ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2020 ᠣᠨ ᠤ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/10
     9 ᠰᠠᠷ᠎ᠠ ᠶᠢᠨ 8᠎ ᠤ ᠡᠳᠦᠷ᠂ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ︽ᠴᠢᠩᠱᠠᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾᠂ ︽ᠴᠢᠩᠱᠠᠨ ᠲᠣᠭᠤᠷᠢᠭ ᠤᠨ 2020 ᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠠᠵᠢᠯ ᠤᠨ ᠲᠥᠰᠦᠯ︾ ᠵᠢᠴᠢ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠮᠡᠷᠭᠡᠵᠢᠭᠰᠡᠨ ᠴᠠᠯᠢᠩ ᠬᠥᠯᠥᠰᠥ ᠶᠢᠨ ᠰᠢᠰᠲ᠋ᠧᠮ ᠢ ᠪᠠᠶᠢᠭᠤᠯᠬᠤ ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠤᠨ ᠬᠢᠨᠠᠨ ᠵᠥᠪᠯᠡᠪᠡ᠃ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠪᠠᠶ ᠶᠦᠨ ᠰᠢ ᠬᠤᠷᠠᠯ ᠢ ᠡᠷᠭᠢᠯᠡᠪᠡ᠃ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠫᠧᠢ ᠸᠧᠨ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠤᠤ ᠵᠢᠶᠦ᠋ᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠢᠨ ᠼᠠᠢ᠂ ᠵᠢᠶᠠᠩ ᠪᠢᠨ᠂ ᠯᠢ ᠭᠦᠸᠧ ᠬᠤᠩ᠂ ᠿᠧᠨ ᠬᠠᠢ ᠰᠢᠨ᠂ ᠭᠤᠩᠴᠤᠭ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠾᠧᠦ ᠶᠦᠩ ᠹᠧᠩ ᠬᠤᠷᠠᠯ ᠳᠤ ᠤᠷᠤᠯᠴᠠᠪᠠ᠃ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠾᠧᠩ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ ᠲᠤᠷᠰᠢᠯᠲᠠ ᠶᠢᠨ ᠠᠵᠢᠯ ᠢ ᠬᠡᠷᠡᠭᠵᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠬᠤ ᠪᠣᠳᠠᠲᠠᠶ ᠠᠷᠭ᠎ᠠ ᠬᠡᠮᠵᠢᠶ᠎ᠡ ᠪᠠᠶᠢᠵᠤ᠂ ᠬᠤᠭ ᠨᠣᠪᠰᠢ ᠰᠢᠢᠳᠪᠦᠷᠢᠯᠡᠬᠦ ᠰᠢᠰᠲ᠋ᠧᠮ ᠪᠠ ᠬᠤᠭ ᠨᠣᠪᠰᠢ ᠶᠢ ᠲᠥᠷᠥᠯ ᠬᠤᠪᠢᠶᠠᠬᠤ ᠲᠦᠷᠢᠮ ᠢ ᠲᠦᠷᠭᠡᠳᠬᠡᠨ ᠲᠡᠭᠦᠯᠳᠡᠷᠵᠢᠭᠦᠯᠬᠦ ᠲᠤᠬᠠᠶ᠂ ᠬᠤᠭ ᠨᠣᠪᠰᠢ ᠰᠢᠢᠳᠪᠦᠷᠢᠯᠡᠬᠦ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠤᠷ ᠦᠭᠡᠶᠢᠳᠡᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠨᠢ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠷᠠᠯ ᠠᠴᠠ ᠱᠠᠭᠠᠷᠳᠠᠭᠰᠠᠨ ᠨᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ ᠬᠢᠨᠠᠮᠠᠭᠠᠶ ᠰᠤᠷᠤᠯᠴᠠᠨ᠂ ᠪᠣᠳᠠᠲᠠᠶ ᠠᠵᠢᠯᠯᠠᠬᠤ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠠᠷᠪᠢᠯᠠᠨ ᠭᠠᠮᠨᠠᠵᠤ ᠪᠣᠳᠠᠲᠤ ᠬᠡᠷᠡᠭᠯᠡᠭᠡᠨ ᠤ ᠵᠠᠷᠴᠢᠮ ᠢᠶᠠᠷ ᠲᠤᠷᠰᠢᠯᠲᠠ ᠶᠢᠨ ᠴᠢᠭ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠲᠤᠷᠰᠢᠯᠭ᠎ᠠ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠶ᠃ ᠪᠠᠭᠰᠢ ᠶᠢᠨ ᠪᠠᠶᠠᠷ ᠢ ᠪᠡᠯᠭᠡᠯᠡᠬᠦ᠂ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠨᠢ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ᠂ ᠭᠠᠵᠠᠷ ᠣᠷᠣᠨ ᠤ ᠰᠤᠷᠭᠠᠨ ᠬᠥᠮᠦᠵᠢᠯ ᠤᠨ ᠦᠢᠯᠡᠰ ᠤᠨ ᠥᠷᠨᠢᠨ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠷᠠᠯ ᠠᠴᠠ ᠱᠠᠭᠠᠷᠳᠠᠭᠰᠠᠨ ᠨᠢ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠤᠨ ᠬᠢᠨ ᠬᠥᠬᠢᠭᠦᠯᠦᠨ ᠰᠠᠶᠢᠰᠢᠶᠠᠬᠤ ᠠᠵᠢᠯ ᠪᠣᠯᠤᠨ ᠪᠡᠯᠭᠡᠯᠡᠬᠦ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠵᠣᠬᠢᠶᠠᠨ ᠪᠠᠶᠢᠭᠤᠯᠵᠤ᠂ ᠬᠥᠬᠢᠭᠦᠯᠦᠨ ᠰᠠᠶᠢᠰᠢᠶᠠᠬᠤ ᠪᠦᠬᠦ ᠲᠠᠯ᠎ᠠ ᠶᠢᠨ ᠴᠢᠨᠠᠷ ᠪᠣᠯᠤᠨ ᠲᠥᠯᠥᠭᠡᠯᠡᠬᠦ ᠴᠢᠨᠠᠷ ᠢ ᠭᠦᠢᠴᠡᠳ ᠢᠯᠡᠷᠡᠭᠦᠯᠵᠦ᠂ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ᠂ ᠲᠡᠭᠦᠰ ᠠᠮᠵᠢᠯᠲᠠ ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠮᠡᠷᠭᠡᠵᠢᠭᠰᠡᠨ ᠴᠠᠯᠢᠩ ᠬᠥᠯᠥᠰᠥ ᠶᠢᠨ ᠰᠢᠰᠲ᠋ᠧᠮ ᠪᠠᠶᠢᠭᠤᠯᠬᠤ ᠶᠢ ᠠᠬᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠨᠠᠶᠢᠲᠠᠪᠦᠷᠢᠵᠢᠭᠤᠯᠵᠦ᠂ ᠲᠤᠰᠬᠠᠶᠢᠵᠢᠭᠰᠠᠨ᠂ ᠠᠵᠢᠯ ᠮᠡᠷᠭᠡᠵᠢᠭᠰᠡᠨ᠂ ᠵᠢᠷᠤᠮᠵᠢᠭᠰᠠᠨ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢ ᠪᠠᠶᠢᠭᠤᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠨᠢ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠷᠠᠯ ᠠᠴᠠ ᠱᠠᠭᠠᠷᠳᠠᠭᠰᠠᠨ ᠨᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠦ᠂ ᠬᠢᠨᠠᠮᠠᠭᠠᠶ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠪᠡᠯᠡᠳᠬᠡᠵᠦ᠂ ᠨᠡᠪᠲᠡᠷᠡᠯᠴᠡᠭᠡ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠲᠠᠯ᠎ᠠ ᠠᠴᠠ ᠰᠠᠨᠠᠯ ᠬᠤᠷᠢᠶᠠᠵᠦ᠂ ᠳᠡᠰ ᠳᠠᠷᠠᠭᠠᠯᠠᠯ ᠢ ᠴᠢᠩᠭ᠎ᠠ ᠳᠦᠷᠢᠮᠵᠢᠭᠦᠯᠵᠦ᠂ ᠠᠵᠢᠯᠯᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠤᠷᠤᠭᠰᠢᠲᠠᠶ ᠬᠡᠷᠡᠭᠵᠢᠭᠦᠯᠬᠦ ᠶᠢ ᠪᠠᠲᠤᠯᠠᠵᠤ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠬᠡᠪ ᠴᠢᠨᠠᠷ ᠢᠶᠠᠷ ᠰᠢᠯᠢᠳᠡᠭ᠂ ᠴᠢᠳᠠᠪᠤᠷᠢ ᠪᠠᠷ ᠳᠤᠪᠤᠶᠢᠮ᠎ᠠ᠂ ᠣᠯᠠᠨ ᠲᠦᠮᠡᠨ ᠰᠡᠳᠬᠢᠯ ᠬᠠᠨᠤᠮᠵᠢᠲᠠᠶ ᠨᠡᠶᠢᠭᠡᠮ ᠲᠣᠭᠤᠷᠢᠭ ᠤᠨ ᠨᠢᠭᠡᠨ ᠰᠠᠯᠠᠭ᠎ᠠ ᠠᠵᠢᠯᠲᠠᠨ ᠤ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠶ᠃ ᠡᠭᠦᠨ ᠠᠴᠠ ᠭᠠᠳᠠᠨ᠎ᠠ᠂ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠮᠡᠷᠭᠡᠵᠢᠭᠰᠡᠨ ᠴᠠᠯᠢᠩ ᠬᠥᠯᠥᠰᠥ ᠶᠢᠨ ᠰᠢᠰᠲ᠋ᠧᠮᠵᠢ ᠶᠢ ᠪᠠᠶᠢᠭᠤᠯᠬᠤ ᠠᠵᠢᠯ ᠢ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾᠎ ᠤᠨ ᠬᠤᠭᠤᠴᠠᠭ᠎ᠠ ᠰᠣᠯᠢᠬᠤ ᠲᠠᠢ ᠪᠦᠲᠦᠮᠵᠢᠲᠡᠶ ᠵᠤᠯᠭᠠᠭᠤᠯᠵᠦ᠂ ᠬᠤᠭᠤᠴᠠᠭ᠎ᠠ ᠰᠣᠯᠢᠬᠤ ᠠᠵᠢᠯ ᠳᠤ ᠰᠠᠶᠢᠲᠤᠷ ᠰᠠᠭᠤᠷᠢ ᠲᠠᠯᠪᠢᠬᠤ ᠬᠡᠷᠡᠭᠲᠡᠶ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号