︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠠ
ᠨᠡᠶᠢᠲᠡᠯᠡᠭᠰᠡᠨ ᠴᠠᠭ᠄
2020/8/7
     ᠰᠤᠷᠪᠤᠯᠵᠢᠯᠠᠭ᠎ᠠ ᠶᠢᠨ ᠭᠤᠤᠯ ᠰᠡᠳᠦᠪ᠄ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠠ      ᠰᠤᠷᠪᠤᠯᠵᠢᠯᠠᠭ᠎ᠠ ᠬᠢᠭᠰᠡᠨ ᠴᠠᠭ᠄ 2020 ᠣᠨ ᠤ 6 ᠰᠠᠷ᠎ᠠ ᠶᠢᠨ 28᠎ ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠴᠢᠩᠱᠠᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠱᠢ ᠰᠢᠶᠠᠩ ᠶᠠᠩ      ᠰᠤᠷᠪᠤᠯᠵᠢᠯᠠᠭ᠎ᠠ ᠬᠦᠯᠢᠶᠡᠭᠰᠡᠨ ᠠᠬᠤᠢ ᠪᠠᠶᠢᠳᠠᠯ᠄ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠪᠣᠯ ᠴᠢᠩᠱᠠᠨ ᠲᠣᠭᠤᠷᠢᠭ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠳᠠᠭᠴᠢ ᠲᠠᠪᠤᠨ ᠵᠢᠯ ᠤᠨ ᠲᠥᠯᠥᠪᠵᠢᠭᠦᠯᠭᠡ ᠪᠣᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠰᠠᠶᠢᠲᠤᠷ ᠰᠤᠳᠤᠯᠤᠨ ᠨᠠᠶᠢᠷᠠᠭᠤᠯᠵᠤ᠂ ᠮᠠᠨ ᠤ ᠲᠤᠭᠤᠷᠢᠭ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠲᠤᠯᠭᠠᠷᠠᠵᠤ ᠪᠠᠶᠢᠭ᠎ᠠ ᠬᠥᠭᠵᠢᠯᠲᠡ ᠶᠢᠨ ᠠᠬᠤᠶ ᠪᠠᠶᠢᠳᠠᠯ᠂ ᠨᠥᠬᠦᠴᠡᠯ ᠢ ᠭᠦᠨᠵᠡᠭᠡᠶ ᠵᠠᠳᠠᠯᠵᠤ᠂ ᠳᠠᠷᠠᠭ᠎ᠠ ᠠᠯᠬᠤᠮ ᠤᠨ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠲᠤᠲᠤᠷᠬᠠᠶᠢᠯᠠᠵᠦ᠂ ᠴᠢᠩᠱᠠᠨ ᠲᠣᠭᠤᠷᠢᠭ ᠤᠨ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ᠃      ᠬᠥᠲᠥᠯᠥᠭᠴᠢ᠄ ᠮᠠᠨ ᠤ ᠲᠤᠭᠤᠷᠢᠭ ᠤᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠨᠢᠭᠡᠨᠲᠡ ᠵᠢᠯ ᠤᠨ ᠡᠬᠢᠨ ᠳᠤ ᠡᠬᠢᠯᠡᠵᠦ᠂ ᠡᠯ᠎ᠡ ᠬᠤᠰᠢᠭᠤ ᠰᠢᠶᠠᠨ ᠲᠣᠭᠤᠷᠢᠭ ᠴᠤ ᠡᠮᠬᠢ ᠵᠢᠷᠤᠮ ᠲᠠᠢ ᠠᠬᠢᠭᠤᠯᠵᠤ᠂ ᠮᠠᠨ ᠤ ᠲᠤᠭᠤᠷᠢᠭ ᠤᠨ ︽ᠠᠷᠪᠠᠨ ᠳᠦᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢ ᠶᠠᠮᠠᠷ ᠶᠠᠮᠠᠷ ᠴᠢᠬᠤᠯᠠ ᠠᠴᠢ ᠬᠤᠯᠪᠣᠭᠳᠠᠯ ᠲᠠᠢ ᠪᠣᠶ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠱᠢ ᠰᠢᠶᠠᠩ ᠶᠠᠩ᠄ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ︵2021 —2025︶ ᠪᠣᠯ ᠮᠠᠨ ᠤ ᠲᠤᠭᠤᠷᠢᠭ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠠᠴᠠ ᠨᠡᠶᠢᠭᠡᠮ ᠵᠢᠷᠤᠮ ᠤᠨ ᠤᠳᠤᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠲᠡᠰᠢ ᠤᠷᠤᠭᠰᠢᠯᠠᠬᠤ ᠵᠠᠩᠭᠢᠯᠠᠭ᠎ᠠ ᠶᠢᠨ ᠬᠤᠭᠤᠴᠠᠭ᠎ᠠ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠪᠣᠯ ᠮᠠᠨ ᠤ ᠲᠤᠭᠤᠷᠢᠭ ᠪᠣᠯᠤᠨ ᠡᠯ᠎ᠡ ᠬᠤᠰᠢᠭᠤ ᠰᠢᠶᠠᠨ ᠲᠤᠭᠤᠷᠢᠭ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠵᠡᠷᠭᠡᠪᠡᠷ ᠡᠬᠢᠯᠡᠭᠦᠯᠬᠦ ᠠᠩᠬᠠᠳᠠᠭᠴᠢ ᠲᠠᠪᠤᠨ ᠵᠢᠯ ᠤᠨ ᠲᠥᠯᠥᠪᠵᠢᠭᠦᠯᠭᠡ ᠪᠣᠯᠤᠨ᠎ᠠ᠃ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠮᠠᠨ ᠤ ᠲᠤᠭᠤᠷᠢᠭ ᠴᠢᠩᠱᠠᠨ ᠲᠣᠭᠤᠷᠢᠭ ᠤᠨ ᠣᠨᠴᠠᠯᠢᠭ ᠲᠠᠢ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠴᠢᠷᠮᠠᠶᠢᠨ ᠰᠦᠪᠡᠭᠴᠢᠯᠡᠵᠦ᠂ ᠲᠥᠯᠥᠪᠵᠢᠭᠦᠯᠭᠡ ᠶᠢᠨ ᠪᠠᠶᠢᠯᠳᠤᠬᠤ ᠪᠤᠳᠤᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠦ᠂ ᠴᠢᠩᠱᠠᠨ ᠲᠣᠭᠤᠷᠢᠭ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠬᠤᠭᠤᠴᠠᠭᠠᠨ ᠤ ᠦᠷᠭᠦᠯᠵᠢᠯᠬᠦᠶᠢᠴᠡ ᠬᠥᠭᠵᠢᠯᠲᠡ ᠳᠤ ᠰᠢᠨᠵᠢᠯᠡᠬᠦ ᠤᠬᠠᠭᠠᠨᠴᠢ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠪᠠ ᠨᠠᠶᠢᠳᠠᠪᠤᠷᠢᠲᠠᠶ ᠱᠤᠭᠤᠮ ᠤᠨ ᠪᠠᠲᠤᠯᠠᠭ᠎ᠠ ᠬᠠᠩᠭᠠᠵᠠᠢ᠃      ᠬᠥᠲᠥᠯᠥᠭᠴᠢ᠄ ᠲᠥᠯᠥᠪᠵᠢᠭᠦᠯᠭᠡ ᠶᠢᠨ ᠵᠠᠷᠴᠢᠮ ᠨᠢ ᠢᠯᠡ ᠲᠣᠳᠣ ᠵᠢᠯᠣᠭᠤᠳᠬᠤ ᠴᠢᠨᠠᠷ ᠲᠠᠢ ᠶᠤᠮ᠂ ᠲᠡᠭᠡᠪᠡᠯ ᠮᠠᠨ ᠤ ᠲᠤᠭᠤᠷᠢᠭ ᠤᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠭᠤᠤᠯ ᠵᠠᠷᠴᠢᠮ ᠨᠢ ᠶᠠᠭᠤ ᠪᠣᠶ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠱᠢ ᠰᠢᠶᠠᠩ ᠶᠠᠩ᠄ ᠨᠢᠭᠡ ᠳᠤ ᠪᠦᠬᠦ ᠲᠠᠯ᠎ᠠ ᠪᠠᠷ ᠲᠥᠯᠥᠪᠵᠢᠭᠦᠯᠬᠦ ᠪᠠ ᠭᠤᠤᠯᠳᠠᠯᠭ᠎ᠠ ᠶᠢ ᠲᠤᠪᠤᠶᠢᠯᠭᠠᠬᠤ ᠶᠢ ᠬᠠᠷᠢᠯᠴᠠᠨ ᠵᠤᠬᠢᠴᠠᠭᠤᠯᠬᠤ ᠶᠢ ᠪᠠᠷᠢᠮᠲᠠᠯᠠᠨ᠎ᠠ᠃ ᠬᠤᠶᠠᠷ ᠲᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠪᠠ ᠠᠵᠢᠯᠯᠠᠬᠤ ᠴᠢᠨᠠᠷ ᠢ ᠨᠢᠭᠡᠳᠬᠡᠬᠦ ᠶᠢ ᠪᠠᠷᠢᠮᠲᠠᠯᠠᠨ᠎ᠠ᠃ ᠭᠤᠷᠪᠠ ᠳᠤ ᠵᠠᠰᠠᠭ ᠤᠨ ᠣᠷᠳᠣᠨ ᠢᠶᠠᠷ ᠭᠤᠤᠯᠯᠠᠭᠤᠯᠬᠤ ᠪᠠ ᠨᠡᠶᠢᠭᠡᠮ ᠤᠨ ᠬᠢᠨ ᠣᠷᠣᠯᠴᠠᠬᠤ ᠶᠢ ᠬᠠᠷᠢᠯᠴᠠᠨ ᠤᠶᠠᠯᠳᠤᠭᠤᠯᠬᠤ ᠬᠡᠷᠡᠭᠲᠡᠶ᠃      ᠬᠥᠲᠥᠯᠥᠭᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠯᠪᠠᠨ ᠰᠦᠯᠵᠢᠶ᠎ᠡ ᠠᠴᠠ ᠡᠯ᠎ᠡ ᠭᠠᠵᠠᠷ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠠᠯᠢ ᠣᠯᠠᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠱᠠᠯᠠᠪᠳᠠᠨ ᠨᠡᠶᠢᠲᠡᠯᠡᠵᠦ᠂ ᠮᠠᠨ ᠤ ᠲᠤᠭᠤᠷᠢᠭ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠶᠡᠷᠦᠩᠬᠡᠢ ᠱᠠᠭᠠᠷᠳᠠᠯᠭ᠎ᠠ ᠨᠢ ᠶᠠᠭᠤ ᠪᠣᠶ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠱᠢ ᠰᠢᠶᠠᠩ ᠶᠠᠩ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠱᠠᠭᠠᠷᠳᠠᠯᠭ᠎ᠠ ᠶᠢ ᠨᠠᠩ ᠦᠨᠳᠦᠷ ᠳᠡᠰ ᠳᠠᠪᠬᠤᠷᠭ᠎ᠠ ᠠᠴᠠ ᠲᠤᠤᠱᠯᠠᠭᠤᠯᠤᠨ ᠨᠠᠶᠢᠲᠠᠪᠦᠷᠢᠵᠢᠭᠤᠯᠵᠦ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠦ᠂ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠵᠤ᠂ ᠮᠠᠨ ᠤ ᠲᠤᠭᠤᠷᠢᠭ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠬᠤᠭᠤᠴᠠᠭᠠᠨ ᠤ ᠴᠢᠬᠤᠯᠠ ᠶᠡᠭᠡ ᠠᠰᠠᠭᠤᠳᠠᠯ ᠢ ᠬᠦᠨᠵᠡᠭᠡᠢ ᠰᠤᠳᠤᠯᠵᠤ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠠᠷᠭ᠎ᠠ ᠰᠦᠪᠡᠭᠴᠢᠯᠡᠵᠦ᠂ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠦ᠂ ᠨᠠᠶᠢᠷᠠᠭᠤᠯᠤᠨ ᠵᠣᠬᠢᠶᠠᠬᠤ ᠠᠷᠭ᠎ᠠ ᠶᠢᠨ ᠰᠢᠨ᠎ᠡ ᠶᠢ ᠡᠭᠦᠳᠴᠦ᠂ ᠠᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃      ᠬᠥᠲᠥᠯᠥᠭᠴᠢ᠄ ᠤᠶᠢᠷ᠎ᠠ ᠶᠢᠨ ᠵᠢᠯ ᠤᠳ ᠲᠤ᠂ ᠪᠢᠳᠡ ᠴᠥᠮ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠬᠠᠷᠠᠯᠲᠠ ᠶᠢ ᠶᠡᠬᠡᠪᠡᠷ ᠬᠡᠷᠡᠭᠵᠢᠭᠦᠯᠵᠦ᠂ ᠲᠡᠭᠡᠪᠡᠯ ᠮᠠᠨ ᠤ ᠲᠤᠭᠤᠷᠢᠭ ᠤᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠲᠣᠭᠲᠠᠭᠠᠬᠤ ᠳᠤᠮᠳᠠ᠂ ᠠᠩᠬ᠎ᠠ ᠠᠯᠬᠤᠮ ᠤᠨ ᠬᠥᠭᠵᠢᠯᠲᠡ ᠶᠢᠨ ᠬᠠᠷᠠᠯᠲᠠ ᠨᠢ ᠶᠠᠭᠤ ᠪᠣᠶ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠱᠢ ᠰᠢᠶᠠᠩ ᠶᠠᠩ᠄ ᠪᠢᠳᠡ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤᠮᠳᠠ᠂ ᠠᠩᠬ᠎ᠠ ᠠᠯᠬᠤᠮ ᠲᠣᠭᠲᠠᠭᠠᠭᠰᠠᠨ ᠬᠥᠭᠵᠢᠯᠲᠡ ᠶᠢᠨ ᠬᠠᠷᠠᠯᠲᠠ ᠪᠣᠯ᠄ ᠶᠡᠷᠦᠩᠬᠡᠶᠢᠯᠡᠭᠰᠡᠨ ᠪᠣᠳᠠᠲᠤ ᠬᠦᠴᠦᠨ ᠢ ᠲᠠᠬᠢᠨ ᠰᠢᠨ᠎ᠡ ᠳᠡᠭᠲᠡᠷ ᠲᠤ ᠭᠠᠷᠭᠠᠵᠤ᠂ ᠠᠵᠤ ᠦᠢᠯᠡᠰ ᠤᠨ ᠰᠢᠨ᠎ᠡ ᠶᠢ ᠡᠭᠦᠳᠬᠦ ᠨᠢ ᠰᠢᠨ᠎ᠡ ᠳᠠᠪᠠᠭᠤᠯᠢᠭ ᠢ ᠪᠦᠷᠢᠯᠳᠦᠭᠦᠯᠵᠦ᠂ ᠠᠮᠢ ᠠᠬᠤᠶ ᠶᠢᠨ ᠣᠷᠴᠢᠨ ᠨᠥᠬᠦᠴᠡᠯ ᠢ ᠰᠢᠨ᠎ᠡ ᠰᠠᠭᠤᠷᠢ ᠶᠢ ᠲᠠᠯᠪᠢᠵᠤ᠂ ᠵᠣᠬᠢᠴᠠᠩᠭᠤᠶ ᠬᠥᠭᠵᠢᠯᠲᠡ ᠨᠢ ᠰᠢᠨ᠎ᠡ ᠪᠠᠶᠢᠷᠢᠰᠢᠯ ᠢ ᠪᠦᠷᠢᠯᠳᠦᠭᠦᠯᠵᠦ᠂ ᠥᠭᠡᠷᠡᠴᠢᠯᠡᠯᠲᠡ ᠨᠡᠭᠡᠭᠡᠯᠳᠡ ᠰᠢᠨ᠎ᠡ ᠰᠢᠪᠲᠤᠯᠤᠯᠲᠠ ᠲᠠᠢ ᠪᠤᠯᠵᠤ᠂ ᠠᠷᠠᠳ ᠤᠨ  ᠠᠮᠢᠳᠤᠷᠠᠯ ᠢ ᠰᠠᠶᠢᠵᠢᠷᠠᠭᠤᠯᠬᠤ ᠨᠢ ᠰᠢᠨ᠎ᠡ ᠠᠯᠬᠤᠮ ᠢ ᠠᠯᠬᠤᠨ᠎ᠠ᠃      ᠬᠥᠲᠥᠯᠥᠭᠴᠢ᠄ ᠡᠯ᠎ᠡ ᠲᠠᠯ᠎ᠠ ᠶᠢᠨ ᠰᠣᠨᠢᠨ ᠮᠡᠳᠡᠭᠡᠨ ᠤ ᠵᠠᠭᠤᠴᠢᠯᠠᠭᠤᠷ ᠠᠴᠠ ᠦᠵᠡᠪᠡᠯ᠂ ᠡᠯ᠎ᠡ ᠭᠠᠵᠠᠷ ᠣᠷᠣᠨ ᠶᠠᠭ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠂ ᠣᠳᠣᠬᠠᠨ ᠳᠤ᠂ ᠮᠠᠨ ᠤ ᠲᠤᠭᠤᠷᠢᠭ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠠᠯ᠎ᠠ ᠪᠠᠷ ᠶᠠᠮᠠᠷ ᠶᠠᠮᠠᠷ ᠠᠵᠢᠯ ᠢ ᠥᠷᠨᠢᠭᠦᠯᠦᠭᠰᠡᠨ ᠪᠣᠶ︖      ᠰᠤᠷᠪᠤᠯᠵᠢᠯᠠᠭ᠎ᠠ ᠬᠦᠯᠢᠶᠡᠭᠰᠡᠨ ᠵᠤᠴᠢᠨ ᠱᠢ ᠰᠢᠶᠠᠩ ᠶᠠᠩ᠄ ᠨᠢᠭᠡ ᠳᠤ ᠲᠤᠭᠤᠷᠢᠭ ᠤᠨ ᠵᠠᠰᠠᠭ ᠤᠨ ᠣᠷᠳᠣᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠡᠯ᠎ᠡ  ᠵᠦᠢᠯ ᠤᠨ ᠠᠵᠢᠯ ᠢ ᠪᠦᠬᠦ ᠲᠠᠯ᠎ᠠ ᠪᠠᠷ ᠤᠳᠤᠷᠢᠳᠴᠤ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠪᠠᠶᠢᠷᠢᠯᠠᠭᠤᠯᠵᠦ᠂ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠬᠦ ᠶᠢ ᠬᠠᠷᠢᠭᠤᠴᠠᠨ᠎ᠠ᠃ ᠬᠤᠶᠠᠷ ᠲᠤ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠬᠠᠮᠢᠶ᠎ᠠ ᠪᠦᠬᠦᠢ ᠲᠥᠰᠦᠯ ᠢ ᠪᠣᠳᠠᠲᠠᠶ ᠲᠤᠭᠲᠠᠭᠠᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠭᠤᠤᠯᠳᠠᠯᠭ᠎ᠠ ᠲᠠᠢ ᠡᠭᠦᠷᠭᠡ᠂ ᠴᠠᠭ ᠤᠨ ᠬᠦᠰᠦᠨᠦᠭᠲᠦ᠂ ᠵᠠᠮ ᠤᠨ ᠵᠢᠷᠤᠭ ᠢ ᠲᠣᠳᠣᠷᠬᠠᠶᠢᠯᠠᠪᠠ᠃ ᠭᠤᠷᠪᠠ ᠳᠤ ᠲᠥᠯᠥᠪᠵᠢᠭᠦᠯᠪᠡ ᠨᠠᠶᠢᠷᠠᠭᠤᠯᠤᠨ ᠵᠣᠬᠢᠶᠠᠬᠤ ᠳᠤᠭᠤᠶᠢᠯᠠᠩ ᠨᠢᠭᠡᠨᠲᠡ ᠴᠢᠩᠱᠠᠨ ᠲᠣᠭᠤᠷᠢᠭ ᠲᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠠᠶ ᠪᠠᠶᠢᠳᠠᠯ ᠢ ᠰᠢᠨᠵᠢᠯᠡᠨ ᠪᠠᠶᠢᠴᠠᠭᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠲᠤᠰ ᠲᠤᠰ ᠶᠠᠷᠢᠯᠴᠠᠵᠤ᠂ ᠡᠯ᠎ᠡ ᠲᠠᠯ᠎ᠠ ᠶᠢᠨ ᠬᠤᠯᠪᠣᠭᠳᠠᠯ ᠪᠦᠬᠦᠢ ᠭᠤᠤᠯ ᠪᠠᠶᠢᠳᠠᠯ ᠢ ᠲᠠᠨᠢᠯᠴᠠᠭᠤᠯᠬᠤ ᠪᠠ ᠬᠥᠭᠵᠢᠭᠦᠯᠬᠦ ᠰᠡᠳᠬᠢᠴᠡ ᠵᠢᠴᠢ ᠰᠠᠨᠠᠭᠤᠯᠭ᠎ᠠ ᠶᠢ ᠰᠣᠨᠣᠰᠪᠠ᠃      ᠳᠠᠷᠠᠭ᠎ᠠ ᠠᠯᠬᠤᠮ ᠤᠨ ᠨᠠᠶᠢᠷᠠᠭᠤᠯᠤᠨ ᠵᠣᠬᠢᠶᠠᠬᠤ ᠠᠵᠢᠯ ᠤᠨ ᠳᠤᠮᠳᠠ᠂ ᠮᠠᠨ ᠤ ᠵᠦᠪᠯᠡᠯ ᠲᠥᠯᠥᠪᠵᠢᠭᠦᠯᠭᠡ ᠶᠢᠨ ᠬᠥᠲᠥᠯᠪᠦᠷᠢ ᠶᠢ ᠲᠤᠭᠤᠷᠪᠢᠬᠤ ᠠᠵᠢᠯ ᠢ ᠨᠠᠶᠢᠷᠠᠭᠤᠯᠤᠨ ᠪᠢᠴᠢᠬᠦ ᠲᠠᠢ ᠬᠠᠮᠵᠢᠯᠴᠠᠨ᠂ ᠲᠥᠯᠥᠪᠵᠢᠭᠦᠯᠭᠡ ᠶᠢᠨ ᠬᠤᠭᠤᠴᠠᠭᠠᠨ ᠤ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠵᠢᠱᠢᠭᠰᠡᠨ ᠬᠠᠷᠠᠯᠲᠠ᠂ ᠭᠤᠤᠯᠳᠠᠯᠭ᠎ᠠ ᠲᠠᠢ ᠡᠭᠦᠷᠭᠡ ᠪᠣᠯᠤᠨ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠵᠡᠷᠭᠡ ᠶᠢ ᠲᠤᠲᠤᠷᠬᠠᠶᠢᠯᠠᠵᠦ᠂ ᠲᠥᠯᠥᠪᠵᠢᠭᠦᠯᠭᠡ ᠶᠢᠨ ᠲᠣᠪᠴᠢ ᠳᠤ ᠣᠷᠣᠭᠤᠯᠤᠭᠰᠠᠨ ᠴᠢᠬᠤᠯᠠ ᠭᠦᠢᠴᠡᠳᠭᠡᠬᠦ ᠲᠤᠭ᠎ᠠ᠂ ᠴᠢᠬᠤᠯᠠ ᠶᠡᠭᠡ ᠢᠨᠵᠧᠨᠧᠷᠢᠩ᠂ ᠭᠤᠤᠯᠳᠠᠯᠭ᠎ᠠ ᠲᠠᠢ ᠲᠥᠷᠥᠯ ᠵᠦᠢᠯ ᠪᠠ ᠴᠢᠬᠤᠯᠠ ᠶᠡᠭᠡ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠵᠡᠷᠭᠡ ᠶᠢ ᠳᠤᠷᠠᠳᠤᠨ ᠭᠠᠷᠭᠠᠪᠠ᠃ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠦᠨᠡᠨᠬᠦ  ᠰᠠᠶᠢᠲᠦᠷ ᠬᠢᠬᠦ ᠶᠢᠨ ᠲᠥᠯᠥᠭᠡ᠂ ᠮᠠᠨ ᠤ ᠵᠦᠪᠯᠡᠯ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠪᠣᠯᠤᠨ ᠪᠠᠶᠢᠷᠢᠯᠠᠭᠤᠯᠤᠯᠲᠠ ᠶᠢ ᠬᠢᠨᠠᠮᠠᠭᠠᠶ ᠰᠠᠶᠢᠲᠤᠷ ᠬᠢᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠮᠠᠨ ᠤ ᠲᠤᠭᠤᠷᠢᠭ ᠤᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠤᠷᠤᠭᠰᠢᠲᠠᠶ ᠪᠡᠶᠡᠯᠡᠭᠦᠯᠬᠦ ᠶᠢ ᠬᠥᠲᠥᠯᠥᠨ ᠵᠢᠯᠣᠭᠤᠳᠴᠤ᠂ ᠪᠦᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠰᠠᠶᠢᠲᠤᠷ ᠵᠢᠷᠤᠭᠯᠠᠬᠤ ᠪᠠᠷ ᠴᠢᠷᠮᠠᠶᠢᠬᠤ ᠬᠡᠷᠡᠭᠲᠡᠶ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号