ᠴᠢᠩᠱᠠᠨ ᠲᠣᠭᠤᠷᠢᠭ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ︵ᠥᠷᠭᠡᠳᠬᠡᠭᠰᠡᠨ︶  ᠶᠢᠨ ᠬᠤᠷᠠᠯ ᠬᠤᠷᠠᠯᠳᠤᠵᠦ ᠺᠠᠳ᠋ᠷ ᠢ ᠲᠤᠮᠢᠯᠠᠨ ᠪᠠᠭᠤᠯᠭᠠᠬᠤ ᠲᠣᠭᠲᠠᠭᠠᠯ ᠢ ᠵᠠᠷᠯᠠᠪᠠ
ᠨᠡᠶᠢᠲᠡᠯᠡᠭᠰᠡᠨ ᠴᠠᠭ᠄
2020/8/13
     8 ᠰᠠᠷ᠎ᠠ ᠶᠢᠨ 11 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠿᠦᠩ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠤᠨ ᠬᠤᠶᠠᠳᠤᠭᠠᠷ ᠰᠠᠯᠠᠭᠠᠨ ᠤ ᠳᠠᠷᠤᠭ᠎ᠠ ᠼᠦᠢ ᠵᠢᠶᠦ᠋ᠨ ᠢ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶ ᠶᠦᠨ ᠰᠢ ᠨᠥᠬᠦᠷ ᠤᠨ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠶᠢᠨ ᠵᠢᠱᠢᠭᠳᠡᠭᠰᠡᠳ ᠶᠢᠨ ᠨᠡᠷ᠎ᠡ ᠳᠤᠷᠠᠳᠬᠤ ᠲᠤᠬᠠᠶ︾ ᠲᠤᠰᠢᠶᠠᠯ ᠡᠭᠦᠷᠭᠡᠯᠡᠬᠦ ᠲᠣᠭᠲᠠᠭᠠᠯ ᠢ ᠤᠩᠰᠢᠨ ᠨᠡᠶᠢᠲᠡᠯᠡᠵᠦ᠂ ᠦᠨᠳᠦᠰᠦᠨ ᠪᠠᠶᠢᠳᠠᠯ ᠢ ᠲᠠᠨᠢᠯᠴᠠᠭᠤᠯᠪᠠ︔ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠯᠢᠦ ᠵᠢᠶᠦ᠋ᠨ ᠢ ᠶᠠᠷᠢᠶ᠎ᠠ ᠲᠠᠯᠪᠢᠵᠤ᠂ ᠪᠠᠢ ᠶᠦᠨ ᠰᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠬᠤ᠋ ᠿᠦᠩ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠴᠢᠩᠱᠠᠨ ᠲᠣᠭᠤᠷᠢᠭ ᠤᠨ ᠳᠦᠷᠪᠡᠨ ᠶᠡᠭᠡ ᠪᠠᠭ ᠤᠨ ᠪᠦᠷᠢᠯᠳᠦᠬᠦᠨ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ ᠵᠢᠴᠢ ᠪᠤᠰᠤᠳ ᠰᠢᠶᠠᠨ ᠤ ᠱᠠᠲᠤᠨ ᠤ ᠤᠳᠤᠷᠢᠳᠬᠤ ᠺᠠᠳ᠋ᠷ ᠬᠤᠷᠠᠯ ᠳᠤ ᠣᠷᠣᠯᠴᠠᠪᠠ᠃      ᠯᠢᠦ ᠵᠢᠶᠦ᠋ᠨ ᠢ ᠵᠢᠭᠠᠵᠤ ᠭᠠᠷᠭᠠᠭᠰᠠᠨ ᠨᠢ᠂ ᠡᠨᠡ ᠤᠳᠠᠭ᠎ᠠ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠳᠤ ᠲᠣᠬᠢᠷᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠥᠬᠦ ᠬᠤᠲᠠ ᠪᠠ ᠴᠢᠩᠱᠠᠨ ᠲᠣᠭᠤᠷᠢᠭ ᠤᠨ ᠠᠵᠢᠯ ᠤᠨ ᠶᠡᠭᠡ ᠲᠠᠯ᠎ᠠ ᠠᠴᠠ ᠡᠭᠦᠰᠴᠦ᠂ ᠪᠥᠬᠦ ᠲᠠᠯ᠎ᠠ ᠪᠠᠷ ᠪᠣᠳᠣᠯᠬᠢᠯᠠᠵᠤ᠂ ᠳᠠᠬᠢᠨ ᠲᠠᠪᠲᠠᠨ ᠶᠠᠷᠢᠯᠴᠠᠵᠤ᠂ ᠪᠣᠯᠭᠤᠮᠵᠢᠲᠠᠶ ᠰᠤᠳᠤᠯᠤᠭᠠᠳ ᠭᠠᠷᠭᠠᠭᠰᠠᠨ ᠲᠣᠭᠲᠠᠭᠠᠯ ᠪᠣᠯᠤᠨ᠎ᠠ᠃ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠺᠠᠳ᠋ᠷ ᠢᠯᠠᠩᠭᠤᠶ᠎ᠠ ᠤᠳᠤᠷᠢᠳᠬᠤ ᠺᠠᠳ᠋ᠷᠴᠤᠳ᠂ ᠤᠯᠤᠰ ᠲᠥᠷᠥ ᠶᠢ ᠡᠷᠬᠢᠮᠯᠡᠵᠦ᠂ ᠪᠦᠬᠦ ᠲᠠᠯ᠎ᠠ ᠶᠢ ᠬᠠᠷᠠᠭᠠᠯᠵᠠᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠲᠣᠭᠲᠠᠭᠠᠯ ᠢ ᠡᠷᠡᠰ ᠬᠦᠷᠢᠶᠡᠯᠡᠵᠦ᠂ ᠰᠢᠨ᠎ᠡ ᠲᠤᠰᠢᠶᠠᠯ ᠡᠭᠦᠷᠭᠡᠯᠡᠭᠰᠡᠨ ᠨᠥᠬᠦᠳ ᠤᠨ ᠠᠵᠢᠯ ᠢ ᠪᠦᠬᠦ ᠬᠦᠴᠦᠨ ᠢᠶᠠᠷ ᠳᠠᠮᠵᠢᠵᠤ᠂ ᠲᠡᠭᠦᠨ ᠢ ᠬᠠᠪᠰᠤᠷᠤᠨ ᠪᠠᠶᠢᠳᠠᠯ ᠢ ᠨᠢ ᠲᠦᠷᠭᠡᠨ ᠣᠶᠢᠯᠠᠭᠠᠭᠤᠯᠵᠤ᠂ ᠡᠯ᠎ᠡ ᠵᠦᠢᠯ ᠤᠨ ᠠᠵᠢᠯ ᠢ ᠨᠢ ᠡᠮᠬᠢ ᠵᠢᠷᠦᠮ ᠲᠠᠢ ᠵᠣᠯᠭᠠᠭᠤᠯᠵᠤ᠂ ᠤᠷᠤᠭᠰᠢᠲᠠᠶ ᠲᠦᠯᠬᠢᠨ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠴᠢᠩᠱᠠᠨ ᠲᠣᠭᠤᠷᠢᠭ ᠨᠢ ᠯᠠᠪᠳᠠᠭᠤᠨ ᠪᠠᠲᠤᠲᠠᠶ ᠠᠵᠢᠯ ᠤᠨ ᠰᠠᠭᠤᠷᠢ ᠪᠠ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠲᠠᠢ ᠪᠠᠶᠢᠵᠤ᠂ ᠤᠳᠤᠷᠢᠳᠬᠤ ᠨᠥᠬᠦᠳ ᠨᠢᠭᠡᠪᠦᠷᠢ ᠴᠥᠮ ᠡᠶᠢᠮᠦ ᠨᠢᠭᠡᠨ ᠬᠤᠭᠤᠴᠠᠭ᠎ᠠ ᠵᠠᠯᠭᠠᠨ ᠠᠵᠢᠯᠯᠠᠵᠤ᠂ ᠨᠢᠭᠡ ᠵᠢᠷᠤᠭ ᠲᠥᠰᠦᠪ ᠢ ᠵᠢᠷᠤᠭᠯᠠᠭᠠᠳ ᠡᠭᠦᠳᠦᠨ ᠪᠦᠲᠦᠭᠡᠭᠰᠡᠨ ᠶᠡᠭᠡ ᠰᠠᠶᠢᠨ ᠪᠠᠶᠢᠳᠠᠯ ᠢᠶᠠᠨ ᠬᠤᠪᠢ ᠳᠠᠬᠢᠨ ᠨᠠᠨᠳᠢᠩᠨᠠᠵᠤ᠂ ᠬᠤ᠋ ᠿᠦᠩ ᠱᠦᠵᠢ ᠪᠠᠷ ᠠᠩᠭᠢ ᠶᠢᠨ ᠳᠠᠷᠤᠭ᠎ᠠ ᠪᠣᠯᠭᠠᠭᠰᠠᠨ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠡᠷᠡᠯᠬᠡᠭᠯᠡᠨ ᠤᠷᠤᠭᠰᠢᠯᠠᠵᠤ᠂ ᠰᠢᠷᠭᠠᠭᠤ ᠬᠠᠲᠠᠭᠤᠵᠢᠯᠲᠠᠶ ᠲᠡᠮᠡᠴᠡᠵᠦ᠂ ᠴᠢᠩᠱᠠᠨ ᠲᠣᠭᠤᠷᠢᠭ ᠤᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃      ᠬᠤ᠋ ᠿᠦᠩ ᠲᠤᠭᠤᠷᠢᠭ ᠤᠨ ᠨᠠᠮ ᠤᠨ ᠬᠤᠷᠢᠶ᠎ᠠ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠺᠠᠳ᠋ᠷ ᠢ ᠲᠥᠯᠥᠭᠡᠯᠡᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠷᠲᠤ ᠬᠤᠭᠤᠴᠠᠭᠠᠨ ᠤ ᠲᠤᠷᠰᠢ ᠴᠢᠩᠱᠠᠨ ᠲᠣᠭᠤᠷᠢᠭ ᠤᠨ ᠡᠯ᠎ᠡ ᠱᠠᠲᠤᠨ ᠤ ᠠᠵᠢᠯ ᠢ ᠣᠨᠴᠠᠭᠠᠶᠢᠯᠠᠨ ᠴᠢᠩᠱᠠᠨ ᠲᠣᠭᠤᠷᠢᠭ ᠤᠨ ᠡᠯ᠎ᠡ ᠱᠠᠲᠤᠨ ᠤ ᠺᠠᠳ᠋ᠷᠴᠤᠳ ᠢ ᠴᠢᠬᠤᠯᠠᠴᠢᠯᠠᠨ ᠬᠠᠯᠠᠮᠵᠢᠯᠠᠵᠤ᠂ ᠬᠥᠮᠦᠵᠢᠭᠦᠯᠬᠦ ᠪᠠ  ᠳᠡᠮᠵᠢᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃     ᠲᠡᠷᠡ ᠴᠢᠬᠤᠯᠠᠴᠢᠯᠠᠭᠰᠠᠨ ᠨᠢ᠂ ᠴᠢᠩᠱᠠᠨ ᠲᠣᠭᠤᠷᠢᠭ ᠤᠨ ᠬᠡᠳᠦᠨ ᠶᠡᠭᠡ ᠤᠳᠤᠷᠢᠳᠬᠤ ᠪᠠᠭ ᠡᠯ᠎ᠡ ᠱᠠᠲᠤᠨ ᠤ ᠺᠠᠳ᠋ᠷᠴᠤᠳ ᠪᠠᠶ ᠶᠦᠨ ᠰᠢ ᠨᠥᠬᠦᠷ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠳᠡᠮᠵᠢᠵᠦ ᠰᠠᠶᠢᠲᠤᠷ ᠬᠠᠮᠵᠢᠵᠤ᠂ ᠶᠡᠭᠡ ᠲᠠᠯ᠎ᠠ ᠶᠢ ᠤᠬᠠᠮᠰᠠᠷ ᠠᠴᠠ ᠪᠠᠨ ᠬᠠᠮᠠᠭᠠᠯᠠᠵᠤ᠂ ᠶᠡᠭᠡ ᠲᠠᠯ᠎ᠠ ᠶᠢ ᠡᠷᠡᠰ ᠳᠠᠭᠠᠵᠦ᠂ ᠦᠨᠡᠨ ᠰᠡᠳᠬᠢᠯ ᠠᠴᠠ ᠪᠠᠨ ᠪᠦᠯᠬᠦᠮᠳᠡᠵᠦ᠂ ᠨᠢᠭᠲᠠ ᠬᠠᠮᠵᠢᠯᠴᠠᠨ᠂ ᠤᠳᠤᠷᠢᠳᠬᠤ ᠪᠠᠭ ᠤᠨ ᠨᠢᠭᠲᠠᠷᠠᠯ ᠤᠨ ᠬᠦᠴᠦᠨ ᠪᠠ ᠲᠡᠶᠢᠴᠢᠠ ᠬᠦᠴᠦᠨ ᠢ ᠲᠡᠰᠦᠷᠡᠯᠳᠠ ᠤᠢᠭᠡᠢ ᠴᠢᠩᠭᠠᠷᠠᠭᠤᠯᠵᠤ᠂ ᠴᠢᠩᠱᠠᠨ ᠲᠣᠭᠤᠷᠢᠭ ᠢ ᠦᠷᠭᠦᠯᠵᠢᠯᠡᠨ ᠪᠤᠲᠠᠲᠠᠶᠢᠵᠢᠭᠤᠯᠵᠦ᠂ ᠲᠡᠷᠢᠭᠦᠨ ᠤ ᠡᠩᠨᠡᠭᠡᠨ ᠳᠤ ᠶᠠᠪᠤᠬᠤ ᠰᠢᠯᠢᠳᠡᠭ ᠤᠯᠠᠮᠵᠢᠯᠠᠯ ᠪᠠ ᠰᠤᠷᠲᠠᠯ ᠢ ᠰᠠᠶᠢᠲᠤᠷ ᠪᠠᠬᠢᠵᠢᠭᠦᠯᠵᠦ ᠰᠠᠶᠢᠲᠤᠷ ᠪᠠᠳᠠᠷᠠᠭᠤᠯᠬᠤ ᠬᠡᠷᠡᠭᠲᠡᠢ᠃ ᠪᠦᠯᠬᠦᠮᠳᠡᠨ ᠲᠡᠮᠡᠴᠡᠵᠦ᠂ ᠠᠵᠢᠯ ᠬᠢᠵᠦ ᠦᠢᠯᠡᠰ ᠪᠦᠲᠦᠭᠡᠬᠦ ᠪᠠᠲᠤ ᠴᠢᠩᠭ᠎ᠠ ᠤᠳᠤᠷᠢᠳᠬᠤ ᠬᠠᠮᠲᠤ ᠶᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠪᠦᠬᠦ ᠲᠤᠭᠤᠷᠢᠭ ᠤᠨ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ ᠰᠢᠷᠭᠠᠭᠤ ᠬᠠᠲᠠᠭᠤᠵᠢᠯᠲᠠᠶ ᠲᠡᠮᠡᠴᠡᠵᠦ᠂ ᠬᠦᠴᠢᠷ ᠪᠡᠷᠬᠡ ᠶᠢ ᠲᠤᠭᠤᠯᠤᠨ᠂ ᠤᠤᠯ ᠤᠨ ᠠᠵᠢᠯ ᠤᠨ ᠰᠠᠭᠤᠷᠢᠨ ᠳᠡᠭᠡᠷ᠎ᠡ ᠨᠡᠩ ᠶᠡᠭᠡ ᠰᠢᠨ᠎ᠡ ᠠᠮᠵᠢᠯᠲᠠ ᠪᠦᠲᠦᠮᠵᠢ ᠶᠢ ᠡᠭᠦᠳᠴᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠢ ᠰᠠᠨᠠᠭ᠎ᠠ ᠠᠮᠤᠷ ᠪᠠᠶᠢᠯᠭᠠᠵᠤ᠂ ᠪᠦᠬᠦ  ᠲᠤᠭᠤᠷᠢᠭ ᠤᠨ ᠺᠠᠳ᠋ᠷ ᠣᠯᠠᠨ ᠲᠦᠮᠡᠨ ᠢ ᠰᠡᠳᠬᠢᠯ ᠬᠠᠨᠤᠮᠵᠢᠲᠠᠶ ᠪᠣᠯᠭᠠᠨ᠎ᠠ᠃ ᠲᠦᠷᠦᠭᠦᠬᠡᠨ ᠲᠡᠭᠦᠰᠦᠭᠰᠡᠨ ᠬᠤᠲᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ ᠬᠤᠷᠠᠯ ︽ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠵᠤ᠂ ᠰᠢᠨ᠎ᠡ ᠴᠠᠭ ᠦᠶ᠎ᠡ ᠶᠢᠨ ᠪᠤᠭᠤᠲᠦ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠦ ᠪᠠᠲᠤᠯᠠᠵᠦ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠨᠠᠮ ᠤᠨ ᠪᠠᠶᠢᠭᠤᠯᠤᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃ ᠴᠢᠩᠱᠠᠨ ᠲᠣᠭᠤᠷᠢᠭ ᠡᠷᠬᠡᠪᠰᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠦᠨᠳᠦᠰᠦᠨ ᠬᠥᠭ ᠠᠶᠠᠰ ᠢ ᠭᠤᠶᠢᠪᠢᠰᠢ ᠦᠭᠡᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠶᠡᠷᠦᠩᠬᠡᠶ ᠪᠠᠶᠢᠷᠢᠰᠢᠯ ᠢ ᠭᠤᠶᠢᠪᠢᠰᠢ ᠦᠭᠡᠢ ᠪᠠᠷᠢᠮᠲᠠᠯᠠᠵᠤ᠂ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠡᠷᠦᠩᠬᠡᠶ ᠴᠢᠭᠯᠡᠯ ᠢ ᠭᠤᠶᠢᠪᠢᠰᠢ ᠦᠭᠡᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠲᠤᠤᠱᠯᠠᠭᠤᠯᠵᠤ᠂ ᠳᠣᠤᠷ᠎ᠠ ᠬᠠᠭᠠᠰ ᠵᠢᠯ ᠤᠨ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠠᠳ ᠲᠦᠮᠡᠨ ᠤ ᠦᠨᠳᠦᠰᠦᠨ ᠠᠵᠠ ᠵᠢᠷᠭᠠᠯ ᠪᠣᠯᠤᠨ ᠪᠦᠬᠦ ᠲᠤᠭᠤᠷᠢᠭ ᠤᠨ ᠠᠯᠤᠰ ᠬᠡᠳᠦ ᠶᠢᠨ ᠬᠥᠭᠵᠢᠯᠲᠡ ᠲᠠᠢ ᠬᠤᠯᠪᠤᠭᠳᠠᠬᠤ ᠴᠢᠬᠤᠯᠠ ᠠᠵᠢᠯ ᠢ ᠭᠦᠨᠵᠡᠭᠡᠶ ᠲᠥᠯᠥᠪᠵᠢᠭᠦᠯᠦᠨ ᠠᠬᠢᠭᠤᠯᠵᠤ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ ᠪᠣᠯᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠵᠦ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ ᠦᠷ᠎ᠡ ᠪᠦᠲᠦᠮᠵᠢᠲᠡᠶ ᠵᠠᠰᠠᠯᠲᠠ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ ᠭᠡᠵᠡᠢ᠃      ᠪᠠᠶ ᠶᠦᠨ ᠰᠢ ︽ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠯᠤᠰ ᠲᠥᠷᠥ ᠶᠢᠨ ᠢᠲᠡᠭᠡᠯ ᠵᠣᠷᠢᠭ ᠢᠶᠠᠨ ᠪᠠᠲᠤᠳᠬᠠᠬᠤ︾ ︽ᠦᠨᠡᠨ ᠬᠦ ᠠᠳᠬᠤᠨ ᠪᠣᠳᠠᠲᠠᠶ ᠠᠵᠢᠯᠯᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ︾ ︽ᠬᠥᠭᠵᠢᠯᠲᠡ ᠶᠢᠨ ᠶᠡᠭᠡ ᠲᠠᠯ᠎ᠠ ᠳᠤ ᠠᠩᠬᠠᠷᠤᠯ ᠢᠶᠠᠨ ᠲᠦᠪᠯᠡᠷᠡᠭᠦᠯᠵᠦ᠂ ᠣᠨᠣᠪᠴᠢᠲᠠᠶ ᠬᠦᠴᠦᠯᠡᠬᠦ︾ ︽ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠬᠦᠭᠵᠢᠯᠲᠡ ᠶᠢᠨ ᠬᠦᠴᠦᠨ ᠢ ᠨᠢᠭᠲᠠᠷᠠᠭᠤᠯᠬᠤ︾ ︽ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠠᠷᠢᠭᠤᠨ ᠴᠢᠬᠡᠴᠢ ᠠᠷᠢᠭᠤᠨ ᠴᠢᠬᠡᠴᠢ ᠲᠥᠪ ᠴᠢᠬᠡᠴᠢ ᠪᠠᠶᠢᠬᠤ ᠶᠢ ᠡᠭᠦᠷᠢᠳᠡ ᠪᠠᠲᠤᠯᠠᠬᠤ︾ ᠲᠠᠪᠤᠨ ᠲᠠᠯ᠎ᠠ ᠠᠴᠠ ᠣᠪᠣᠷ ᠢᠶᠠᠨ ᠢᠯᠡᠳᠬᠡᠪᠡ᠃ ᠲᠡᠷᠡ ᠢᠯᠡᠷᠬᠡᠶᠢᠯᠡᠬᠦ ᠳᠡᠭᠡᠨ᠂ ᠵᠣᠬᠢᠶᠠᠨ ᠪᠠᠶᠢᠭᠤᠯᠤᠯᠲᠠ ᠶᠢᠨ ᠲᠤᠰᠢᠶᠠᠯ ᠡᠭᠦᠷᠭᠡᠯᠡᠬᠦ ᠲᠤᠬᠠᠶ ᠲᠣᠭᠲᠠᠭᠠᠯ ᠢ ᠲᠦᠢᠯ ᠤᠨ ᠢᠷᠠᠭᠤ ᠠᠯᠳᠠᠷ ᠲᠠᠢ ᠰᠠᠨᠠᠭᠳᠠᠵᠤ᠂ ᠡᠭᠦᠷᠭᠡ ᠬᠠᠷᠢᠭᠤᠴᠠᠯᠭ᠎ᠠ ᠢᠷᠠᠭᠤ ᠠᠯᠳᠠᠷ ᠲᠠᠢ ᠰᠠᠨᠠᠭᠳᠠᠵᠤ᠂ ᠨᠡᠩ ᠴᠤ ᠬᠠᠷᠢᠭᠤᠴᠠᠯᠭ᠎ᠠ ᠬᠦᠨᠳᠦ ᠶᠡᠭᠡ ᠰᠠᠨᠠᠭᠳᠠᠵᠤ ᠪᠠᠶᠢᠨ᠎ᠠ᠃ ᠣᠳᠣᠬᠠᠨ ᠳᠤ᠂ ᠴᠢᠩᠱᠠᠨ ᠲᠣᠭᠤᠷᠢᠭ ᠶᠠᠭ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠵᠠᠩᠭᠢᠯᠠᠭ᠎ᠠ ᠶᠢᠨ ᠴᠠᠭ ᠦᠶ᠎ᠡ ᠳᠤ ᠤᠷᠤᠰᠢᠵᠦ᠂ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠳᠤᠷᠢᠳᠬᠤ ᠪᠠᠭ ᠤᠨ ᠬᠠᠮᠲᠤ ᠶᠢᠨ ᠬᠦᠴᠦᠨ ᠳᠤ ᠴᠢᠩᠭ᠎ᠠ ᠲᠦᠰᠢᠭᠯᠡᠵᠦ᠂ ᠺᠠᠳ᠋ᠷ ᠤᠨ ᠪᠦᠯᠬᠦᠮᠳᠡᠨ ᠲᠡᠮᠡᠴᠡᠬᠦ ᠳᠤ ᠲᠦᠰᠢᠭᠯᠡᠨ᠂ ᠨᠢᠭᠡ ᠰᠡᠳᠬᠢᠯ ᠨᠢᠭᠡ ᠵᠣᠷᠢᠭ᠂ ᠵᠠᠮ ᠨᠡᠭᠡᠭᠡᠨ ᠤᠷᠤᠭᠰᠢᠯᠠᠵᠤ᠂ ᠪᠣᠳᠠᠲᠠᠶ ᠠᠵᠢᠯᠯᠠᠭᠰᠠᠨ ᠠᠮᠵᠢᠯᠲᠠ ᠪᠦᠲᠦᠮᠵᠢ ᠪᠠᠷ ᠵᠣᠬᠢᠶᠠᠨ ᠪᠠᠶᠢᠭᠤᠯᠤᠯᠲᠠ ᠶᠢᠨ ᠬᠥᠮᠦᠵᠢᠯ ᠪᠠ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠠᠷᠢᠭᠤᠯᠵᠤ᠂ ᠴᠢᠩᠱᠠᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠦᠨ᠎ᠡ ᠭᠡᠰᠡᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号