠠ ᠪᠠᠷ ᠬᠡᠷᠡᠭᠵᠢᠭᠦᠯᠵᠦ᠂ ᠤᠯᠤᠰ ᠤᠨ ᠵᠠᠮ ᠤᠨ 110 ᠱᠤᠭᠤᠮ ᠤᠨ ᠬᠤᠶᠢᠲᠤ ᠬᠤᠲᠠ ᠶᠢ ᠲᠣᠭᠤᠷᠢᠭᠰᠠᠨ | ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ G6 ᠥᠨᠳᠥᠷ ᠬᠤᠷᠳᠤᠴᠠᠲᠤ ᠠᠭᠤᠯᠠ ᠶᠢ | ᠨᠡᠪᠲᠡᠷᠡᠭᠦᠯᠬᠦ ᠢᠨᠵᠧᠨᠧᠷᠢᠩ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠦ᠂ ᠬᠥᠳᠡᠭᠡ ᠲᠣᠰᠬᠤᠨ ᠤ ᠵᠠᠮ ᠤᠨ | ᠲᠣᠤᠷ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠴᠢᠩᠱᠠᠨ ᠴᠢᠩ ᠮᠧᠢ ᠬᠦᠳᠡᠭᠡ ᠲᠠᠷᠢᠶᠠᠨ ᠭᠠᠵᠠᠷ ᠤᠨ | ᠶᠡᠷᠦᠩᠬᠡᠶᠢᠯᠡᠭᠰᠡᠨ ᠴᠣᠭᠴᠠ ᠶᠢᠨ ᠢᠨᠵᠨᠧᠷᠢᠩ ᠢ ᠪᠦᠬᠦ ᠬᠦᠴᠦᠨ ᠢᠶᠠᠷ ᠬᠡᠷᠡᠭᠵᠢᠭᠦᠯᠵᠦ᠂ ᠰᠠᠶᠢᠷ ᠤᠨ ᠲᠤᠬᠤᠢ ᠤᠨ | ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠲᠥᠪ᠂ ᠡᠯ ᠬᠠᠢ ᠬᠤᠤ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ | ᠭᠦᠢᠯᠭᠡᠭᠡᠨ ᠤ ᠬᠦᠷᠢᠶᠡᠯᠡᠩ ᠵᠡᠷᠭᠡ ᠲᠦᠷᠦᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠵᠤᠤ | ᠵᠢᠶᠠ ᠶᠢᠩ ᠲᠣᠰᠬᠤᠨ ᠤ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠳᠤ ᠲᠦᠰᠢᠭᠯᠡᠨ᠂ | ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢ ᠴᠢᠩᠭᠠᠳᠬᠠᠵᠤ᠂ ᠣᠨᠴᠠᠯᠢᠭᠲᠤ ᠠᠵᠤ ᠦᠢᠯᠡᠰ ᠢ | ᠲᠦᠷᠭᠡᠳᠬᠡᠨ ᠬᠥᠭᠵᠢᠭᠦᠯᠵᠦ᠂ ᠬᠤᠲᠠᠨ ᠳᠠᠬᠢ ᠲᠣᠰᠬᠤᠨ ᠢ ᠶᠡᠷᠦᠩᠬᠡᠶᠢᠯᠡᠨ ᠵᠠᠰᠠᠬᠤ ᠵᠢᠱᠢᠶ᠎ᠡ ᠶᠢ ᠪᠤᠢ ᠪᠣᠯᠭᠠᠨ᠎ᠠ᠃ | ᠭᠤᠷᠪᠠ ᠳᠤ ᠬᠤᠲᠠ ᠬᠥᠳᠡᠭᠡ ᠶᠢᠨ ᠬᠠᠮᠢᠶᠠᠷᠤᠯᠲᠠ ᠶᠢ ᠨᠠᠷᠢᠯᠢᠭ ᠬᠢᠬᠦ ᠬᠡᠷᠡᠭᠲᠡᠢ᠃ ᠬᠢᠵᠢᠭ ᠤᠨ | ᠪᠠᠶᠢᠳᠠᠯ ᠤᠨ ᠬᠤᠭᠤᠴᠠᠭᠠᠨ ᠳᠤ ᠢᠯᠡᠷᠡᠭᠰᠡᠨ ᠵᠠᠷᠢᠮ ᠬᠦᠷᠦᠯᠴᠡᠬᠦ ᠦᠭᠡᠢ ᠲᠠᠯ᠎ᠠ ᠳᠤ ᠴᠢᠭᠯᠡᠭᠦᠯᠦᠨ᠂ ᠰᠠᠭᠤᠭᠠᠯᠢ | ᠲᠣᠭᠤᠷᠢᠭ ᠤᠨ ᠰᠠᠭᠤᠷᠢ ᠲᠥᠬᠦᠭᠡᠷᠦᠮᠵᠢ᠂ ᠠᠳᠠᠯ ᠠᠬᠤᠢ ᠶᠢᠨ ᠬᠠᠮᠢᠶᠠᠷᠤᠯᠲᠠ ᠪᠠ ᠨᠡᠶᠢᠭᠡᠮ ᠤᠨ ᠦᠢᠯᠡᠴᠢᠯᠡᠭᠡ ᠶᠢ | ᠬᠦᠴᠦᠯᠡᠨ ᠴᠢᠩᠭᠠᠳᠬᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠵᠥᠭᠡᠯᠡᠨ ᠬᠠᠲᠠᠭᠤ ᠣᠷᠴᠢᠨ ᠲᠣᠭᠤᠷᠢᠨ ᠢ | ᠬᠤᠣᠰ ᠳᠡᠭᠡᠭᠰᠢᠯᠡᠯᠲᠡ ᠲᠠᠢ ᠪᠣᠯᠭᠠᠨ᠎ᠠ᠃ ᠪᠠᠭ᠎ᠠ ᠲᠣᠭᠤᠷᠢᠭ ᠤᠨ ᠠᠵᠢᠯ ᠦᠢᠯᠡᠰ ᠤᠨ ᠵᠥᠪᠯᠡᠯ ᠤᠨ ᠬᠠᠤᠯᠢ | ᠡᠷᠬᠡᠲᠡᠨ ᠢ ᠳᠠᠩᠰᠠᠯᠠᠬᠤ ᠪᠠ ᠠᠳᠠᠯ ᠠᠬᠤᠢ ᠶᠢᠨ ᠳᠡᠰ ᠳᠡᠪᠰᠢᠭᠦᠯᠬᠦ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ | ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠲᠡᠰ ᠤᠨ ᠠᠳᠠᠯ ᠠᠬᠤᠢ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ | ᠠᠳᠠᠯ ᠠᠬᠤᠢ ᠶᠢᠨ ᠦᠢᠯᠡᠴᠢᠯᠡᠭᠡᠨ ᠤ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ ᠶᠢ ᠵᠣᠷᠢᠭᠵᠢᠭᠤᠯᠤᠨ ᠬᠥᠲᠥᠯᠥᠨ | ᠵᠢᠯᠣᠭᠤᠳᠴᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠭᠤᠷᠪᠠᠨ ᠵᠢᠯ ᠤᠨ ᠠᠵᠢᠯᠯᠠᠭ᠎ᠠ ᠶᠢᠨ ᠰᠡᠭᠦᠯ ᠬᠤᠷᠢᠶᠠᠬᠤ ᠠᠵᠢᠯ ᠢ ᠦᠨᠡᠨᠬᠦ ᠰᠠᠶᠢᠲᠤᠷ ᠠᠳᠬᠤᠵᠤ᠂ ᠰᠠᠶᠢᠷ ᠤᠨ | ᠲᠤᠬᠤᠢ᠂ ᠳ᠋ᠢᠩ ᠳ᠋ᠦ᠋ ᠯᠦᠩ ᠬᠦᠶ ᠵᠡᠷᠭᠡ 5 ᠲᠣᠰᠬᠤᠨ ᠤ ᠪᠣᠬᠢᠷ ᠤᠰᠤᠨ ᠤ ᠬᠤᠭᠤᠯᠠᠶ ᠶᠢᠨ ᠲᠣᠤᠷ ᠪᠠᠶᠢᠭᠤᠯᠬᠤ ᠶᠢ | ᠠᠬᠢᠭᠤᠯᠵᠤ᠂ ᠳ᠋ᠠᠩ ᠫᠦ᠂ ᠴᠢᠨᠳᠠᠭᠠᠨ ᠴᠠᠭᠠᠨ ᠭᠤᠤᠯ ᠵᠡᠷᠭᠡ 3 ᠲᠣᠰᠬᠤᠨ ᠤ ᠡᠷᠦᠬᠡ ᠶᠢᠨ ᠵᠣᠷᠯᠣᠩ᠂ ᠨᠡᠶᠢᠲᠡ ᠶᠢᠨ | ᠵᠣᠷᠯᠣᠩ ᠢ ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠦᠨ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ | ᠵᠠᠰᠠᠬᠤ ᠨᠣᠷᠮ᠎ᠠ᠂ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠬᠦ ᠨᠣᠷᠮ᠎ᠠ ᠶᠢᠨ 90% ᠠᠴᠠ ᠳᠡᠭᠡᠭᠰᠢ ᠳᠤ | ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠤᠲᠠ ᠶᠢᠨ ᠵᠠᠮ ᠢ ᠮᠠᠰᠢᠨᠴᠢᠯᠠᠭᠰᠠᠨ ᠴᠡᠪᠡᠷᠯᠡᠯᠲᠡ ᠪᠠ | ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ | ᠠᠰᠢᠭᠯᠠᠬᠤ ᠶᠢ ᠶᠡᠬᠡᠪᠡᠷ ᠠᠬᠢᠭᠤᠯᠵᠦ᠂ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠭᠤᠷᠪᠠᠳᠤᠭᠠᠷ ᠨᠣᠮᠧᠷᠲᠤ | ᠠᠪᠴᠢᠭᠤᠯᠬᠤ ᠮᠠᠶ᠋ᠢᠭ ᠤᠨ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠶᠢᠨ ᠠᠰᠢᠭᠯᠠᠯᠲᠠ ᠳᠤ | ᠣᠷᠣᠭᠤᠯᠬᠤ ᠶᠢ ᠦᠨᠡᠨᠬᠦ ᠪᠠᠲᠤᠯᠠᠨ᠎ᠠ᠃ ᠵᠠᠮ ᠡᠵᠡᠯᠡᠨ ᠡᠵᠡᠩᠨᠡᠬᠦ᠂ ᠳᠤᠷ᠎ᠠ ᠪᠠᠷ ᠢᠶᠠᠨ ᠪᠠᠷᠢᠵᠦ ᠪᠠᠶᠢᠭᠤᠯᠬᠤ᠂ | ᠬᠤᠲᠠ ᠶᠢᠨ ᠳᠦᠷᠢ ᠪᠠᠢᠳᠠᠯ ︽ᠵᠢᠷᠭᠤᠭᠠᠨ ᠳᠤᠷ᠎ᠠ ᠪᠠᠷ︾ ᠪᠠᠶᠢᠬᠤ ᠶᠢ ᠰᠢᠢᠳᠪᠦᠷᠢᠯᠡᠬᠦ ᠤᠷᠲᠤ ᠬᠤᠭᠤᠴᠠᠭᠠᠨ ᠤ | ᠪᠦᠲᠦᠮᠵᠢᠲᠡᠶ ᠬᠠᠮᠢᠶᠠᠷᠤᠨ ᠡᠵᠡᠮᠳᠡᠬᠦ ᠲᠤᠭᠲᠠᠴᠠ ᠶᠢ ᠪᠠᠶᠢᠭᠤᠯᠵᠤ᠂ ᠵᠢᠩ ᠳ᠋ᠦᠩ ᠢᠳᠡᠰᠢᠨ ᠨᠣᠭᠤᠭ᠎ᠠ ᠶᠢ ᠨᠡᠶᠢᠭᠡᠮ | ᠲᠣᠭᠤᠷᠢᠭ ᠲᠤ ᠰᠢᠭᠤᠳ ᠬᠠᠩᠭᠠᠬᠤ ᠶᠢ ᠲᠦᠷᠭᠡᠳᠬᠡᠵᠦ᠂ ᠶᠢᠨ ᠯᠢᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠢ | ᠲᠡᠰ ᠳᠡᠪᠰᠢᠭᠦᠯᠦᠨ ᠥᠭᠡᠷᠡᠴᠢᠯᠡᠨ᠎ᠡ᠃ | ︵ᠵᠢᠷᠭᠤᠭ᠎ᠠ︶ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢᠨ ᠲᠣᠭᠤᠷᠢᠨ ᠳᠤ᠂ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠤᠯᠠᠨ ᠲᠦᠮᠡᠨ ᠤ ᠡᠳᠦᠷ | ᠢᠷᠡᠭᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠴᠢᠷᠮᠠᠶᠢᠨ ᠬᠠᠩᠭᠠᠨ᠎ᠠ | ᠨᠢᠭᠡ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠤᠨ | ᠲᠥᠯᠥᠭᠡ ᠵᠢᠳᠬᠦᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠤᠭᠰᠠᠨ | ᠦᠷ᠎ᠡ ᠪᠦᠲᠦᠭᠡᠯ ᠢ ᠶᠡᠬᠡᠪᠡᠷ ᠪᠠᠬᠢᠵᠢᠭᠦᠯᠵᠦ᠂ ᠬᠠᠷᠢᠴᠠᠩᠭᠤᠶ ᠬᠦᠴᠢᠷᠳᠡᠯᠲᠡᠶ ᠡᠷᠦᠬᠡ ᠶᠢᠨ ᠬᠥᠳᠡᠯᠦᠯ ᠪᠠᠶᠢᠳᠠᠯ ᠤᠨ | ᠬᠠᠮᠢᠶᠠᠷᠤᠯᠲᠠ᠂ ᠦᠨᠳᠦᠰᠦᠨ ᠵᠦᠢᠯ ᠢ ᠪᠠᠲᠤᠯᠠᠬᠤ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ | ᠬᠢᠵᠦ᠂ ᠬᠢᠯᠢ ᠬᠢᠵᠠᠭᠠᠷ ᠠᠴᠠ ᠠᠮᠠᠷᠬᠠᠨ ᠶᠠᠳᠠᠭᠤ ᠬᠦᠴᠢᠷᠳᠡᠯᠲᠡᠶ ᠡᠷᠦᠬᠡ ᠵᠢᠴᠢ ᠣᠷᠣᠯᠭ᠎ᠠ ᠭᠡᠨᠡᠳᠲᠡ ᠬᠠᠰᠤᠭᠳᠠᠵᠤ | ᠵᠠᠷᠤᠯᠭ᠎ᠠ ᠭᠡᠨᠡᠳᠲᠡ ᠨᠡᠮᠡᠭᠳᠡᠭᠰᠡᠨ ᠡᠷᠦᠬᠡ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠶᠢ ᠴᠢᠩᠭᠠᠳᠬᠠᠵᠦ᠂ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃ ᠬᠥᠳᠡᠭᠡ ᠲᠣᠰᠬᠤᠨ ᠤ | ᠬᠠᠮᠲᠤ ᠶᠢᠨ ᠠᠵᠤ ᠠᠬᠤᠶ ᠶᠢ ᠴᠡᠪᠡᠷᠯᠡᠨ ᠠᠷᠢᠯᠭᠠᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠦ᠂ ᠪᠦᠬᠦ ᠵᠠᠰᠠᠭ | ᠵᠠᠬᠢᠷᠭᠠᠨ ᠤ ᠲᠣᠰᠬᠤᠨ ᠤ ᠬᠠᠮᠲᠤ ᠶᠢᠨ ᠣᠷᠣᠯᠭ᠎ᠠ ᠶᠢ 20 ᠲᠦᠮᠡᠨ ᠲᠥᠭᠦᠷᠢᠭ ᠠᠴᠠ ᠳᠡᠭᠡᠭᠰᠢ ᠳᠤ ᠬᠦᠷᠭᠡᠬᠦ ᠪᠠᠷ | ᠴᠢᠷᠮᠠᠶᠢᠵᠤ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠤᠲᠠ ᠣᠷᠣᠵᠤ ᠬᠥᠯᠥᠰᠥᠨ | ᠠᠵᠢᠯ ᠬᠢᠵᠦ ᠪᠠᠶᠢᠭ᠎ᠠ ᠮᠠᠯᠴᠢᠨ ᠲᠠᠷᠢᠶᠠᠴᠢᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ | ᠠᠮᠢᠳᠤᠯᠢᠭ ᠢᠶᠠᠷ ᠠᠵᠢᠯ ᠣᠯᠤᠭᠰᠠᠳ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠢᠯ ᠡᠷᠬᠢᠯᠡᠭᠰᠡᠳ ᠤᠨ | ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠪᠠᠲᠤᠯᠠᠪᠠᠰᠤ ᠵᠣᠬᠢᠬᠤ ᠶᠢ ᠨᠢ | ᠪᠦᠬᠦᠨ ᠢ ᠪᠠᠲᠤᠯᠠᠬᠤ ᠶᠢ ᠴᠢᠷᠮᠠᠶᠢᠨ ᠪᠡᠶᠡᠯᠡᠭᠦᠯᠦᠨ᠎ᠡ᠃ ᠪᠦᠬᠦ ᠤᠯᠤᠰ ᠤᠨ ᠨᠡᠶᠢᠭᠡᠮ ᠤᠨ ᠠᠪᠤᠷᠠᠨ ᠲᠤᠰᠠᠯᠠᠬᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ | ᠬᠤᠲᠠ ᠶᠢᠨ ᠬᠦᠴᠢᠷᠳᠡᠯᠲᠡᠶ ᠨᠡᠶᠢᠲᠡ ᠴᠣᠭᠴᠠ ᠶᠢ ᠭᠤᠤᠯᠳᠠᠯᠭ᠎ᠠ ᠲᠠᠢ ᠠᠩᠬᠠᠷᠴᠤ ᠲᠥᠷᠥ ᠶᠢᠨ ᠪᠣᠳᠣᠯᠭ᠎ᠠ ᠶᠢᠨ | ᠴᠢᠨᠠᠷᠲᠠᠶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠬᠤ ᠪᠠ ᠥᠪᠡᠷᠮᠢᠴᠡᠵᠢᠭᠦᠯᠦᠨ | ᠬᠦᠴᠢᠷᠳᠡᠯ ᠢ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠡᠳᠦᠷ ᠲᠤᠲᠤᠮ ᠤᠨ ᠬᠠᠪᠰᠤᠷᠤᠨ ᠲᠡᠳᠬᠦᠬᠦ ᠤᠷᠲᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠤᠢ ᠪᠣᠯᠭᠠᠨ᠎ᠠ᠃ 3 ᠵᠡᠭᠡᠯᠢ ᠭᠤᠳᠤᠮᠵᠢ ᠶᠢᠨ ᠲᠡᠰ ᠤᠨ | ᠵᠡᠮᠳᠡᠭᠴᠦᠳ ᠤᠨ ︽ᠬᠠᠯᠠᠭᠤᠨ ᠳᠤᠯᠠᠭᠠᠨ ᠭᠡᠷ ᠣᠷᠣᠨ︾ ᠢ ᠪᠠᠶᠢᠭᠤᠯᠵᠤ᠂ ᠬᠤᠲᠠ ᠬᠥᠳᠡᠭᠡ ᠶᠢᠨ ᠵᠡᠮᠳᠡᠭᠴᠦᠳ ᠤᠨ | ᠭᠡᠷ ᠪᠦᠯᠢ ᠶᠢᠨ ᠬᠠᠷᠰᠢ ᠰᠠᠭᠠᠳ ᠦᠭᠡᠢ ᠪᠡᠯᠡᠳᠬᠡᠮᠵᠢ ᠶᠢᠨ ᠥᠭᠡᠷᠡᠴᠢᠯᠡᠯᠲᠡ ᠶᠢ ᠨᠢᠭᠡᠳᠦᠯᠲᠡᠢ ᠳᠤ ᠲᠥᠯᠥᠪᠯᠡᠨ | ᠬᠡᠷᠡᠭᠵᠢᠭᠦᠯᠦᠨ᠎ᠡ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠢᠨᠠᠨ ᠬᠠᠮᠢᠶᠠᠷᠬᠤ ᠡᠷᠴᠢᠮ ᠢᠶᠠᠨ | ᠴᠢᠩᠭᠠᠷᠠᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠡᠷᠬᠡ ᠠᠰᠢᠭ ᠢ ᠦᠨᠡᠨᠬᠦ ᠬᠠᠮᠠᠭᠠᠯᠠᠨ᠎ᠠ᠃ ᠡᠶ᠎ᠡ ᠵᠣᠬᠢᠴᠠᠩᠭᠤᠶ | ᠬᠥᠳᠡᠯᠮᠦᠷᠢ ᠶᠢᠨ ᠬᠠᠷᠢᠴᠠᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ | ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ︽ᠬᠤᠶᠠᠷ ᠠᠯᠲᠠᠨ ᠮᠧᠳ᠋ᠯ ᠭᠤᠷᠪᠠᠨ ᠳᠦᠷᠢᠮ︾ ᠵᠢᠴᠢ ︽ᠬᠤᠶᠠᠷ ᠲᠡᠭ︾ | ᠪᠠᠶᠢᠯᠭᠠᠬᠤ ᠱᠠᠭᠠᠷᠳᠠᠯᠭ᠎ᠠ ᠶᠢ ᠴᠢᠩᠭ᠎ᠠ ᠨᠠᠶᠢᠲᠠᠪᠦᠷᠢᠵᠢᠭᠤᠯᠵᠦ᠂ ᠬᠥᠯᠥᠰᠥᠨ ᠠᠵᠢᠯᠴᠢᠨ ᠤ ᠴᠠᠯᠢᠩ ᠢ ᠴᠠᠭ | ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠦᠨᠡᠨ ᠬᠦ ᠪᠠᠲᠤᠯᠠᠨ᠎ᠠ᠃ ᠨᠡᠶᠢᠭᠡᠮ ᠤᠨ ᠬᠥᠷᠥᠩᠭᠡ ᠶᠢᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠳᠤ ᠣᠷᠣᠯᠴᠠᠬᠤ ᠶᠢ ᠢᠳᠡᠪᠬᠢᠲᠡᠢ ᠵᠤᠷᠢᠭᠵᠢᠭᠤᠯᠵᠦ᠂ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢ ᠪᠠᠶᠢᠭᠤᠯᠵᠤ ᠦᠢᠯᠡᠴᠢᠯᠡᠭᠡᠨ ᠤ ᠵᠠᠭᠪᠤᠷ ᠢ ᠨᠠᠷᠢᠯᠢᠬᠵᠢᠭᠤᠯᠵᠤ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠡᠮᠴᠢᠯᠡᠭᠡ ᠡᠷᠡᠭᠦᠯ ᠮᠡᠨᠳᠦ ᠶᠢ ᠭᠦᠨ ᠠᠭᠤᠰᠤᠯᠴᠠᠭᠤᠯᠬᠤ | ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠴᠢᠩᠱᠠᠨ ᠲᠣᠭᠤᠷᠢᠭ ᠤᠨ ᠠᠷᠠᠴᠢᠯᠠᠭ᠎ᠠ ᠶᠢᠨ ᠬᠦᠷᠢᠶᠡᠯᠡᠩ ᠤᠨ | ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 15 ᠣᠷᠴᠢᠮ ᠬᠠᠭᠤᠴᠢᠨ | ᠵᠠᠯᠠᠭᠤᠴᠤᠳ ᠪᠠᠭᠠᠴᠤᠳ ᠤᠨ ᠴᠡᠩᠭᠡᠯ ᠤᠨ ᠬᠦᠷᠢᠶᠡᠯᠡᠩ ᠪᠠ ᠬᠥᠳᠡᠭᠡ ᠲᠣᠰᠬᠤᠨ ᠤ ᠨᠠᠰᠤᠵᠢᠯ ᠤᠨ | ᠦᠢᠯᠡᠴᠢᠯᠡᠭᠡᠨ ᠤ ᠥᠷᠲᠡᠭᠡ ᠶᠢ ᠪᠠᠶᠢᠭᠤᠯᠵᠦ᠂ ᠡᠯ᠎ᠡ ᠲᠥᠷᠥᠯ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠢᠷᠤᠮᠵᠢᠭᠤᠯᠤᠨ ᠠᠵᠢᠯᠯᠠᠭᠤᠯᠬᠤ ᠶᠢ ᠵᠢᠯᠣᠭᠤᠳᠤᠨ᠎ᠠ᠃ | ᠬᠤᠶᠠᠷ ᠲᠤ ᠤᠯᠠᠨ ᠨᠡᠶᠢᠲᠡ ᠶᠢᠨ ᠦᠢᠯᠡᠴᠢᠯᠡᠭᠡᠨ ᠤ ᠲᠣᠣᠷ ᠢ ᠨᠢᠭᠲᠠ ᠰᠦᠯᠵᠢᠵᠦ᠂ ᠠᠷᠠᠳ ᠲᠤ ᠠᠰᠢᠭ | ᠬᠦᠷᠲᠡᠭᠡᠬᠦ ᠪᠤᠲᠠᠲᠦ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠥᠪᠳᠡᠯᠴᠡᠬᠦ ᠳᠦᠷᠢᠮ | ᠢ ᠪᠦᠬᠦ ᠲᠠᠯ᠎ᠠ ᠪᠠᠷ ᠰᠠᠶᠢᠲᠤᠷ ᠨᠠᠶᠢᠲᠠᠪᠦᠷᠢᠵᠢᠭᠤᠯᠵᠦ᠂ ᠨᠡᠩ ᠯᠠᠪᠳᠠᠭᠤᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ | ᠤᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠲᠤᠯᠭᠠᠮ᠎ᠠ ᠠᠰᠠᠭᠤᠳᠠᠯ ᠢ ᠪᠦᠬᠦ ᠬᠦᠴᠦᠨ ᠢᠶᠠᠷ ᠢᠶᠠᠨ | ᠰᠢᠢᠳᠪᠦᠷᠢᠯᠡᠬᠦ ᠬᠡᠷᠡᠭᠲᠡᠶ᠃ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠨᠠᠩ ᠲᠣᠪᠦ᠋ᠮ᠎ᠠ ᠪᠠᠶᠢᠷᠢᠨ ᠳᠤ | ᠲᠠᠯᠪᠢᠵᠤ᠂ ᠠᠵᠤ ᠠᠬᠤᠶᠢᠯᠠᠯ ᠢ ᠳᠡᠮᠵᠢᠬᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ | ᠦᠷᠭᠡᠳᠭᠡᠬᠦ ᠠᠵᠢᠯ ᠢ ᠴᠢᠭᠯᠡᠭᠦᠯᠬᠦ ᠴᠢᠨᠠᠷᠲᠠᠶ ᠪᠠᠷ ᠥᠷᠨᠢᠭᠦᠯᠵᠦ᠂ ᠪᠦᠬᠦ ᠵᠢᠯ ᠳᠤ ᠬᠤᠲᠠ ᠪᠠᠯᠭᠠᠰᠤᠨ ᠳᠤ 1 | ᠲᠦᠮᠡ ᠠᠴᠠ ᠳᠡᠭᠡᠭᠰᠢ ᠰᠢᠨ᠎ᠡ ᠪᠠᠷ ᠠᠵᠢᠯ ᠣᠯᠭᠤᠬᠤ ᠪᠠᠷ ᠴᠢᠷᠮᠠᠶᠢᠵᠦ᠂ ᠠᠵᠢᠯ ᠠᠯᠳᠠᠭᠰᠠᠳ ᠲᠤ ᠳᠠᠬᠢᠨ | 3000 ᠠᠴᠠ ᠳᠡᠭᠡᠭᠰᠢ ᠬᠥᠮᠦᠨ ᠳᠤ ᠠᠵᠢᠯ ᠣᠯᠭᠤᠨ᠎ᠠ᠃ 6500 ᠲᠦᠮᠡᠨ ᠲᠥᠭᠦᠷᠢᠭ ᠠᠴᠠ ᠳᠡᠭᠡᠭᠰᠢ ᠦᠢᠯᠡᠰ | ᠪᠣᠰᠬᠠᠬᠤ ᠲᠠᠭᠠᠭᠠᠯᠲᠠᠲᠤ ᠵᠢᠭᠡᠯᠡᠯᠭᠡ ᠲᠠᠯᠪᠢᠵᠤ᠂ 2000 ᠭᠠᠷᠤᠢ ᠡᠷᠦᠬᠡ ᠦᠢᠯᠡᠰ ᠪᠣᠰᠬᠠᠬᠤ ᠶᠢ ᠲᠡᠳᠬᠦᠵᠦ᠂ 3 | ᠲᠦᠮᠡ ᠭᠠᠷᠤᠢ ᠬᠥᠮᠦᠨ ᠳᠤ ᠠᠵᠢᠯ ᠣᠯᠭᠤᠪᠠ᠃ ᠬᠤᠲᠠ ᠶᠢᠨ ᠳᠡᠰ ᠠᠴᠠ ᠳᠡᠭᠡᠭᠰᠢᠬᠢ ᠠᠳᠠᠯ ᠦᠢᠯᠡᠰ | ᠴᠣᠭᠴᠠᠯᠠᠬᠤ ᠬᠦᠷᠢᠶᠡᠯᠡᠩ᠂ ᠨᠡᠪᠴᠢᠭᠦᠯᠬᠦ ᠰᠠᠭᠤᠷᠢᠨ ᠭᠠᠵᠠᠷ ᠢ ᠳᠠᠬᠢᠨ 3 — 5 ᠪᠤᠶᠢᠵᠢᠭᠤᠯᠬᠤ ᠪᠠᠷ | ᠴᠢᠷᠮᠠᠶᠢᠨ᠎ᠠ᠃ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠪᠦᠬᠦ | ᠬᠦᠴᠦᠨ ᠢᠶᠠᠷ ᠠᠬᠢᠭᠤᠯᠵᠦ᠂10 ᠰᠤᠷᠭᠠᠭᠤᠯᠢ ᠶᠢᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢ ᠰᠡᠯᠪᠢᠨ ᠵᠠᠰᠠᠵᠤ | ᠥᠭᠡᠷᠡᠴᠢᠯᠡᠬᠦ ᠶᠢ ᠡᠮᠬᠢ ᠵᠢᠷᠤᠮ ᠲᠠᠢ ᠬᠡᠷᠡᠭᠵᠢᠭᠦᠯᠵᠦ᠂ ᠵᠤᠤ ᠵᠢᠶᠠ ᠳ᠋ᠢᠶᠠᠨ ᠣᠷᠣᠨ ᠪᠦᠰᠡ ᠳᠤ ᠶᠢᠰᠦᠨ ᠵᠢᠯ ᠤᠨ | ᠳᠦᠷᠢᠮᠵᠢᠲᠦ ᠰᠤᠷᠭᠠᠭᠤᠯᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠨ᠎ᠠ᠃ ︽ᠨᠢᠭᠡ ᠬᠡᠤᠬᠡᠳ ᠤᠨ | ᠴᠡᠴᠡᠷᠯᠢᠭ ᠤᠨ ᠨᠢᠭᠡ ᠲᠦᠯᠦᠪᠯᠡᠭᠡ︾ ᠨᠢ ᠬᠤᠲᠠ ᠪᠠᠯᠭᠠᠰᠤᠨ ᠤ ᠵᠢᠵᠢᠭ ᠲᠣᠭᠤᠷᠢᠭ ᠤᠨ ᠢᠵᠢ ᠪᠦᠷᠢᠯᠳᠦᠭᠦᠯᠦᠭᠰᠡᠨ | ᠬᠡᠤᠬᠡᠳ ᠤᠨ ᠴᠡᠴᠡᠷᠯᠢᠭ ᠢ ᠵᠠᠰᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠵᠤ᠂ ᠲᠦᠭᠡᠮᠡᠯ ᠬᠠᠷᠠᠭᠠᠯᠬᠠᠯ | ᠦᠵᠡᠭᠦᠯᠬᠦ ᠴᠢᠨᠠᠷᠲᠠᠶ ᠬᠡᠤᠬᠡᠳ ᠤᠨ ᠴᠡᠴᠡᠷᠯᠢᠭ ᠤᠨ ᠬᠠᠷᠢᠴᠠᠯ ᠪᠠ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ ᠠᠷᠠᠳ ᠠᠴᠠ ᠡᠷᠬᠢᠯᠡᠭᠰᠡᠨ ᠰᠢᠯᠢᠳᠡᠭ ᠰᠤᠷᠭᠠᠨ ᠬᠥᠮᠦᠵᠢᠯ ᠤᠨ ᠪᠠᠶᠢᠭᠤᠯᠤᠮᠵᠢ ᠶᠢ ᠢᠳᠡᠪᠬᠢᠲᠡᠢ | ᠣᠷᠣᠭᠤᠯᠵᠤ᠂ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠨᠠᠷᠠᠲᠤ ᠲᠥᠷᠥᠯ ᠲᠡᠮᠳᠡᠭᠲᠦ ᠶᠢᠨ ᠡᠬᠢ | ᠪᠠᠶᠠᠯᠢᠭ ᠢ ᠡᠮᠬᠢᠯᠡᠨ ᠨᠡᠶᠢᠯᠡᠭᠦᠯᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠰᠤᠷᠭᠠᠭᠤᠯᠢ ᠶᠢᠨ ᠭᠠᠳᠠᠨᠠᠬᠢ ᠨᠢᠭᠡ | ᠥᠷᠲᠡᠭᠡ ᠮᠠᠶ᠋ᠢᠭ ᠤᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠰᠤᠷᠭᠠᠨ | ᠬᠥᠮᠦᠵᠢᠯ ᠤᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠵᠠᠮᠴᠢ ᠰᠤᠷᠭᠠᠭᠤᠯᠢ ᠶᠢᠨ ᠵᠠᠬᠢᠷᠤᠯ᠂ | ᠭᠠᠷᠮᠠᠭᠠᠶ ᠪᠠᠭᠰᠢ ᠶᠢ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠰᠤᠷᠭᠠᠨ ᠬᠥᠮᠦᠵᠢᠯ ᠤᠨ ᠵᠥᠭᠡᠯᠡᠨ | ᠪᠣᠳᠠᠲᠤ ᠬᠦᠴᠦᠨ ᠢ ᠳᠡᠭᠡᠭᠰᠢᠯᠡᠭᠦᠯᠵᠦ᠂ ᠠᠭᠤᠯᠤᠭᠳᠠᠬᠤᠨ ᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠬᠦ ᠶᠢ | ᠠᠬᠢᠭᠤᠯᠤᠨ᠎ᠠ᠃ ᠴᠢᠩᠱᠠᠨ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ ᠤᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠭᠠᠵᠠᠷ ᠣᠷᠣᠨ ᠤ ᠡᠮᠴᠢᠯᠡᠭᠡ ᠡᠮ | ᠡᠮᠨᠡᠯᠭᠡ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠵᠤ᠂ ᠪᠥᠬᠦ ᠣᠷᠣᠨ ᠤ ᠡᠷᠡᠭᠦᠯ ᠮᠡᠨᠳᠦ ᠶᠢᠨ ᠰᠢᠰᠲ᠋ᠧᠮᠵᠢ ᠶᠢᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠷᠡᠭᠦᠯ ᠡᠩᠬᠡ ᠬᠤᠲᠠ ᠶᠢ ᠡᠭᠦᠳᠦᠨ ᠪᠠᠶᠢᠭᠤᠯᠬᠤ ᠡᠭᠦᠷᠭᠡ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠯᠠᠰ ᠴᠡᠭ ︽ᠡᠷᠡᠭᠦᠯ ᠡᠰ︾ ᠢ ᠬᠦᠴᠦᠯᠡᠨ ᠪᠣᠶ ᠪᠣᠯᠭᠠᠨ᠎ᠠ᠃ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠶᠡᠬᠡᠪᠡᠷ ᠲᠦᠯᠬᠢᠨ ᠠᠬᠢᠭᠤᠯᠵᠤ᠂ ᠪᠦᠬᠦ ᠤᠯᠤᠰ ᠤᠨ ᠡᠷᠡᠭᠦᠯ ᠮᠡᠨᠲᠦ ᠶᠢ | ᠠᠬᠢᠭᠤᠯᠬᠤ ᠣᠷᠣᠨ ᠪᠠ ᠥᠪᠡᠷᠲᠡᠭᠡᠨ ᠵᠠᠰᠠᠬᠤ ᠣᠷᠣᠨ ᠤ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ | ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠵᠤ ᠰᠢᠯᠭᠠᠨ ᠠᠪᠬᠤ ᠠᠵᠢᠯ ᠢ | ᠤᠷᠤᠭᠰᠢᠲᠠᠶ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨ ᠪᠣᠯᠭᠠᠨ ᠲᠡᠭᠦᠯᠳᠡᠷᠵᠢᠭᠦᠯᠵᠦ᠂ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ᠂ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ | ᠡᠮᠨᠡᠨ ᠵᠠᠰᠠᠬᠤ᠂ ᠬᠦᠨᠳᠦ ᠶᠡᠭᠡ ᠡᠪᠡᠳᠴᠢᠨ ᠡᠮᠭᠡᠭ ᠤᠨ ᠡᠮ ᠡᠮᠨᠡᠯᠭᠡ ᠶᠢᠨ ᠳᠠᠭᠠᠳᠬᠠᠯ ᠢᠶᠠᠷ ᠠᠪᠤᠷᠠᠨ ᠲᠤᠰᠠᠯᠠᠬᠤ᠂ | ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠪᠠᠲᠤᠯᠠᠭ᠎ᠠ ᠵᠡᠷᠭᠡ ᠠᠵᠢᠯ ᠢ ᠴᠢᠩᠭᠠᠳᠬᠠᠬᠤ ᠬᠡᠷᠡᠭᠲᠡᠶ᠃ | ᠰᠣᠶᠣᠯ ᠤᠨ ᠠᠭᠤᠯᠬᠤᠨ ᠢ ᠵᠤᠵᠠᠭᠠᠳᠬᠠᠵᠤ᠂ ᠤᠯᠤᠰ ᠤᠨ ᠰᠣᠶᠣᠯ ᠤᠨ ᠶᠠᠮᠤᠨ ᠤ ᠲᠠᠪᠤᠳᠤᠭᠠᠷ ᠤᠳᠠᠭᠠᠨ ᠤ | ᠰᠣᠶᠣᠯ ᠤᠨ ᠣᠷᠳᠣᠨ ᠢ ᠦᠨᠡᠯᠡᠨ ᠵᠢᠱᠢᠵᠦ ᠳᠡᠰ ᠲᠤᠭᠲᠠᠭᠠᠬᠤ ᠠᠵᠢᠯ ᠢ ᠰᠠᠶᠢᠲᠤᠷ ᠬᠢᠵᠦ᠂ ᠨᠡᠩ ᠣᠯᠠᠨ | ᠰᠣᠶᠣᠯ ᠤᠨ ᠣᠷᠳᠣᠨ ᠢ ᠣᠯᠠᠨ ᠨᠡᠶᠢᠲᠡ ᠳᠤ ᠨᠡᠭᠡᠭᠡᠬᠦ ᠶᠢ ᠠᠬᠢᠭᠤᠯᠵᠦ᠂ ᠤᠯᠠᠨ ᠲᠦᠮᠡᠨ ᠤ ᠤᠯᠠᠨ ᠡᠰᠢᠲᠦ | ᠤᠶᠤᠨ ᠤ ᠰᠣᠶᠣᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠨ᠎ᠠ᠃ | ᠭᠤᠷᠪᠠ ᠳᠤ ᠣᠳᠣᠬᠢᠴᠢᠯᠠᠭᠰᠠᠨ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠠᠶᠢᠭᠤᠯᠵᠤ᠂ ᠠᠷᠠᠳ ᠢ | ᠠᠮᠦᠷᠵᠢᠭᠤᠯᠬᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠨᠡᠶᠢᠭᠡᠮ ᠲᠣᠭᠤᠷᠢᠭ ᠤᠨ ᠵᠠᠰᠠᠯᠲᠠ ᠶᠢᠨ | ᠰᠢᠰᠲ᠋ᠧᠮᠵᠢ ᠶᠢ ᠲᠡᠭᠦᠯᠳᠡᠷᠵᠢᠭᠦᠯᠵᠦ᠂ ︽ᠨᠢᠭᠡ ᠭᠤᠤᠯᠳᠠᠯᠭ᠎ᠠ᠂ ᠬᠤᠶᠠᠷ ᠲᠠᠪᠴᠠᠩ᠂ ᠭᠤᠷᠪᠠᠨ ᠲᠣᠭᠲᠠᠴᠠ᠂ ᠳᠥᠷᠪᠡᠨ | ᠪᠠᠲᠤᠯᠠᠭ᠎ᠠ︾ ᠶᠢᠨ ᠨᠡᠶᠢᠭᠡᠮ ᠤᠨ ᠵᠠᠰᠠᠯᠲᠠ ᠶᠢᠨ ᠵᠠᠭᠪᠤᠷ ᠢ ᠰᠦᠪᠡᠭᠴᠢᠯᠡᠨ ᠪᠠᠶᠢᠭᠤᠯᠤᠨ᠎ᠠ᠃ ᠨᠡᠶᠢᠭᠡᠮ ᠤᠨ ᠵᠠᠰᠠᠯᠲᠠ | ᠪᠠ ᠦᠢᠯᠡᠴᠢᠯᠡᠭᠡᠨ ᠤ ᠭᠤᠣᠯᠳᠠᠯᠭ᠎ᠠ ᠪᠠᠨ ᠳᠣᠷᠣᠭᠰᠢ ᠰᠢᠯᠵᠢᠭᠦᠯᠬᠦ ᠶᠢ ᠠᠬᠢᠭᠤᠯᠵᠤ᠂ ᠤᠯᠠᠭᠠᠨ ᠵᠠᠭᠠᠯᠮᠠᠶᠢᠲᠠᠨ ᠤ | ᠠᠪᠤᠷᠠᠨ ᠲᠤᠰᠠᠯᠠᠬᠤ ᠶᠢ ᠬᠢᠨᠠᠨ ᠵᠥᠪᠰᠢᠶᠡᠷᠡᠬᠦ ᠡᠷᠬᠡ ᠮᠡᠳᠡᠯ ᠵᠡᠷᠭᠡ ᠦᠨᠳᠦᠰᠦᠨ ᠣᠯᠠᠨ ᠨᠡᠶᠢᠲᠡ ᠶᠢᠨ | ᠦᠢᠯᠡᠴᠢᠯᠡᠭᠡᠨ ᠤ ᠵᠦᠢᠯ ᠢ ᠨᠡᠶᠢᠭᠡᠮ ᠲᠣᠭᠤᠷᠢᠭ ᠲᠤ ᠪᠠᠭᠤᠯᠭᠠᠨ᠂ ᠰᠢᠨᠵᠢᠯᠡᠬᠦ ᠤᠬᠠᠭᠠᠨ ᠵᠠᠮ ᠤᠨ ᠵᠡᠭᠡᠯᠢ | ᠭᠤᠳᠤᠮᠵᠢ ᠶᠢᠨ ︽332︾ ᠠᠳᠠᠯ ᠠᠬᠤᠶ ᠶᠢᠨ ᠵᠠᠰᠠᠯᠲᠠ ᠶᠢᠨ ᠵᠠᠭᠪᠤᠷ ᠢ ᠲᠤᠷᠰᠢᠨ ᠳᠡᠯᠭᠡᠷᠡᠭᠦᠯᠵᠦ᠂ ᠠᠷᠠᠳ ᠲᠤ | ᠳᠥᠭᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮ ᠪᠠ ᠨᠡᠶᠢᠭᠡᠮ ᠲᠣᠭᠤᠷᠢᠭ ᠤᠨ ︽ᠬᠤᠶᠠᠷ ᠲᠠᠰᠤᠭ︾ ᠤᠨ ᠭᠡᠷ | ᠪᠠᠶᠢᠰᠢᠩ ᠤᠨ ᠴᠢᠳᠠᠮᠵᠢ ᠶᠢ ᠰᠢᠯᠢᠳᠡᠭᠵᠢᠭᠦᠯᠦᠨ ᠳᠡᠰ ᠳᠡᠪᠰᠢᠭᠦᠯᠵᠦ᠂ ᠠᠰᠠᠭᠤᠳᠠᠯ ᠢ ᠨᠡᠶᠢᠭᠡᠮ ᠲᠣᠭᠤᠷᠢᠭ ᠲᠤ | ᠰᠢᠢᠳᠪᠦᠷᠢᠯᠡᠵᠦ᠂ ᠵᠥᠷᠢᠴᠡᠯ ᠢ ᠨᠡᠶᠢᠭᠡᠮ ᠲᠣᠭᠤᠷᠢᠭ ᠲᠤ ᠰᠢᠢᠳᠪᠦᠷᠢᠯᠡᠵᠦ᠂ ᠦᠢᠯᠡᠴᠢᠯᠡᠭᠡ ᠶᠢ ᠨᠡᠶᠢᠭᠡᠮ | ᠲᠣᠭᠤᠷᠢᠭ ᠲᠤ ᠴᠢᠩᠭᠠᠳᠬᠠᠨ᠎ᠠ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠨᠠᠶᠢᠲᠠᠪᠦᠷᠢᠵᠢᠭᠤᠯᠵᠦ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠮᠡᠳᠡᠭᠡ ᠵᠠᠩᠭᠢ ᠶᠢᠨ ᠰᠢᠰᠲ᠋ᠧᠮ ᠵᠢᠴᠢ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠡᠭᠦᠯᠡᠨ ᠲᠠᠪᠴᠠᠩ ᠤᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ | ᠪᠦᠬᠦ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ | ᠬᠦᠨᠳᠦ ᠣᠨᠴᠠ ᠶᠡᠭᠡ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ᠎ᠡ᠃ ︽ᠢᠳᠡᠵᠦ ᠡᠮᠦᠰᠬᠦ ᠶᠠᠪᠤᠵᠤ ᠰᠠᠭᠤᠬᠤ︾ | ᠬᠦᠷᠢᠶ᠎ᠡ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ᠂ ᠦᠨᠡᠮᠯᠡᠯ ᠦᠭᠡᠢ ᠡᠵᠡᠩᠨᠡᠯᠲᠡ ᠶᠢ ᠪᠠᠶᠢᠴᠠᠭᠠᠨ | ᠰᠢᠢᠳᠪᠦᠷᠢᠯᠡᠬᠦ ᠪᠠ ᠡᠷᠡᠭᠡᠯᠵᠡᠯ ᠤᠨ ᠵᠠᠬ᠎ᠠ ᠳᠡᠯᠭᠡᠭᠦᠷ ᠤᠨ ᠡᠮᠬᠢ ᠵᠠᠮᠪᠠᠷᠠᠭ᠎ᠠ ᠦᠭᠡᠢ ᠦᠵᠡᠭᠳᠡᠯ ᠢ ᠴᠡᠭᠴᠡᠯᠡᠨ ᠵᠠᠰᠠᠬᠤ | ᠠᠵᠢᠯ ᠢ ᠦᠷᠭᠦᠯᠵᠢᠯᠡᠨ ᠥᠷᠨᠢᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ ︽ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠤᠨ︾ ᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ᠠᠩᠬᠠᠨ ᠤ ᠵᠠᠬᠢᠳᠠᠯ ᠠᠩᠬᠠᠨ ᠤ ᠰᠤᠷᠪᠤᠯᠵᠢᠯᠠᠭ᠎ᠠ ᠬᠢᠵᠦ ᠠᠩᠬ᠎ᠠ ᠠᠯᠬᠤᠮ ᠲᠤᠰᠢᠶᠠᠨ ᠥᠭᠴᠦ ᠰᠢᠢᠳᠪᠦᠷᠢᠯᠡᠬᠦ ᠶᠠᠰᠤ | ᠴᠢᠨᠠᠷ ᠦᠷ᠎ᠡ ᠪᠦᠲᠦᠮᠵᠢ ᠶᠢ ᠴᠢᠩᠭᠠᠷᠠᠭᠤᠯᠵᠤ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠦᠨᠡᠨ ᠪᠣᠳᠠᠲᠠᠶ | ᠰᠢᠢᠳᠪᠦᠷᠢᠯᠡᠬᠦ ᠶᠢ ᠠᠬᠢᠭᠤᠯᠤᠨ᠎ᠠ᠃ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠬᠥᠭᠵᠢᠯᠲᠡ ᠳᠤ | ᠦᠢᠯᠡᠴᠢᠯᠡᠬᠦ ᠪᠠᠷ ᠬᠠᠷᠠᠯᠲᠠ ᠪᠣᠯᠭᠠᠵᠤ᠂ ᠠᠮᠤᠷ ᠠᠮᠤᠭᠤᠯᠠᠩ ᠴᠢᠩᠱᠠᠨ᠂ ᠬᠠᠤᠯᠢ ᠪᠠᠷ ᠵᠠᠰᠠᠬᠤ ᠴᠢᠩᠱᠠᠨ ᠤ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ | ᠲᠤᠷᠰᠢᠯᠭ᠎ᠠ︾ ᠶᠢ ᠰᠠᠶᠢᠲᠤᠷ ᠬᠥᠭᠵᠢᠭᠦᠯᠬᠦ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠰᠠᠭᠤᠷᠢ ᠪᠠ | ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠡᠩᠨᠡᠭᠡ ᠶᠢᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ᠡᠭᠦᠯᠡᠨ ᠨᠢᠳᠦᠲᠦ ᠬᠠᠮᠠᠭᠠᠯᠠᠭᠴᠢ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠵᠡᠷᠭᠡ ᠳᠣᠲᠣᠭᠠᠳᠤ ᠶᠢ | ᠬᠠᠮᠠᠭᠠᠯᠠᠬᠤ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠦᠨᠵᠡᠭᠡᠶ ᠬᠡᠷᠡᠭᠵᠢᠭᠦᠯᠵᠦ᠂ ᠡᠯ᠎ᠡ | ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠪᠠ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ | ᠴᠢᠳᠠᠪᠦᠷᠢ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠦᠯᠲᠡ ᠶᠢ | ᠵᠢᠷᠤᠮᠵᠢᠭᠤᠯᠬᠤ ᠪᠠ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ | ᠴᠢᠩᠭᠠᠳᠬᠠᠵᠦ᠂ ᠨᠡᠶᠢᠭᠡᠮ ᠤᠨ ᠲᠠᠯ᠎ᠠ ᠶᠢᠨ ᠤᠯᠠᠨ ᠨᠡᠶᠢᠲᠡ ᠶᠢᠨ ᠠᠮᠤᠷ ᠲᠦᠪᠰᠢᠨ ᠪᠠ ᠠᠮᠤᠷ ᠢ ᠬᠠᠮᠠᠭᠠᠯᠠᠬᠤ | ᠲᠤᠪᠤᠶᠢᠮ᠎ᠠ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠭᠠᠵᠠᠷ | ᠣᠷᠣᠨ ᠤ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ ᠰᠠᠶᠢᠲᠤᠷ | ᠬᠠᠮᠠᠭᠠᠯᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠰᠢᠢᠳᠪᠦᠷᠢᠲᠦ ᠢᠯᠠᠯᠲᠠ | ᠣᠯᠤᠭᠰᠠᠨ ᠶᠢ ᠵᠢᠯ ᠤᠨ ᠶᠡᠷᠦᠩᠬᠡᠶ ᠬᠠᠷᠠᠯᠲᠠ ᠲᠠᠢ ᠨᠢᠭᠲᠠ ᠤᠶᠠᠯᠳᠤᠭᠤᠯᠤᠨ᠂ ᠭᠦᠨ ᠠᠭᠤᠳᠠᠯᠵᠤ ᠴᠡᠭᠴᠡᠯᠡᠨ | ᠵᠠᠰᠠᠬᠤ ᠲᠠᠯ᠎ᠠ ᠪᠠᠷ ᠦᠷ᠎ᠡ ᠪᠦᠲᠦᠮᠵᠢ ᠣᠯᠵᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠩᠭᠤ ᠵᠠᠰᠠᠬᠤ ᠳᠡᠭᠡᠷ᠎ᠡ | ᠬᠦᠴᠦ ᠲᠠᠯᠪᠢᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠪᠦᠬᠦ ᠲᠠᠯ᠎ᠠ ᠶᠢᠨ | ᠢᠯᠠᠯᠲᠠ ᠶᠢ ᠲᠡᠮᠡᠴᠡᠨ ᠣᠯᠤᠨ᠎ᠠ᠃ | ᠡᠭᠦᠨ ᠤ ᠬᠠᠮᠲᠤ᠂ ᠪᠢᠳᠡ ᠠᠬᠠᠮᠠᠳ ᠺᠠᠳ᠋ᠷ᠂ ᠦᠨᠳᠦᠰᠦᠲᠡᠨ ᠱᠠᠰᠢᠨ ᠰᠤᠷᠲᠠᠬᠤᠨ᠂ ᠴᠡᠷᠢᠭ ᠠᠴᠠ | ᠬᠠᠯᠠᠭᠳᠠᠭᠰᠠᠳ᠂ ᠡᠮᠡᠭᠲᠡᠶᠢᠴᠦᠳ ᠬᠡᠤᠬᠡᠳ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠠᠵᠢᠯ ᠢ ᠨᠠᠷᠢᠨ | ᠬᠢᠨᠠᠮᠠᠭᠠᠢ ᠰᠠᠶᠢᠲᠤᠷ ᠬᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ | ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠦ᠂ ᠳᠣᠯᠣᠳᠤᠭᠠᠷ ᠤᠳᠠᠭᠠᠨ ᠤ ᠪᠦᠬᠦ | ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠪᠦᠬᠦ ᠲᠠᠯ᠎ᠠ ᠪᠠᠷ ᠡᠬᠢᠯᠡᠭᠦᠯᠵᠦ᠂ ᠪᠤᠭᠤᠲᠤ ᠳᠤ ᠪᠦᠬᠦ | ᠤᠯᠤᠰ ᠤᠨ ᠪᠣᠯᠪᠠᠰᠤᠨ ᠬᠤᠲᠠ ᠶᠢᠨ ︽ᠵᠢᠷᠭᠤᠭᠠᠨ ᠵᠢᠯ ᠳᠠᠷᠠᠭᠠᠯᠠᠨ ᠮᠠᠩᠯᠠᠶᠢᠯᠠᠬᠤ︾᠂ ᠪᠦᠬᠦ ᠤᠯᠤᠰ ᠤᠨ ᠬᠤᠶᠠᠷ ᠢ | ᠬᠦᠷᠢᠶᠡᠯᠡᠬᠦ ᠵᠢᠱᠢᠶᠡᠴᠢ ᠬᠤᠲᠠ ᠶᠢᠨ ︽ᠶᠢᠰᠦᠨ ᠵᠢᠯ ᠳᠠᠷᠠᠭᠠᠯᠠᠨ ᠮᠠᠩᠯᠠᠶᠢᠯᠠᠬᠤ︾᠂ ᠥᠪᠡᠷᠲᠡᠭᠡᠨ ᠵᠠᠰᠠᠬᠤ ᠣᠷᠣᠨ ᠤ | ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ ︽ᠠᠷᠪᠠᠨ ᠵᠢᠯ ᠳᠠᠷᠠᠭᠠᠯᠠᠨ ᠮᠠᠩᠯᠠᠶᠢᠯᠠᠬᠤ︾ ᠪᠣᠯᠬᠤ ᠪᠠᠷ ᠴᠢᠷᠮᠠᠶᠢᠪᠠ᠃ | ︵ᠳᠣᠯᠤᠭ᠎ᠠ︶ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ | ᠣᠷᠳᠣᠨ ᠢ ᠪᠠᠶᠢᠭᠤᠯᠬᠤ ᠶᠢᠨ ᠲᠣᠭᠤᠷᠢᠨ ᠳᠤ ᠦᠨᠡᠨᠴᠢ ᠰᠢᠳᠤᠷᠭᠤ ᠬᠠᠷᠢᠭᠤᠴᠠᠯᠭ᠎ᠠ ᠡᠭᠦᠷᠭᠡᠯᠡᠬᠦ᠂ ᠠᠵᠢᠯᠴᠢ | ᠬᠢᠴᠢᠶᠡᠩᠭᠦᠶ ᠪᠠᠷ ᠪᠣᠳᠠᠲᠠᠶ ᠶᠢ ᠡᠷᠬᠢᠮᠯᠡᠬᠦ ᠰᠤᠷᠲᠠᠯ ᠢ ᠦᠷᠭᠦᠯᠵᠢᠯᠡᠨ ᠴᠢᠩᠭᠠᠷᠠᠭᠤᠯᠵᠤ᠂ ᠵᠠᠰᠠᠭ ᠤᠨ ᠣᠷᠳᠣᠨ ᠤ | ᠵᠠᠰᠠᠭ ᠶᠠᠪᠤᠭᠤᠯᠬᠤ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ | ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠤᠯᠤᠰ ᠲᠦᠷᠦ ᠶᠢᠨ | ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ | ᠠᠵᠢᠯ ᠤᠨ ᠡᠯ᠎ᠡ ᠲᠠᠯ᠎ᠠ ᠪᠠ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠪᠠ᠃ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ᠂ ᠤᠯᠤᠰ ᠲᠦᠷᠦ᠂ ᠦᠢᠯᠡ | ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ | ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠵᠦ᠂ | ᠵᠠᠰᠠᠭ ᠤᠨ ᠤᠷᠳᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠵᠦᠢᠯ ᠤᠨ ᠠᠵᠢᠯ ᠢ ᠲᠤᠭᠤᠷᠢᠭ ᠤᠨ ᠨᠠᠮ ᠤᠨ ᠬᠤᠷᠢᠶᠠᠨ ᠤ | ᠲᠣᠭᠲᠠᠭᠠᠭᠰᠠᠨ ᠬᠠᠷᠠᠯᠲᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ᠬᠤᠶᠠᠷ ᠲᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠬᠤ ᠬᠡᠷᠡᠭᠲᠡᠶ᠃ ᠬᠠᠤᠯᠢ ᠪᠠᠷ ᠵᠠᠰᠠᠬᠤ | ᠰᠡᠳᠬᠢᠬᠦᠢ ᠶᠢ ᠪᠠᠲᠤ ᠪᠠᠬᠢ ᠪᠤᠢ ᠪᠣᠯᠭᠠᠵᠤ᠂ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ | ᠰᠠᠶᠢᠲᠤᠷ ᠬᠢᠵᠦ᠂ ᠬᠠᠤᠯᠢ ᠶᠣᠰᠣᠭᠠᠷ ᠬᠡᠷᠡᠭ ᠡᠷᠬᠢᠯᠡᠬᠦ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠡᠷᠢᠬᠦ᠂ | ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠬᠡᠷᠡᠭᠯᠡᠬᠦ᠂ ᠵᠥᠷᠢᠴᠡᠯ ᠢ ᠨᠠᠮᠳᠠᠭᠤᠯᠬᠤ ᠳᠤ ᠬᠠᠤᠯᠢ ᠳᠤ ᠲᠦᠰᠢᠭᠯᠡᠬᠦ | ᠤᠬᠠᠮᠰᠠᠷ ᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠥ ᠶᠢᠨ ᠵᠥᠪᠯᠡᠯ ᠤᠨ ᠠᠷᠠᠳᠴᠢᠯᠠᠯ ᠢᠶᠠᠷ ᠬᠢᠨᠠᠯᠲᠠ ᠲᠠᠯᠪᠢᠬᠤ᠂ | ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠪᠠ ᠬᠢᠨᠠᠨ ᠪᠠᠶᠢᠴᠠᠭᠠᠬᠤ ᠬᠢᠨᠠᠨ ᠪᠣᠳᠣᠬᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠭᠡᠨ ᠤ ᠳᠤᠷᠠᠳᠤᠯᠭ᠎ᠠ ᠶᠢ ᠬᠢᠨᠠᠮᠠᠭᠠᠶ ᠰᠢᠢᠳᠪᠦᠷᠢᠯᠡᠪᠡ᠃ ᠵᠠᠰᠠᠭ ᠤᠨ | ᠶᠠᠪᠤᠳᠠᠯ ᠢ ᠢᠯᠡ ᠪᠣᠯᠭᠠᠬᠤ ᠶᠢ ᠶᠡᠬᠡᠪᠡᠷ ᠲᠦᠯᠬᠢᠨ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠴᠢᠷᠮᠠᠶᠢᠨ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ | ᠭᠤᠷᠪᠠ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠᠨ ᠴᠢᠩᠭᠠᠳᠬᠠᠬᠤ ᠬᠡᠷᠡᠭᠲᠡᠶ᠃ | ᠦᠨᠡᠨ ᠪᠣᠳᠠᠲᠠᠶ ᠠᠵᠢᠯᠯᠠᠬᠤ ᠶᠢ ᠡᠷᠬᠢᠮᠯᠡᠬᠦ ᠤᠬᠠᠮᠰᠠᠷ ᠢ ᠪᠤᠢ ᠪᠣᠯᠭᠠᠵᠤ᠂ ︽ᠮᠣᠩᠭᠤᠯ ᠮᠣᠷᠢ︾ ᠶᠢᠨ ᠵᠣᠷᠢᠭ | ᠰᠠᠨᠠᠭ᠎ᠠ ᠶᠢ ᠪᠠᠳᠠᠷᠠᠭᠤᠯᠤᠨ᠂ ︽ᠠᠯᠵᠠᠭᠤ ᠵᠠᠯᠬᠠᠭᠤ︾ ᠶᠢ ᠦᠷᠭᠦᠯᠵᠢᠯᠡᠨ ᠵᠠᠰᠠᠵᠤ᠂ ︽ᠳᠤᠮᠳᠠᠬᠢ ᠲᠦᠭᠵᠢᠷᠡᠯ︾ ᠢ ᠡᠷᠡᠰ | ᠨᠡᠪᠲᠡᠷᠡᠭᠦᠯᠵᠦ᠂ ᠣᠶᠤᠨ ᠴᠢᠳᠠᠯ᠂ ᠣᠶᠤᠨ ᠴᠢᠳᠠᠪᠤᠷᠢ᠂ ᠬᠠᠷᠠᠯᠲᠠ ᠪᠠᠨ ᠭᠠᠵᠠᠷ ᠣᠷᠣᠨ ᠤ ᠠᠵᠤ ᠠᠬᠤᠢ ᠶᠢᠨ ᠴᠢᠨᠠᠷ | ᠰᠠᠶᠢᠲᠠᠶ ᠬᠦᠭᠵᠢᠯᠲᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠲᠣᠭᠲᠠᠭᠠᠪᠠ᠃ | ᠬᠤᠷᠠᠮᠳᠤᠯ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠯᠠᠪᠳᠠᠭᠤᠨ ᠢᠶᠠᠷ ᠨᠠᠮᠳᠠᠭᠤᠯᠵᠤ᠂ ᠰᠢᠨ᠎ᠡ ᠪᠠᠷ ᠨᠡᠮᠡᠭᠳᠡᠭᠰᠡᠨ | ᠡᠯ᠎ᠡ ᠲᠥᠷᠥᠯ ᠤᠨ ᠵᠢᠭᠡᠯᠡᠯᠭᠡ ᠶᠢᠨ ᠲᠡᠮᠳᠡᠭᠲᠦ ᠶᠢ ᠢᠳᠡᠪᠬᠢᠯᠡᠨ ᠣᠯᠵᠤ᠂ ᠥᠷᠢ ᠥᠭᠴᠡᠭᠡ ᠶᠢ ᠠᠷᠢᠯᠭᠠᠬᠤ ᠤᠨ | ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠢᠮᠠᠭᠲᠠ ᠪᠠᠶᠢᠴᠠᠭᠠᠨ ᠰᠤᠳᠤᠯᠤᠯᠲᠠ ᠬᠢᠬᠦ ᠶᠢ ᠦᠨᠳᠦᠰᠦᠨ | ᠠᠵᠢᠯᠯᠠᠬᠤ ᠠᠷᠭ᠎ᠠ ᠪᠣᠯᠭᠠᠵᠤ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠦᠨᠳᠦᠰᠦᠨ ᠱᠠᠲᠤᠨ ᠳᠤ | ᠭᠦᠨᠵᠡᠭᠡᠶᠢᠷᠡᠨ᠂ ᠪᠣᠳᠠᠲᠤ ᠪᠠᠶᠢᠳᠠᠯ ᠳᠤ ᠭᠦᠨᠵᠡᠭᠡᠶᠢᠷᠡᠨ᠂ ᠣᠯᠠᠨ ᠲᠦᠮᠡᠨ ᠳᠤ ᠭᠦᠨᠵᠡᠭᠡᠶᠢᠷᠡᠬᠦ ᠶᠢ ᠪᠠᠷᠢᠮᠲᠠᠯᠠᠵᠤ᠂ | ᠰᠤᠷᠤᠯᠴᠠᠬᠤ ᠪᠠ ᠦᠢᠯᠡᠳᠦᠯᠭᠡ ᠬᠢᠬᠦ ᠳᠤᠮᠳᠠ ᠪᠠᠨ ᠰᠡᠳᠬᠢᠮᠵᠢ ᠣᠯᠵᠤ᠂ ᠠᠷᠭ᠎ᠠ ᠪᠤᠳᠤᠵᠦ᠂ ᠰᠢᠷᠭᠠᠭᠤ ᠠᠵᠢᠯᠯᠠᠬᠤ | ᠪᠠ ᠪᠣᠳᠠᠲᠠᠢ ᠠᠵᠢᠯᠯᠠᠬᠤ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠠᠲᠠᠭᠤ ᠨᠢᠷᠤᠭᠤ᠂ | ᠲᠡᠮᠦᠷ ᠮᠥᠷᠥ᠂ ᠵᠢᠩᠬᠢᠨᠢ ᠴᠢᠳᠠᠪᠤᠷᠢ ᠶᠢ ᠪᠣᠯᠪᠠᠰᠤᠷᠠᠭᠤᠯᠤᠨ᠎ᠠ᠃ | ᠲᠦᠷᠪᠡ ᠳᠤ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠤᠯᠤᠰ | ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠴᠢᠩᠭ᠎ᠠ ᠰᠠᠬᠢᠵᠤ᠂ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠬᠤᠣᠰ | ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠭᠦᠢᠴᠡᠳᠬᠡᠵᠦ᠂ ︽ᠳᠥᠷᠪᠡᠨ ᠰᠤᠷᠲᠠᠯ︾ ᠢ ᠵᠠᠯᠠᠷᠠᠭᠤᠯᠬᠤ ᠶᠢ ᠴᠥᠬᠦᠷᠡᠰᠢ | ᠦᠭᠡᠢ ᠪᠠᠷᠢᠮᠲᠠᠯᠠᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠠᠰᠠᠭ ᠤᠨ ᠣᠷᠳᠣᠨ ᠤ ᠬᠤᠳᠠᠯᠳᠤᠨ ᠠᠪᠬᠤ | ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠬᠢᠨᠠᠨ ᠪᠣᠳᠣᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠣᠯᠠᠨ ᠲᠦᠮᠡᠨ ᠤ ᠠᠰᠢᠭ ᠲᠤᠰᠠ ᠶᠢ ᠬᠥᠨᠥᠭᠡᠭᠰᠡᠨ ︽ᠪᠢᠴᠢᠯ ᠢᠯᠵᠠᠷᠠᠯ︾ ᠤᠨ ᠠᠰᠠᠭᠤᠳᠠᠯ ᠢ ᠴᠢᠩᠭ᠎ᠠ ᠪᠠᠶᠢᠴᠠᠭᠠᠨ | ᠰᠢᠢᠳᠪᠦᠷᠢᠯᠡᠨ᠎ᠡ᠃ ︽ᠠᠷᠪᠢᠯᠠᠨ ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ | ︽ᠭᠤᠷᠪᠠᠨ ᠵᠦᠢᠯ ᠤᠨ ᠠᠯᠪᠠᠨ ᠵᠠᠷᠤᠳᠠᠯ︾ ᠪᠠ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠪᠦᠷᠢᠯᠭᠡᠨ | ᠰᠦᠢᠳᠬᠡᠬᠦ ᠶᠢ ᠡᠷᠡᠰ ᠡᠰᠡᠷᠭᠦᠴᠡᠵᠦ᠂ ᠳᠥᠭᠦᠮ ᠳᠥᠲᠡ ᠲᠣᠬᠢᠷᠠᠮᠵᠢᠲᠠᠶ ᠠᠵᠢᠯᠯᠠᠬᠤ ᠠᠷᠭ᠎ᠠ ᠮᠠᠶ᠋ᠢᠭ ᠢ ᠲᠦᠷᠦᠭᠦᠯᠡᠨ | ᠰᠠᠨᠠᠭᠠᠴᠢᠯᠠᠵᠤ᠂ ᠨᠠᠩ ᠣᠯᠠᠨ ᠪᠠᠯᠠ ᠮᠥᠩᠭᠦ ᠶᠢ ᠬᠥᠭᠵᠢᠯᠲᠡ ᠶᠢᠨ ᠵᠠᠩᠭᠢᠯᠠᠭ᠎ᠠ ᠶᠢᠨ ᠭᠠᠵᠠᠷ ᠪᠠ ᠠᠷᠠᠳ ᠤᠨ | ᠠᠮᠢᠳᠤᠷᠠᠯ ᠤᠨ ᠴᠢᠬᠤᠯᠠ ᠶᠠᠪᠤᠳᠠᠯ ᠳᠡᠭᠡᠷ᠎ᠡ ᠬᠡᠷᠡᠭᠯᠡᠨ᠎ᠡ᠃ | ᠲᠥᠯᠥᠭᠡᠯᠡᠭᠴᠢᠳ ᠡ᠂ ᠭᠠᠭᠴᠠ ᠬᠦ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠪᠠᠯ ᠰᠠᠶ᠋ᠢ ᠤᠭ | ᠰᠠᠨᠠᠭ᠎ᠠ ᠪᠠᠨ ᠢᠯᠡᠷᠡᠭᠦᠯᠵᠦ ᠴᠢᠳᠠᠨ᠎ᠠ᠂ ᠭᠠᠭᠴᠠ ᠬᠦ ᠴᠢᠷᠮᠠᠶᠢᠨ ᠲᠡᠮᠡᠴᠡᠪᠡᠯ ᠰᠠᠶ᠋ᠢ ᠦᠢᠯᠡᠰ ᠪᠦᠲᠦᠭᠡᠵᠦ ᠴᠢᠳᠠᠨ᠎ᠠ᠃ | ᠪᠢᠳᠡ ᠶᠡᠷᠦᠩᠬᠡᠶ ᠱᠦᠵᠢ ᠶᠢᠨ ᠴᠢᠩ ᠰᠡᠳᠬᠢᠯ ᠤᠨ ᠰᠤᠷᠭᠠᠯ ᠢ ᠪᠠᠲᠤ ᠴᠡᠭᠡᠵᠢᠯᠡᠵᠦ᠂ ᠦᠨᠡᠨ ᠪᠣᠳᠠᠲᠠᠶ ᠠᠵᠢᠯ ᠤᠨ | ᠠᠮᠵᠢᠯᠲᠠ ᠪᠦᠲᠦᠮᠵᠢ ᠪᠠᠷ ᠦᠨᠳᠦᠰᠦᠨ ᠱᠠᠲᠤᠨ ᠤ ᠺᠠᠳ᠋ᠷ ᠤᠨ ᠴᠠᠭ ᠦᠶ᠎ᠡ ᠶᠢᠨ ᠡᠭᠦᠷᠭᠡ ᠶᠢ ᠦᠢᠯᠡᠳᠦᠯᠭᠡᠵᠢᠭᠦᠯᠵᠦ | ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ︕ | | |