ᠴᠢᠳᠠᠪᠤᠷᠢᠲᠠᠨ ᠢᠶᠠᠷ ᠲᠤᠭᠤᠷᠢᠭ ᠢᠶᠠᠨ ᠬᠦᠴᠦᠷᠬᠡᠭᠵᠢᠭᠦᠯᠵᠦ ᠴᠢᠳᠠᠪᠤᠷᠢᠲᠠᠨ ᠤ ᠦᠩ ᠰᠢᠮᠡᠯᠢᠭ ᠬᠥᠷᠥᠰᠥ ᠶᠢ ᠭᠦᠨ ᠬᠠᠭᠠᠯᠪᠤᠷᠢᠯᠠᠵᠤ ᠨᠠᠷᠢᠨ ᠨᠢᠮᠪᠠᠶ ᠲᠠᠷᠢᠬᠤ
ᠨᠡᠶᠢᠲᠡᠯᠡᠭᠰᠡᠨ ᠴᠠᠭ᠄
2020/8/5
     ᠰᠤᠷᠪᠤᠯᠵᠢᠯᠠᠭ᠎ᠠ ᠶᠢᠨ ᠭᠤᠤᠯ ᠰᠡᠳᠦᠪ᠄ ᠴᠢᠳᠠᠪᠤᠷᠢᠲᠠᠨ ᠢᠶᠠᠷ ᠲᠤᠭᠤᠷᠢᠭ ᠢᠶᠠᠨ ᠬᠦᠴᠦᠷᠬᠡᠭᠵᠢᠭᠦᠯᠵᠦ ᠴᠢᠳᠠᠪᠤᠷᠢᠲᠠᠨ ᠤ ᠦᠩ ᠰᠢᠮᠡᠯᠢᠭ ᠬᠥᠷᠥᠰᠥ ᠶᠢ ᠭᠦᠨ ᠬᠠᠭᠠᠯᠪᠤᠷᠢᠯᠠᠵᠤ ᠨᠠᠷᠢᠨ ᠨᠢᠮᠪᠠᠶ ᠲᠠᠷᠢᠬᠤ        ᠰᠤᠷᠪᠤᠯᠵᠢᠯᠠᠭ᠎ᠠ ᠬᠢᠭᠰᠡᠨ ᠴᠠᠭ᠄ 2020 ᠣᠨ ᠤ 4 ᠰᠠᠷ᠎ᠠ ᠶᠢᠨ 5᠎ ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ ᠿᠧᠨ ᠸᠧᠨ ᠯᠢᠶᠠᠩ      ᠰᠤᠷᠪᠤᠯᠵᠢᠯᠠᠭ᠎ᠠ ᠬᠦᠯᠢᠶᠡᠭᠰᠡᠨ ᠠᠬᠤᠢ ᠪᠠᠶᠢᠳᠠᠯ᠄ ᠤᠶᠢᠷ᠎ᠠ ᠶᠢᠨ ᠵᠢᠯ ᠳᠤ᠂ ᠴᠢᠩᠱᠠᠨ ᠲᠣᠭᠤᠷᠢᠭ ︽ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠮᠥᠨ︾ ᠭᠡᠬᠦ ᠠᠵᠢᠯ ᠤᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠦ︔ ︽ᠦᠢᠯᠡᠳᠪᠦᠷᠢᠯᠡᠬᠦ ᠵᠢᠭᠠᠬᠤ ᠰᠤᠳᠤᠯᠬᠤ︾᠎ ᠶᠢ ᠤᠶᠠᠯᠳᠤᠭᠤᠯᠤᠭᠰᠠᠨ ᠳᠡᠭᠡᠳᠦ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠦ︔ ᠴᠢᠳᠠᠪᠤᠷᠢᠲᠠᠨ ᠬᠢᠭᠡᠳ ᠲᠥᠷᠥᠯ ᠵᠦᠢᠯ᠂ ᠴᠢᠳᠠᠪᠤᠷᠢᠲᠠᠨ ᠬᠢᠭᠡᠳ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠶᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠦᠷᠨᠢᠭᠦᠯᠵᠦ︔ ︽ᠮᠢᠩᠭᠠᠨ ᠬᠥᠮᠦᠨ ᠤ ᠲᠥᠯᠥᠪᠯᠡᠭᠡ︾᠎ ᠶᠢᠨ ᠲᠤᠰᠬᠠᠢ ᠮᠡᠷᠭᠡᠵᠢᠯᠲᠡᠨ᠂ ᠤᠯᠤᠰ ᠤᠨ ᠭᠠᠷᠮᠠᠭᠠᠢ ᠵᠠᠯᠠᠭᠤᠴᠤᠳ᠂ ᠬᠥᠬᠡ ᠮᠥᠷᠡᠨ ᠤ ᠡᠷᠳᠡᠮᠲᠡᠨ ᠵᠡᠷᠭᠡ ᠥᠨᠳᠥᠷ ᠬᠢᠷᠢ ᠲᠦᠪᠰᠢᠨ ᠪᠦᠬᠦᠢ 50 ᠭᠠᠷᠤᠢ ᠴᠢᠳᠠᠪᠤᠷᠢᠲᠠᠨ ᠢ ᠲᠡᠳᠡᠨ ᠣᠷᠣᠭᠤᠯᠵᠦ︔ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠨᠢᠭᠡ ᠴᠣᠭᠴᠠᠵᠢᠭᠤᠯᠤᠭᠰᠠᠨ ᠪᠠ ᠰᠢᠨ᠎ᠡ ᠶᠢ ᠡᠭᠦᠳᠦᠨ ᠦᠢᠯᠡᠰ ᠴᠤᠭᠴᠠᠯᠠᠭᠰᠠᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠵᠤ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠳᠤ ᠴᠢᠩᠭ᠎ᠠ ᠬᠦᠴᠦᠲᠡᠶ ᠮᠡᠷᠭᠡᠵᠢᠯ ᠤᠨ ᠲᠤᠯᠭᠠᠭᠤᠷᠢᠯᠠᠯ ᠪᠠ ᠴᠢᠳᠠᠪᠤᠷᠢᠲᠠᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃      ᠬᠥᠲᠥᠯᠥᠭᠴᠢ᠄ ᠣᠯᠠᠨ ᠤ ᠮᠡᠳᠡᠭᠡᠵᠢ ᠪᠠᠷ᠂ ᠣᠳᠣ ᠪᠣᠯ ᠴᠢᠳᠠᠪᠤᠷᠢᠲᠠᠨ ᠳᠤᠲᠠᠭᠳᠠᠵᠤ ᠪᠠᠶᠢᠭ᠎ᠠ ᠴᠠᠭ ᠦᠶ᠎ᠡ᠂ ᠡᠯ᠎ᠡ ᠬᠤᠳᠠ ᠴᠥᠮ ᠴᠢᠳᠠᠪᠤᠷᠢᠲᠠᠨ ᠢ ᠦᠯᠡᠳᠡᠭᠡᠬᠦ ᠰᠠᠨᠠᠭ᠎ᠠ ᠲᠠᠢ᠂ ᠲᠠ ᠡᠨᠡ ᠰᠢᠰᠲ᠋ᠧᠮ ᠢ ᠬᠡᠷᠬᠢᠨ ᠪᠠᠶᠢᠭᠤᠯᠤᠭᠰᠠᠨ ᠪᠤᠢ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠿᠧᠨ ᠸᠧᠨ ᠯᠢᠶᠠᠩ᠄ ︽ᠭᠤᠷᠪᠠᠨ ᠬᠤᠷᠰᠢᠶ᠎ᠠ ᠬᠤᠯᠪᠣᠭᠠᠯᠠᠨ ᠬᠥᠳᠡᠯᠦᠯᠴᠡᠬᠦ︾ ᠵᠠᠰᠠᠯᠲᠠ ᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠡᠨᠡ ᠬᠦ ᠲᠠᠪᠴᠠᠩ ᠢᠶᠠᠷ ᠳᠠᠮᠵᠢᠭᠤᠯᠤᠨ᠂ ᠪᠢᠳᠡ ᠨᠠᠩ ᠣᠯᠠᠨ ᠪᠡᠯᠡ ᠮᠥᠩᠭᠦ ᠣᠯᠵᠤ᠂ ᠲᠠᠪᠴᠠᠩ ᠨᠢ ᠮᠠᠨ ᠤ ᠦᠢᠯᠡᠴᠢᠯᠡᠭᠡ ᠶᠢ ᠬᠢᠨᠠᠨ ᠵᠢᠯᠣᠭᠤᠳᠴᠤ᠂ ᠮᠠᠨ ᠤ ᠲᠥᠷᠥᠯ  ᠵᠦᠢᠯ ᠢ ᠠᠮᠵᠢᠯᠲᠠ ᠲᠠᠢ ᠪᠠᠷ ᠪᠤᠳᠠᠲᠠᠢ ᠳᠤ ᠨᠠᠶᠢᠳᠠᠪᠤᠷᠢᠵᠢᠭᠤᠯᠵᠤ᠂ ᠰᠠᠭᠤᠭᠠᠯᠢ ᠠᠷᠠᠳ ᠲᠤ ᠦᠷᠭᠦᠯᠵᠢᠯᠡᠨ ᠨᠡᠡᠩ ᠰᠠᠶᠢᠲᠦᠷ᠂ ᠪᠦᠬᠦ ᠲᠠᠯ᠎ᠠ ᠪᠠᠷ ᠦᠢᠯᠡᠴᠢᠯᠡᠨ᠎ᠡ᠃ ᠴᠢᠩᠱᠠᠨ ᠲᠣᠭᠤᠷᠢᠭ ᠤᠨ ᠶᠢᠦ ᠠᠶ ᠨᠡᠶᠢᠭᠡᠮ ᠲᠣᠭᠤᠷᠢᠭ ᠤᠨ ᠨᠠᠰᠤᠲᠠᠨ ᠢ ᠠᠰᠠᠷᠠᠬᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠰᠢᠤᠢ ᠭᠤᠸᠠᠩ ᠼᠦᠢ ᠬᠡᠯᠡᠬᠦ ᠳᠡᠭᠡᠨ ᠲᠡᠭᠦᠨ ᠤ ᠡᠵᠡᠩᠨᠡᠵᠦ ᠪᠠᠶᠢᠭ᠎ᠠ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠥᠪ ᠨᠢ 2016 ᠣᠨ ᠳᠤ ᠪᠠᠶᠢᠭᠤᠯᠤᠭᠳᠠᠵᠤ᠂ ᠠᠳᠠᠯᠢ ᠲᠦᠷᠦᠯ ᠤᠨ ᠪᠠᠶᠢᠭᠤᠯᠤᠮᠵᠢ ᠶᠢᠨ ᠨᠡᠮᠡᠭᠳᠡᠬᠦ ᠶᠢ ᠳᠠᠭᠠᠯᠳᠤᠨ᠂ ᠬᠥᠭᠵᠢᠯᠲᠡ ᠪᠣᠭᠤᠮᠢ ᠳᠤ ᠣᠷᠣᠵᠤ᠂ ︽ᠭᠤᠷᠪᠠᠨ ᠬᠤᠷᠰᠢᠶ᠎ᠠ ᠬᠤᠯᠪᠣᠭᠠᠯᠠᠨ ᠬᠥᠳᠡᠯᠦᠯᠴᠡᠬᠦ︾ ᠵᠠᠰᠠᠯᠲᠠ ᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠡᠨᠡᠬᠦ ᠲᠠᠪᠴᠠᠩ ᠤᠨ ᠬᠠᠪᠰᠤᠷᠤᠯᠭ᠎ᠠ ᠳᠡᠮᠵᠢᠯᠭᠡ ᠳᠣᠤᠷ᠎ᠠ᠂ ᠲᠥᠪ ᠨᠢ ᠵᠦᠷᠢᠶᠡᠴᠢᠯᠡᠭᠰᠡᠨ ᠬᠥᠭᠵᠢᠯᠲᠡ ᠲᠠᠢ ᠪᠤᠯᠵᠦ᠂ ᠰᠢᠨ᠎ᠡ ᠠᠮᠢᠵᠢᠷᠠᠯ ᠤᠨ ᠬᠦᠴᠦᠨ ᠲᠠᠢ ᠪᠣᠯᠪᠠ ᠭᠡᠵᠡᠢ᠃      ᠬᠥᠲᠥᠯᠥᠭᠴᠢ᠄ ᠴᠢᠳᠠᠪᠤᠷᠢᠲᠠᠨ ᠤ ᠪᠦᠲᠦᠴᠡ ᠶᠢᠨ ᠲᠠᠯ᠎ᠠ ᠪᠠᠷ᠂ ᠲᠠ ᠬᠡᠷᠬᠢᠨ ᠪᠠᠶᠢᠭᠤᠯᠤᠭᠰᠠᠨ ᠪᠣᠶ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠿᠧᠨ ᠸᠧᠨ ᠯᠢᠶᠠᠩ᠄ ᠴᠢᠩᠱᠠᠨ ᠲᠣᠭᠤᠷᠢᠭ 2010 ᠤᠨ ᠠᠴᠠ ᠪᠦᠬᠦ ᠤᠯᠤᠰ ᠤᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠲᠤᠷᠰᠢᠯᠲᠠ ᠶᠢᠨ ᠭᠠᠵᠠᠷ ᠣᠷᠣᠨ ᠢᠶᠠᠷ ᠲᠣᠭᠲᠠᠭᠠᠭᠳᠠᠭᠰᠠᠨ ᠠᠴᠠ ᠨᠠᠰᠢ᠂ ᠮᠠᠨ ᠤ ᠤᠶᠤᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ ᠤ ᠪᠦᠯᠬᠦᠮ ᠨᠡᠶᠢᠲᠡ ᠠᠴᠠ ᠤᠯᠠᠨ ᠲᠦᠮᠡᠨ ᠳᠤ ᠨᠢᠭᠡᠨᠲᠡ 23 ᠲᠦᠮᠡᠨ ᠬᠥᠮᠦᠨ ᠤᠳᠠᠭ᠎ᠠ ᠦᠢᠯᠡᠴᠢᠯᠡᠪᠡ᠃ ᠪᠤᠭᠤᠲᠤ ᠬᠤᠲᠠ ᠶᠢᠨ ︽ᠭᠤᠷᠪᠠᠨ ᠬᠤᠷᠰᠢᠶ᠎ᠠ ᠬᠤᠯᠪᠣᠭᠠᠯᠠᠨ ᠬᠥᠳᠡᠯᠦᠯᠴᠡᠬᠦ︾ ᠵᠠᠰᠠᠯᠲᠠ ᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠡᠵᠡᠩᠨᠡᠯᠲᠡ ᠶᠢᠨ ᠬᠡᠯᠲᠡᠰ ᠤᠨ ᠡᠷᠬᠢᠯᠡᠭᠴᠢ ᠭᠤᠤ ᠹᠤᠩ ᠬᠡᠯᠡᠬᠦ ᠳᠡᠭᠡᠨ᠂ ︽ᠭᠤᠷᠪᠠᠨ ᠬᠤᠷᠰᠢᠶ᠎ᠠ ᠬᠤᠯᠪᠣᠭᠠᠯᠠᠨ ᠬᠥᠳᠡᠯᠦᠯᠴᠡᠬᠦ︾ ᠵᠠᠰᠠᠯᠲᠠ ᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠠᠳᠠᠯᠢ ᠲᠥᠷᠥᠯ ᠤᠨ ᠦᠢᠯᠡᠰ ᠴᠤᠭᠴᠠᠯᠠᠬᠤ ᠶᠢ ᠲᠡᠳᠬᠦᠬᠦ ᠲᠠᠪᠴᠠᠩ ᠪᠣᠯᠤᠨ᠎ᠠ᠂ ᠰᠠᠭᠤᠷᠢᠨ ᠭᠠᠵᠠᠷ ᠲᠤ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾᠎ ᠤ  ᠳᠡᠭᠡᠲᠦ ᠳᠡᠰ ᠳᠠᠪᠬᠤᠷᠭ᠎ᠠ ᠶᠢᠨ ᠨᠡᠶᠢᠭᠡᠮ ᠤᠨ ᠠᠵᠢᠯ ᠤᠨ ᠰᠢᠨ᠎ᠡ ᠶᠢ ᠡᠭᠦᠳᠬᠦ ᠪᠦᠯᠬᠦᠮ ᠨᠡᠶᠢᠲᠡ 6 ᠴᠤᠭᠯᠠᠷᠠᠵᠤ᠂ ᠪᠤᠭᠤᠲᠤ ᠬᠤᠲᠠ ᠶᠢᠨ ︽ᠯᠦ ᠴᠧᠩ ᠰᠣᠳᠣᠨ ᠴᠢᠳᠠᠪᠤᠷᠢᠲᠠᠨ︾᠎ ᠤ ᠳᠤᠮᠳᠠ ᠳᠡᠭᠡᠲᠦ ᠲᠡᠰ ᠤᠨ ᠨᠡᠶᠢᠭᠡᠮ ᠤᠨ ᠠᠵᠢᠯ ᠤᠨ ᠴᠢᠳᠠᠪᠤᠷᠢᠲᠠᠨ 21 ᠬᠥᠮᠦᠨ᠂ ᠤᠯᠤᠰ ᠤᠨ ᠲᠠᠰ ᠤᠨ ᠨᠡᠶᠢᠭᠡᠮ ᠤᠨ ᠠᠵᠢᠯᠲᠠᠨ ᠤ ᠬᠢᠷᠢ ᠬᠡᠮ ᠤᠨ ᠦᠨᠡᠮᠯᠡᠯ 523 ᠬᠦᠮᠦᠨ ᠣᠯᠤᠭᠰᠠᠨ ᠪᠦᠭᠡᠳ ᠨᠡᠶᠢᠭᠡᠮ ᠲᠣᠭᠤᠷᠢᠭ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠲᠤᠰᠬᠠᠶ ᠨᠡᠶᠢᠭᠡᠮ ᠤᠨ ᠠᠵᠢᠯᠲᠠᠨ ᠢᠶᠠᠷ ᠠᠴᠢᠶᠠᠯᠠᠪᠤᠷᠢ ᠪᠣᠯᠭᠠᠭᠰᠠᠨ ᠬᠤᠰᠢᠭᠤᠴᠢ ᠴᠢᠳᠠᠪᠤᠷᠢᠲᠠᠨ ᠪᠠ ᠰᠢᠯᠢᠳᠡᠭ ᠪᠦᠯᠬᠦᠮ ᠨᠡᠶᠢᠲᠡ ᠶᠢᠨ ᠴᠤᠭᠯᠠᠷᠠᠯ ᠤᠨ ᠲᠠᠪᠴᠠᠩ ᠪᠣᠯᠤᠨ᠎ᠠ᠃ ᠪᠢᠳᠡ ᠭᠤᠤᠯᠳᠠᠭᠤ ᠬᠦᠭᠵᠢᠯᠲᠡ ᠶᠢᠨ ᠠᠰᠠᠭᠤᠳᠠᠯ ᠲᠤᠯᠭᠠᠷᠠᠭᠰᠠᠨ ᠡᠯ᠎ᠡ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠬᠠᠪᠰᠤᠷᠤᠯᠭ᠎ᠠ ᠦᠵᠡᠭᠦᠯᠵᠦ᠂ ᠴᠢᠳᠠᠪᠤᠷᠢᠲᠠᠨ + ᠮᠡᠷᠭᠡᠵᠢᠯ + ᠡᠬᠢ ᠪᠠᠶᠠᠯᠢᠭ ᠤᠨ ᠬᠡᠯᠪᠡᠷᠢ ᠪᠠᠷ ᠳᠠᠮᠵᠢᠭᠤᠯᠤᠨ᠂ ᠲᠤᠰᠬᠠᠶ ᠮᠡᠷᠭᠡᠵᠢᠯᠲᠡᠨ ᠤ ᠣᠶᠤᠨ ᠤ ᠬᠥᠮᠥᠷᠭᠡ ᠠᠴᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ︽ᠨᠢᠭᠡ ᠳᠤ ᠨᠢᠭᠡ︾᠎ ᠶᠢᠨ ᠬᠥᠭᠵᠢᠯᠲᠡ ᠶᠢᠨ ᠴᠢᠭᠯᠡᠯ ᠤᠨ ᠲᠥᠯᠥᠪᠵᠢᠭᠦᠯᠪᠡ᠂ ᠲᠤᠰᠬᠠᠶ ᠮᠡᠷᠭᠡᠵᠢᠯ ᠤᠨ ᠬᠠᠪᠰᠤᠷᠤᠨ ᠵᠢᠯᠣᠭᠤᠳᠤᠯᠭ᠎ᠠ᠂ ᠴᠢᠳᠠᠪᠤᠷᠢ ᠶᠢᠨ ᠪᠠᠶᠢᠭᠤᠯᠤᠯᠲᠠ ᠵᠡᠷᠭᠡ ᠦᠢᠯᠡᠴᠢᠯᠡᠭᠡ ᠬᠠᠩᠭᠠᠵᠦ᠂ ᠡᠭᠦᠨ ᠤ ᠤᠯᠠᠮ ᠠᠴᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠦᠷᠦᠯ ᠵᠦᠢᠯ ᠢ ᠪᠤᠳᠠᠲᠠᠢ ᠳᠤ ᠨᠠᠶᠢᠳᠠᠪᠤᠷᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠣᠯᠠᠨ ᠨᠡᠶᠢᠲᠡ ᠶᠢᠨ  ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ᠬᠥᠲᠥᠯᠥᠭᠴᠢ᠄ ᠬᠠᠮᠤᠭ ᠤᠨ ᠬᠤᠪᠣᠷ ᠴᠤᠬᠠᠭ ᠦᠨᠳᠦᠰᠦᠨ ᠱᠠᠲᠤᠨ ᠤ ᠴᠢᠳᠠᠪᠤᠷᠢᠲᠠᠨ ᠢ ᠲᠠ ᠬᠡᠷᠬᠢᠨ ᠦᠯᠡᠳᠡᠭᠡᠵᠦ ᠲᠠᠲᠠᠬᠤ ᠪᠤᠢ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠿᠧᠨ ᠸᠧᠨ ᠯᠢᠶᠠᠩ᠄ ᠨᠡᠶᠢᠭᠡᠮ ᠤᠨ ᠠᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠣᠷᠣᠭᠤᠯᠬᠤ ᠨᠢ ᠵᠥᠪᠬᠡᠨ ᠴᠢᠩᠱᠠᠨ ᠲᠣᠭᠤᠷᠢᠭ ᠤᠨ ᠴᠢᠳᠠᠪᠤᠷᠢᠲᠠᠨ ᠤ ᠥᠩ ᠰᠢᠮᠡᠯᠢᠭ ᠬᠥᠷᠥᠰᠥ ᠰᠢᠷᠣᠶ ᠶᠢ ᠭᠦᠨ ᠬᠠᠭᠠᠯᠪᠤᠷᠢᠯᠠᠵᠤ ᠨᠠᠷᠢᠨ ᠨᠢᠮᠪᠠᠶ ᠲᠠᠷᠢᠬᠤ ᠶᠢᠨ ᠬᠤᠷᠢᠶᠠᠩᠭᠤᠶ ᠳᠦᠷᠰᠦ ᠪᠣᠯᠤᠨ᠎ᠠ᠃ ᠤᠶᠢᠷ᠎ᠠ ᠶᠢᠨ ᠵᠢᠯ ᠳᠤ᠂ ᠴᠢᠩᠱᠠᠨ ᠲᠣᠭᠤᠷᠢᠭ ︽ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠮᠥᠨ︾ ᠭᠡᠬᠦ ᠠᠵᠢᠯ ᠤᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ︽ᠴᠢᠩᠱᠠᠨ ᠲᠣᠭᠤᠷᠢᠭ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠦᠮᠦᠵᠢᠭᠦᠯᠬᠦ ᠪᠠ ᠬᠠᠮᠢᠶᠠᠷᠬᠤ ᠠᠷᠭ᠎ᠠ︾ ︽ᠴᠢᠩᠱᠠᠨ ᠲᠣᠭᠤᠷᠢᠭ ᠤᠨ ᠠᠵᠤ ᠠᠬᠤᠶᠢᠯᠠᠯ ᠤᠨ ᠴᠢᠳᠠᠪᠤᠷᠢᠲᠠᠨ ᠢ ᠱᠠᠩᠨᠠᠬᠤ ᠠᠷᠭ᠎ᠠ︾ ᠵᠡᠷᠭᠡ ᠶᠢ ᠲᠣᠭᠲᠠᠭᠠᠨ ᠨᠡᠶᠢᠲᠡᠯᠡᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠲᠠᠰᠤᠷᠠᠯᠲᠠ ᠥᠬᠡᠶ ᠴᠢᠩᠭᠠᠷᠠᠭᠤᠯᠵᠦ︔ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠳᠤ ᠰᠠᠭᠤᠷᠢᠯᠠᠵᠤ᠂ ︽ᠦᠢᠯᠡᠳᠪᠦᠷᠢᠯᠡᠬᠦ ᠵᠢᠭᠠᠬᠤ ᠰᠤᠳᠤᠯᠬᠤ︾᠎ ᠶᠢ ᠤᠶᠠᠯᠳᠤᠭᠤᠯᠤᠭᠰᠠᠨ ᠳᠡᠭᠡᠳᠦ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠦ︔ ︽ᠲᠥᠷᠥᠯ ᠵᠦᠢᠯ + ᠴᠢᠳᠠᠪᠤᠷᠢᠲᠠᠨ︾᠎ ᠤ ᠵᠠᠭᠪᠤᠷ ᠢᠶᠠᠷ᠂ ᠴᠢᠳᠠᠪᠤᠷᠢᠲᠠᠨ ᠬᠢᠭᠡᠳ ᠲᠥᠷᠥᠯ ᠵᠦᠢᠯ᠂ ᠴᠢᠳᠠᠪᠤᠷᠢᠲᠠᠨ ᠬᠢᠭᠡᠳ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠦᠷᠨᠢᠭᠦᠯᠵᠦ︔ ᠪᠡᠭᠡᠵᠢᠩ ᠶᠡᠭᠡ ᠰᠤᠷᠭᠠᠭᠤᠯᠢ ᠶᠢᠨ ᠪᠤᠭᠤᠲᠤ ᠶᠢᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠢᠶᠠᠷ ᠰᠠᠭᠤᠷᠢᠨ ᠭᠠᠵᠠᠷ ᠪᠣᠯᠭᠠᠵᠤ᠂ ᠤᠷᠢᠳ ᠬᠤᠵᠢᠳ ᠳᠡᠭᠡᠳᠦ ᠰᠤᠷᠭᠠᠭᠤᠯᠢ ᠠᠴᠠ 11 ᠵᠦᠢᠯ ᠤᠨ ᠵᠠᠩᠭᠢᠯᠠᠭ᠎ᠠ ᠶᠢᠨ ᠴᠢᠨᠠᠷᠲᠠᠢ᠂ ᠪᠠᠷᠠᠭᠠᠯᠬᠢᠯᠠᠯ ᠤᠨ ᠴᠢᠨᠠᠷᠲᠠᠢ ᠮᠡᠷᠭᠡᠵᠢᠯ ᠢ ᠰᠤᠳᠤᠯᠤᠨ ᠨᠡᠭᠡᠭᠡᠬᠦ ᠲᠦᠷᠦᠯ ᠵᠦᠢᠯ ᠢ ᠣᠷᠣᠭᠤᠯᠤᠨ ᠠᠪᠴᠢᠷᠠᠵᠤ᠂ ︽ᠮᠢᠩᠭᠠᠨ ᠬᠥᠮᠦᠨ ᠤ  ᠲᠦᠯᠦᠪᠯᠡᠭᠡ︾ ᠲᠤᠰᠬᠠᠢ ᠮᠡᠷᠭᠡᠵᠢᠯᠲᠡᠨ᠂ ᠤᠯᠤᠰ ᠤᠨ ᠭᠠᠷᠮᠠᠭᠠᠢ ᠵᠠᠯᠠᠭᠤᠴᠤᠳ᠂ ᠬᠦᠬᠡ ᠮᠦᠷᠡᠨ ᠤ ᠡᠷᠳᠡᠮᠲᠡᠨ ᠵᠡᠷᠭᠡ ᠥᠨᠳᠥᠷ ᠲᠦᠪᠰᠢᠨ ᠪᠦᠬᠦᠢ 50 ᠭᠠᠷᠤᠢ ᠴᠢᠳᠠᠪᠤᠷᠢᠲᠠᠨ ᠢ ᠣᠷᠣᠭᠤᠯᠤᠨ ᠠᠪᠴᠢᠷᠠᠵᠦ︔ ᠴᠢᠩᠬᠤᠸᠠ ᠶᠡᠭᠡ ᠰᠤᠷᠭᠠᠭᠤᠯᠢ ᠶᠢᠨ ᠲᠦᠩ ᠹᠠᠩ ᠱᠧᠨ᠋ᠵᠧᠨ ᠤ ᠰᠤᠳᠤᠯᠭᠠᠨ ᠤ ᠬᠦᠷᠢᠶᠡᠯᠡᠩ᠂ ᠪᠡᠭᠡᠵᠢᠩ ᠤᠨ ᠶᠢᠦ ᠯᠢ ᠺᠠᠩ ᠳ᠋ᠠ ᠵᠡᠷᠭᠡ ᠭᠤᠣᠯᠳᠠᠯᠭ᠎ᠠ ᠲᠠᠢ ᠰᠤᠳᠤᠯᠭᠠᠨ ᠤ ᠬᠦᠷᠢᠶᠡᠯᠡᠩ ᠭᠠᠵᠠᠷ ᠪᠠ ᠠᠵᠤ ᠠᠬᠤᠶᠢᠯᠠᠯ ᠲᠠᠢ ᠢᠳᠡᠪᠬᠢᠲᠡᠢ ᠵᠣᠯᠭᠠᠭᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠨᠢᠭᠡ ᠴᠣᠭᠴᠠᠵᠢᠭᠤᠯᠤᠭᠰᠠᠨ ᠪᠠ ᠰᠢᠨ᠎ᠡ ᠶᠢ ᠡᠭᠦᠳᠴᠦ ᠦᠢᠯᠡᠰ ᠴᠤᠭᠴᠠᠯᠠᠭᠰᠠᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠤᠷᠢᠲᠠᠨ ᠤ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠦ᠂ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠬᠦᠴᠦᠲᠡᠶ ᠮᠡᠷᠭᠡᠵᠢᠯ ᠤᠨ ᠲᠤᠯᠭᠠᠭᠤᠷᠢᠯᠠᠯ ᠪᠠ ᠴᠢᠳᠠᠪᠤᠷᠢᠲᠠᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃      ᠬᠥᠲᠥᠯᠥᠭᠴᠢ᠄ ᠲᠠᠨ ᠤ ᠴᠢᠳᠠᠪᠤᠷᠢᠲᠠᠨ ᠢ ᠲᠠᠲᠠᠬᠤ ᠥᠪᠡᠷᠮᠢᠴᠡ ᠠᠷᠭ᠎ᠠ ᠮᠠᠶ᠋ᠢᠭ᠂ ᠶᠠᠮᠠᠷ ᠨᠢᠭᠡᠨ ᠪᠣᠳᠠᠲᠤ ᠵᠢᠱᠢᠶ᠎ᠡ ᠪᠠᠷ ᠯᠠᠪᠯᠠᠯᠲᠠ ᠪᠣᠯᠭᠠᠭᠰᠠᠨ ᠤᠤ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠿᠧᠨ ᠸᠧᠨ ᠯᠢᠶᠠᠩ᠄ ᠤᠶᠢᠷ᠎ᠠ ᠶᠢᠨ ᠵᠢᠯ ᠳᠤ᠂ ᠮᠠᠨ ᠤ ᠲᠤᠭᠤᠷᠢᠭ ᠶᠡᠷᠦᠩᠬᠡᠶ ᠱᠦᠵᠢ ᠰᠢ ᠶᠢᠨ ᠫᠢᠩ ᠤᠨ ︽ᠴᠢᠳᠠᠪᠤᠷᠢᠲᠠᠨ ᠢᠶᠠᠷ ᠬᠥᠭᠵᠢᠯᠲᠡ ᠶᠢ ᠬᠥᠲᠥᠯᠥᠨ ᠳᠠᠭᠠᠭᠤᠯᠬᠤ︾ ᠴᠢᠬᠤᠯᠠ ᠥᠭᠦᠯᠡᠯᠲᠡ ᠵᠢᠴᠢ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠲᠤᠬᠠᠶ ᠴᠢᠬᠤᠯᠠ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠲᠠᠪᠦᠷᠢᠵᠢᠭᠤᠯᠵᠦ᠂ ᠴᠢᠩᠱᠠᠨ ᠲᠣᠭᠤᠷᠢᠭ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ︽ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠴᠢᠳᠠᠪᠤᠷᠢᠲᠠᠨ ᠢ ᠲᠠᠨᠢᠬᠤ᠂ ᠴᠢᠳᠠᠪᠤᠷᠢᠲᠠᠨ ᠢ ᠬᠠᠶᠢᠷᠠᠯᠠᠬᠤ᠂ ᠴᠢᠳᠠᠪᠤᠷᠢᠲᠠᠨ ᠢ ᠬᠦᠨᠳᠦᠳᠬᠡᠬᠦ᠂ ᠴᠢᠳᠠᠪᠦᠷᠢᠲᠠᠨ ᠢ ᠬᠡᠷᠡᠭᠯᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠢᠳᠡᠪᠬᠢᠲᠡᠶ ᠪᠤᠢ ᠪᠣᠯᠭᠠᠵᠤ᠂ ᠨᠠᠮ ᠵᠠᠰᠠᠭ ᠤᠨ ᠴᠢᠳᠠᠪᠤᠷᠢᠲᠠᠨ᠂ ᠳᠡᠭᠡᠲᠦ ᠲᠡᠰ ᠤᠨ ᠴᠢᠳᠠᠪᠤᠷᠢᠲᠠᠨ᠂ ᠨᠡᠶᠢᠭᠡᠮ ᠤᠨ ᠠᠵᠢᠯᠲᠠᠨ ᠤ ᠴᠢᠳᠠᠪᠤᠷᠢᠲᠠᠨ ᠵᠡᠷᠭᠡ ᠪᠦᠬᠦ ᠲᠠᠯ᠎ᠠ ᠶᠢᠨ ︽ᠲᠣᠮᠣ ᠴᠢᠳᠠᠪᠤᠷᠢᠲᠠᠨ︾᠎ ᠤ ᠪᠠᠶᠢᠷᠢᠰᠢᠯ ᠢ ᠲᠠᠰᠤᠷᠠᠯᠲᠠ ᠦᠭᠡᠢ ᠪᠤᠢ ᠪᠣᠯᠭᠠᠨ᠎ᠠ᠃ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠰᠦᠨ ᠪᠢᠩ ᠲᠠᠨᠢᠯᠴᠠᠭᠤᠯᠬᠤ ᠳᠠᠭᠠᠨ᠂ 2011 ᠣᠨ ᠠᠴᠠ ᠡᠬᠢᠯᠡᠨ᠂ ᠴᠢᠩᠱᠠᠨ ᠲᠣᠭᠤᠷᠢᠭ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠰᠢᠨ᠎ᠡ ᠶᠢ ᠡᠭᠦᠳᠦᠨ ᠦᠢᠯᠡᠰ ᠴᠤᠭᠴᠠᠯᠠᠬᠤ ᠰᠠᠭᠤᠷᠢᠨ ᠭᠠᠵᠠᠷ 6 ᠪᠠᠶᠢᠵᠤ᠂ ᠠᠵᠤ ᠦᠢᠯᠡᠰ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠴᠢᠳᠠᠪᠦᠷᠢᠲᠠᠨ ᠤ ᠪᠦᠯᠬᠦᠮ ᠨᠡᠶᠢᠲᠡ14 ᠪᠠᠶᠢᠵᠤ᠂ ᠲᠤᠰᠬᠠᠶ ᠵᠦᠢᠯ ᠤᠨ ᠲᠦᠯᠬᠢᠨ ᠰᠤᠩᠭᠤᠬᠤ ᠲᠦᠷᠦᠯ ᠤᠨ ᠴᠢᠳᠠᠪᠤᠷᠢᠲᠠᠨ ᠤ ᠪᠦᠯᠬᠦᠮ 10 ᠪᠠᠶᠢᠵᠦ᠂ ︽ᠲᠠᠯ᠎ᠠ ᠨᠤᠲᠤᠭ ᠤᠨ ᠴᠢᠳᠠᠪᠤᠷᠢᠲᠠᠨ︾ ᠬᠤᠪᠢ ᠬᠥᠮᠦᠨ 51 ᠬᠥᠮᠦᠨ ᠪᠠᠶᠢᠵᠤ᠂ ᠡᠭᠦᠨ ᠳᠤ 31 ᠬᠥᠮᠦᠨ ᠢ ᠬᠦᠮᠦᠵᠢᠯᠭᠦᠯᠵᠦ᠂ 10 ᠨᠡᠷ᠎ᠡ ᠵᠢᠱᠢᠭᠳᠡᠭᠴᠢ ᠶᠢ ᠣᠷᠣᠭᠤᠯᠤᠨ ᠠᠪᠴᠢᠷᠠᠵᠤ᠂ ᠲᠤᠰᠬᠠᠢ ᠵᠦᠢᠯ ᠤᠨ ᠲᠦᠯᠬᠢᠨ ᠰᠤᠩᠭᠤᠬᠤ ᠲᠦᠷᠦᠯ ᠤᠨ ᠴᠢᠳᠠᠪᠤᠷᠢᠲᠠᠨ 9 ᠬᠦᠮᠦᠨ᠂ 1ᠳᠠᠭᠠᠭᠤᠯᠤᠭᠴᠢ ᠴᠢᠳᠠᠪᠦᠷᠢᠲᠠᠨ᠃ ᠬᠤᠶᠢᠰᠢᠳᠠ ᠮᠠᠨ ᠤ ᠠᠵᠢᠯ ᠢᠶᠠᠨ ᠪᠦᠬᠦ ᠲᠤᠭᠤᠷᠢᠭ ᠎ ᠤᠨ ᠭᠤᠣᠯ ᠠᠵᠢᠯ ᠢᠶᠠᠷ ᠭᠤᠣᠯᠳᠠᠭᠤᠯᠵᠤ᠂ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠦᠷᠭᠦᠯᠵᠢᠯᠡᠨ ᠨᠡᠮᠡᠭᠳᠡᠭᠦᠯᠬᠦ ᠶᠢᠨ ᠬᠠᠮᠲᠤ ᠴᠢᠳᠠᠪᠤᠷᠢᠲᠠᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠬᠤᠯᠠᠴᠢᠯᠠᠵᠤ᠂ ᠴᠢᠳᠠᠪᠤᠷᠢᠲᠠᠨ ᠤ ᠬᠥᠭᠵᠢᠵᠦ ᠴᠢᠳᠠᠬᠤ ᠰᠢᠨ᠎ᠡ ᠲᠠᠪᠴᠠᠩ ᠪᠠ ᠠᠴᠢᠶᠠᠯᠠᠪᠤᠷᠢ ᠶᠢ ᠰᠢᠨᠵᠢᠯᠡᠬᠦ ᠤᠬᠠᠭᠠᠨᠴᠢ ᠪᠠᠷ ᠲᠦᠯᠦᠪᠯᠡᠨ ᠪᠤᠶᠢᠵᠢᠭᠤᠯᠵᠤ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠲᠤ ᠡᠷᠡᠰ ᠴᠢᠩᠭ᠎ᠠ ᠴᠢᠳᠠᠪᠤᠷᠢᠲᠠᠨ ᠤ ᠪᠠᠲᠤᠯᠠᠭ᠎ᠠ ᠪᠠ ᠤᠶᠤᠨ ᠤ ᠲᠦᠰᠢᠭ ᠲᠤᠯᠭᠠᠭᠤᠷᠢ ᠬᠠᠩᠭᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号