ᠴᠢᠩᠱᠠᠨ ᠲᠣᠭᠤᠷᠢᠭ ᠤᠨ ᠪᠣᠯᠪᠠᠰᠤᠨ ᠵᠢᠭᠤᠯᠴᠢᠯᠠᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ ᠪᠣᠶ
ᠨᠡᠶᠢᠲᠡᠯᠡᠭᠰᠡᠨ ᠴᠠᠭ᠄
2020/6/26
     ︽5.19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠪᠦᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠱᠠᠲᠤ ᠦᠶ᠎ᠡ ᠶᠢᠨ ᠴᠢᠨᠠᠷᠲᠠᠶ ᠠᠮᠵᠢᠯᠲᠠ ᠣᠯᠬᠤ ᠶᠢ ᠳᠠᠭᠠᠯᠳᠤᠨ ᠦᠢᠯᠡᠳᠪᠦᠷᠢᠯᠡᠯ ᠢᠶᠠᠨ ᠰᠡᠷᠭᠦᠭᠡᠬᠦ ᠠᠯᠬᠤᠴᠠ ᠲᠦᠷᠭᠡᠳᠭᠡᠵᠦ᠂ ᠮᠠᠨ ᠤ ᠲᠤᠭᠤᠷᠢᠭ ᠤᠨ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠤᠨ ᠰᠡᠷᠭᠦᠯᠲᠡ ᠶᠢ ᠠᠬᠢᠭᠤᠯᠵᠤ᠂ ᠵᠤᠭᠠᠴᠠᠯ ᠤᠨ ᠬᠡᠷᠡᠭᠯᠡᠭᠡ ᠶᠢ ᠳᠠᠶᠢᠴᠢᠯᠠᠬᠤ ᠶᠢᠨ ᠲᠥᠯᠥᠭᠡ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠴᠢᠩᠱᠠᠨ ᠲᠣᠭᠤᠷᠢᠭ ᠤᠨ ᠰᠣᠶᠣᠯ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠰᠠᠶᠢᠬᠠᠨᠲᠠᠯ᠎ᠠ ᠶᠢᠨ ᠪᠠᠷᠠᠭᠤᠨ ᠡᠭᠦᠳᠡ ᠶᠢᠨ ᠠᠭᠤᠳᠠᠮ ᠲᠠᠯᠠᠪᠠᠢ ᠳᠤ ᠪᠣᠯᠪᠠᠰᠤᠨ ᠵᠢᠭᠤᠯᠴᠢᠯᠠᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ︽ᠪᠣᠯᠪᠠᠰᠤᠨ ᠵᠢᠭᠤᠯᠴᠢᠯᠠᠯ︾᠎ ᠤᠨ ᠠᠵᠢᠯᠯᠠᠭ᠎ᠠ ᠶᠢ ᠤᠯᠠᠮ ᠨᠢᠭᠡ ᠠᠯᠬᠤᠮ ᠠᠬᠢᠭᠤᠯᠵᠤ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠦ᠂ ᠠᠷᠠᠳ ᠣᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠪᠠ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠵᠦ ᠡᠶ᠎ᠡ ᠵᠣᠬᠢᠴᠠᠯ ᠲᠠᠢ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠵᠦ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠪᠣᠯᠪᠠᠰᠤᠨ ᠢ ᠡᠷᠬᠢᠮᠯᠡᠬᠦ᠂ ᠶᠣᠰᠣ ᠵᠢᠷᠤᠮ ᠢ ᠴᠢᠬᠤᠯᠠᠴᠢᠯᠠᠬᠤ᠂ ᠦᠨᠡᠨᠴᠢ ᠢᠲᠡᠭᠡᠮᠵᠢ ᠶᠢ ᠡᠷᠬᠢᠮᠯᠡᠬᠦ᠂ ᠵᠠᠩ ᠰᠤᠷᠲᠠᠯ ᠢ ᠴᠢᠬᠤᠯᠠᠴᠢᠯᠠᠬᠤ᠂ ᠬᠠᠯᠠᠭᠤᠨ ᠰᠡᠳᠬᠢᠯᠭᠡ ᠶᠢ ᠡᠷᠬᠢᠮᠯᠡᠬᠦ᠂ ᠳᠦᠷᠢ ᠲᠥᠷᠬᠦ ᠶᠢ ᠱᠤᠭᠤᠬᠤ ᠪᠣᠯᠪᠠᠰᠤᠨ ᠵᠢᠭᠤᠯᠴᠢᠯᠠᠯ ᠤᠨ ᠣᠷᠴᠢᠨ ᠲᠣᠭᠤᠷᠢᠨ ᠢ ᠪᠤᠢ ᠪᠣᠯᠭᠠᠵᠤ᠂ ᠪᠣᠯᠪᠠᠰᠤᠨ ᠵᠢᠭᠤᠯᠴᠢᠯᠠᠯ ᠢ ᠬᠤᠲᠠ ᠶᠢᠨ ᠠᠷᠠᠳ ᠤᠨ ᠠᠮᠢᠳᠤᠷᠠᠯ ᠤᠨ ᠠᠷᠭ᠎ᠠ ᠮᠠᠶ᠋ᠢᠭ ᠪᠣᠯᠭᠠᠵᠤ᠂ ᠠᠷᠠᠳ ᠲᠦᠮᠡᠨ ᠤ ᠵᠣᠯ ᠵᠢᠷᠭᠠᠯ ᠤᠨ ᠳᠤᠮᠳᠠ ᠠᠭᠤᠰᠤᠨ ᠣᠷᠣᠵᠤ᠂ ᠪᠣᠳᠠᠲᠤ ᠠᠵᠢᠯᠯᠠᠭ᠎ᠠ ᠪᠠᠷ ᠢᠶᠠᠨ ᠪᠤᠭᠤᠲᠤ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠲᠦᠯᠦᠭᠡ᠂ ᠴᠢᠩᠱᠠᠨ ᠲᠣᠭᠤᠷᠢᠭ ᠤᠨ ᠰᠣᠶᠣᠯ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︽ᠪᠣᠯᠪᠠᠰᠤᠨ ᠬᠤᠲᠠ ᠶᠢᠨ ᠠᠷᠠᠳ ᠪᠣᠯᠵᠤ᠂ ᠡᠶ᠎ᠡ ᠵᠣᠬᠢᠴᠠᠯ ᠲᠠᠢ ᠬᠤᠲᠠ ᠶᠢ ᠪᠠᠶᠢᠭᠤᠯᠵᠤ︾᠂ ︽ᠦᠵᠡᠰᠬᠦᠯᠡᠩᠲᠦ ᠰᠠᠶᠢᠬᠠᠨ ᠪᠤᠭᠤᠲᠤ ᠶᠢ ᠳᠣᠪᠤᠶᠢᠯᠭᠠᠵᠤ᠂ ᠪᠣᠯᠪᠠᠰᠤᠨ ᠵᠢᠭᠤᠯᠴᠢᠯᠠᠯ︾ ᠭᠡᠬᠦ ᠭᠤᠤᠯ ᠰᠡᠳᠦᠪ ᠢ ᠳᠤᠷᠠᠳᠴᠤ᠂ ᠪᠣᠯᠪᠠᠰᠤᠨ ᠵᠢᠭᠤᠯᠴᠢᠯᠠᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠶᠢᠨ ᠬᠤᠭᠤᠴᠠᠭᠠᠨ ᠳᠤ ᠪᠣᠯᠪᠠᠰᠤᠨ ᠵᠢᠭᠤᠯᠴᠢᠯᠠᠯ ᠤᠨ ᠤᠬᠠᠭᠤᠯᠭ᠎ᠠ ᠶᠢᠨ ᠮᠠᠲ᠋ᠧᠷᠢᠶᠠᠯ ᠪᠠ ᠠᠮᠤᠷ ᠲᠦᠪᠰᠢᠨ ᠶᠠᠪᠤᠵᠤ ᠰᠠᠭᠤᠬᠤ ᠵᠦᠭᠯᠡᠭᠦᠷ ᠢ ᠲᠠᠷᠬᠠᠭᠠᠪᠠ᠃ ᠠᠵᠢᠯᠯᠠᠭ᠎ᠠ ᠨᠢ ᠪᠣᠯᠪᠠᠰᠤᠨ ᠨᠥᠬᠦᠷᠰᠡᠭ᠂ ᠬᠤᠭ ᠨᠣᠪᠰᠢ ᠬᠠᠶᠠᠬᠤ ᠥᠬᠡᠶ᠂ ᠭᠠᠵᠠᠷ ᠪᠣᠯᠭᠠᠨ ᠳᠤ ᠨᠤᠯᠮᠤᠬᠤ ᠥᠬᠡᠶ᠂ ᠡᠷᠦᠶ ᠬᠤᠷᠤᠶ ᠥᠬᠡᠶ ᠡᠷᠢᠶᠡᠴᠢᠬᠦ ᠥᠬᠡᠶ ᠵᠡᠷᠭᠡ ᠪᠠᠷ ᠭᠤᠤᠯᠳᠠᠯᠭ᠎ᠠ ᠪᠤᠯᠭᠠᠵᠦ᠂ ᠪᠣᠯᠪᠠᠰᠤᠨ ᠵᠢᠭᠤᠯᠴᠢᠯᠠᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ᠂ ᠪᠠᠭ᠎ᠠ ᠶᠠᠪᠤᠳᠠᠯ ᠠᠴᠠ ᠡᠬᠢᠯᠡᠨ ᠬᠢᠬᠦ ᠭᠦᠨ ᠵᠤᠵᠠᠭᠠᠨ ᠠᠭᠤᠷ ᠠᠮᠢᠰᠠᠬᠤᠯ ᠢ ᠪᠤᠢ ᠪᠣᠯᠭᠠᠵᠤ᠂ ︽ᠬᠥᠮᠦᠨ ᠪᠦᠬᠦᠨ ᠪᠣᠯᠪᠠᠰᠤᠨ ᠵᠢᠭᠤᠯᠴᠢᠯᠠᠭᠴᠢ ᠪᠣᠯᠬᠤ ᠪᠠᠷ ᠴᠢᠷᠮᠠᠶᠢᠵᠤ᠂ ᠬᠥᠮᠦᠨ ᠪᠦᠬᠦᠨ ᠴᠥᠮ ᠬᠤᠲᠠ ᠶᠢᠨ ᠨᠡᠷ᠎ᠡ ᠶᠢᠨ ᠬᠠᠭᠤᠳᠠᠰᠤ ᠮᠥᠨ︾ ᠭᠡᠬᠦ ᠦᠵᠡᠯᠲᠡ ᠬᠤᠲᠠ ᠶᠢᠨ ᠠᠷᠠᠳ ᠢ ᠬᠥᠲᠥᠯᠥᠨ ᠵᠢᠯᠣᠭᠤᠳᠴᠤ ᠪᠣᠯᠪᠠᠰᠤᠨ ᠵᠢᠭᠤᠯᠴᠢᠯᠠᠯ ᠤᠨ ᠤᠬᠠᠮᠰᠠᠷ ᠢ ᠪᠣᠶ ᠪᠣᠯᠭᠠᠵᠤ᠂ ᠪᠣᠯᠪᠠᠰᠤᠨ ᠵᠢᠭᠤᠯᠴᠢᠯᠠᠯ ᠤᠨ ᠣᠶᠢᠯᠠᠭᠠᠭᠳᠠᠬᠤᠨ ᠢ ᠴᠢᠬᠢᠨ ᠳᠤ ᠬᠠᠳᠠᠩᠰᠢᠭᠤᠯᠤᠨ᠂ ᠲᠠᠷᠢᠬᠢᠨ ᠳᠤ ᠬᠠᠳᠠᠩᠰᠢᠭᠤᠯᠵᠤ᠂ ᠰᠡᠳᠬᠢᠯ ᠳᠤ ᠬᠠᠳᠠᠩᠰᠢᠭᠤᠯᠵᠦ᠂ ᠥᠷᠭᠡᠨ ᠣᠯᠠᠨ ᠬᠤᠲᠠ ᠶᠢᠨ ᠠᠷᠠᠳ ᠤᠨ ᠪᠣᠯᠪᠠᠰᠤᠨ ᠵᠢᠭᠤᠯᠴᠢᠯᠠᠯ ᠤᠨ ᠬᠡᠪ ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ ᠪᠣᠯᠪᠠᠰᠤᠨ ᠵᠢᠭᠤᠯᠴᠢᠯᠠᠯ ᠤᠨ ᠣᠷᠴᠢᠨ ᠲᠣᠭᠤᠷᠢᠨ ᠢ ᠪᠤᠢ ᠪᠣᠯᠭᠠᠨ᠎ᠠ᠃      ᠲᠤᠰ ᠤᠳᠠᠭᠠᠨ ᠤ ᠠᠵᠢᠯᠯᠠᠭ᠎ᠠ ᠨᠢ ᠵᠢᠭᠤᠯᠴᠢᠯᠠᠯ ᠤᠨ ᠣᠯᠠᠨ ᠲᠦᠮᠡᠨ ᠤ ᠣᠷᠣᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠠᠩ ᠣᠯᠠᠨ ᠬᠤᠲᠠ ᠶᠢᠨ ᠠᠷᠠᠳ ᠢ ᠵᠢᠭᠤᠯᠴᠢᠯᠠᠯ ᠤᠨ ᠬᠥᠭᠵᠢᠯᠲᠡ ᠶᠢᠨ ᠣᠷᠣᠯᠴᠠᠭᠴᠢ᠂ ᠠᠰᠢᠭ ᠬᠦᠷᠲᠡᠭᠴᠢ ᠪᠣᠯᠭᠠᠵᠤ᠂ ᠪᠣᠯᠪᠠᠰᠤᠨ ᠡᠶ᠎ᠡ ᠵᠣᠬᠢᠴᠠᠯ ᠲᠠᠢ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠪᠠ᠃ ᠬᠤᠶᠢᠰᠢᠳᠠ ᠮᠠᠨ ᠤ ᠲᠣᠪᠴᠢᠶ᠎ᠠ ᠪᠠᠰᠠ ᠠᠵᠢᠯᠯᠠᠭ᠎ᠠ ᠶᠢᠨ ᠬᠡᠯᠪᠡᠷᠢ ᠪᠠ ᠠᠭᠤᠯᠭ᠎ᠠ ᠶᠢ ᠤᠯᠠᠮ ᠪᠠᠶᠠᠯᠢᠭᠵᠢᠭᠤᠯᠵᠦ᠂ ᠪᠣᠯᠪᠠᠰᠤᠨ ᠵᠢᠭᠤᠯᠴᠢᠯᠠᠯ ᠢ ᠪᠦᠬᠦ ᠲᠠᠯ᠎ᠠ ᠪᠠᠷ ᠴᠢᠩᠭᠠᠳᠬᠠᠬᠤ ᠨᠢ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠦ ᠰᠣᠶᠣᠯ ᠢ ᠪᠠᠳᠠᠷᠠᠭᠤᠯᠬᠤ ᠶᠢᠨ ᠬᠠᠮᠲᠤ ᠪᠣᠯᠪᠠᠰᠤᠨ ᠵᠢᠭᠤᠯᠴᠢᠯᠠᠯ ᠢ ᠶᠡᠬᠡᠪᠡᠷ ᠰᠠᠨᠠᠭᠠᠴᠢᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号