ᠪᠤᠭᠤᠲᠤ ᠬᠤᠲᠠ ᠶᠢᠨ ᠠᠩᠬᠠᠳᠤᠭᠠᠷ ᠬᠤᠭᠤᠴᠠᠭᠠᠨ ᠤ ᠰᠣᠶᠣᠯ ᠵᠢᠭᠤᠯᠴᠢᠯᠠᠯ ᠤᠨ ᠪᠦᠲᠦᠭᠡᠯᠴᠢ ᠦᠢᠯᠡᠳᠭᠦᠨ ᠤ ᠵᠢᠷᠤᠭ ᠲᠦᠯᠦᠪᠯᠡᠭᠡ ᠶᠢᠨ ᠤᠷᠤᠯᠳᠤᠭᠠᠨ ᠵᠢᠩᠬᠢᠨᠢ ᠪᠠᠷ ᠨᠡᠶᠢᠲᠡᠯᠡᠭᠳᠡᠪᠡ
ᠨᠡᠶᠢᠲᠡᠯᠡᠭᠰᠡᠨ ᠴᠠᠭ᠄
2020/6/10
     5 ᠰᠠᠷ᠎ᠠ ᠶᠢᠨ 18᠎ ᠤ ᠡᠳᠦᠷ᠂ ᠪᠤᠭᠤᠲᠤ ᠬᠤᠲᠠ ᠶᠢᠨ ᠠᠩᠬᠠᠳᠤᠭᠠᠷ ᠬᠤᠭᠤᠴᠠᠭᠠᠨ ᠤ ᠰᠣᠶᠣᠯ ᠵᠢᠭᠤᠯᠴᠢᠯᠠᠯ ᠤᠨ ᠪᠦᠲᠦᠭᠡᠯᠴᠢ ᠦᠢᠯᠡᠳᠭᠦᠨ ᠤ ᠵᠢᠷᠤᠭ ᠲᠥᠯᠥᠪᠯᠡᠭᠡᠨ ᠤ ᠤᠷᠤᠯᠳᠤᠭᠠᠨ ᠵᠢᠩᠬᠢᠨᠢ ᠪᠠᠷ ᠨᠡᠶᠢᠲᠡᠯᠡᠭᠳᠡᠪᠡ᠃ ᠲᠣᠰ ᠤᠳᠠᠭᠠᠨ ᠤ ᠤᠷᠤᠯᠳᠤᠭᠠᠨ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠬᠤᠷᠢᠶᠠᠨ ᠤ ᠤᠬᠠᠭᠤᠯᠬᠤ ᠬᠡᠯᠲᠡᠰ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠤᠭᠤᠲᠤ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠦᠯᠦᠭᠯᠡᠯ ᠠᠴᠠ ᠭᠤᠤᠯᠯᠠᠨ ᠡᠷᠬᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠴᠢᠩᠱᠠᠨ ᠲᠣᠭᠤᠷᠢᠭ ᠤᠨ ᠰᠣᠶᠣᠯ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠳᠠᠭᠠᠭᠠᠴᠢᠯᠠᠨ ᠡᠷᠬᠢᠯᠡᠵᠦ᠂ ᠪᠤᠭᠤᠲᠤ ᠬᠤᠲᠠ ᠶᠢᠨ ᠰᠣᠶᠣᠯ ᠤᠨ ᠠᠵᠤ ᠦᠢᠯᠡᠰ ᠤᠨ ᠨᠡᠶᠢᠭᠡᠮᠯᠢᠭ᠂ ᠴᠢᠩᠱᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠠᠮᠵᠢᠯᠴᠠᠨ ᠡᠷᠬᠢᠯᠡᠪᠡ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠮᠤᠤ ᠬᠤᠸᠠ ᠪᠤᠭᠤᠲᠤ ᠬᠤᠲᠠ ᠶᠢᠨ ᠠᠩᠬᠠᠳᠤᠭᠠᠷ ᠬᠤᠭᠤᠴᠠᠭᠠᠨ ᠤ ᠰᠣᠶᠣᠯ ᠵᠢᠭᠤᠯᠴᠢᠯᠠᠯ ᠤᠨ ᠪᠦᠲᠦᠭᠡᠯᠴᠢ ᠦᠢᠯᠡᠳᠭᠦᠨ ᠤ ᠵᠢᠷᠤᠭ ᠲᠥᠯᠥᠪᠯᠡᠭᠡᠨ ᠤ ᠤᠷᠤᠯᠳᠤᠭᠠᠨ ᠢ ᠨᠡᠶᠢᠲᠡᠯᠡᠪᠡ᠃ ᠲᠤᠰ ᠤᠳᠠᠭᠠᠨ ᠤ ᠤᠷᠤᠯᠳᠤᠭᠠᠨ ᠤ ᠵᠣᠷᠢᠯᠭ᠎ᠠ ᠨᠢ ᠰᠣᠶᠣᠯ ᠵᠢᠭᠤᠯᠴᠢᠯᠠᠯ ᠤᠨ ᠠᠭᠤᠰᠤᠯᠴᠠᠨ ᠵᠣᠬᠢᠴᠠᠩᠭᠤᠶ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠰᠣᠶᠣᠯ ᠵᠢᠭᠤᠯᠴᠢᠯᠠᠯ ᠤᠨ ᠦᠢᠯᠡᠳᠭᠦᠨ ᠢ ᠨᠡᠭᠡᠭᠡᠨ ᠬᠥᠭᠵᠢᠭᠦᠯᠵᠦ ᠰᠢᠨ᠎ᠡ ᠶᠢ ᠡᠭᠦᠳᠬᠦ ᠶᠢ ᠠᠬᠢᠭᠤᠯᠵᠤ᠂ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠷᠠᠳ ᠣᠯᠠᠨ ᠤ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠦ᠂ ᠲᠤᠰ ᠤᠳᠠᠭᠠᠨ ᠤ ᠤᠷᠤᠯᠳᠤᠭᠠᠨ ᠢᠶᠠᠷ ᠳᠠᠮᠵᠢᠨ ᠨᠠᠩ ᠣᠯᠠᠨ ᠵᠢᠷᠤᠭ ᠲᠥᠯᠥᠪᠯᠡᠭᠡ ᠶᠢᠨ ᠪᠠᠭ᠋ᠠᠷᠬᠠᠭᠴᠢᠳ᠂ ᠰᠣᠶᠣᠯ ᠵᠢᠭᠤᠯᠴᠢᠯᠠᠯ ᠤᠨ ᠪᠠᠭ᠋ᠠᠷᠬᠠᠭᠴᠢᠳ ᠲᠤ ᠪᠤᠭᠤᠲᠤ ᠶᠢ ᠬᠠᠯᠠᠮᠵᠢᠯᠠᠨ ᠣᠶᠢᠯᠠᠭᠠᠭᠤᠯᠵᠤ᠂ ᠪᠤᠭᠤᠲᠤ ᠶᠢᠨ ᠣᠷᠣᠯᠠᠨ ᠥᠭᠦᠯᠡᠭᠴᠢ ᠶᠢᠨ ᠰᠢᠯᠢᠳᠡᠭ ᠪᠦᠲᠦᠭᠡᠯ ᠪᠠ ᠵᠣᠬᠢᠶᠠᠭᠴᠢ ᠶᠢ ᠨᠠᠩ ᠣᠯᠠᠨ ᠠᠭᠤᠳᠠᠯᠵᠤ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠪᠠ ᠰᠣᠶᠣᠯ ᠵᠢᠭᠤᠯᠴᠢᠯᠠᠯ ᠤᠨ ᠰᠢᠨ᠎ᠡ ᠶᠢ ᠡᠭᠦᠳᠬᠦ ᠦᠢᠯᠡᠰ ᠲᠤ ᠰᠢᠨ᠎ᠡ ᠰᠡᠳᠬᠢᠴᠡ ᠪᠠ ᠬᠠᠷᠠᠭᠠᠰᠤ ᠬᠠᠩᠭᠠᠵᠤ᠂ ᠪᠤᠭᠤᠲᠤ ᠬᠤᠲᠠ ᠶᠢᠨ ᠬᠤᠲᠠ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃      ᠲᠤᠰ ᠤᠳᠠᠭᠠᠨ ᠤ ᠤᠷᠤᠯᠳᠤᠭᠠᠨ ᠨᠢ ᠤᠯᠠᠮᠵᠢᠯᠠᠯᠲᠤ ᠰᠣᠶᠣᠯ ᠪᠠ ᠴᠠᠭ ᠤᠨ ᠤᠷᠤᠰᠬᠠᠯ ᠢ ᠳᠠᠭᠠᠭᠰᠠᠨ ᠡᠯᠧᠮᠧᠨ᠋ᠲ ᠢ ᠤᠶᠠᠯᠳᠤᠭᠤᠯᠬᠤ ᠶᠢ ᠵᠣᠷᠢᠭᠵᠢᠭᠤᠯᠵᠤ᠂ ᠳᠦᠷᠰᠦ ᠪᠦᠲᠦᠭᠡᠯᠲᠡ᠂ ᠮᠠᠲ᠋ᠧᠷᠢᠶᠠᠯ᠂ ᠭᠠᠷ ᠤᠷᠠᠯᠠᠯ ᠵᠢᠴᠢ ᠳᠡᠯᠭᠡᠨ ᠦᠵᠡᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠪᠦᠲᠦᠭᠡᠯ ᠨᠢ ︽ᠪᠤᠭᠤᠲᠤ ᠶᠢᠨ ᠪᠡᠯᠡᠭ︾᠎ ᠢᠶᠠᠷ ᠭᠤᠤᠯ ᠰᠡᠳᠦᠪ ᠪᠣᠯᠭᠠᠵᠤ᠂ ᠬᠠᠲᠤᠨ ᠭᠤᠤᠯ ᠤᠨ ᠰᠣᠶᠣᠯ᠂ ᠠᠵᠤ ᠦᠢᠯᠡᠳᠪᠦᠷᠢ ᠶᠢᠨ ᠰᠣᠶᠣᠯ᠂ ᠬᠤᠪᠢᠰᠬᠠᠯᠲᠤ ᠰᠣᠶᠣᠯ᠂ ᠲᠠᠯ᠎ᠠ ᠨᠤᠲᠤᠭ ᠤᠨ ᠰᠤᠶᠤᠯ᠂ ᠪᠠᠷᠠᠭᠤᠨ ᠪᠤᠭᠤᠮᠲᠠ ᠶᠢᠨ ᠰᠣᠶᠣᠯ ᠵᠡᠷᠭᠡ ᠠᠭᠤᠯᠭ᠎ᠠ ᠪᠠᠷ ᠪᠣᠷᠣ ᠮᠠᠲ᠋ᠧᠷᠢᠶᠠᠯ ᠪᠤᠯᠭᠠᠵᠦ᠂ ᠪᠤᠭᠤᠲᠤ ᠶᠢᠨ ᠭᠠᠵᠠᠷ ᠣᠷᠣᠨ ᠤ ᠣᠨᠴᠠᠯᠢᠭ ᠢ ᠬᠠᠷᠠᠭᠤᠯᠤᠭᠰᠠᠨ ᠠᠮᠢᠳᠤᠷᠠᠯ ᠤᠨ ᠬᠡᠷᠡᠭᠰᠡᠯ᠂ ᠰᠣᠶᠣᠯ ᠵᠢᠭᠤᠯᠴᠢᠯᠠᠯ ᠤᠨ ᠪᠦᠲᠦᠭᠡᠯᠴᠢ ᠦᠢᠯᠡᠳᠭᠦᠨ ᠢ ᠵᠣᠬᠢᠶᠠᠨ ᠪᠦᠲᠦᠭᠡᠵᠦ᠂ ᠭᠤᠤᠯᠳᠠᠭᠤ ᠴᠤᠭᠯᠠᠭᠤᠯᠬᠤ ᠴᠢᠭᠯᠡᠯ ᠨᠢ᠄ ᠠᠮᠢᠳᠤᠷᠠᠯ ᠤᠨ ᠪᠦᠲᠦᠭᠡᠯᠴᠢ ᠵᠢᠷᠤᠭ ᠲᠥᠯᠥᠪᠯᠡᠭᠡ ᠶᠢᠨ ᠲᠥᠷᠥᠯ᠂ ᠰᠣᠶᠣᠯ ᠵᠢᠭᠤᠯᠴᠢᠯᠠᠯ ᠤᠨ ᠡᠭᠦᠰᠦᠮᠡᠯ ᠲᠥᠷᠥᠯ᠂ ︽ᠪᠣᠳᠠᠰ ᠤᠨ ᠪᠤᠰᠤ ᠥᠪ +︾ ᠪᠠ ᠤᠯᠠᠮᠵᠢᠯᠠᠯᠲᠤ ᠭᠠᠷ ᠤᠷᠠᠯᠠᠯ ᠤᠨ ᠲᠥᠷᠥᠯ ᠪᠣᠯᠤᠨ᠎ᠠ᠃      ᠤᠯᠤᠰ ᠤᠨ ᠳᠣᠲᠣᠭᠠᠳᠤ ᠭᠠᠳᠠᠭᠠᠳᠤ ᠶᠢᠨ ᠵᠢᠷᠤᠭ ᠲᠥᠯᠥᠪᠯᠡᠭᠡᠨ ᠤ ᠪᠠᠶᠢᠭᠤᠯᠤᠮᠵᠢ ᠪᠠ ᠵᠢᠭᠤᠯᠴᠢᠯᠠᠯ ᠤᠨ ᠲᠠᠸᠠᠷ ᠤᠨ ᠵᠢᠷᠤᠭ ᠲᠥᠯᠥᠪᠯᠡᠭᠡ᠂ ᠰᠤᠳᠤᠯᠤᠨ ᠨᠡᠭᠡᠭᠡᠬᠦ ᠠᠵᠢᠯ ᠬᠢᠵᠦ ᠪᠠᠶᠢᠭ᠎ᠠ ᠬᠥᠮᠦᠰ᠂ ᠭᠠᠷ ᠤᠷᠠᠯᠢᠭᠴᠢᠨ᠂ ᠪᠦᠬᠦ ᠤᠯᠤᠰ ᠤᠨ ᠳᠡᠭᠡᠳᠦ ᠰᠤᠷᠭᠠᠭᠤᠯᠢ ᠶᠢᠨ ᠪᠠᠭᠰᠢ᠂ ᠰᠤᠷᠤᠭᠴᠢ᠂ ᠴᠢᠯᠥᠭᠡᠲᠦ ᠵᠢᠷᠤᠭ ᠲᠥᠯᠥᠪᠯᠡᠭᠴᠢ ᠪᠤᠶᠤ ᠵᠢᠷᠤᠭ ᠲᠥᠯᠥᠪᠯᠡᠭᠡ ᠶᠢᠨ ᠰᠣᠨᠢᠷᠬᠠᠭᠴᠢᠳ᠂ ᠪᠤᠰᠤᠳ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠮᠢᠶ᠎ᠠ ᠪᠦᠬᠦᠢ ᠬᠥᠮᠦᠰ ᠵᠢᠴᠢ ᠵᠤᠭᠠᠴᠠᠯ ᠤᠨ ᠲᠠᠸᠠᠷ ᠤᠨ ᠰᠣᠨᠢᠷᠬᠠᠭᠴᠢᠳ ᠴᠥᠮ ᠨᠡᠷ᠎ᠡ ᠮᠡᠳᠡᠭᠦᠯᠵᠦ ᠤᠷᠤᠯᠳᠤᠭᠠᠨ ᠳᠤ ᠣᠷᠣᠯᠴᠠᠵᠤ᠂ ᠪᠤᠭᠤᠲᠤ ᠬᠤᠲᠠ ᠶᠢᠨ ᠡᠯ᠎ᠡ ᠦᠵᠡᠮᠵᠢ ᠶᠢᠨ ᠣᠷᠣᠨ ᠤ ᠣᠨᠴᠠᠯᠢᠭᠲᠤ ᠵᠢᠭᠤᠯᠴᠢᠯᠠᠯ ᠤᠨ ᠲᠠᠸᠠᠷ ᠲᠤ ᠰᠢᠭᠤᠳ ᠨᠡᠷ᠎ᠡ ᠮᠡᠳᠡᠭᠦᠯᠵᠦ ᠤᠷᠤᠯᠳᠤᠭᠠᠨ ᠳᠤ ᠣᠷᠣᠯᠴᠠᠵᠤ᠂ ᠤᠷᠤᠯᠳᠤᠭᠠᠨ ᠤ ᠪᠦᠲᠦᠭᠡᠯ ᠢ ᠰᠢᠤᠳᠠᠨ ᠬᠠᠶᠢᠷᠴᠠᠭ ᠲᠤ ᠬᠦᠷᠭᠡᠵᠦ ᠪᠣᠯᠤᠨ᠎ᠠ᠄ BTLW20@163. com᠃      ᠲᠣᠰ ᠤᠳᠠᠭᠠᠨ ᠤ ᠤᠷᠤᠯᠳᠤᠭᠠᠨ ᠤ ᠱᠠᠩᠨᠠᠯ ᠳᠤ ᠨᠢᠭᠡᠳᠦᠭᠡᠷ ᠳᠡᠰ ᠤᠨ ᠱᠠᠩᠨᠠᠯ 1 ᠨᠡᠷᠡᠰ᠂ ᠬᠤᠶᠠᠳᠤᠭᠠᠷ ᠳᠡᠰ ᠤᠨ ᠱᠠᠩᠨᠠᠯ 2 ᠨᠡᠷᠡᠰ᠂ ᠭᠤᠷᠪᠠᠳᠤᠭᠠᠷ ᠳᠡᠰ ᠤᠨ ᠱᠠᠩᠨᠠᠯ 3 ᠨᠡᠷᠡᠰ᠂ ᠰᠢᠯᠢᠳᠡᠭ ᠱᠠᠩᠨᠠᠯ 5 ᠨᠡᠷᠡᠰ᠂ ᠰᠦᠯᠵᠢᠶᠡᠨ ᠤ ᠬᠥᠮᠦᠰ ᠤᠨ ᠬᠦᠷᠢᠶᠡᠯᠡᠯ ᠢ ᠣᠯᠤᠭᠰᠠᠨ ᠱᠠᠩᠨᠠᠯ 5 ᠨᠡᠷᠡᠰ᠂ ᠪᠦᠰᠡᠯᠡᠯᠲᠡ ᠶᠢᠨ ᠱᠠᠩᠨᠠᠯ 50 ᠨᠡᠷᠡᠰ ᠪᠠ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ 5 ᠨᠡᠷᠡᠰ ᠪᠣᠶ᠃      ᠲᠤᠰ ᠤᠳᠠᠭᠠᠨ ᠤ ᠤᠷᠤᠯᠳᠤᠭᠠᠨ ᠢ ᠪᠦᠲᠦᠭᠡᠯ ᠴᠤᠭᠯᠠᠭᠤᠯᠬᠤ᠂ ᠪᠦᠲᠦᠭᠡᠯ ᠰᠢᠯᠭᠠᠷᠠᠭᠤᠯᠬᠤ᠂ ᠦᠷ᠎ᠡ ᠪᠦᠲᠦᠭᠡᠯ ᠤᠨ ᠦᠵᠡᠭᠦᠯᠦᠯᠭᠡ ᠭᠡᠬᠦ ᠭᠤᠷᠪᠠᠨ ᠱᠠᠲᠤ ᠬᠤᠪᠢᠶᠠᠵᠤ᠂ ᠠᠵᠢᠯᠯᠠᠭ᠎ᠠ 4 ᠰᠠᠷ᠎ᠠ ᠭᠠᠷᠤᠢ ᠶᠠᠪᠤᠭᠳᠠᠵᠤ᠂ 2020 ᠣᠨ ᠤ ᠤᠯᠤᠰ ᠤᠨ ᠪᠠᠶᠠᠷ ᠠᠴᠠ ᠡᠮᠦᠨ᠎ᠡ ᠲᠡᠭᠦᠰᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号