ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2020 ᠣᠨ ᠤ 11 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/2
     8 ᠰᠠᠷ᠎ᠠ ᠶᠢᠨ 28 ᠤ ᠡᠳᠦᠷ᠂ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ︽ᠴᠢᠩᠱᠠᠨ ᠲᠣᠭᠤᠷᠢᠭ ᠤᠨ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾᠂ ︽ᠴᠢᠩᠱᠠᠨ ᠲᠣᠭᠤᠷᠢᠭ ᠤᠨ 2020 ᠣᠨ ᠤ ᠢᠯᠡ ᠪᠠᠷ ᠪᠠᠭᠰᠢ ᠡᠯᠰᠡᠬᠦ ᠬᠡᠷᠡᠭᠵᠢᠭᠦᠯᠬᠦ ᠲᠥᠰᠦᠯ︾᠂ ︽ᠴᠢᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︿ᠨᠢᠭᠡ ᠴᠣᠩᠬᠤᠪᠴᠢ ᠮᠠᠶ᠋ᠢᠭ﹀ ᠢ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠵᠢᠴᠢ ᠪᠤᠭᠤᠲᠦ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠤᠶᠤᠨᠲᠤ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠤᠨ ᠬᠢᠨᠠᠨ ᠵᠥᠪᠯᠡᠪᠡ᠃ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠪᠠᠶ ᠶᠦᠨ ᠰᠢ ᠬᠤᠷᠠᠯ ᠢ ᠡᠷᠭᠢᠯᠡᠪᠡ᠃      ᠬᠤᠷᠠᠯ ᠠᠴᠠ᠂ ᠴᠢᠩᠱᠠᠨ ᠲᠣᠭᠤᠷᠢᠭ ᠤᠨ ᠢᠯᠭᠠᠳᠠᠰᠦ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠦᠷᠦᠯ ᠵᠦᠢᠯ ᠢ ᠬᠡᠷᠡᠭᠵᠢᠭᠦᠯᠬᠦ ᠪᠣᠯ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ᠂ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠴᠢᠬᠤᠯᠠ ᠪᠦᠬᠦᠢ ᠠᠷᠭ᠎ᠠ ᠬᠡᠮᠵᠢᠶ᠎ᠡ ᠪᠣᠯᠤᠨ᠎ᠠ᠃ ᠬᠡᠯᠡᠯᠴᠡᠭᠡᠷ ᠠᠭᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠭᠠᠷ ᠭᠦᠢᠴᠡᠳᠬᠡᠯ ᠬᠢᠬᠦ ᠶᠢ ᠲᠦᠷᠭᠡᠳᠬᠡᠵᠦ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠳᠠᠷᠦ᠋ᠢᠬᠠᠨ ᠠᠬᠢᠭᠤᠯᠵᠤ᠂ ᠲᠥᠷᠥᠯ ᠵᠦᠢᠯ ᠤᠨ ᠵᠢᠯ ᠤᠨ ᠰᠡᠭᠦᠯᠴᠢ ᠠᠴᠠ ᠡᠮᠦᠨ᠎ᠡ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ︽ᠢᠯᠡ᠂ ᠡᠷᠬᠡ ᠲᠡᠭᠰᠢ᠂ ᠥᠷᠢᠰᠦᠯᠳᠦᠬᠦ᠂ ᠰᠢᠯᠢᠳᠡᠭ ᠢ ᠨᠢ ᠰᠣᠩᠭᠤᠬᠤ︾ ᠵᠠᠷᠴᠢᠮ ᠢ ᠪᠠᠷᠢᠮᠲᠠᠯᠠᠵᠤ᠂ ᠵᠢᠭᠠᠨ ᠰᠤᠷᠭᠠᠯᠲᠠ ᠶᠢᠨ ᠪᠠᠭᠰᠢ ᠶᠢᠨ ᠬᠦᠴᠦᠨ ᠢ ᠲᠡᠭᠦᠯᠳᠡᠷᠵᠢᠭᠦᠯᠬᠦ᠂ ᠪᠠᠭᠰᠢ ᠶᠢᠨ ᠡᠩᠨᠡᠭᠡ ᠶᠢᠨ ᠪᠦᠲᠦᠴᠡ ᠶᠢ ᠰᠢᠯᠢᠳᠡᠭᠵᠢᠭᠦᠯᠬᠦ᠂ ᠭᠠᠵᠠᠷ ᠣᠷᠣᠨ ᠤ ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠥᠮᠦᠨ ᠤ ᠬᠦᠴᠦᠨ ᠤ ᠡᠬᠢ ᠪᠠᠶᠠᠯᠢᠭ᠂ ᠰᠤᠷᠭᠠᠨ ᠬᠥᠮᠦᠵᠢᠯ᠂ ᠣᠷᠣᠨ ᠲᠤᠭ᠎ᠠ ᠶᠢᠨ ᠠᠯᠪᠠᠨ ᠭᠡᠷ᠂ ᠬᠢᠨᠠᠨ ᠪᠠᠶᠢᠴᠠᠭᠠᠬᠤ ᠵᠥᠪᠯᠡᠯ ᠵᠡᠷᠭᠡ ᠰᠠᠯᠠᠭ᠎ᠠ ᠮᠥᠴᠢᠷ ᠤᠳ ᠰᠢᠯᠭᠠᠨ ᠡᠯᠰᠡᠬᠦ ᠱᠠᠭᠠᠷᠳᠠᠯᠭ᠎ᠠ ᠶᠣᠰᠣᠭᠠᠷ᠂ ᠡᠯ᠎ᠡ ᠶᠠᠪᠤᠴᠠ᠂ ᠡᠯ᠎ᠡ ᠭᠤᠭᠴᠤᠭ᠎ᠠ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠲᠦᠷᠭᠡᠳᠬᠡᠨ ᠠᠬᠢᠭᠤᠯᠵᠤ᠂ ᠨᠠᠩ ᠣᠯᠠᠨ ᠰᠢᠯᠢᠳᠡᠭ ᠴᠢᠳᠠᠪᠤᠷᠢᠲᠠᠨ ᠢ ᠲᠠᠲᠠᠵᠤ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠲᠤ ᠤᠷᠤᠯᠴᠠᠭᠤᠯᠦᠨ᠎ᠠ᠃ ︽ᠨᠢᠭᠡ ᠴᠣᠩᠬᠤᠨ ᠤ ᠮᠠᠶ᠋ᠢᠭ︾ ᠤᠨ ᠶᠡᠷᠦᠩᠬᠡᠶᠢᠯᠡᠭᠰᠡᠨ ᠬᠦᠯᠢᠶᠡᠨ ᠠᠪᠴᠤ ᠰᠢᠢᠳᠪᠦᠷᠢᠯᠡᠬᠦ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠪᠤᠭᠤᠲᠤ ᠬᠤᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠳᠤ ᠪᠠᠶᠢᠪᠠᠰᠤ ᠵᠣᠬᠢᠬᠤ ᠠᠷᠭ᠎ᠠ ᠬᠡᠮᠵᠢᠶ᠎ᠡ ᠪᠣᠯᠬᠤ ᠮᠥᠷᠲᠡᠭᠡᠨ ᠪᠠᠰᠠ ᠭᠠᠵᠠᠷ ᠣᠷᠣᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ᠂ ᠲᠡᠷᠢᠭᠦᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ︽ᠨᠢᠭᠡ ᠴᠣᠩᠬᠤᠨ ᠤ ᠮᠠᠶ᠋ᠢᠭ︾ ᠤᠨ ᠶᠡᠷᠦᠩᠬᠡᠶᠢᠯᠡᠭᠰᠡᠨ ᠬᠦᠯᠢᠶᠡᠨ ᠠᠪᠴᠤ ᠰᠢᠢᠳᠪᠦᠷᠢᠯᠡᠬᠦ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠵᠦ᠂ ᠠᠵᠤ ᠠᠬᠤᠶᠢᠯᠠᠯ᠂ ᠣᠯᠠᠨ ᠲᠦᠮᠡᠨ ᠤ ᠣᠯᠠᠨ ᠲᠠᠯ᠎ᠠ ᠪᠠᠷ ᠶᠠᠪᠤᠬᠤ᠂ ᠠᠳᠠᠯᠢ ᠮᠠᠲ᠋ᠧᠷᠢᠶᠠᠯ ᠢ ᠳᠠᠬᠢᠨ ᠲᠠᠪᠲᠠᠨ ᠲᠤᠰᠢᠶᠠᠬᠤ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠴᠢᠩᠱᠠᠨ ᠲᠣᠭᠤᠷᠢᠭ ᠤᠨ ᠭᠠᠳᠠᠭᠠᠳᠤ ᠳᠤ ᠦᠢᠯᠡᠴᠢᠯᠡᠬᠦ ᠰᠢᠨ᠎ᠡ ᠳᠦᠷᠢ ᠲᠥᠷᠬᠦ ᠶᠢ ᠪᠤᠢ ᠪᠣᠯᠭᠠᠨ᠎ᠠ᠃ ᠤᠶᠤᠨᠲᠤ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠠᠵᠤ ᠦᠢᠯᠡᠳᠪᠦᠷᠢ ᠶᠢᠨ ᠦᠢᠯᠡᠴᠢᠯᠡᠭᠡᠨ ᠤ ᠰᠤᠷᠠᠭ ᠵᠠᠩᠭᠢᠴᠢᠯᠠᠯᠲᠠ ᠪᠣᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠤᠷᠠᠭ ᠵᠠᠩᠭᠢᠴᠢᠯᠠᠯᠲᠠ ᠶᠢᠨ ᠳᠤᠲᠠᠭᠤᠳᠠᠯ ᠢ ᠨᠥᠬᠦᠪᠥᠷᠢᠯᠡᠵᠦ᠂ ᠬᠤᠳᠠᠯᠳᠤᠭ᠎ᠠ ᠤᠷᠢᠵᠤ ᠪᠡᠯᠡ ᠣᠷᠣᠭᠤᠯᠬᠤ ᠨᠥᠬᠦᠴᠡᠯ ᠢ ᠰᠠᠶᠢᠵᠢᠷᠠᠭᠤᠯᠵᠤ᠂ ᠢᠯᠠᠩᠭᠤᠶ᠎ᠠ ᠴᠢᠩᠱᠠᠨ ᠲᠣᠭᠤᠷᠢᠭ ᠤᠨ ᠮᠡᠳᠡᠭᠡ ᠵᠠᠩᠭᠢᠵᠢᠯᠲᠠ ᠶᠢᠨ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ᠂ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠨᠡᠷᠡᠲᠦ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠳᠡᠭᠡᠭᠰᠢᠯᠡᠭᠦᠯᠬᠦ ᠨᠢ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠠᠴᠠ ᠪᠡᠯᠡ ᠮᠥᠩᠭᠦ ᠶᠢᠨ ᠣᠷᠣᠭᠤᠯᠤᠯᠲᠠ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠂ ᠴᠢᠳᠠᠮᠵᠢ ᠵᠢᠴᠢ ᠬᠡᠷᠡᠭᠯᠡᠭᠡᠨ ᠤ ᠴᠢᠨᠠᠷ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠲᠤᠰᠬᠠᠶ ᠮᠡᠷᠭᠡᠵᠢᠯ ᠤᠨ ᠺᠣᠮᠫᠠᠨᠢ ᠶᠢ ᠤᠷᠢᠵᠤ ᠵᠢᠷᠤᠭ ᠲᠥᠯᠥᠪᠯᠡᠭᠡ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ᠤᠶᠤᠨᠲᠤ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠳᠤ ᠭᠠᠵᠠᠷ ᠣᠷᠣᠨ ᠤ ᠣᠨᠴᠠᠯᠢᠭ ᠪᠠ ᠬᠢᠯᠠᠰ ᠴᠡᠭ ᠢ ᠢᠯᠡᠷᠡᠭᠦᠯᠬᠦ ᠶᠢ ᠦᠨᠡᠨ ᠬᠦ  ᠪᠠᠲᠤᠯᠠᠬᠠᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号